2019 ᠤᠨ ᠤ 3 ᠰᠠᠷ᠎ᠠ ᠶᠢᠨ 22 ᠤ ᠡᠳᠤᠷ ᠡᠷᠭᠦᠨ᠎ᠡ ᠬᠤᠲᠡ ᠶᠢᠨ ᠲᠠᠪᠤᠳᠤᠭᠠᠷ ᠬᠤᠭᠤᠴᠠᠭᠠᠨ ᠤ ᠠᠷᠠᠳ ᠤᠨ ᠲᠦᠯᠦᠭᠡᠯᠡᠭᠴᠢᠳ ᠤᠨ ᠶᠡᠭᠡ | ᠬᠤᠷᠡᠯ ᠤᠨ ᠭᠤᠷᠪᠠᠳᠤᠭᠠᠷ ᠤᠳᠠᠭᠠᠨ ᠤ ᠬᠤᠷᠡᠯᠳᠤᠭᠠᠨ ᠳᠡᠭᠡᠷ᠎ᠡ | ᠡᠷᠭᠦᠨ᠎ᠡ ᠬᠤᠲᠡ ᠶᠢᠨ ᠠᠷᠠᠳ ᠤᠨ ᠵᠠᠰᠠᠭ ᠤᠨ ᠤᠷᠳᠤᠨ ᠤ ᠬᠤᠲᠡ ᠶᠢᠨ ᠳᠠᠷᠤᠭ᠎ᠠ ᠠᠵᠢᠯ | ᠲᠦᠯᠦᠭᠡᠯᠡᠭᠴᠢᠳ ᠡ᠄ | ᠤᠳᠤ᠂ ᠪᠢ ᠬᠤᠲᠡ ᠶᠢᠨ ᠠᠷᠠᠳ ᠤᠨ ᠵᠠᠰᠠᠭ ᠤᠨ ᠤᠷᠳᠤᠨ ᠤ ᠡᠮᠤᠨ᠎ᠡ ᠠᠴᠠ ᠶᠡᠭᠡ ᠬᠤᠷᠡᠯ ᠳᠤ ᠠᠵᠢᠯ ᠢᠶᠠᠨ ᠮᠡᠳᠡᠭᠦᠯᠦᠶ᠎ᠡ᠂ ᠬᠢᠨᠠᠨ ᠵᠦᠪᠯᠡᠬᠦ ᠪᠤᠯᠪᠡᠤ᠂ | ᠲᠡᠷᠡᠴᠢᠯᠡᠨ ᠬᠤᠲᠡ ᠶᠢᠨ ᠤᠯᠤᠰ ᠲᠦᠷᠦ ᠶᠢᠨ ᠵᠦᠪᠯᠡᠯᠭᠡᠨ ᠤ ᠭᠡᠰᠢᠭᠦᠨ ᠪᠠ ᠬᠤᠷᠡᠯ ᠳᠤ ᠰᠤᠯᠡ ᠤᠷᠤᠯᠴᠠᠭᠰᠠᠨᠨᠦ᠋ᠬᠦᠳ ᠰᠠᠨᠠᠯ ᠢᠶᠠᠨ ᠳᠤᠷᠠᠳᠬᠤ ᠪᠤᠯᠪᠠᠤ᠃ | ᠨᠢᠭᠡ᠂ 2018 ᠤᠨ ᠤ ᠠᠵᠢᠯ ᠤᠨ ᠡᠷᠭᠢᠴᠡᠭᠦᠯᠦᠯ | 2018 ᠤᠨᠳᠤ᠂ ᠬᠤᠲᠡ ᠶᠢᠨ ᠵᠠᠰᠠᠭ ᠤᠨ ᠤᠷᠳᠤᠨ ᠨᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠡᠳᠤ ᠤᠯᠤᠰ ᠤᠨ ᠤᠨᠴᠠᠯᠢᠭ ᠲᠠᠢ ᠨᠡᠶᠢᠭᠡᠮ | ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠤᠯᠭᠠᠵᠤ᠂ ᠬᠤᠲᠡ ᠶᠢᠨ ᠨᠠᠮ ᠤᠨ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠤᠤᠷ᠎ᠡ᠂ ᠪᠦᠬᠦ ᠬᠤᠲᠡ ᠶᠢᠨ | ᠡᠯ᠎ᠡ ᠦᠨᠳᠦᠰᠦᠲᠡᠨ ᠤ ᠠᠷᠠᠳ ᠲᠦᠮᠡᠨ ᠢ ᠪᠦᠯᠭᠦᠮᠳᠡᠨ ᠳᠠᠶᠢᠴᠢᠯᠠᠵᠤ᠂ ᠬᠦᠴᠦᠨᠵᠤᠷᠢᠭ ᠵᠶ᠋ᠠᠨᠨᠢᠭᠡᠳᠭᠡᠨ᠂ ᠭᠠᠪᠰᠢᠭᠠᠶᠢᠯᠠᠨᠲ᠋ᠡᠮᠡᠴᠡᠨᠡ᠃ ᠲᠤᠭᠲᠠᠭᠤᠨ | ᠬᠦᠭᠵᠢᠯᠲᠡ ᠶᠢ ᠨᠢᠭᠡᠲᠤᠯᠲᠠᠢ ᠲᠦᠯᠦᠪᠯᠡᠵᠤ᠂ ᠦᠭᠡᠷᠡᠴᠢᠯᠡᠯᠲᠡ ᠶᠢ ᠠᠬᠢᠭᠤᠯᠤᠨ᠂ ᠪᠦᠳᠦᠴᠡ ᠶᠢ ᠲᠤᠬᠢᠷᠠᠭᠤᠯᠵᠤ᠂ ᠠᠷᠠᠳ ᠲᠤ ᠠᠰᠢᠭᠲᠠᠢ᠂ ᠠᠶᠤᠯ | ᠲᠦᠭᠰᠢᠭᠦᠷᠢ ᠶᠢ ᠰᠡᠷᠭᠡᠶᠢᠯᠡᠨ᠂ ᠡᠯ᠎ᠡ ᠠᠵᠢᠯ ᠲᠦᠷᠦᠯ ᠦᠨᠲ᠋ᠤᠭᠲᠠᠭᠤᠨ ᠢ ᠪᠠᠲᠤᠯᠡᠵᠤ᠂ ᠲᠦᠯᠦᠪᠯᠡᠭᠰᠡᠨ ᠬᠠᠷᠠᠯᠲᠠ ᠪᠠᠨᠪᠡᠶᠡᠯᠡᠭᠦᠯᠵᠦ᠂ ᠰᠢᠨ᠎ᠡ ᠨᠢᠭᠡᠨ | ᠬᠤᠭᠤᠴᠠᠭᠠᠨ ᠤ ᠵᠠᠰᠠᠭ ᠤᠨ ᠤᠷᠳᠤᠨ ᠤ ᠵᠠᠰᠠᠭ ᠶᠠᠪᠤᠭᠤᠯᠤᠭᠰᠠᠨ ᠰᠠᠶᠢᠨ ᠡᠬᠢᠯᠡᠯᠲᠡ ᠪᠤᠯᠵᠠᠢ᠃ | ᠪᠦᠬᠦ ᠵᠢᠯ ᠳᠤ᠂ ᠭᠠᠵᠠᠷ ᠤᠷᠤᠨ ᠤ ᠦᠢᠯᠡᠳᠪᠦᠷᠢᠯᠡᠯ ᠤᠨ ᠶᠡᠷᠤᠩᠬᠡᠢ ᠦᠷᠲᠡᠭ ᠨᠢ 45.19 ᠳ᠋ᠦᠩᠰᠢᠭᠤᠷ ᠲᠦᠭᠦᠷᠢᠭ ᠢ ᠪᠡᠶᠡᠯᠡᠭᠦᠯᠵᠤ᠂ 1.9 % ᠪᠠᠷ | ᠨᠡᠮᠡᠭᠳᠡᠵᠡᠢ᠃ ᠬᠢᠵᠠᠭᠠᠷᠯᠠᠭᠰᠠᠨ ᠲᠤᠭᠠᠨ ᠠᠴᠠ ᠳᠡᠭᠡᠭᠰᠢᠬᠢ ᠲᠤᠭᠲᠠᠮᠠᠯ ᠬᠦᠷᠦᠩᠭᠡ ᠶᠢᠨ ᠪᠡᠯᠡ ᠤᠷᠤᠭᠤᠯᠤᠯᠲᠡ ᠨᠢ 10.24 ᠳ᠋ᠦᠩᠰᠢᠭᠤᠷ ᠲᠦᠭᠦᠷᠢᠭ ᠢ | ᠪᠡᠶᠡᠯᠡᠭᠦᠯᠵᠡᠢ᠃ ᠡᠩ ᠤᠨ ᠨᠡᠶᠢᠲᠡᠶᠢᠨ ᠲᠦᠰᠦᠪ ᠤᠨᠤᠷᠤᠯᠭᠠ ᠨᠢ 1.56 ᠳ᠋ᠦᠩᠰᠢᠭᠤᠷ ᠲᠦᠭᠦᠷᠢᠭ ᠢ ᠪᠡᠶᠡᠯᠡᠭᠦᠯᠵᠤ᠂ ᠵᠠᠷᠤᠯᠭ᠎ᠠ ᠨᠢ 18.98 ᠳ᠋ᠦᠩᠰᠢᠭᠤᠷ | ᠲᠦᠭᠦᠷᠢᠭ ᠲᠤ ᠬᠦᠷᠴᠦ᠂ ᠲᠤᠰ ᠪᠦᠷᠢ10.4 % ᠪᠠ 9.2 % ᠪᠠᠷ ᠨᠡᠮᠡᠭᠳᠡᠵᠡᠢ᠃ ᠨᠡᠶᠢᠭᠡᠮ ᠤᠨ ᠬᠡᠷᠡᠭᠯᠡᠭᠡᠨ ᠤ ᠪᠤᠳᠡᠰ ᠤᠨ ᠵᠢᠵᠢᠭᠯᠡᠨᠬᠤᠳᠡᠯᠳᠤᠭᠰᠠᠨ | ᠶᠡᠷᠤᠩᠬᠡᠢ ᠬᠡᠮᠵᠢᠶ᠎ᠡ ᠨᠢ 18.26 ᠳ᠋ᠦᠩᠰᠢᠭᠤᠷ ᠲᠦᠭᠦᠷᠢᠭ ᠢ ᠪᠡᠶᠡᠯᠡᠭᠦᠯᠵᠤ᠂ 5.5 % ᠪᠠᠷ ᠨᠡᠮᠡᠭᠳᠡᠵᠡᠢ᠃ ᠬᠤᠲᠡᠪᠠᠯᠭᠠᠰᠤᠨ ᠤ ᠪᠠᠶᠢᠩᠭᠤ ᠶᠢᠨ ᠰᠠᠭᠤᠭᠠᠯᠢ | ᠠᠷᠠᠳᠪᠠ ᠬᠦᠳᠡᠭᠡ ᠲᠤᠰᠬᠤᠨ ᠮᠠᠯᠵᠢᠬᠤ ᠤᠷᠤᠨ ᠤ ᠪᠠᠶᠢᠩᠭᠤ ᠶᠢᠨ ᠰᠠᠭᠤᠭᠠᠯᠢ ᠠᠷᠠᠳᠤᠨ ᠬᠦᠮᠦᠨ ᠪᠦᠷᠢ ᠲᠡᠭᠰᠢᠳᠭᠡᠭᠰᠡᠨ ᠤᠷᠤᠯᠭ᠎ᠠ ᠨᠢ 28928 ᠲᠦᠭᠦᠷᠢᠭ | ᠪᠤᠯᠤᠨ 25882 ᠲᠦᠭᠦᠷᠢᠭ ᠲᠤ ᠬᠦᠷᠴᠦ᠂ ᠲᠤᠰ ᠪᠦᠷᠢ 7.6 % ᠪᠠ 9.4 % ᠪᠠᠷ ᠨᠡᠮᠡᠭᠳᠡᠵᠡᠢ᠃ ᠭᠤᠷᠪᠠᠨ ᠤᠳᠠᠭᠠᠨ ᠤ ᠠᠵᠤ ᠦᠢᠯᠡᠰ ᠤᠨ | ᠪᠦᠳᠦᠴᠡ ᠶᠢᠨ ᠬᠤᠪᠢᠷᠡᠯ ᠨᠢ 42.1:11.1:46.8 ᠪᠤᠯᠤᠨ᠎ᠡ᠃ | ︵ᠨᠢᠭᠡ︶ ᠲᠦᠪ ᠤᠨ ᠪᠠᠶᠢᠷᠢᠯᠠᠭᠤᠯᠤᠯᠲᠡ ᠶᠢ ᠪᠦᠬᠦ ᠲᠠᠯ᠎ᠠ ᠪᠠᠷ ᠲᠤᠤᠱᠯᠠᠭᠤᠯᠵᠤ᠂ ᠭᠤᠷᠪᠡᠨ ᠶᠡᠭᠡ ᠪᠤᠭᠤᠮᠲᠡ ᠰᠢᠪᠳᠤᠯᠬᠤ ᠳᠠᠶᠢᠯᠠᠯᠳᠤᠭᠠᠨ ᠨᠢ ᠢᠯᠡᠳᠳᠡ | ᠢᠯᠠᠯᠲᠠ ᠤᠯᠪᠡ᠃ | ᠵᠠᠰᠠᠭ ᠤᠨ ᠤᠷᠳᠤᠨ ᠤ ᠴᠢᠨᠠᠷᠲᠠᠢ ᠦᠷᠢ ᠦᠭᠴᠡᠭᠡᠨ ᠤ ᠲᠦᠭᠰᠢᠭᠦᠷᠢ ᠶᠢ ᠪᠦᠲᠦᠮᠵᠢᠲᠠᠢ ᠰᠡᠷᠭᠡᠶᠢᠯᠡᠵᠦ᠂ ᠵᠢᠯ ᠦᠨᠡᠭᠦᠷᠭᠡ ᠪᠠᠨ 135 % ᠪᠠᠷ | ᠪᠡᠶᠡᠯᠡᠭᠦᠯᠵᠤ᠂ ᠬᠦᠯᠦᠨ ᠪᠤᠶᠢᠷ ᠬᠤᠲᠡ ᠳᠤ《ᠠᠷᠪᠡ ᠶᠢ ᠪᠦᠷᠬᠦᠬᠦᠯᠬᠦ》ᠢᠨᠵᠧᠨᠧᠷᠢᠩ ᠤᠨ ᠦᠭᠴᠡᠭᠡ ᠶᠢ ᠤᠷᠢᠳᠴᠢᠯᠠᠨ ᠲᠦᠯᠦᠵᠤ ᠪᠠᠷᠡᠵᠡᠢ᠃ ᠲᠤᠶᠢᠯ ᠤᠨ | ᠤᠨᠤᠪᠴᠢᠲᠠᠢ ᠪᠠᠷ ᠶᠠᠳᠠᠭᠤ ᠶᠢ ᠲᠡᠳᠭᠦᠭᠦ ᠪᠠ ᠲᠤᠶᠢᠯ ᠤᠨ ᠤᠨᠤᠪᠴᠢᠲᠠᠢ ᠪᠠᠷ ᠶᠠᠳᠠᠭᠤ ᠠᠴᠠ ᠠᠩᠭᠢᠵᠢᠷᠠᠭᠤᠯᠬᠤ ᠵᠢᠨᠡᠯ᠎ᠡ ᠲᠦᠷᠦᠯ ᠤᠨ ᠠᠵᠢᠯ ᠢ ᠬᠦᠴᠦᠯᠡᠨ | ᠰᠠᠶᠢᠳᠤᠷ ᠬᠢᠵᠠᠢ᠃ ᠾᠧᠢ ᠱᠠᠨᠲᠸᠤ ᠪᠠᠯᠭᠠᠰᠤᠨ ᠤ ᠯᠢᠶᠠᠩ ᠰᠢ ᠲᠤᠰᠬᠤᠨᠪᠠ ᠳᠡᠭᠡᠲᠤ ᠦᠷᠭᠡᠨ ᠤ ᠵᠡᠭᠡᠯᠢ ᠭᠤᠳᠤᠮᠵᠢ ᠵᠢᠨᠬᠡᠷᠡᠭ ᠡᠷᠬᠢᠯᠡᠬᠦ ᠭᠠᠵᠠᠷ | ᠤᠨᠤᠷᠤᠭᠰᠢᠯᠠᠯᠲᠠ ᠲᠤᠰᠬᠤᠨ ᠤ ᠲᠠᠷᠢᠶᠠᠯᠠᠩ ᠤᠨ ᠮᠧᠬᠠᠨᠢᠭ ᠬᠤᠳᠡᠯᠳᠤᠨ ᠠᠪᠬᠤ ᠶᠠᠳᠠᠭᠤ ᠶᠢ ᠲᠡᠳᠭᠦᠭᠦ ᠲᠤᠰᠬᠠᠢ ᠲᠦᠷᠦᠯ ᠵᠦᠢᠯ ᠢ ᠬᠡᠷᠡᠭᠵᠢᠭᠦᠯᠵᠡᠢ᠃ ᠠᠵᠢᠯ | ᠤᠶᠢᠯᠡᠰ ᠢᠶᠠᠷ ᠶᠠᠳᠠᠭᠤ ᠶᠢ ᠲᠡᠳᠭᠦᠭᠦ ᠰᠠᠭᠤᠷᠢ ᠮᠦᠩᠭᠦ᠂ ᠶᠠᠳᠠᠭᠤ ᠬᠦᠴᠢᠷᠳᠡᠯᠲᠠᠢ ᠰᠤᠷᠤᠭᠴᠢ ᠶᠢ ᠲᠤᠰᠡᠯᠡᠨ ᠲᠡᠳᠭᠦᠭᠦ ᠰᠠᠭᠤᠷᠢ ᠮᠦᠩᠭᠦ ᠪᠤᠯᠤᠨᠠᠯᠳᠡᠨ ᠦᠷ᠎ᠡ | ᠶᠠᠳᠠᠭᠤ ᠶᠢ ᠲᠡᠳᠭᠦᠭᠦ ᠵᠢᠭᠡᠯᠡᠯᠭᠡ ᠵᠡᠷᠭᠡ ᠳᠤ ᠨᠡᠶᠢᠲᠡ 2107 ᠲᠦᠮᠡᠨ ᠲᠦᠭᠦᠷᠢᠭ ᠢ ᠲᠠᠷᠬᠠᠭᠠᠪᠠ᠃ ᠡᠷᠡᠭᠦᠯᠵᠢᠯ ᠢᠶᠠᠷ ᠶᠠᠳᠠᠭᠤ ᠶᠢ ᠲᠡᠳᠭᠦᠭᠦ ᠠᠵᠢᠯ ᠢ ᠪᠤᠳᠠᠲᠠᠢ | ᠦᠷᠨᠢᠭᠦᠯᠵᠤ᠂ ᠦᠨ᠎ᠡ ᠲᠦᠯᠦᠪᠦᠷᠢ ᠦᠭᠡᠢ ᠪᠠᠷ ᠪᠡᠶ᠎ᠡ ᠶᠢ ᠨᠢ ᠪᠠᠶᠢᠴᠠᠭᠠᠨ ᠦᠭᠴᠦ᠂ ᠤᠳᠠᠭᠠᠨ ᠴᠢᠨᠠᠷᠲᠠᠢ ᠡᠪᠡᠳᠴᠢᠲᠡᠨ ᠳᠤ《 ᠡᠮᠴᠢ ᠡᠮ ᠬᠦᠷᠭᠡᠨ》᠂ | ᠬᠤᠳᠡᠯᠳᠤᠭᠠᠨ ᠤ ᠳᠠᠭᠠᠳᠬᠠᠯ ᠬᠤᠳᠡᠯᠳᠤᠨᠠᠪᠬᠤ᠂ ᠡᠮᠨᠡᠯᠭᠡ ᠶᠢᠨ ᠳᠠᠭᠠᠳᠬᠠᠯ ᠤᠨ ᠬᠤᠪᠢ ᠬᠦᠮᠦᠨ ᠤ ᠵᠠᠷᠤᠳᠡᠯ ᠵᠶ᠋ᠠᠨᠲ᠋ᠤᠰᠢᠶᠠᠬᠤ ᠵᠡᠷᠭᠡ ᠠᠷᠭ᠎ᠠ ᠬᠡᠮᠵᠢᠶ᠎ᠡ ᠶᠢ | ᠠᠪᠴᠤ᠂ ᠶᠠᠳᠠᠭᠤ ᠠᠴᠠ ᠠᠩᠭᠢᠵᠢᠷᠠᠬᠤ ᠬᠦᠮᠦᠰ ᠤᠨ ᠡᠭᠦᠳᠡᠨ ᠡᠮᠨᠡᠯᠭᠡ ᠳᠤ ᠡᠪᠡᠳᠴᠢᠨ ᠦᠵᠡᠭᠦᠯᠭᠦ ᠪᠠ ᠡᠮᠨᠡᠯᠭᠡ ᠳᠤ ᠰᠠᠭᠤᠬᠤ ᠳᠤ ᠪᠤᠲᠠᠲᠠᠢ ᠵᠠᠷᠤᠳᠠᠯ | ᠭᠠᠷᠭᠠᠭᠤᠯᠬᠤ ᠬᠠᠷᠢᠴᠡᠯ ᠢ 90% ᠳᠤ ᠬᠦᠷᠭᠡᠵᠤ᠂ ᠡᠪᠡᠳᠴᠢᠨ ᠦᠵᠡᠭᠦᠯᠭᠦ ᠳᠠᠷᠤᠭᠠᠰᠤ ᠶᠢ ᠦᠨᠡᠨ ᠬᠦ ᠬᠦᠩᠭᠡᠷᠡᠭᠦᠯᠵᠡᠢ᠃ ᠰᠤᠷᠭᠠᠨ ᠬᠦᠮᠦᠵᠢᠯ ᠢᠶᠠᠷ | ᠶᠠᠳᠠᠭᠤ ᠶᠢ ᠲᠡᠳᠭᠦᠭᠦ ᠶᠢ ᠬᠦᠴᠦᠯᠡᠨᠠᠬᠢᠭᠤᠯᠵᠤ ᠂《 ᠬᠤᠶᠠᠷ ᠢ ᠬᠠᠪᠰᠤᠷᠴᠤ ᠂ ᠨᠢᠭᠡ ᠶᠢ ᠬᠠᠩᠭᠠᠬᠤ》᠂《 ᠰᠤᠷᠤᠯᠭ᠎ᠠ ᠶᠢ ᠨᠢ ᠬᠠᠪᠰᠤᠷᠴᠤ᠂ ᠤᠶᠤᠨ ᠢ | ᠨᠢ ᠲᠡᠳᠭᠦᠭᠦ》 ᠶᠢ ᠬᠡᠷᠡᠭᠵᠢᠭᠦᠯᠵᠦ᠂ ᠨᠡᠶᠢᠲᠡ 1094 ᠤᠳᠠᠭ᠎ᠠ ᠬᠦᠮᠦᠰ ᠲᠤ ᠠᠰᠢᠭ ᠬᠦᠷᠲᠡᠭᠡᠵᠡᠢ᠃ ᠰᠤᠷᠬᠤ ᠨᠠᠰᠤᠨ ᠠᠴᠠ ᠡᠮᠤᠨᠡᠬᠢ ᠰᠤᠷᠭᠠᠨ | ᠬᠦᠮᠦᠵᠢᠯ ᠠᠴᠠ ᠳᠡᠭᠡᠲᠤ ᠵᠡᠷᠭᠡ ᠶᠢᠨ ᠰᠤᠷᠭᠠᠨ ᠬᠦᠮᠦᠵᠢᠯ ᠬᠦᠷᠳᠡᠯᠡᠬᠢ ᠶᠠᠳᠠᠭᠤ ᠬᠦᠴᠢᠷᠳᠡᠯᠲᠠᠢ ᠰᠤᠷᠤᠭᠴᠢ ᠶᠢ ᠲᠤᠰᠠᠯᠠᠵᠠᠢ᠃ ᠶᠠᠳᠠᠭᠤ ᠭᠦᠴᠢᠷᠳᠡᠯᠲᠠᠢ | ᠲᠡᠳᠭᠦᠭᠦᠯᠬᠦ ᠡᠲᠡᠭᠡᠳ ᠢ ᠬᠦᠳᠡᠯᠦᠩᠭᠦᠢ ᠬᠠᠮᠢᠶᠠᠷᠬᠤ ᠪᠠ ᠲᠡᠳᠡᠨᠠᠷ ᠤᠨ ᠮᠡᠳᠡᠭᠡ ᠵᠠᠩᠬᠢ ᠶᠢ ᠴᠤᠭᠯᠠᠭᠤᠯᠵᠤ᠂ ᠮᠠᠨ ᠤ ᠬᠤᠲᠡ ᠵᠢᠨᠲ᠋ᠠᠩᠰᠠᠯᠠᠭᠰᠠᠨ ᠶᠠᠳᠠᠭᠤ | ᠬᠦᠴᠢᠷᠳᠡᠯᠲᠠᠢ ᠡᠷᠤᠬᠡ ᠨᠢ ᠪᠦᠭᠦᠳᠡᠭᠡᠷ ᠢᠶᠠᠨ ᠶᠠᠳᠠᠭᠤ ᠠᠴᠠ ᠠᠩᠭᠢᠵᠢᠷᠠᠵᠠᠢ᠃ ᠪᠤᠬᠢᠷᠳᠡᠯ ᠢ ᠰᠡᠷᠭᠡᠶᠢᠯᠡᠨ ᠵᠠᠰᠠᠬᠤ ᠬᠦᠴᠦᠯᠡᠴᠡ ᠪᠠᠨ ᠴᠢᠩᠭᠠᠳᠬᠠᠵᠣ᠂ ᠲᠦᠪ ᠤᠨ | ᠤᠷᠴᠢᠨ ᠲᠤᠭᠤᠷᠢᠨ ᠤ ᠬᠠᠮᠠᠭᠠᠯᠠᠯᠲᠡ ᠶᠢᠨ ᠬᠢᠨᠠᠨ ᠪᠠᠶᠢᠴᠠᠭᠠᠯᠲᠠ ᠶᠢᠨ ᠬᠠᠷᠢᠭᠤ ᠲᠤᠰᠬᠠᠭᠰᠠᠨ ᠠᠰᠠᠭᠤᠳᠡᠯ ᠢ ᠴᠡᠭᠴᠡᠯᠡᠨ ᠰᠠᠶᠢᠵᠢᠷᠠᠭᠤᠯᠵᠠᠢ᠃ ᠪᠦᠬᠦ ᠬᠤᠲᠡ ᠶᠢᠨ | ᠲᠦᠪᠯᠡᠷᠡᠭᠦᠯᠦᠭᠰᠡᠨ ᠬᠡᠯᠪᠡᠷᠢ ᠵᠢᠨᠤᠤᠭᠤᠬᠤ ᠤᠰᠤᠨ ᠤ ᠡᠬᠢ ᠰᠤᠷᠪᠤᠯᠵᠢ ᠶᠢ ᠬᠠᠮᠠᠭᠠᠯᠠᠬᠤ ᠤᠷᠤᠨ ᠢ ᠲᠤᠭᠲᠠᠭᠠᠵᠤ᠂ ᠮᠤᠷᠳᠠᠭ᠎ᠠ ᠪᠠᠯᠭᠠᠰᠤ᠂ ᠾᠧᠢ ᠱᠠᠨ ᠲᠸᠤ | ᠪᠠᠯᠭᠠᠰᠤ ᠪᠠ ᠰᠢᠪᠡᠭᠡ ᠰᠤᠮᠤᠨ ᠤ ᠤᠤᠭᠤᠬᠤ ᠤᠰᠤᠨ ᠤ ᠡᠬᠢ ᠰᠤᠷᠪᠤᠯᠵᠢ ᠢ ᠬᠠᠮᠠᠭᠠᠯᠠᠬᠤ ᠤᠷᠤᠨ ᠢ ᠲᠦᠯᠦᠪᠯᠡᠵᠡᠢ᠃ ᠬᠤᠲᠡ ᠶᠢᠨ ᠲᠤᠭᠤᠷᠢᠭ ᠤᠨ ᠪᠤᠵᠠᠷ | ᠤᠰᠤ ᠶᠢ ᠰᠢᠢᠢᠳᠪᠦᠷᠢᠯᠡᠬᠦ ᠦᠢᠯᠡᠳᠪᠦᠷᠢ ᠶᠢ ᠳᠡᠰ ᠳᠡᠪᠰᠢᠭᠦᠯᠦᠨ ᠰᠠᠶᠢᠵᠢᠷᠠᠭᠤᠯᠤᠭᠰᠠᠨ ᠮᠦᠷᠲᠡᠭᠡᠨ ᠳᠠᠬᠢᠯᠲᠡᠤᠰᠤ ᠶᠢ ᠡᠭᠡᠭᠦᠯᠦᠨ ᠬᠡᠷᠡᠭᠯᠡᠭᠦ ᠢᠨᠵᠧᠨᠧᠷᠢᠩ ᠢ | ᠠᠰᠢᠭᠯᠠᠯᠲᠠ ᠳᠤ ᠤᠷᠤᠭᠤᠯᠵᠠᠢ᠃ 10ᠠᠭᠤᠷ ᠤᠨᠲ᠋ᠤᠨ ᠠᠴᠠ ᠳᠡᠭᠡᠭᠰᠢᠬᠢ ᠢᠯᠴᠢ ᠬᠠᠩᠭᠠᠬᠤ ᠨᠡᠭᠦᠷᠡᠰᠤ ᠰᠢᠲᠠᠭᠠᠬᠤ ᠵᠤᠤᠬ᠎ᠠ ᠶᠢᠨ《ᠡᠪᠦᠯ ᠦᠨᠲ᠋ᠠᠬᠤᠯ ᠢ ᠨᠢ | ᠵᠤᠨ ᠵᠠᠰᠠᠬᠤ》 ᠶᠢ ᠪᠦᠬᠦ ᠲᠠᠯ᠎ᠠ ᠪᠠᠷ ᠲᠦᠯᠬᠢᠨ ᠠᠬᠢᠭᠤᠯᠵᠤ᠂ ᠪᠠᠶᠢᠭᠤᠯᠤᠭᠰᠠᠨ ᠲᠤᠭᠤᠷᠢᠭ ᠤᠨ ᠨᠡᠭᠦᠷᠡᠰᠤ ᠰᠢᠲᠠᠭᠠᠬᠤ ᠪᠠᠭ᠎ᠠ ᠵᠤᠤᠬ᠎ᠠ ᠶᠢ ᠰᠢᠭᠰᠢᠵᠦ᠂ ᠲᠤᠰᠤ | ᠨᠠᠮᠠᠭᠦ ᠦᠷᠲᠡᠭᠡᠨ ᠤ ᠬᠤᠤᠰ ᠳᠠᠪᠬᠤᠷᠭᠠᠲᠤ ᠪᠤᠷᠳᠤᠭᠤ ᠶᠢ ᠦᠭᠡᠷᠡᠴᠢᠯᠡᠨ᠂ ᠪᠤᠵᠠᠷ ᠪᠤᠳᠡᠰ ᠢ ᠭᠠᠳᠠᠭᠰᠢᠯᠠᠭᠤᠯᠬᠤ ᠶᠢ ᠪᠦᠳᠦᠮᠵᠢᠲᠠᠢ ᠪᠠᠭᠠᠰᠬᠠᠵᠠᠢ᠃ | ︵ᠬᠤᠶᠡᠷ︶ ᠤᠨᠴᠠᠯᠢᠭᠳᠤ ᠠᠵᠤ ᠦᠢᠯᠡᠰ ᠤᠨᠲ᠋ᠠᠯᠳᠡ ᠬᠦᠴᠦᠨ ᠨᠢ ᠬᠦᠴᠦᠷᠬᠡᠭ ᠶᠡᠭᠡ᠂ ᠠᠵᠤ ᠠᠬᠤᠢ ᠶᠢᠨ ᠬᠦᠭᠵᠢᠯᠲᠡ ᠨᠢ ᠭᠦᠢᠴᠡᠳ ᠬᠦᠳᠡᠯᠭᠡᠬᠦ | ᠬᠦᠴᠦᠨ ᠲᠠᠢ᠃ | ᠮᠠᠯᠵᠢᠬᠤ ᠲᠠᠷᠢᠶᠠᠯᠠᠬᠤ ᠠᠵᠤ ᠦᠢᠯᠡᠰ ᠤᠨ ᠴᠢᠨᠠᠷ ᠴᠢᠨᠰᠠᠭ᠎ᠠ ᠶᠢ ᠰᠠᠶᠢᠵᠢᠷᠠᠭᠤᠯᠤᠭᠰᠠᠨ ᠮᠦᠷᠲᠡᠭᠡᠨ ᠦᠷ᠎ᠡ ᠠᠰᠢᠭ ᠢ ᠨᠡᠮᠡᠭᠳᠡᠭᠦᠯᠪᠡ᠃ ᠨᠡᠶᠢᠲᠡ 2.1 | ᠳ᠋ᠦᠩᠰᠢᠭᠤᠷ ᠲᠦᠭᠦᠷᠢᠭ ᠤᠨ ᠪᠡᠯᠡ ᠤᠷᠤᠭᠤᠯᠵᠤ᠂ ᠰᠢᠯᠢᠳᠡᠭ ᠡᠭᠦᠯᠳᠡᠷ ᠤᠨ ᠦᠨᠳᠦᠷ ᠤᠨᠡᠯᠲᠡ ᠲᠠᠢ ᠴᠠᠷᠭᠠᠰᠤ ᠶᠢ ᠲᠠᠷᠢᠵᠤ ᠪᠤᠶᠢᠵᠢᠭᠤᠯᠬᠤ᠂ | ᠮᠢᠩᠭᠠᠨᠳᠦ᠋ᠩᠰᠢᠭᠤᠷ ᠵᠢᠩ ᠦᠨᠠᠮᠤ ᠪᠤᠳᠠᠭ᠎ᠠ ᠨᠡᠮᠡᠭᠳᠡᠬᠦ ᠢᠨᠵᠧᠨᠧᠷᠢᠩ ᠪᠠ ᠰᠠᠭᠠᠯᠢ ᠶᠢᠨ ᠦᠨᠢᠶ᠎ᠡ ᠲᠡᠵᠢᠭᠡᠨ ᠦᠷᠡᠵᠢᠭᠦᠯᠭᠦ ᠶᠡᠭᠡ ᠰᠢᠶᠠᠨ ᠵᠡᠷᠭᠡ 19 | ᠲᠦᠷᠦᠯ ᠦᠨᠮᠠᠯᠵᠢᠬᠤᠲ᠋ᠠᠷᠢᠶᠠᠯᠠᠬᠤ ᠳᠤ ᠠᠰᠢᠭᠲᠠᠢ ᠠᠵᠢᠯ ᠢ ᠬᠢᠵᠠᠢ᠃ ᠮᠠᠨ ᠤ ᠬᠤᠲᠠ ᠨᠢ ᠪᠦᠬᠦ ᠤᠯᠤᠰ ᠤᠨ ᠭᠤᠷᠪᠠᠳᠤᠭᠠᠷ ᠪᠦᠯᠦᠭ ᠲᠠᠷᠢᠮᠡᠯ ᠤᠨ | ᠦᠢᠯᠡᠰ ᠦᠨᠦᠢᠯᠡᠳᠪᠦᠷᠢᠯᠡᠯ ᠤᠨ ᠪᠦᠬᠦ ᠶᠠᠪᠤᠴᠠ ᠶᠢ ᠮᠧᠬᠠᠨᠢᠭᠵᠢᠭᠤᠯᠤᠭᠰᠠᠨ ᠵᠢᠱᠢᠶ᠎ᠡ ᠦᠵᠡᠭᠦᠯᠬᠦ ᠰᠢᠶᠠᠨ ᠪᠤᠯᠵᠠᠢ᠃ ᠲᠠᠷᠢᠮᠡᠯ ᠤᠨ ᠪᠦᠳᠦᠴᠡ ᠶᠢ ᠲᠠᠰᠤᠷᠠᠯᠲᠠ | ᠦᠭᠡᠢ ᠰᠢᠯᠢᠳᠡᠭᠵᠢᠭᠦᠯᠵᠦ᠂ ᠳᠤᠮᠳᠡᠳᠤ ᠤᠯᠤᠰ ᠤᠨ ᠲᠠᠷᠢᠶᠠᠯᠠᠩ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠲᠤᠰᠬᠠᠠᠢ ᠮᠡᠷᠭᠡᠵᠢᠯᠲᠡᠨ ᠢ ᠤᠷᠢᠨ ᠰᠢᠬᠢᠷ ᠤᠨ | ᠯᠤᠤᠪᠠᠩ ᠤᠨ ᠦᠢᠯᠡᠳᠪᠦᠷᠢᠯᠡᠯ ᠢ ᠵᠢᠯᠤᠭᠤᠳᠤᠭᠤᠯᠵᠤ᠂ ᠳᠤᠮᠳᠡᠳᠤ ᠠᠮᠧᠷᠢᠺᠠ ᠶᠢᠨ ᠰᠢᠬᠢᠷ ᠤᠨ ᠯᠤᠤᠪᠠᠩ ᠤᠨ ᠠᠵᠤ ᠦᠢᠯᠡᠰ ᠤᠨ ᠮᠡᠷᠭᠡᠵᠢᠯ ᠤᠨ ᠰᠤᠯᠢᠯᠴᠠᠭᠠᠨ ᠤ | ᠬᠤᠷᠡᠯ ᠢ ᠡᠷᠬᠢᠯᠡᠵᠤ᠂ ᠰᠢᠬᠢᠷ ᠤᠨ ᠯᠤᠤᠪᠠᠩ ᠤᠨ ᠰᠠᠭᠤᠷᠢᠨ ᠭᠠᠵᠠᠷ ᠪᠠᠶᠢᠭᠤᠯᠬᠤ ᠶᠢ ᠬᠦᠴᠦᠲᠠᠢ ᠳᠡᠮᠵᠢᠵᠡᠢ᠃ ᠪᠦᠬᠦ ᠵᠢᠯ ᠳᠤ ᠪᠠᠨ᠂ 16 ᠲᠦᠮᠡᠨ ᠮᠦ | ᠰᠢᠬᠢᠷ ᠤᠨ ᠯᠤᠤᠪᠠᠩ ᠢ ᠲᠠᠷᠢᠵᠤ᠂ ᠨᠠᠶᠢᠲᠡ 34 ᠲᠦᠮᠡᠨ ᠳᠤᠨᠰᠢᠬᠢᠷ ᠤᠨ ᠯᠤᠤᠪᠠᠩ ᠢ ᠬᠤᠷᠢᠶᠠᠵᠠᠢ᠃ ᠬᠦᠳᠡᠭᠡ ᠲᠤᠰᠬᠤᠨ ᠤ ᠭᠠᠵᠠᠷ ᠰᠢᠷᠤᠢ ᠶᠢ | ᠳᠠᠭᠠᠭᠭᠠᠴᠢᠯᠠᠨ ᠡᠵᠡᠩᠨᠡᠬᠦ ᠡᠷᠬᠡ ᠶᠢ ᠲᠤᠭᠲᠠᠭᠠᠨᠲ᠋ᠠᠩᠰᠠᠯᠠᠵᠤ ᠦᠨᠡᠮᠯᠡᠯ ᠤᠯᠭᠤᠨ᠂ ᠪᠡᠯᠴᠢᠭᠡᠷ ᠢ ᠲᠤᠭᠲᠠᠭᠠᠨ ᠳᠠᠭᠠᠭᠠᠴᠢᠯᠠᠬᠤ ᠪᠠ ᠬᠦᠳᠡᠭᠡ ᠲᠤᠰᠬᠤᠨ ᠤ | ᠬᠠᠮᠲᠤ ᠶᠢᠨ ᠦᠮᠴᠢᠯᠡᠯ ᠤᠨ ᠳᠦᠷᠢᠮ ᠤᠨ ᠦᠭᠡᠷᠡᠴᠢᠯᠡᠯᠲᠡ ᠶᠢ ᠪᠦᠬᠦ ᠲᠠᠯ᠎ᠠ ᠪᠠᠷ ᠠᠬᠢᠭᠤᠯᠵᠠᠢ᠃ ᠰᠢᠨ᠎ᠡ ᠬᠡᠯᠪᠡᠷᠢ ᠶᠢᠨ ᠲᠠᠷᠢᠶᠠᠯᠠᠩ ᠤᠨ ᠡᠵᠡᠩᠨᠡᠯᠲᠡ ᠶᠢᠨ ᠪᠡᠶᠡᠴᠢ | ᠴᠤᠬᠴᠠ ᠶᠢ ᠶᠡᠬᠡᠪᠡᠷ ᠬᠦᠮᠦᠵᠢᠭᠦᠯᠵᠤ᠂ ᠮᠠᠯᠴᠢᠨ ᠲᠠᠷᠢᠶᠠᠴᠢᠨ ᠤ ᠲᠤᠰᠬᠠᠶᠢᠵᠢᠭᠰᠠᠨ ᠬᠤᠷᠰᠢᠶᠠᠵᠢᠯ ᠨᠢ 395 ᠡᠷᠤᠬᠡ ᠪᠤᠯᠵᠤ᠂ ᠭᠡᠷ ᠪᠦᠯᠢ ᠶᠢᠨ | ᠲᠠᠷᠢᠶᠠᠯᠠᠩ ᠤᠨᠲ᠋ᠠᠯᠠᠪᠤᠷ ᠨᠢ 143 ᠡᠷᠤᠬᠡ ᠪᠤᠯᠵᠠᠢ᠃ ᠱᠧᠩ ᠲᠦᠩ ᠰᠢᠬᠢᠷ ᠤᠨ ᠦᠢᠯᠡᠰ᠂ ᠰᠠᠢ ᠱᠠᠩ ᠴᠢᠤᠸᠠᠢ ᠴᠤᠤ ᠺᠤᠮᠫᠠᠨᠢ᠂ ᠵᠦᠩ ᠺᠧ ᠯᠢ ᠯᠢ ᠶᠠ | ᠡᠳ᠋ᠯᠡᠩ ᠨᠢ ᠨᠢᠭᠡᠳᠤᠭᠡᠷ ᠪᠦᠯᠦᠭ ᠮᠠᠯᠵᠢᠬᠤ ᠲᠠᠷᠢᠶᠠᠯᠠᠬᠤ ᠦᠢᠯᠡᠰ ᠦᠨᠠᠵᠤ ᠦᠢᠯᠡᠰᠵᠢᠯᠲᠡ ᠶᠢᠨ ᠵᠢᠱᠢᠶ᠎ᠡ ᠦᠵᠡᠭᠦᠯᠬᠦ ᠬᠤᠯᠪᠤᠭᠠᠲᠤ ᠴᠤᠭᠴᠠ ᠪᠤᠯᠵᠠᠢ᠃ ᠪᠦᠬᠦ | ᠬᠤᠲᠡ ᠶᠢᠨ ᠮᠠᠯ ᠵᠢᠭᠦᠷᠲᠡᠨ ᠢ ᠲᠡᠵᠢᠭᠡᠨ ᠦᠷᠡᠵᠢᠭᠦᠯᠬᠦ ᠶᠢ ᠴᠠᠭᠠᠵᠠᠯᠠᠭᠰᠠᠨ ᠤᠷᠤᠨ ᠤ ᠨᠡᠭᠦᠯᠭᠡᠨ ᠰᠢᠯᠵᠢᠭᠦᠯᠬᠦ ᠠᠵᠢᠯ ᠢ ᠳᠠᠭᠤᠰᠬᠠᠵᠤ᠂ ᠠᠹᠷᠢᠺᠠ ᠲᠢᠪ ᠤᠨ | ᠭᠠᠭ᠋ᠠᠢ ᠶᠢᠨ ᠬᠢᠵᠢᠭ ᠵᠡᠷᠭᠡ ᠬᠦᠨᠳᠦ ᠶᠡᠭᠡ ᠠᠮᠢᠲᠡᠨ ᠤ ᠬᠢᠵᠢᠭ ᠢ ᠴᠢᠩᠭ᠎ᠠ ᠰᠡᠷᠭᠡᠶᠢᠯᠡᠵᠡᠢ᠃ ᠤᠰᠤ ᠶᠢ ᠠᠷᠪᠢᠯᠠᠨ ᠤᠰᠤᠯᠠᠯᠲᠠ ᠬᠢᠬᠦ ᠢᠨᠵᠧᠨᠧᠷᠢᠩ ᠢ 4 ᠶᠢ | ᠪᠠᠶᠢᠭᠤᠯᠵᠤ᠂ ᠦᠭᠡᠷᠡᠴᠢᠯᠡᠨ ᠰᠠᠶᠢᠵᠢᠷᠠᠭᠤᠯᠤᠭᠰᠠᠨ ᠤᠰᠤ ᠶᠢ ᠠᠷᠪᠢᠯᠠᠵᠤ ᠤᠰᠤᠯᠡᠯᠲᠡ ᠬᠢᠭᠰᠡᠨ ᠲᠠᠯᠠᠪᠠᠢ ᠨᠢ 11.5 ᠲᠦᠮᠡᠨ ᠮᠦ ᠰᠢᠨ᠎ᠡ ᠪᠠᠷ ᠨᠡᠮᠡᠭᠳᠡᠵᠡᠢ᠃ | 200 ᠲᠦᠮᠡᠨ ᠮᠦ ᠲᠠᠷᠢᠶᠠᠨ ᠭᠠᠵᠠᠷ ᠤᠨᠡᠰᠢ ᠰᠦᠷᠡᠯ ᠢ ᠬᠡᠮᠬᠡᠯᠤᠨᠲ᠋ᠠᠷᠢᠶᠠᠨ ᠳᠤ ᠪᠤᠴᠠᠭᠠᠭᠰᠠᠨ ᠶᠤᠮ᠃ ᠬᠡᠪᠴᠢᠶᠡᠵᠢᠭᠦᠯᠦᠭᠰᠡᠨ ᠲᠡᠵᠢᠭᠡᠨ ᠦᠷᠡᠵᠢᠭᠦᠯᠬᠦ | ᠲᠠᠯᠠᠪᠠᠢ ᠶᠢᠨ ᠪᠠᠭᠠᠰᠤ ᠪᠤᠷᠳᠤᠭᠤᠷ ᠤᠨ ᠶᠡᠷᠤᠩᠬᠡᠶᠢᠯᠡᠨ ᠠᠰᠢᠭᠯᠠᠭᠰᠠᠨ ᠨᠤᠷᠮ᠎ᠡ ᠨᠢ 74% ᠳᠤ ᠬᠦᠷᠴᠠᠢ᠃ | ᠠᠵᠤ ᠦᠢᠯᠡᠳᠪᠦᠷᠢ ᠶᠢᠨ ᠠᠵᠤ ᠠᠬᠤᠢ ᠰᠢᠪᠳᠤᠯᠤᠯᠲᠡ ᠲᠠᠢ ᠪᠤᠯᠪᠠ᠃ ᠪᠦᠬᠦ ᠵᠢᠯ ᠳᠤ᠂ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ | ᠶᠡᠷᠤᠩᠬᠡᠢ ᠦᠢᠯᠡᠳᠪᠦᠷᠢᠯᠡᠯ ᠤᠨ ᠦᠷᠳᠡᠭ ᠨᠢ 4.4 ᠳ᠋ᠦᠩᠰᠢᠭᠤᠷ ᠲᠦᠭᠦᠷᠢᠭ ᠲᠤ ᠬᠦᠷᠴᠠᠢ᠃ ᠱᠧᠩ ᠲᠦᠩ ᠰᠢᠬᠢᠷ ᠤᠨ ᠦᠢᠯᠡᠰ ᠨᠢ ᠵᠢᠯ ᠳᠤ 100 ᠲᠦᠮᠡᠨ | ᠲᠤᠨ ᠰᠢᠬᠢᠷ ᠤᠨ ᠯᠤᠤᠪᠠᠩ ᠢ ᠦᠢᠯᠡᠳᠪᠦᠷᠢᠯᠡᠵᠤ᠂ ᠰᠢᠬᠢᠷ ᠬᠢᠬᠦ ᠲᠦᠷᠦᠯ ᠵᠦᠢᠯ ᠨᠢ ᠨᠢᠭᠡᠳᠤᠭᠡᠷ ᠬᠤᠭᠤᠴᠠᠭᠠᠨ ᠤ ᠠᠰᠢᠭᠯᠠᠯᠲᠠ ᠳᠤ ᠤᠷᠤᠵᠤ᠂ ᠴᠠᠰᠤᠨᠰᠢᠬᠢᠷ ᠢ | 25089 ᠲᠤᠨᠦᠢᠯᠡᠳᠪᠦᠷᠢᠯᠡᠵᠤ᠂ ᠡᠯᠡᠰᠤᠨ ᠰᠢᠬᠢᠷ ᠢ 2377 ᠲᠤᠨ ᠦᠢᠯᠡᠳᠪᠦᠷᠢᠯᠡᠵᠤ᠂ ᠪᠠᠯ ᠪᠤᠷᠡᠮ ᠢ 6677 ᠲᠤᠨ ᠦᠢᠯᠡᠳᠪᠦᠷᠢᠯᠡᠵᠤ ᠂ ᠮᠦᠬᠦᠯᠢᠭᠳᠦ | ᠰᠢᠭᠠᠷᠤ ᠶᠢ 7868 ᠲᠤᠨ ᠦᠢᠯᠡᠳᠪᠦᠷᠢᠯᠡᠵᠠᠢ᠃ ᠲᠡᠷᠡ ᠨᠢ ᠬᠦᠯᠦᠨ ᠪᠤᠶᠢᠷ ᠬᠤᠲᠡ ᠶᠢᠨ ᠰᠢᠬᠢᠷ ᠤᠨ ᠯᠤᠤᠪᠠᠩ ᠦᠢᠯᠡᠳᠪᠦᠷᠢᠯᠡᠬᠦ ᠠᠵᠤ ᠦᠢᠯᠡᠰ ᠤᠨ | ᠭᠤᠤᠯᠯᠠᠬᠤ ᠠᠵᠤ ᠠᠬᠤᠶᠢᠯᠠᠯ ᠪᠤᠯᠵᠤ᠂ ᠤᠳᠤᠬᠢᠴᠢᠯᠠᠭᠰᠠᠨᠲ᠋ᠠᠷᠢᠶᠠᠯᠠᠬᠤ ᠮᠠᠯᠵᠢᠬᠤ ᠦᠢᠯᠡᠰ ᠤᠨ ᠠᠵᠤ ᠦᠢᠯᠡᠰᠵᠢᠯᠲᠡᠳᠦ ᠬᠦᠳᠡᠯᠭᠡᠬᠦ ᠬᠦᠴᠤᠨ ᠬᠠᠩᠭᠠᠵᠠᠢ᠃ | ᠨᠢᠩᠰᠢᠶᠠ ᠶᠢᠨ ᠰᠠᠢ ᠱᠠᠩ ᠰᠦ ᠶᠢᠨ ᠦᠢᠯᠡᠰ ᠪᠠ ᠴᠢᠤᠸᠠᠢ ᠴᠤᠤ ᠺᠤᠮᠫᠠᠨᠢ ᠶᠢ ᠲᠠᠲᠠᠨ ᠠᠪᠴᠢᠷᠠᠭᠠᠳᠲ᠋ᠠᠬᠢᠨᠵᠤᠬᠢᠶᠠᠨᠪᠠᠶᠢᠭᠤᠯᠵᠠᠢ᠃ ᠰᠠᠢ ᠱᠠᠩ ᠴᠢᠤᠸᠠᠢ ᠴᠤᠤ | ᠺᠤᠮᠫᠠᠨᠢ ᠨᠢ ᠵᠦᠬᠡᠬᠡᠢ᠂ ᠤᠭ ᠪᠢᠰᠢᠯᠠᠭ ᠪᠠ ᠳᠠᠬᠢᠨ ᠬᠢᠭᠰᠡᠨ ᠪᠢᠰᠢᠯᠠᠭ ᠤᠨᠭᠤᠷᠪᠡᠨᠰᠢᠨᠡ ᠦᠢᠯᠡᠳᠪᠦᠷᠢᠯᠡᠯ ᠤᠨ ᠱᠤᠭᠤᠮᠢ ᠪᠠᠶᠢᠭᠤᠯᠵᠤ᠂ ᠪᠦᠲᠦᠭᠡᠭᠳᠡᠭᠦᠨ ᠤ | ᠳᠠᠭᠠᠯᠲᠡ ᠦᠷᠲᠡᠭ ᠢ ᠳᠡᠭᠡᠭᠰᠢᠯᠡᠭᠦᠯᠦᠨ᠂ ᠰᠦ ᠶᠢᠨ ᠦᠢᠯᠡᠰ ᠤᠨ ᠴᠡᠴᠡᠭᠯᠡᠨ ᠬᠦᠭᠵᠢᠬᠦ ᠳᠤ ᠪᠠᠳᠤᠯᠠᠭ᠎ᠠ ᠬᠠᠩᠭᠠᠵᠠᠢ᠃ ᠬᠤᠰᠤ ᠶᠢᠨ ᠰᠢᠭᠦᠰᠦᠨ ᠤ ᠡᠷᠡᠭᠦᠯᠵᠢᠯ | ᠤᠮᠳᠠᠭᠠᠨ ᠤ ᠲᠦᠷᠦᠯ ᠵᠦᠢᠯ ᠨᠢ ᠲᠤᠨᠤᠭ ᠲᠦᠭᠦᠭᠡᠷᠦᠮᠵᠢ ᠪᠠᠨ ᠤᠭᠰᠠᠷᠠᠵᠤ ᠪᠠᠷᠠᠵᠠᠢ᠃ ᠴᠧᠩ ᠴᠧᠩ ᠠᠭᠤᠷᠬᠠᠢ ᠶᠢᠨ ᠦᠢᠯᠡᠰ ᠤᠨ ᠲᠤᠭᠤᠯᠭ᠎ᠠ ᠴᠠᠶᠢᠷ ᠤᠨ | ᠠᠭᠤᠷᠬᠠᠢ ᠨᠢ ᠵᠦᠪᠰᠢᠶᠡᠷᠡᠯ ᠤᠨ ᠦᠨᠡᠮᠯᠡᠯᠤᠯᠵᠠᠢ᠃ ᠠᠵᠤ ᠦᠢᠯᠡᠳᠪᠦᠷᠢ ᠶᠢᠨ ᠬᠦᠷᠢᠶᠡᠯᠡᠩ ᠤᠨ ᠰᠠᠭᠤᠷᠢ ᠪᠡᠯᠡᠳᠭᠡᠮᠵᠢ ᠶᠢᠨ ᠪᠦᠳᠦᠭᠡᠨ ᠪᠠᠶᠢᠭᠤᠯᠤᠯᠲᠠ ᠶᠢ | ᠴᠢᠩᠭᠠᠳᠬᠠᠵᠠᠢ᠃ 7000 ᠲᠦᠮᠡᠨ ᠲᠦᠭᠦᠷᠢᠭ ᠤᠨ ᠪᠠᠯᠡ ᠤᠷᠤᠭᠤᠯᠵᠤ᠂ ᠬᠦᠷᠢᠶᠡᠯᠡᠩ ᠤᠨ ᠪᠤᠵᠠᠷ ᠤᠰᠤ ᠶᠢ ᠰᠢᠢᠳᠪᠦᠷᠢᠯᠡᠬᠦ ᠦᠢᠯᠡᠳᠪᠦᠷᠢ ᠪᠠ ᠬᠤᠭᠤᠯᠠᠢ ᠶᠢᠨ | ᠲᠤᠤᠷ ᠤᠨᠢᠨᠵᠧᠨᠧᠷᠢᠩ ᠢ ᠪᠠᠶᠢᠭᠤᠯᠵᠠᠢ᠃ ᠬᠦᠷᠢᠶᠡᠯᠡᠩ ᠦᠨᠬᠦ᠋ᠬᠦᠷᠭᠡ ᠵᠢᠨᠭᠤᠤᠯ ᠬᠡᠰᠡᠭ ᠢ ᠪᠠᠶᠢᠭᠤᠯᠤᠭᠰᠠᠨᠮᠦ᠋ᠷᠲᠡᠭᠡᠨᠵᠠᠮ ᠤᠨ ᠭᠠᠳᠠᠷᠭᠤ ᠶᠢ ᠵᠠᠰᠠᠨ | ᠰᠠᠶᠢᠵᠢᠷᠠᠭᠤᠯᠵᠠᠢ᠃ ᠬᠦᠷᠢᠶᠡᠯᠡᠩ ᠦᠨᠪᠠᠷᠠᠭᠤᠨ ᠲᠤᠭᠤᠷᠢᠭ ᠲᠤ ᠢᠯᠴᠢ ᠬᠠᠩᠭᠠᠬᠤ ᠲᠤᠤᠷ ᠢ ᠪᠠᠶᠢᠭᠤᠯᠤᠭᠰᠠᠨ ᠠᠴᠠ ᠪᠦᠬᠦ ᠬᠦᠷᠢᠶᠡᠯᠡᠩ ᠳᠤ ᠢᠯᠴᠢ ᠬᠠᠩᠭᠠᠬᠤ | ᠪᠤᠯᠵᠠᠢ᠃ | ᠵᠢᠭᠤᠯᠴᠢᠯᠠᠯ ᠤᠨ ᠬᠦᠭᠵᠢᠯᠲᠡ ᠢᠯᠡᠷᠬᠡᠢ ᠦᠷ᠎ᠡ ᠪᠦᠳᠦᠮᠵᠢ ᠤᠯᠪᠡ᠃ ᠪᠦᠬᠦ ᠵᠢᠯ ᠳᠤ ᠬᠦᠯᠢᠶᠠᠨ ᠠᠪᠤᠭᠰᠠᠨ ᠵᠢᠭᠤᠯᠴᠢᠯᠠᠯ ᠤᠨ ᠬᠦᠮᠦᠨ ᠤ ᠲᠤᠭ᠎ᠠ ᠨᠢ | ᠨᠡᠶᠢᠲᠡ 545.8 ᠲᠦᠮᠡᠨ ᠬᠦᠮᠦᠨ ᠤᠳᠠᠭ᠎ᠠ᠂ ᠵᠢᠭᠤᠯᠴᠢᠯᠠᠯ ᠤᠨ ᠤᠷᠤᠯᠭ᠎ᠠ ᠨᠢ 56.9 ᠳ᠋ᠦᠩᠰᠢᠭᠤᠷ ᠲᠦᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ | ᠬᠢ ᠠᠴᠠ ᠲᠤᠰ ᠪᠦᠷᠢ 5.4% ᠪᠠ 11.9% ᠪᠠᠷ ᠨᠡᠮᠡᠭᠳᠡᠨ᠂ ᠵᠢᠭᠤᠯᠴᠢᠯᠠᠯ ᠤᠨ ᠦᠢᠯᠡᠰ ᠤᠨ ᠲᠦᠷᠭᠡᠨ ᠬᠦᠭᠵᠢᠯᠲᠡ ᠶᠢ ᠪᠠᠲᠤᠯᠠᠵᠠᠢ᠃ ᠪᠦᠬᠦ ᠴᠠᠷᠠᠭ᠎ᠠ ᠶᠢᠨ | ᠵᠢᠭᠤᠯᠴᠢᠯᠠᠯ ᠪᠠ ᠲᠦᠷᠪᠡᠨ ᠤᠯᠠᠷᠢᠯ ᠤᠨ ᠵᠢᠭᠤᠯᠴᠢᠯᠠᠯ ᠤᠨ ᠲᠤᠭᠲᠠᠴᠠ ᠶᠢ ᠲᠦᠷᠭᠡᠨ ᠪᠠᠶᠢᠭᠤᠯᠵᠤ᠂《 ᠪᠦᠬᠦ ᠴᠠᠷᠠᠭ᠎ᠠ ᠶᠢᠨ ᠵᠢᠭᠤᠯᠴᠢᠯᠠᠯ ᠤᠨ ᠬᠦᠭᠵᠢᠯᠲᠡ ᠶᠢᠨ | ᠲᠦᠯᠦᠪᠵᠢᠭᠦᠯᠭᠡ ᠪᠠ ᠤᠶᠢᠷ᠎ᠠ ᠶᠢᠨ ᠭᠤᠷᠪᠡᠨ ᠵᠢᠯ ᠤᠨ ᠠᠵᠢᠯᠯᠠᠭ᠎ᠠ ᠵᠢᠨᠲ᠋ᠦ᠋ᠯᠦᠪᠯᠡᠭᠡ》᠂《 ᠬᠢᠯᠢ ᠠᠯᠤᠰᠯᠠᠭᠰᠠᠨᠵᠢᠭᠤᠯᠴᠢᠯᠠᠯ ᠤᠨ ᠬᠠᠮᠳᠤᠷᠠᠯᠴᠠᠭᠠᠨ ᠤ | ᠤᠷᠤᠨ ᠤ ᠲᠦᠯᠦᠪᠵᠢᠭᠦᠯᠭᠡ》᠂《 ᠤᠯᠤᠰ ᠤᠨ ᠵᠢᠭᠤᠯᠴᠢᠯᠠᠯ ᠠᠮᠠᠷᠠᠯᠲᠠ ᠶᠢᠨ ᠤᠷᠤᠨ ᠤ ᠲᠦᠯᠦᠪᠵᠢᠭᠦᠯᠭᠡ》 ᠶᠢ ᠨᠠᠶᠢᠷᠠᠭᠤᠯᠵᠠᠢ᠃ ᠨᠤᠭᠤ ᠭᠠᠵᠠᠷ ᠢ 5A | ᠳᠡᠰ ᠤᠨᠵᠢᠭᠤᠯᠴᠢᠯᠠᠯ ᠤᠨᠤᠷᠤᠨᠪᠤᠯᠭᠠᠨ ᠪᠦᠳᠦᠭᠡᠨᠪᠠᠶᠢᠭᠤᠯᠵᠤ᠂ ᠵᠢᠭᠤᠯᠴᠢᠯᠠᠯ ᠤᠨ ᠤᠷᠤᠨ ᠤ ᠲᠦᠯᠦᠪᠵᠢᠭᠦᠯᠦᠭᠰᠡᠨᠬᠡᠪᠴᠢᠶᠡᠨ ᠤ 40 ᠡᠷᠤᠬᠡ ᠶᠢᠨ ᠭᠡᠷ | ᠪᠠᠶᠢᠰᠢᠩ ᠢ ᠲᠠᠲᠠᠪᠦᠷᠢᠯᠠᠨᠨᠤᠷᠠᠭᠠᠵᠠᠢ᠃ ᠤᠯᠤᠰ ᠤᠨ ᠨᠤᠭᠤ ᠭᠠᠵᠠᠷ ᠤᠨ ᠴᠡᠴᠡᠷᠯᠢᠭ᠂ ᠵᠦᠩ ᠺᠧ ᠯᠢ ᠯᠢ ᠶᠠ ᠡᠳ᠋ᠯᠡᠩ ᠨᠢ ᠲᠤᠰ ᠪᠦᠷᠢ ᠤᠯᠤᠰ ᠤᠨ4A ᠳᠡᠰ | ᠪᠠ 3Aᠳᠡᠰ ᠦᠨᠵᠢᠭᠤᠯᠴᠢᠯᠠᠯ ᠤᠨ ᠤᠷᠤᠨᠪᠤᠯᠵᠤ᠂ ᠤᠤ ᠯᠦᠸᠧ ᠴᠢ ᠡᠳᠡᠯᠡᠩ ᠨᠢ ᠡᠵᠡᠩᠨᠡᠯᠲᠡ ᠳᠤ ᠤᠷᠤᠵᠠᠢ᠃ |