ᠤᠯᠠᠭᠠᠨ ᠠᠭᠤᠯᠠ ᠵᠢᠭᠤᠯᠴᠢᠯᠠᠯ ᠰᠤᠶᠤᠯ ᠤᠨᠦᠵᠡᠮᠵᠢ ᠵᠢᠨᠤᠷᠤᠨ᠂ ᠴᠠᠭᠠᠨ ᠬᠤᠰᠤᠨᠤᠢ ᠵᠢᠨᠦᠵᠡᠮᠵᠢ ᠵᠢᠨᠤᠷᠤᠨ ᠢ ᠦᠭᠡᠷᠡᠴᠢᠯᠡᠨ ᠰᠠᠶᠢᠵᠢᠷᠠᠭᠤᠯᠵᠤ᠂ ᠯᠢᠶᠧ | ᠹᠦ᠋ ᠨᠤᠭᠤ ᠭᠠᠵᠠᠷ ᠤᠨ ᠡᠳ᠋ᠯᠡᠩ ᠵᠡᠷᠭᠡ ᠠᠵᠢᠯ ᠲᠦᠷᠦᠯ ᠨᠢ ᠤᠷᠤᠭᠰᠢᠲᠠᠢ ᠶᠠᠪᠤᠭᠳᠠᠵᠤ ᠪᠠᠶᠢᠨ᠎ᠠ᠃ ᠴᠠᠭᠠᠨ ᠬᠤᠰᠤᠨ ᠤᠢ ᠶᠢᠨ ᠦᠵᠡᠮᠵᠢ ᠶᠢᠨ ᠤᠷᠤᠨ ᠨᠢ | ᠬᠦᠯᠦᠨ ᠪᠤᠶᠢᠷ ᠬᠤᠲᠠ ᠶᠢᠨ ᠬᠤᠲᠡ ᠶᠢᠨ ᠳᠡᠰ ᠤᠨ ᠪᠠᠷᠢᠮᠵᠢᠶᠠᠵᠢᠭᠰᠠᠨ ᠲᠤᠷᠰᠢᠯᠲᠡ ᠶᠢᠨ ᠴᠡᠭ ᠪᠤᠯᠬᠤ ᠪᠠᠷ ᠭᠤᠶᠤᠴᠢᠯᠠᠵᠠᠢ᠃ ᠭᠤᠤᠯᠯᠠᠬᠤ | ᠦᠵᠡᠮᠵᠢ ᠵᠢᠨᠤᠷᠤᠨᠳᠤ ᠨᠡᠶᠢᠲᠡ ᠶᠢᠨ ᠮᠠᠰᠢᠨ ᠲᠡᠷᠭᠡᠨ ᠤ ᠲᠤᠰᠬᠠᠢ ᠱᠤᠭᠤᠮ ᠢ ᠲᠤᠬᠢᠷᠠᠭᠤᠯᠵᠠᠢ᠃ ᠡᠷᠭᠦᠨ᠎ᠡ ᠶᠢᠨ ᠦᠨᠳᠦᠰᠦᠲᠡᠨ ᠤ ᠵᠠᠩ ᠦᠢᠯᠡ ᠶᠢᠨ ᠮᠦᠰᠦ | ᠴᠠᠰᠤᠨ ᠤ ᠪᠠᠶᠠᠷ᠂ ᠮᠦᠰᠦ ᠴᠠᠰᠤᠨ ᠤ ᠮᠠᠰᠢᠨ ᠲᠡᠷᠭᠡᠨ ᠤ ᠤᠷᠤᠯᠳᠤᠭᠠᠨ ᠪᠠ ᠰᠢᠪᠡᠭᠡ ᠶᠢᠨ ᠮᠤᠩᠭᠤᠯ ᠤᠨᠡᠭᠦᠰᠦᠯ ᠰᠤᠶᠤᠯ ᠤᠨ ᠨᠠᠶᠢᠷ ᠵᠡᠷᠭᠡ ᠠᠵᠢᠯᠯᠠᠭ᠎ᠠ ᠶᠢ | ᠠᠮᠵᠢᠯᠲᠠᠢ ᠦᠷᠨᠢᠭᠦᠯᠵᠠᠢ᠃《 ᠵᠢᠵᠢᠭ ᠲᠠᠷᠠᠬᠠᠢ ᠵᠠᠮᠪᠠᠷᠠᠭ᠎ᠠ ᠦᠭᠡᠢ》ᠦᠵᠡᠮᠵᠢ ᠶᠢᠨ ᠤᠷᠤᠨ ᠪᠠ ᠦᠵᠡᠮᠵᠢ ᠶᠢᠨ ᠭᠠᠵᠠᠷ ᠢ ᠬᠦᠴᠦᠲᠠᠢ ᠴᠡᠭᠴᠡᠯᠡᠵᠡᠢ᠃ | ᠵᠦᠪᠰᠢᠶᠡᠷᠡᠯ ᠠᠪᠤᠭᠰᠠᠨᠦᠭᠡᠢ᠂ ᠨᠤᠲᠤᠭ ᠪᠡᠯᠴᠢᠭᠡᠷ ᠢ ᠬᠠᠤᠯᠢ ᠪᠤᠰᠤ ᠪᠠᠷ ᠡᠵᠡᠯᠡᠭᠰᠡᠨ ᠦᠵᠡᠮᠵᠢ ᠶᠢᠨ ᠤᠷᠤᠨ ᠪᠠ ᠦᠵᠡᠮᠵᠢ ᠶᠢᠨ ᠭᠠᠵᠠᠷ ᠢ 5 ᠶᠢ ᠨᠤᠷᠠᠭᠠᠵᠤ᠂ | 9 ᠡᠷᠤᠬᠡ ᠶᠢ ᠠᠯᠪᠡᠳᠡᠨᠠᠵᠢᠯ ᠢ ᠨᠢ ᠵᠤᠭᠰᠤᠭᠠᠨ ᠴᠡᠭᠴᠡᠯᠡᠵᠦ᠂ ᠵᠢᠭᠤᠯᠴᠢᠯᠠᠯ ᠤᠨ ᠵᠠᠬ᠎ᠠ ᠳᠡᠯᠭᠡᠭᠦᠷ ᠤᠨ ᠡᠮᠬᠢ ᠲᠢᠭᠯᠢᠮ ᠢ ᠬᠦᠴᠦᠲᠠᠢ ᠲᠦᠷᠢᠮᠵᠢᠭᠦᠯᠵᠡᠢ᠃ | ᠭᠠᠳᠠᠭᠠᠳᠤ ᠨᠡᠭᠡᠭᠡᠯᠲᠡ ᠶᠢᠨ ᠠᠮᠢᠵᠢᠷᠡᠯ ᠤᠨ ᠬᠦᠴᠦᠨ ᠤᠷᠭᠢᠯᠪᠠ᠃ ᠪᠦᠬᠦ ᠵᠢᠯ ᠳᠤ᠂ ᠪᠤᠭᠤᠮᠲᠡ ᠪᠠᠷ ᠤᠷᠤᠭᠤᠯᠵᠤ ᠭᠠᠷᠭᠠᠭᠰᠠᠨ ᠪᠠᠷᠠᠭᠠᠨ ᠤ ᠶᠡᠷᠤᠩᠬᠡᠢ | ᠬᠡᠮᠵᠢᠶ᠎ᠡ ᠨᠢ 8.1 ᠲᠦᠮᠡᠨ ᠲᠤᠨ᠂ ᠬᠢᠯᠢ ᠪᠠᠷ ᠤᠷᠤᠵᠤ ᠭᠠᠷᠤᠭᠰᠠᠨ ᠠᠶᠠᠨᠴᠢᠳ ᠤᠨ ᠬᠡᠮᠵᠢᠶ᠎ᠡ ᠨᠢ 2 ᠲᠦᠮᠡᠨ ᠬᠦᠮᠦᠨ ᠤᠳᠠᠭ᠎ᠠ᠂ ᠭᠠᠳᠠᠭᠠᠲᠤ ᠠᠷᠡᠯᠵᠢᠶᠠᠨ ᠤ | ᠤᠷᠤᠭᠤᠯᠵᠤ ᠭᠠᠷᠭᠠᠭᠰᠠᠨᠶᠡᠷᠤᠩᠬᠡᠢ ᠬᠡᠮᠵᠢᠶ᠎ᠡ ᠨᠢ 3.8 ᠳ᠋ᠦᠩᠰᠢᠭᠤᠷ ᠲᠦᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠠᠴᠠ 39.2% ᠢᠶᠠᠷ ᠨᠡᠮᠡᠭᠳᠡᠵᠡᠢ᠃ | ᠡᠷᠭᠦᠨ᠎ᠡ ᠵᠢᠨᠲ᠋ᠤᠮᠳᠡᠳᠤ ᠤᠷᠤᠰ ᠤᠨ ᠬᠢᠯᠢ ᠶᠢᠨ ᠠᠷᠠᠳ ᠤᠨᠠᠷᠡᠯᠵᠢᠶᠠ ᠨᠡᠪᠲᠡᠷᠡᠬᠦ ᠤᠷᠤᠨ ᠢ ᠦᠪᠡᠷᠲᠡᠭᠡᠨ ᠵᠠᠰᠠᠬᠤ ᠤᠷᠤᠨ ᠠᠴᠠ ᠬᠢᠨᠠᠨ ᠰᠢᠯᠭᠠᠭᠰᠠᠨ ᠶᠤᠮ᠃ | ᠲᠤᠰ ᠤᠷᠤᠨ ᠢ ᠪᠢᠲᠡᠭᠦᠮᠵᠢᠯᠡᠨᠡᠵᠡᠩᠨᠡᠵᠡᠢ᠃ ᠠᠷᠡᠯᠵᠢᠶ᠎ᠠ ᠨᠡᠪᠲᠡᠷᠡᠬᠦ ᠤᠷᠤᠨ ᠤ ᠬᠠᠮᠢᠶᠠᠷᠤᠯᠲᠠ ᠶᠢᠨ ᠠᠷᠭ᠎ᠠ ᠬᠡᠮᠵᠢᠶ᠎ᠡ ᠶᠢ ᠨᠡᠶᠢᠲᠡᠯᠡᠵᠤ᠂ ᠠᠷᠡᠯᠵᠢᠶ᠎ᠠ ᠨᠡᠪᠲᠡᠷᠡᠬᠦ | ᠤᠷᠤᠨ ᠤ ᠲᠦᠷᠢᠮᠵᠢᠭᠰᠡᠨᠬᠠᠮᠢᠶᠠᠷᠤᠯᠲᠠ ᠶᠢ ᠠᠬᠢᠭᠤᠯᠤᠨ᠂ ᠬᠢᠯᠢ ᠶᠢᠨ ᠠᠷᠠᠳ ᠤᠨ ᠠᠷᠡᠯᠵᠢᠶᠠᠨ ᠤ ᠶᠡᠷᠤᠩᠬᠡᠢ ᠬᠡᠮᠵᠢᠶ᠎ᠡ ᠨᠢ 3.9 ᠲᠦᠮᠡᠨ ᠬᠦᠮᠦᠨ ᠤᠳᠠᠭ᠎ᠠ᠂ | ᠶᠡᠷᠤᠩᠬᠡᠢ ᠦᠷᠳᠡᠭ ᠨᠢ 870 ᠲᠦᠮᠡᠨ ᠲᠦᠭᠦᠷᠢᠭ ᠲᠤ ᠬᠦᠷᠴᠠᠢ᠃ ᠪᠤᠭᠤᠮᠳᠡ ᠪᠠᠷ ᠦᠩᠭᠡᠷᠡᠬᠦ ᠤᠷᠴᠢᠨ ᠢ ᠰᠠᠶᠢᠵᠢᠷᠠᠭᠤᠯᠵᠤ᠂ ᠾᠧᠢ ᠱᠠᠨ ᠲᠸᠤ ᠪᠠ ᠰᠢᠪᠡᠭᠡ | ᠬᠤᠶᠠᠷ ᠪᠤᠭᠤᠮᠲᠡ ᠶᠢᠨ《 ᠭᠠᠭᠴᠠ ᠴᠤᠩᠬᠤᠨ》 ᠤ ᠤᠶᠤᠨᠲᠤ ᠪᠤᠭᠤᠮᠲᠡ ᠶᠢᠨ ᠪᠡᠯᠡᠳᠭᠡᠮᠵᠢ ᠶᠢ ᠤᠭᠰᠠᠷᠠᠵᠠᠢ᠃ ᠪᠤᠭᠤᠮᠳᠡ ᠶᠢᠨ ᠴᠢᠳᠡᠮᠵᠢ ᠶᠢ ᠤᠯᠡᠮ ᠨᠢᠭᠡ | ᠠᠯᠬᠤᠮ ᠲᠡᠭᠦᠯᠳᠡᠷᠵᠢᠭᠦᠯᠵᠤ᠂ ᠤᠯᠤᠰ ᠤᠨ ᠠᠮᠤ ᠲᠤᠰᠤ ᠪᠠ ᠲᠡᠵᠢᠭᠡᠯ ᠡᠪᠡᠰᠤᠨ ᠤ ᠭᠠᠳᠠᠭᠠᠳᠤ ᠠᠴᠠ ᠤᠷᠤᠭᠤᠯᠬᠤ ᠤᠨᠴᠡ ᠲᠤᠭᠲᠠᠭᠠᠭᠰᠠᠨ ᠪᠤᠭᠤᠮᠲᠡ | ᠪᠤᠯᠬᠤ ᠪᠠᠷ ᠭᠤᠶᠤᠴᠢᠯᠠᠵᠠᠢ᠃ ᠲᠢᠶᠠᠨ ᠵᠢᠢ ᠡᠪᠡᠰᠤᠨ ᠤ ᠦᠢᠯᠡᠰ ᠨᠢ ᠲᠡᠵᠢᠭᠡᠯ ᠡᠪᠡᠰᠤ ᠶᠢ ᠭᠠᠳᠠᠭᠠᠳᠤ ᠡᠴᠠᠤᠷᠤᠭᠤᠯᠵᠤ ᠪᠤᠯᠪᠠᠰᠤᠷᠠᠭᠤᠯᠬᠤ ᠨᠢᠭᠡᠳᠤᠭᠡᠷ | ᠬᠤᠭᠤᠴᠠᠭᠠᠨ ᠤ ᠲᠦᠷᠦᠯ ᠵᠦᠢᠯ ᠢ ᠪᠠᠶᠢᠭᠤᠯᠵᠠᠢ᠃ ᠤᠷᠤᠰ ᠯᠤᠭ᠎ᠠ ᠶᠢᠨ ᠬᠠᠮᠲᠤᠷᠠᠯᠴᠠᠭ᠎ᠠ ᠪᠠᠨᠭᠦ᠋ᠨᠵᠡᠭᠡᠶᠢᠷᠡᠭᠦᠯᠵᠤ᠂ ᠳᠤᠮᠳᠡᠳᠤ ᠤᠷᠤᠰ ᠤᠨ ᠷᠡᠳᠢᠤ᠋ ᠲᠧᠯᠸᠢᠰ ᠤᠨ | ᠵᠠᠭᠤᠴᠢ ᠨᠢ ᠠᠩᠬ᠎ᠠ ᠤᠳᠠᠭ᠎ᠠ ᠬᠠᠷᠢᠯᠴᠡᠨᠮᠡᠳᠡᠭᠡᠯᠡᠵᠦ᠂ ᠠᠩᠬᠠᠳᠤᠭᠠᠷ ᠬᠤᠭᠤᠴᠠᠭᠠᠨ ᠤ ᠳᠤᠮᠳᠡᠳᠤ ᠤᠷᠤᠰ ᠤᠨ ᠲᠤᠰᠤᠨ ᠵᠢᠷᠤᠭ ᠤᠨ ᠨᠡᠷᠡᠳᠤ ᠬᠦᠮᠦᠰ ᠤᠨ | ᠰᠤᠶᠤᠯ ᠤᠨ ᠰᠤᠯᠢᠯᠴᠠᠭᠠᠨ ᠤ ᠠᠵᠢᠯᠯᠠᠭ᠎ᠠ ᠶᠢ ᠦᠷᠨᠢᠭᠦᠯᠵᠠᠢ᠃ ᠬᠤᠲᠡ ᠶᠢᠨ ᠵᠠᠰᠠᠭ ᠤᠨ ᠤᠷᠳᠤᠨ ᠪᠤᠯᠤᠨ ᠤᠷᠤᠰ ᠲᠠᠢ ᠲᠦᠷᠪᠡᠨ ᠤᠳᠠᠭ᠎ᠠ | ᠬᠠᠷᠢᠯᠴᠠᠨᠠᠶᠢᠯᠴᠢᠯᠡᠵᠤ᠂ ᠬᠤᠶᠡᠷ ᠲᠠᠯ᠎ᠠ ᠶᠢᠨ ᠬᠠᠮᠳᠤᠷᠠᠯᠴᠠᠭ᠎ᠠ ᠶᠢ ᠠᠬᠢᠭᠤᠯᠵᠠᠢ᠃ | ︵ᠭᠤᠷᠪᠠ︶ ᠬᠤᠲᠡ ᠬᠦᠳᠡᠭᠡ ᠵᠤᠬᠢᠴᠠᠩᠭᠤᠢ ᠬᠦᠭᠵᠢᠵᠦ᠂ ᠤᠷᠴᠢᠨ ᠲᠤᠭᠤᠷᠢᠨ ᠨᠢ ᠢᠯᠡᠳᠳᠡ ᠰᠠᠶᠢᠵᠢᠷᠡᠪᠡ᠃ | ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠶᠢ ᠳᠤᠭᠳᠠᠭᠤᠨᠠᠬᠢᠭᠤᠯᠪᠠ᠃ ᠪᠦᠬᠦ ᠤᠯᠤᠰ ᠤᠨ ᠬᠤᠶᠠᠳᠤᠭᠠᠷ ᠤᠳᠠᠭᠠᠨ ᠤ ᠪᠤᠬᠢᠷᠳᠤᠯ ᠤᠨ ᠡᠬᠢ ᠶᠢ | ᠪᠠᠶᠢᠴᠠᠭᠠᠬᠤ ᠪᠠ《 ᠨᠤᠭᠤᠭᠠᠨ ᠪᠠᠮᠪᠠᠢ 2018》 ᠪᠠᠶᠢᠭᠠᠯᠢ ᠶᠢᠨ ᠬᠠᠮᠠᠭᠠᠯᠠᠯᠲᠠ ᠶᠢᠨ ᠤᠷᠤᠨ ᠢ ᠪᠠᠶᠢᠴᠠᠭᠠᠬᠤ ᠲᠤᠰᠬᠠᠢ ᠠᠵᠢᠯᠯᠠᠭ᠎ᠠ ᠶᠢ ᠦᠷᠨᠢᠭᠦᠯᠵᠤ᠂ | ᠬᠠᠮᠠᠭᠠᠯᠠᠯᠲᠠ ᠶᠢᠨ ᠤᠷᠤᠨ ᠤ ᠬᠠᠤᠯᠢ ᠪᠤᠰᠤ ᠪᠠᠷᠢᠯᠭ᠎ᠠ ᠶᠢ ᠨᠤᠷᠠᠭᠠᠵᠠᠢ᠃ ᠤᠢ ᠰᠢᠭᠤᠢ ᠵᠢᠨᠠᠮᠢ ᠠᠬᠤᠢ ᠶᠢᠨ ᠪᠠᠯᠡ ᠮᠦᠩᠬᠦ ᠶᠢ 1.5 ᠳ᠋ᠦᠩᠰᠢᠭᠤᠷ ᠲᠦᠭᠦᠷᠢᠭ | ᠤᠯᠬᠤ ᠪᠠᠷ ᠴᠢᠷᠮᠠᠶᠢᠵᠤ᠂ 285 ᠲᠦᠮᠡᠨᠮᠦ ᠶᠢᠨ ᠤᠢ ᠰᠢᠭᠤᠢ ᠳᠤ ᠠᠮᠢ ᠠᠬᠤᠢ ᠶᠢᠨ ᠦᠷ᠎ᠡ ᠠᠰᠢᠭ ᠤᠨ ᠨᠦᠬᠦᠪᠦᠷᠢ ᠮᠦᠩᠬᠦ ᠦᠭᠴᠦ᠂ ᠪᠠᠶᠢᠭᠠᠯᠢ ᠶᠢᠨ ᠤᠢ | ᠰᠢᠭᠤᠢ ᠶᠢᠨ ᠡᠬᠢ ᠪᠠᠶᠠᠯᠢᠭ ᠢ ᠬᠠᠮᠠᠭᠠᠯᠠᠬᠤ ᠬᠤᠶᠠᠳᠤᠭᠠᠷ ᠬᠤᠭᠤᠴᠠᠭᠠᠨ ᠤ ᠢᠨᠵᠧᠨᠧᠷᠢᠩ ᠨᠢ 205.5 ᠲᠦᠮᠡᠨᠮᠦ ᠵᠢᠨᠤᠢ ᠰᠢᠭᠤᠢ ᠶᠢ ᠬᠠᠮᠠᠭᠠᠯᠠᠵᠤ᠂ 10 | ᠲᠦᠮᠡᠨ ᠮᠦ ᠵᠢᠨᠤᠢ ᠰᠢᠭᠤᠢ ᠶᠢ ᠤᠶᠢᠵᠢᠭᠤᠯᠤᠨ᠂ 2 ᠲᠦᠮᠡᠨ ᠮᠦ ᠵᠢᠨᠠᠭᠤᠯᠠ ᠶᠢ ᠪᠢᠲᠡᠭᠦᠮᠵᠢᠯᠡᠵᠤ ᠤᠶᠢᠵᠢᠭᠤᠯᠤᠨ ᠨᠤᠭᠤᠭᠠᠷᠠᠭᠠᠯᠤᠭᠰᠠᠨ ᠶᠤᠮ᠃ ᠤᠷᠤᠨ | ᠨᠤᠲᠤᠭ ᠤᠨᠠᠩᠬᠠᠨ ᠤ ᠲᠤᠰᠬᠠᠶᠢᠵᠢᠭᠰᠠᠨ ᠤᠢ ᠰᠢᠭᠤᠢ ᠶᠢᠨ ᠭᠠᠯ ᠤᠨᠲᠠᠷᠠᠭᠠᠬᠤ ᠠᠩᠭᠢ ᠶᠢ ᠪᠠᠶᠢᠭᠤᠯᠵᠤ᠂ 15 ᠵᠢᠯ ᠤᠨ ᠲᠤᠷᠰᠢ ᠬᠦᠨᠲᠦ ᠶᠡᠭᠡ ᠤᠢ ᠶᠢᠨ | ᠲᠤᠶᠢᠮᠡᠷ ᠡᠭᠦᠰᠦᠭᠰᠡᠨ ᠦᠭᠡᠢ᠃ ᠤᠶᠢᠲᠤ ᠭᠠᠵᠠᠷ ᠪᠠ ᠲᠠᠯ᠎ᠠ ᠭᠠᠵᠠᠷ ᠢ ᠬᠠᠤᠯᠢ ᠪᠤᠰᠤ ᠪᠠᠷ ᠡᠵᠡᠯᠡᠬᠦ᠂ ᠬᠡᠭᠡᠷ᠎ᠡ ᠶᠢᠨ ᠤᠷᠭᠤᠮᠡᠯ ᠢ ᠲᠤᠷ᠎ᠠ ᠪᠠᠷ ᠮᠠᠯᠲᠠᠬᠤ ᠵᠡᠷᠭᠡ ᠳᠤ | ᠴᠤᠬᠢᠯᠲᠠ ᠦᠭᠬᠦ ᠲᠤᠰᠬᠠᠢ ᠠᠵᠢᠯᠯᠠᠭ᠎ᠠ ᠶᠢ ᠦᠷᠨᠢᠭᠦᠯᠵᠠᠢ᠃ ᠰᠢᠨ᠎ᠡ ᠨᠢᠭᠡᠨ ᠡᠭᠡᠯᠵᠢ ᠵᠢᠨᠨᠤᠲᠤᠭ ᠪᠡᠯᠴᠢᠭᠡᠷ ᠤᠨ ᠠᠮᠢ ᠠᠬᠤᠢ ᠶᠢᠨ ᠨᠦᠬᠦᠪᠦᠷᠢ ᠱᠠᠩᠨᠠᠯ | ᠤᠨᠲ᠋ᠦ᠋ᠷᠦ ᠶᠢᠨ ᠪᠤᠳᠤᠯᠭ᠎ᠠ ᠶᠢ ᠲᠤᠤᠱᠯᠠᠭᠤᠯᠵᠤ᠂ ᠪᠦᠬᠦ ᠵᠢᠯ ᠳᠤ ᠪᠠᠨ 200 ᠲᠦᠮᠡᠨ ᠮᠦ ᠪᠡᠯᠴᠢᠭᠡᠷ ᠲᠤ ᠮᠠᠯ ᠮᠠᠯᠯᠠᠬᠤ ᠶᠢ ᠴᠠᠭᠠᠵᠠᠯᠠᠵᠤ᠂ 495 ᠲᠦᠮᠡᠨ ᠮᠦ | ᠨᠤᠲᠤᠭ ᠪᠡᠯᠴᠢᠭᠡᠷ ᠲᠤ ᠪᠡᠯᠴᠢᠭᠡᠷ ᠮᠠᠯ ᠢ ᠲᠡᠩᠴᠡᠭᠦᠯᠵᠡᠢ᠃ ᠵᠠᠰᠠᠬᠤ ᠢᠨᠵᠧᠨᠧᠷᠢᠩ ᠤᠨ ᠬᠡᠪᠴᠢᠶᠠᠨᠳᠤ ᠤᠰᠤ ᠬᠦᠷᠦᠰᠦᠨ ᠤ ᠤᠷᠤᠰᠬᠠᠬᠳᠠᠯ ᠳᠤ ᠢᠳᠡᠭᠳᠡᠭᠰᠡᠨ | ᠭᠤᠤ ᠵᠢᠯᠠᠭ᠎ᠠ 27 ᠪᠠᠶᠢᠨ᠎ᠠ᠃ ᠭᠤᠤᠯ ᠮᠦᠷᠡᠨ ᠤ ᠳᠠᠷᠤᠭ᠎ᠠ ᠪᠠ ᠨᠠᠭᠤᠷ ᠤᠨ ᠳᠠᠷᠤᠭ᠎ᠠ ᠵᠢᠨᠲ᠋ᠦ᠋ᠷᠢᠮ ᠵᠡᠷᠭᠡ ᠵᠢᠷᠭᠤᠭᠠᠨᠲ᠋ᠦ᠋ᠷᠦᠯ ᠤᠨ ᠠᠵᠢᠯ ᠢ ᠪᠤᠲᠠᠲᠠᠢ | ᠨᠠᠶᠢᠳᠠᠪᠤᠷᠢᠵᠢᠭᠤᠯᠵᠠᠢ᠃ ᠡᠷᠭᠦᠨ᠎ᠡ ᠭᠤᠤᠯ ᠤᠨ ᠰᠠᠪᠠ ᠭᠠᠵᠠᠷ ᠤᠨ ᠡᠪᠤᠯ ᠤᠨ ᠤᠯᠠᠷᠢᠯ ᠤᠨ ᠰᠢᠨᠵᠢᠯᠡᠭᠡᠨ ᠤ ᠠᠵᠢᠯᠯᠠᠭ᠎ᠠ ᠶᠢ ᠦᠷᠨᠢᠭᠦᠯᠵᠤ᠂ ᠭᠤᠤᠯ ᠮᠦᠷᠡᠨ ᠤ | ᠠᠮᠢ ᠠᠬᠤᠢ ᠶᠢᠨ ᠤᠷᠴᠢᠨ ᠲᠤᠭᠤᠷᠢᠨ ᠢ ᠰᠠᠶᠢᠲᠤᠷ ᠬᠠᠮᠠᠭᠠᠯᠠᠨ᠎ᠠ᠃ | ᠰᠠᠭᠤᠷᠢ ᠪᠡᠯᠡᠳᠭᠡᠮᠵᠢ ᠶᠢ ᠲᠠᠰᠤᠷᠠᠯᠲᠠ ᠦᠭᠡᠢ ᠲᠡᠭᠦᠯᠳᠡᠷᠵᠢᠭᠦᠯᠪᠡ᠃ ᠯᠠᠪᠳᠠᠯᠢᠨ— ᠬᠠᠳᠠᠲᠤ ᠶᠢᠨ ᠬᠤᠭᠤᠷᠤᠨᠲᠡᠬᠢ ᠨᠢᠭᠡᠳᠤᠭᠡᠷ ᠳᠡᠰ ᠤᠨ ᠵᠠᠰᠠᠮᠠᠯ ᠵᠠᠮ ᠢ | ᠬᠢᠨᠠᠨ ᠰᠢᠯᠭᠠᠵᠤ᠂ ᠾᠧᠢ ᠱᠠᠨ ᠲᠸᠤ— ᠠᠷᠪᠡᠨ ᠨᠠᠢᠮᠠᠨ ᠭᠡᠷ ᠤᠨ ᠬᠤᠭᠤᠷᠤᠨᠳᠡᠬᠢ ᠭᠤᠷᠪᠠᠳᠤᠭᠠᠷ ᠳᠡᠰ ᠤᠨ ᠵᠠᠰᠠᠮᠠᠯ ᠵᠠᠮ ᠪᠠ ᠵᠧᠩ ᠶᠠᠩ ᠦᠢᠯᠡᠳᠪᠦᠷᠢᠯᠡᠯ ᠤᠨ | ᠪᠠᠷᠢᠭᠠᠳᠡ— ᠰᠦᠴᠢᠨ ᠤ ᠬᠤᠭᠤᠷᠤᠨᠳᠡᠬᠢ ᠵᠠᠰᠠᠮᠠᠯ ᠵᠠᠮ ᠨᠢ ᠲᠡᠷᠭᠡ ᠨᠡᠪᠲᠡᠷᠡᠵᠡᠢ᠃ ᠡᠩᠬᠡ ᠤᠢ ᠰᠢᠭᠤᠢ ᠶᠢᠨ ᠲᠠᠯᠠᠪᠠᠢ— ᠵᠢᠶᠡᠨ ᠱᠧ ᠦᠢᠯᠡᠳᠪᠦᠷᠢᠯᠡᠯ ᠤᠨ | ᠪᠠᠷᠢᠭᠠᠳᠡ ᠶᠢᠨ ᠬᠤᠭᠤᠷᠤᠨᠳᠡᠬᠢ ᠵᠠᠰᠠᠮᠠᠯ ᠵᠠᠮ ᠨᠢ ᠠᠵᠢᠯ ᠡᠬᠢᠯᠡᠵᠡᠢ᠃ ᠴᠤᠤ ᠶᠠᠩ ᠲᠤᠮᠳᠡᠬᠦ᠋ᠭᠦᠷᠭᠡ ᠪᠠ ᠪᠦᠯᠭᠦᠮᠳᠡᠯ ᠨᠢᠭᠡᠳᠤᠭᠡᠷ ᠨᠤᠮᠧᠷᠲᠤ ᠬᠦᠭᠦᠷᠭᠡ ᠶᠢ ᠪᠠᠷᠢᠵᠤ | ᠲᠠᠭᠤᠰᠤᠭᠰᠠᠨ ᠮᠦᠷᠲᠡᠭᠡᠨ ᠰᠢᠯᠭᠠᠨᠠᠪᠴᠠᠢ᠃ ᠰᠢᠨ᠎ᠡ ᠠᠶᠠᠨᠴᠢᠨ ᠤ ᠲᠡᠭᠡᠭᠡᠪᠦᠷᠢ ᠶᠢᠨ ᠦᠷᠲᠡᠭᠡᠨ ( ᠨᠡᠶᠢᠲᠡ ᠶᠢᠨ ᠮᠠᠰᠢᠨ ᠲᠡᠷᠭᠡᠨ ᠤ ᠦᠷᠲᠡᠭᠡ) ᠤ ᠭᠤᠤᠯ | ᠴᠤᠭᠴᠠ ᠶᠢ ᠪᠠᠶᠢᠭᠤᠯᠵᠠᠢ᠃ ᠰᠢᠪᠡᠭᠡ ᠮᠤᠷᠳᠠᠭ᠎ᠠ ᠵᠢᠨᠨᠡᠶᠢᠳᠡᠮ ᠬᠡᠷᠡᠭᠯᠡᠬᠦ ᠨᠢᠰᠭᠡᠯ ᠤᠨ ᠪᠠᠭᠤᠳᠠᠯ ᠨᠢ ᠪᠠᠶᠢᠭᠤᠯᠬᠤ ᠭᠠᠵᠠᠷ (ᠬᠠᠶ᠋ᠢᠭ) ᠢᠶᠠᠨ ᠰᠤᠩᠭᠤᠵᠤ ᠡᠬᠢᠯᠡᠭᠰᠡᠨ | ᠶᠤᠮ᠃ ᠳᠡᠭᠡᠲᠤ ᠦᠷᠭᠡᠨ ᠤ ᠭᠠᠯ ᠢ ᠰᠡᠷᠭᠡᠶᠢᠯᠡᠬᠦ ᠨᠢᠰᠭᠡᠯ ᠤᠨ ᠪᠠᠭᠤᠳᠠᠯ ᠢ ᠪᠠᠶᠢᠭᠤᠯᠬᠤ ᠪᠠᠷ ᠴᠢᠷᠮᠠᠶᠢᠨ᠎ᠠ᠃ ᠡᠩᠬᠡ ᠬᠠᠳᠠ ᠪᠠᠯᠭᠠᠰᠤ ᠪᠤᠯᠤᠨᠴᠢᠴᠢᠶᠡᠨ( ᠬᠢᠶᠠᠨ) | ᠰᠢᠶᠠᠩ ᠨᠢ ᠰᠢᠤᠳᠠᠨ ᠨᠡᠪᠲᠡᠷᠡᠵᠡᠢ᠃ ᠭᠡᠭᠡᠨ ᠭᠤᠤᠯ ᠪᠤᠯᠤᠨ ᠡᠷᠭᠦᠨ᠎ᠡ ᠶᠢᠨ ᠬᠤᠭᠤᠷᠤᠨᠳᠡᠬᠢ ᠦᠶᠡᠷ ᠢ ᠰᠡᠷᠭᠡᠶᠢᠯᠡᠬᠦ ᠢᠨᠵᠧᠨᠧᠷᠢᠩ ᠪᠠ ᠡᠩᠬᠡ ᠶᠢᠨ ᠦᠶᠡᠷ ᠢ | ᠰᠡᠷᠭᠡᠶᠢᠯᠡᠬᠦ ᠢᠨᠵᠧᠨᠧᠷᠢᠩ ᠢ ᠪᠠᠶᠢᠭᠤᠯᠵᠠᠢ᠃ 89.5 ᠺᠢᠯᠤᠮᠧᠲᠷ ᠤᠨᠴᠠᠬᠢᠯᠭᠠᠨ ᠲᠤᠤᠷ ᠢ ᠰᠢᠨ᠎ᠡ ᠪᠠᠷ ᠦᠭᠡᠷᠡᠴᠢᠯᠡᠨ ᠪᠠᠶᠢᠭᠤᠯᠵᠠᠢ᠃ ᠰᠠᠨ ᠾᠧ ᠬᠤᠲᠤᠩ | ᠦᠨᠳᠦᠰᠦᠲᠡᠨ ᠤ ᠰᠢᠶᠠᠩ ᠤᠨ 110 ᠺᠢᠯᠤᠸᠠᠲ ᠤᠨ ᠴᠠᠬᠢᠯᠭᠠᠨ ᠬᠦᠷᠭᠡᠬᠦ ᠬᠦᠴᠦᠳᠡᠯ ᠦᠭᠡᠷᠡᠴᠢᠯᠡᠬᠦ ᠢᠨᠵᠧᠨᠧᠷᠢᠩ ᠪᠤᠯᠤᠨᠰᠢᠪᠡᠭᠡ ᠶᠢᠨ 35 ᠺᠢᠯᠦᠸᠠᠲ ᠤᠨ | ᠬᠦᠴᠦᠳᠡᠯ ᠦᠭᠡᠷᠡᠴᠢᠯᠡᠭᠦ ᠦᠷᠲᠡᠭᠡ ᠶᠢ ᠦᠷᠭᠡᠳᠭᠡᠨ ᠪᠠᠶᠢᠭᠤᠯᠤᠭᠰᠠᠨ ᠮᠦᠷᠲᠡᠭᠡᠨ ᠠᠰᠢᠭᠯᠠᠯᠲᠠ ᠳᠤ ᠤᠷᠤᠭᠤᠯᠵᠠᠢ᠃ | ᠬᠤᠲᠡ ᠬᠦᠳᠡᠭᠡ ᠶᠢᠨ ᠴᠢᠳᠠᠮᠵᠢ ᠶᠠᠪᠤᠬᠤ ᠳᠤᠲᠤᠮ ᠪᠦᠷᠢᠨ ᠪᠤᠯᠪᠡ᠃ ᠬᠤᠲᠡᠶᠢᠨᠶᠡᠷᠤᠩᠬᠡᠢ ᠲᠦᠯᠦᠪᠯᠡᠭᠡ ( 2017—2030 ᠤᠨ ) ᠨᠢ ᠦᠪᠠᠷᠲᠡᠭᠡᠨ | ᠵᠠᠰᠠᠬᠤ ᠤᠷᠤᠨ ᠤ ᠵᠦᠪᠰᠢᠶᠡᠷᠡᠯ ᠢ ᠤᠯᠵᠤ᠂ ᠭᠤᠤᠯ ᠬᠤᠲᠡ ᠶᠢᠨ ᠲᠤᠭᠤᠷᠢᠭ ᠤᠨᠡᠵᠡᠮᠰᠢᠯ ᠤᠨ ᠴᠢᠨᠠᠷᠲᠠᠢ ᠨᠠᠷᠢᠨ ᠲᠦᠯᠦᠪᠵᠢᠭᠦᠯᠭᠡ ᠵᠢᠨᠡᠬᠡ ᠪᠢᠴᠢᠭ ᠢ ᠪᠢᠴᠢᠵᠡᠢ | ᠃ ᠮᠤᠷᠳᠠᠭ᠎ᠠ ᠶᠢᠨ ᠤᠨᠴᠠᠯᠢᠭᠳᠤ ᠪᠠᠭ᠎ᠠ ᠪᠠᠯᠭᠠᠰᠤᠨ ᠤ ᠲᠦᠯᠦᠪᠯᠡᠭᠡ ᠶᠢ ᠲᠤᠰᠬᠠᠢ ᠮᠡᠷᠭᠡᠵᠢᠯᠲᠡᠨ ᠤᠷᠢᠵᠤ ᠬᠢᠨᠠᠨ ᠲᠤᠭᠲᠠᠭᠠᠵᠠᠢ᠃ ᠨᠡᠶᠢᠲᠡ 7400 ᠢᠯᠡᠭᠦᠦ | ᠲᠦᠮᠡᠨ ᠲᠦᠭᠦᠷᠢᠭ ᠤᠨ ᠪᠡᠯᠡ ᠤᠷᠤᠭᠤᠯᠵᠤ᠂ ᠬᠤᠲᠡᠶᠢᠨᠲ᠋ᠤᠭᠤᠷᠢᠭ ᠤᠨᠪᠧᠲ᠋ᠤᠨᠵᠠᠮ ᠪᠤᠯᠤᠨᠬᠠᠭᠤᠴᠢᠨᠪᠧᠲ᠋ᠤᠨᠵᠠᠮ ᠳᠤ ᠪᠠᠷᠤᠭᠰᠢᠨ ᠲᠡᠪᠢᠰᠴᠤ᠂ ᠭᠤᠤᠯ | ᠵᠡᠭᠡᠯᠢ ᠵᠢᠨᠦᠵᠡᠮᠵᠢ ᠶᠢ ᠵᠠᠰᠠᠨᠰᠠᠶᠢᠵᠢᠷᠠᠭᠤᠯᠵᠤ᠂ ᠢᠯᠴᠢ ᠬᠠᠩᠭᠠᠬᠤ ᠬᠤᠭᠤᠯᠠᠢ ᠲᠤᠤᠷ᠂ ᠪᠤᠷᠤᠭᠠᠨ ᠤ ᠤᠰᠤᠨ ᠤ ᠬᠤᠭᠤᠯᠠᠢ ᠲᠤᠤᠷ ᠪᠠ ᠲᠤᠮᠳᠡ ᠤᠰᠤᠨ ᠤ | ᠬᠤᠭᠤᠯᠠᠢ ᠲᠤᠤᠷ ᠵᠡᠷᠭᠡᠢᠨᠵᠧᠨᠧᠷᠢᠩ ᠢ ᠪᠠᠶᠢᠭᠤᠯᠵᠠᠢ᠃ ᠢᠯᠴᠢ ᠬᠠᠩᠭᠠᠬᠤ ᠪᠠᠴᠢᠮ ᠪᠠᠶᠢᠳᠠᠯ ᠢ ᠠᠷᠭᠠᠴᠭᠠᠬᠤ ᠮᠠᠰᠢᠨ ᠲᠡᠷᠭᠡ ᠶᠢ ᠬᠤᠳᠠᠯᠳᠤᠨᠠᠪᠤᠭᠰᠠᠨ | ᠮᠦᠷᠲᠡᠭᠡᠨᠤᠨᠴᠠᠭᠠᠢ ᠲᠦᠷᠦᠯ ᠤᠨ ᠲᠡᠷᠭᠡᠨ ᠤ ᠬᠦᠮᠦᠷᠭᠡ ᠶᠢ ᠪᠠᠶᠢᠭᠤᠯᠵᠤ᠂ ᠢᠯᠴᠢ ᠬᠠᠩᠭᠠᠬᠤ ᠠᠮᠤᠷ ᠲᠤᠭᠲᠠᠭᠤᠨ ᠢ ᠪᠠᠲᠤᠯᠠᠵᠠᠢ᠃ ᠲᠤᠮᠤ ᠬᠡᠯᠪᠡᠷᠢ ᠶᠢᠨ | ᠱᠦᠭᠦᠷᠳᠡᠨ ᠴᠡᠪᠡᠷᠯᠡᠬᠦ᠂ ᠴᠠᠰᠤ ᠴᠡᠪᠡᠷᠯᠡᠬᠦ ᠪᠠ ᠬᠤᠭ ᠨᠤᠪᠰᠢ ᠶᠢ ᠴᠡᠪᠡᠷᠯᠡᠨ ᠲᠡᠭᠡᠭᠡᠪᠦᠷᠢᠯᠡᠬᠦ ᠮᠠᠰᠢᠨ ᠲᠦᠭᠦᠭᠡᠷᠦᠮᠵᠢ ᠶᠢ ᠬᠤᠳᠡᠯᠳᠤᠨ ᠠᠪᠴᠤ᠂ 200 | ᠬᠤᠭ ᠤᠨᠰᠠᠪᠠ ᠶᠢ ᠨᠡᠮᠡᠵᠦ᠂ ᠠᠷᠢᠭᠤᠨ ᠴᠡᠪᠡᠷ ᠪᠠᠶᠢᠯᠭᠠᠬᠤ ᠬᠡᠪᠴᠢᠶ᠎ᠡ ᠶᠢ ᠲᠦᠷᠪᠡᠨ ᠮᠧᠲᠷ ᠤᠨ ᠵᠠᠮ ᠭᠤᠳᠤᠮᠵᠢ ᠪᠠ ᠠᠳᠡᠯ ᠠᠬᠤᠢ ᠦᠭᠡᠢ ᠰᠠᠭᠤᠭᠠᠯᠢ | ᠠᠷᠠᠳ ᠤᠨ ᠲᠤᠭᠤᠷᠢᠭ ᠬᠦᠷᠲᠡᠯ᠎ᠡ ᠦᠷᠭᠡᠳᠭᠡᠵᠡᠢ᠃ ᠦᠪᠡᠷᠲᠡᠭᠡᠨ ᠵᠠᠰᠠᠬᠤ ᠤᠷᠤᠨ ᠤ ᠴᠡᠴᠡᠷᠯᠢᠭ ᠤᠨ ᠬᠤᠲᠡ ᠶᠢᠨ ᠳᠠᠬᠢᠨ ᠪᠠᠶᠢᠴᠠᠭᠠᠬᠤ ᠠᠵᠢᠯ ᠢ ᠪᠦᠷᠢᠨ | ᠪᠡᠶᠡᠯᠡᠭᠦᠯᠵᠤ᠂ ᠪᠦᠬᠦ ᠬᠤᠲᠡ ᠶᠢᠨ ᠴᠡᠴᠡᠷᠯᠢᠭ ᠤᠨ ᠨᠤᠭᠤᠭᠠᠷᠠᠭᠤᠯᠤᠯᠲᠡ ᠶᠢᠨ ᠬᠢᠷᠢ ᠬᠡᠮᠵᠢᠶ᠎ᠡ ᠢᠯᠡᠳᠳᠡ ᠲᠡᠭᠡᠭᠰᠢᠯᠡᠵᠡᠢ᠃ 897 ᠲᠦᠮᠡᠨ ᠲᠦᠭᠦᠷᠢᠭ ᠤᠨ ᠪᠡᠯᠡ | ᠤᠷᠤᠭᠤᠯᠵᠤ ᠬᠠᠭᠤᠴᠢᠨ ᠰᠠᠭᠤᠭᠠᠯᠢ ᠠᠷᠠᠳ ᠤᠨ ᠲᠤᠭᠤᠷᠢᠭ ᠢ ᠶᠡᠷᠤᠩᠬᠡᠶᠢᠯᠡᠨ ᠵᠠᠰᠠᠭᠰᠠᠨ ᠪᠠ ᠨᠢᠭᠡᠨᠲᠡ ᠪᠠᠶᠢᠬᠤ ᠤᠷᠤᠨ ᠰᠠᠭᠤᠴᠠ ᠶᠢᠨ ᠪᠠᠷᠢᠯᠭ᠎ᠠ ᠶᠢᠨ ᠡᠨᠧᠷᠬᠢ | ᠠᠷᠪᠢᠯᠠᠬᠤ ᠦᠭᠡᠷᠡᠴᠢᠯᠡᠯᠲᠡ ᠶᠢ ᠬᠢᠵᠡᠢ᠃ ᠠᠳᠡᠯ ᠠᠬᠤᠢ ᠶᠢᠨ ᠬᠠᠮᠢᠶᠠᠷᠤᠯᠲᠠ ᠶᠢ ᠴᠢᠩᠭᠠᠳᠬᠠᠵᠣ᠂ ᠲᠦᠷᠪᠡᠨ ᠳᠡᠰ ᠤᠨ ᠠᠳᠡᠯ ᠠᠬᠤᠢ ᠶᠢᠨ ᠬᠠᠮᠢᠶᠠᠷᠤᠯᠲᠠᠶᠢᠨ | ᠰᠢᠰᠲ᠋ᠧᠮ ᠢ ᠪᠠᠶᠢᠭᠤᠯᠵᠠᠢ᠃ ᠬᠦᠳᠡᠭᠡ ᠲᠤᠰᠬᠤᠨ ᠤ ᠰᠠᠭᠤᠷᠢᠰᠢᠬᠤ ᠤᠷᠴᠢᠨ ᠢ ᠪᠦᠲᠦᠮᠵᠢᠲᠠᠢ ᠶᠡᠷᠤᠩᠬᠡᠶᠢᠯᠡᠨ ᠵᠠᠰᠠᠵᠠᠢ᠃ ᠮᠠᠨ ᠤ ᠬᠤᠲᠡ ᠨᠢ ᠦᠪᠡᠷᠲᠡᠭᠡᠨ | ᠵᠠᠰᠠᠬᠤ ᠤᠷᠤᠨ ᠤ 7 ᠲᠤᠷᠰᠢᠯᠲᠠ ᠶᠢᠨ ᠴᠡᠭ ᠤᠨ ᠨᠢᠭᠡ ᠪᠤᠯᠵᠤ᠂ ᠯᠠᠪᠳᠠᠯᠢᠨ᠂ ᠳᠡᠭᠡᠲᠦ ᠦᠷᠭᠡᠨ ᠪᠠ ᠾᠧᠢ ᠱᠠᠨ ᠲᠸᠤ ᠵᠡᠷᠭᠡ 3 ᠰᠢᠶᠠᠩ ᠪᠠᠯᠭᠠᠰᠤ᠂ 4 ᠵᠠᠰᠠᠭ | ᠵᠠᠬᠢᠷᠭᠠᠨ ᠤ ᠲᠤᠰᠬᠤᠨ᠂ 16 ᠠᠶᠢᠯ ᠲᠤᠰᠬᠤᠨ ᠪᠠ ᠦᠢᠯᠡᠳᠪᠦᠷᠢᠯᠡᠯ ᠤᠨ ᠪᠠᠷᠢᠭᠠᠳᠡ ᠶᠢᠨ ᠠᠮᠢᠳᠤᠷᠡᠯ ᠤᠨ ᠬᠤᠭ ᠨᠤᠪᠰᠢ ᠶᠢ ᠲᠦᠷᠢᠮᠵᠢᠭᠦᠯᠦᠨ ᠵᠠᠰᠠᠵᠠᠢ᠃ | ᠴᠢᠴᠢᠶᠠᠨ ᠲᠤᠰᠬᠤᠨ( ᠬᠢᠶᠠᠨ ᠲᠤᠰᠬᠤᠨ ) ᠨᠢ《 ᠳᠤᠮᠳᠡᠳᠤ ᠤᠯᠤᠰ ᠤᠨ ᠦᠵᠡᠰᠭᠦᠯᠡᠩᠲᠤ ᠰᠠᠶᠢᠬᠠᠨ ᠬᠦᠳᠡᠭᠡ ᠲᠤᠰᠬᠤᠨ》 ᠭᠡᠵᠤ ᠨᠡᠷᠡᠯᠡᠭᠳᠡᠵᠡᠢ᠃ | ︵ᠲᠦᠷᠪᠡ︶ ᠠᠷᠠᠳ ᠲᠦᠮᠡᠨ ᠤ ᠵᠤᠯ ᠵᠢᠷᠭᠠᠯ ᠲᠠᠰᠤᠷᠡᠯᠲᠡ ᠦᠭᠡᠢ ᠨᠡᠮᠡᠭᠳᠡᠵᠦ᠂ ᠨᠡᠶᠢᠭᠡᠮ ᠤᠨ ᠦᠢᠯᠡᠰ ᠪᠦᠬᠦ ᠲᠠᠯ᠎ᠠ ᠪᠠᠷ ᠳᠠᠪᠰᠢᠪᠠ᠃ | ᠪᠠᠲᠤᠯᠠᠭ᠎ᠠ ᠶᠢᠨ ᠬᠢᠷᠢ ᠬᠡᠮᠵᠢᠶ᠎ᠡ ᠦᠨᠡᠨ ᠬᠦ ᠳᠡᠭᠡᠭᠰᠢᠯᠡᠪᠡ᠃ ᠠᠵᠢᠯ ᠤᠯᠭᠤᠯᠲᠡ ᠶᠢ ᠨᠡᠮᠡᠭᠳᠡᠭᠦᠯᠦᠨ᠂ ᠤᠯᠡᠨ ᠢᠶᠠᠷ ᠢᠶᠠᠨ ᠦᠢᠯᠡᠰ ᠪᠤᠰᠬᠠᠬᠤ ᠶᠢ | ᠵᠤᠷᠢᠭᠵᠢᠭᠤᠯᠵᠤ᠂ ᠬᠤᠲᠡ ᠪᠠᠯᠭᠠᠰᠤᠨ ᠤ 1298 ᠬᠦᠮᠦᠨ ᠳᠤ ᠰᠢᠨ᠎ᠡ ᠪᠠᠷ ᠠᠵᠢᠯ ᠤᠯᠭᠤᠵᠤ᠂ ᠬᠤᠲᠡ ᠪᠠᠯᠭᠠᠰᠤᠨ ᠤ ᠳᠠᠩᠰᠠᠯᠠᠭᠰᠠᠨᠠᠵᠢᠯ ᠠᠯᠳᠡᠯᠲᠡ ᠶᠢᠨ | ᠨᠤᠷᠮ᠎ᠡ ᠶᠢ 4% ᠵᠢᠨᠬᠡᠪᠴᠢᠶᠡᠨ ᠳᠤ ᠪᠠᠳᠤᠯᠠᠪᠠ᠃ ᠬᠤᠲᠡᠬᠦ᠋ᠳᠡᠭᠡ ᠶᠢᠨ ᠬᠠᠮᠤᠭ ᠤᠨ ᠲᠤᠤᠷ᠎ᠡ ᠠᠮᠢᠳᠤᠷᠡᠯ ᠤᠨ ᠪᠠᠳᠤᠯᠠᠭ᠎ᠠ ᠶᠢᠨ ᠪᠠᠷᠢᠮᠵᠢᠶ᠎ᠠ ᠶᠢ ᠰᠠᠷ᠎ᠠ ᠪᠦᠷᠢ | 570 ᠲᠦᠭᠦᠷᠢᠭ ᠪᠤᠯᠭᠠᠵᠤ᠂ ᠤᠨᠴᠠᠭᠠᠢ ᠬᠦᠴᠢᠷᠳᠡᠯᠲᠡᠢ ᠠᠰᠠᠷᠠᠨ ᠲᠡᠵᠢᠭᠡᠬᠦ ᠬᠦᠮᠦᠨ ᠤ ᠪᠠᠷᠢᠮᠵᠢᠶ᠎ᠠ ᠶᠢ ᠰᠠᠷ᠎ᠠ ᠪᠦᠷᠢ 784 ᠲᠦᠭᠦᠷᠢᠭ ᠪᠤᠯᠭᠠᠨ᠂ ᠪᠦᠬᠦ ᠵᠢᠯ ᠳᠤ | ᠪᠡᠨᠨᠠᠶᠢᠲᠡ 2066 ᠲᠦᠮᠡᠨ ᠲᠦᠭᠦᠷᠢᠭ ᠤᠨ ᠡᠯ᠎ᠡ ᠵᠦᠢᠯ ᠤᠨ ᠠᠪᠤᠷᠡᠨ ᠲᠤᠰᠠᠯᠠᠬᠤ ᠪᠡᠯᠡ ᠮᠦᠩᠬᠦ ᠶᠢ ᠲᠠᠷᠬᠠᠭᠠᠪᠠ᠃ ᠴᠡᠷᠢᠭ ᠤᠨ ᠠᠯᠪᠠ ᠠᠴᠠ ᠬᠠᠯᠠᠭᠳᠠᠭᠰᠠᠳ | ᠪᠠ ᠪᠤᠰᠤᠳ ᠬᠠᠷᠠᠭᠠᠯᠵᠠᠬᠤ ᠡᠳᠡᠭᠡᠳ ᠤᠨ ᠮᠡᠳᠡᠭᠡ ᠵᠠᠩᠬᠢ ᠶᠢ ᠴᠤᠭᠯᠠᠭᠤᠯᠪᠠ᠃ ᠤᠷᠤᠰᠢᠭᠤᠯᠭ᠎ᠠ ᠶᠢᠨ ᠭᠠᠵᠠᠷ ᠢ ᠡᠬᠢᠯᠡᠨ ᠪᠠᠶᠢᠭᠤᠯᠵᠤ᠂ ᠨᠠᠰᠤᠲᠡᠨ ᠢ ᠠᠰᠠᠷᠠᠬᠤ | ᠬᠦᠷᠢᠶᠡᠯᠡᠩ ᠪᠠ ᠵᠡᠮᠳᠡᠭᠴᠦᠳ ᠢ ᠨᠠᠶᠢᠳᠡᠨ ᠠᠰᠠᠷᠠᠭᠤᠯᠬᠤ ᠲᠦᠪ ᠨᠢ ᠠᠰᠢᠭᠯᠠᠯᠲᠠ ᠳᠤ ᠤᠷᠤᠵᠠᠢ᠃ 1000 ᠡᠷᠤᠬᠡ ᠵᠢᠨᠬᠤᠲᠡ ᠵᠢᠨᠲ᠋ᠦ᠋ᠭᠦᠮ ᠪᠦᠳᠦᠭᠦᠯᠢᠭ | ᠤᠷᠤᠨᠰᠠᠭᠤᠴᠠ ᠶᠢᠨ ᠲᠤᠭᠤᠷᠢᠭ ᠢ ᠦᠭᠡᠷᠡᠴᠢᠯᠡᠬᠦ ᠪᠠ ᠲᠠᠲᠠᠪᠦᠷᠢᠯᠡᠨ ᠠᠪᠴᠤ᠂ 2.5 ᠳ᠋ᠦᠩᠰᠢᠭᠤᠷ ᠲᠦᠭᠦᠷᠢᠭ ᠤᠨᠨᠦ᠋ᠬᠦᠪᠦᠷᠢ ᠦᠭᠴᠡᠢ᠃ | ᠨᠠᠶᠢᠲᠡ ᠵᠢᠨᠲ᠋ᠦ᠋ᠷᠢᠶᠡᠰᠤᠨᠤᠷᠤᠨ ᠰᠠᠭᠤᠴᠠ ᠶᠢᠨ ᠨᠦᠬᠦᠪᠦᠷᠢ ᠶᠢᠨ ᠳᠦᠷᠢᠮ ᠢ ᠲᠤᠤᠱᠯᠠᠭᠤᠯᠵᠤ᠂ 1300 ᠡᠷᠤᠬᠡ ᠶᠢᠨ ᠬᠢᠮᠳᠡ ᠳᠦᠷᠢᠶᠡᠰᠤᠨ ᠭᠡᠷ ᠪᠠᠶᠢᠰᠢᠩ ᠪᠠ | ᠨᠠᠶᠢᠲᠡ ᠵᠢᠨᠲ᠋ᠦ᠋ᠷᠢᠶᠡᠰᠤᠨᠭᠡᠷ ᠪᠠᠶᠢᠰᠢᠩ ᠢ ᠬᠢᠨᠠᠨ ᠪᠠᠶᠢᠴᠠᠭᠠᠵᠤ᠂ ᠤᠷᠤᠨᠰᠠᠭᠤᠴᠠ ᠶᠢ ᠪᠠᠳᠤᠯᠠᠬᠤ ᠠᠵᠢᠯ ᠢ ᠤᠯᠡᠮ ᠨᠢᠭᠡ ᠠᠯᠬᠤᠮ ᠲᠦᠷᠢᠮᠵᠢᠭᠦᠯᠵᠡᠢ᠃ | ᠨᠠᠶᠢᠭᠡᠮ ᠤᠨ ᠦᠢᠯᠡᠰ ᠵᠤᠬᠢᠴᠠᠩᠭᠤᠢ ᠬᠦᠭᠵᠢᠪᠡ᠃ ᠰᠤᠷᠭᠠᠭᠤᠯᠢ ᠡᠷᠬᠢᠯᠡᠬᠦ ᠨᠦᠬᠦᠴᠡᠯ ᠢ ᠶᠡᠬᠡᠪᠡᠷ ᠰᠠᠶᠢᠵᠢᠷᠠᠭᠤᠯᠤᠨ᠂ 3683 ᠲᠦᠮᠡᠨ ᠲᠦᠭᠦᠷᠢᠭ ᠤᠨ | ᠪᠠᠯᠡ ᠤᠷᠤᠭᠤᠯᠵᠤ᠂ 2.6 ᠲᠦᠮᠡᠨ ᠲᠡᠭᠰᠢ ᠲᠦᠷᠪᠡᠯᠵᠢᠨ ᠮᠧᠲᠷ ᠰᠤᠷᠭᠠᠭᠤᠯᠢ ᠶᠢᠨ ᠪᠠᠶᠢᠷᠢ ᠶᠢ ᠰᠢᠨ᠎ᠡ ᠪᠠᠷ ᠪᠠᠶᠢᠭᠤᠯᠤᠭᠰᠠᠨ ᠪᠠ ᠵᠠᠰᠠᠨ ᠰᠠᠶᠢᠵᠢᠷᠠᠭᠤᠯᠵᠠᠢ᠃ | ᠬᠦᠯᠦᠨ ᠪᠤᠶᠢᠷ ᠬᠤᠲᠡ ᠶᠢᠨ ᠠᠩᠬᠠᠳᠠᠭᠴᠢ ᠰᠤᠷᠤᠭᠴᠢ ᠡᠯᠰᠡᠬᠦ ᠰᠢᠯᠭᠠᠯᠲᠠ ᠳᠤ ᠦᠢᠯᠡᠴᠢᠯᠡᠬᠦ ᠲᠢᠩᠬᠢᠮ ᠢ ᠪᠠᠶᠢᠭᠤᠯᠵᠠᠢ᠃ ᠡᠯ᠎ᠡ ᠰᠤᠷᠭᠠᠭᠤᠯᠢ ᠶᠢᠨ ᠠᠮᠤᠷ | ᠲᠦᠪᠰᠢᠨ ᠢ ᠪᠠᠲᠤᠯᠠᠬᠤ ᠢᠨᠵᠧᠨᠧᠷᠢᠩ ᠪᠠ ᠬᠢᠨᠠᠨ ᠬᠠᠮᠢᠶᠠᠷᠬᠤ ᠲᠠᠪᠴᠩ ᠢ ᠪᠠᠶᠢᠭᠤᠯᠵᠠᠢ᠃ ᠬᠦᠯᠦᠨ ᠪᠤᠶᠢᠷ ᠬᠤᠲᠡ ᠶᠢᠨ ᠠᠩᠬᠠᠳᠤᠭᠠᠷ ᠬᠤᠭᠤᠴᠠᠭᠠᠨ ᠤ | ᠰᠤᠷᠭᠠᠭᠤᠯᠢ ᠶᠢᠨ ᠭᠤᠸ᠎ᠠ ᠰᠠᠶᠢᠬᠠᠨ ᠤ ᠬᠦᠮᠦᠵᠢᠯ ᠤᠨ ᠠᠵᠢᠯ ᠤᠨ ᠪᠠᠶᠢᠷᠢ ᠶᠢᠨ ᠬᠤᠷᠠᠯᠳᠤᠭᠠᠨ ᠪᠠ ᠵᠠᠯᠠᠭᠤ ᠪᠠᠭᠠᠴᠤᠳ ᠤᠨ ᠬᠦᠨᠳᠦ ᠬᠦᠩᠭᠡᠨ ᠤ ᠲᠠᠮᠢᠷ ᠤᠨ | ᠴᠤᠭᠯᠠᠭᠠᠨ ᠵᠡᠷᠭᠡ ᠲᠠᠪᠤᠨ ᠵᠢᠭᠠᠨ ᠰᠤᠷᠭᠠᠬᠤ ᠰᠤᠯᠢᠯᠴᠠᠭᠠᠨ ᠤ ᠠᠵᠢᠯᠯᠠᠭ᠎ᠠ ᠶᠢ ᠠᠮᠵᠢᠯᠲᠠᠢ ᠦᠷᠨᠢᠭᠦᠯᠵᠡᠢ᠃《 ᠡᠷᠭᠦᠨ᠎ᠡ ᠶᠢᠨ ᠰᠠᠭᠤᠭᠳᠠᠯ ᠤᠨ ᠡᠭᠦᠳᠦᠭᠴᠢ ᠶᠢᠨ | ᠦᠢᠯᠡᠳᠪᠦᠷᠢ》 ᠨᠢ ᠡᠩ ᠲᠡᠷᠢᠭᠦᠨ ᠳᠤ ᠦᠪᠡᠷᠲᠡᠭᠡᠨ ᠵᠠᠰᠠᠬᠤ ᠤᠷᠤᠨ ᠤ ᠳᠡᠰ ᠤᠨ ᠰᠢᠨᠵᠢᠯᠡᠬᠦ ᠮᠡᠷᠭᠡᠵᠢᠯ ᠤᠨ ᠰᠢᠨ᠎ᠡ ᠶᠢ ᠡᠭᠦᠳᠬᠦ ᠲᠠᠪᠴᠠᠩ ᠪᠤᠯᠪᠠ᠃ ᠡᠮ | ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢᠨ ᠦᠭᠡᠷᠡᠴᠢᠯᠠᠯᠲᠠ ᠶᠢ ᠭᠦᠨᠵᠡᠭᠡᠶᠢᠷᠡᠭᠦᠯᠦᠨ᠂ ᠡᠮᠴᠢᠯᠡᠭᠡᠨ ᠤ ᠬᠠᠮᠲᠤ ᠶᠢᠨ ᠴᠤᠭᠴᠠ ᠶᠢᠨ ᠪᠠᠶᠢᠭᠤᠯᠤᠯᠲᠠ ᠶᠢ | ᠴᠢᠩᠭᠠᠳᠬᠠᠵᠣ᠂ ᠭᠤᠷᠪᠡᠨ ᠳᠡᠰ ᠤᠨ ᠦᠨᠳᠦᠰᠦᠨ ᠤᠯᠡᠨ ᠨᠠᠶᠢᠲᠡ ᠶᠢᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠰᠢᠰᠲ᠋ᠧᠮ ᠢ ᠪᠠᠶᠢᠭᠤᠯᠤᠨ᠎ᠠ᠃ ᠦᠪᠡᠷᠲᠡᠭᠡᠨ | ᠵᠠᠰᠠᠬᠤ ᠤᠷᠤᠨ ᠤ ᠳᠡᠰ ᠤᠨ ᠡᠷᠡᠭᠦᠯ ᠬᠠᠮᠠᠭᠠᠯᠠᠯ ᠤᠨ ᠬᠤᠲᠠ ᠶᠢᠨ ᠳᠠᠬᠢᠨ ᠬᠢᠨᠠᠨ ᠪᠠᠶᠢᠴᠠᠭᠠᠬᠤ ᠠᠵᠢᠯ ᠢ ᠪᠡᠶᠡᠯᠡᠭᠦᠯᠦᠨ᠂ ᠦᠪᠡᠷᠲᠡᠭᠡᠨ ᠵᠠᠰᠠᠬᠤ ᠤᠷᠤᠨ ᠤ《 | ᠡᠷᠡᠭᠦᠯ ᠡᠩᠬᠡ ᠶᠢ ᠠᠬᠢᠭᠤᠯᠬᠤ ᠳᠠᠭᠤᠷᠢᠶᠠᠯ ᠬᠤᠰᠢᠭᠤ ᠰᠢᠶᠡᠨ》 ᠢ ᠪᠠᠶᠢᠭᠤᠯᠬᠤ ᠠᠵᠢᠯ ᠢ ᠪᠦᠬᠦ ᠲᠠᠯ᠎ᠠ ᠪᠠᠷ ᠦᠷᠨᠢᠭᠦᠯᠪᠡ᠃ ᠰᠢᠪᠡᠭᠡ ᠶᠢᠨ ᠮᠤᠩᠭᠤᠯ ᠡᠮᠨᠡᠯᠭᠡ ᠶᠢᠨ | ᠬᠤᠷᠢᠶ᠎ᠠ ᠨᠢ ᠬᠦᠰᠢᠭᠡ ᠪᠠᠨ ᠨᠡᠭᠡᠭᠡᠵᠤ ᠡᠵᠡᠩᠨᠡᠯᠲᠡ ᠳᠤ ᠤᠷᠤᠵᠠᠢ᠃ ᠾᠧᠢ ᠱᠠᠨ ᠲᠸᠤ ᠶᠢᠨ ᠡᠷᠲᠡᠨ ᠤ ᠬᠤᠲᠡ ᠶᠢᠨ ᠮᠦᠽᠧᠢ ᠶᠢᠨ ᠭᠤᠤᠯ ᠴᠤᠭᠴᠠ ᠶᠢ | ᠪᠠᠶᠢᠭᠤᠯᠵᠠᠢ᠃ ᠦᠭᠡᠷᠡᠴᠢᠯᠡᠯᠲᠡ ᠬᠢᠵᠤ ᠴᠢᠯᠤᠭᠡᠲᠡᠢ ᠶᠠᠪᠤᠯᠴᠠᠭᠰᠠᠨ 40 ᠵᠢᠯ ᠦᠨᠤᠢ ᠳᠤ ᠵᠤᠷᠢᠭᠤᠯᠤᠨ᠂ ᠭᠤᠤᠯ ᠰᠡᠳᠤᠪᠳᠤ ᠰᠤᠶᠤᠯ ᠤᠨ ᠠᠵᠢᠯᠯᠠᠭ᠎ᠠ ᠶᠢ | ᠦᠷᠨᠢᠭᠦᠯᠵᠤ᠂ ᠤᠯᠠᠭᠠᠨᠮᠥ᠋ᠴᠢᠷ ᠤᠨ ᠠᠷᠠᠳ ᠲᠤ ᠠᠰᠢᠭᠲᠠᠢ ᠲᠤᠭᠯᠠᠯᠲᠠ ᠨᠢ ᠢᠯᠭᠤᠮ ᠠᠮᠵᠢᠯᠲᠠ ᠤᠯᠪᠠ᠃《 ᠤᠷᠤᠰ ᠦᠨᠳᠦᠰᠦᠲᠡᠨ ᠤ ᠬᠤᠷᠢᠮ ᠤᠨ ᠶᠤᠰᠤ》 | ᠨᠢ ᠵᠢᠷᠭᠤᠳᠤᠭᠠᠷ ᠪᠦᠯᠦᠭ ᠦᠪᠡᠷᠲᠡᠭᠡᠨ ᠵᠠᠰᠠᠬᠤ ᠤᠷᠤᠨ ᠤ ᠳᠡᠰ ᠤᠨ ᠪᠤᠳᠡᠰ ᠤᠨ ᠪᠤᠰᠤ ᠰᠤᠶᠤᠯ ᠤᠨ ᠦᠪ ᠤᠨ ᠨᠡᠷ᠎ᠡ ᠵᠢᠨᠵᠢᠭᠰᠠᠭᠠᠯᠲᠠ ᠳᠤ ᠵᠢᠭᠰᠠᠭᠠᠭᠳᠠᠪᠠ᠃ | |