2019 ᠤᠨ ᠤ ᠵᠠᠰᠠᠭ ᠤᠨ ᠤᠷᠳᠤᠨ ᠤ ᠠᠵᠢᠯ ᠤᠨ ᠢᠯᠡᠳᠭᠡᠯ ︵  ᠲᠦᠷᠪᠡ︶
ᠨᠡᠶᠢᠲᠡᠯᠡᠭᠰᠡᠨ ᠴᠠᠭ᠄
2020/8/27
     ︵ᠬᠤᠶᠠᠷ︶ ᠠᠵᠤ ᠦᠢᠯᠡᠰ ᠤᠨ ᠪᠦᠲᠦᠭᠡᠯᠲᠡ ᠳᠤ ᠠᠩᠬᠠᠷᠤᠯ ᠢᠶᠠᠨ ᠲᠦᠪᠯᠡᠷᠡᠭᠦᠯᠤᠨ᠂ ᠠᠵᠤ ᠠᠬᠤᠢ ᠶᠢᠨ ᠲᠤᠭᠳᠠᠭᠤᠨ ᠬᠦᠭᠵᠢᠯᠲᠡ ᠶᠢ ᠠᠬᠢᠭᠤᠯᠤᠨ᠎ᠡ᠃     ᠲᠠᠷᠢᠶᠠᠯᠠᠬᠤ ᠮᠠᠯᠵᠢᠬᠤ ᠦᠢᠯᠡᠰ ᠤᠨ ᠪᠤᠳᠡᠲᠤ ᠬᠦᠴᠦᠨ ᠢ ᠲᠠᠰᠤᠷᠡᠯᠲᠡ ᠦᠭᠡᠢ ᠨᠡᠮᠡᠭᠳᠡᠭᠦᠯᠦᠨ᠎ᠡ᠃ ᠬᠦᠳᠡᠭᠡ ᠲᠤᠰᠬᠤᠨ ᠢ ᠬᠦᠭᠵᠢᠭᠦᠯᠦᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠶᠢ ᠬᠡᠷᠡᠭᠵᠢᠭᠦᠯᠵᠦ᠂ ᠬᠦᠳᠡᠭᠡ ᠲᠤᠰᠬᠤᠨ ᠤ ᠦᠮᠴᠢᠯᠡᠯ ‍ᠦᠨ‌ᠡᠷᠬᠡ ᠶᠢᠨ ᠦᠭᠡᠷᠡᠴᠢᠯᠡᠯᠲᠡ ᠶᠢ ᠭᠦᠨᠵᠡᠭᠡᠶᠢᠷᠡᠭᠦᠯᠦᠨ᠎ᠡ᠃ ᠬᠠᠮᠲᠤ ᠶᠢᠨ ᠠᠵᠤ ᠠᠬᠤᠢ ᠶᠢᠨ ᠵᠤᠬᠢᠶᠠᠨ ᠪᠠᠶᠢᠭᠤᠯᠤᠯᠲᠠ ᠶᠢᠨ ᠡᠳ᠋ ᠬᠦᠷᠦᠩᠭᠡ ᠶᠢ ᠪᠦᠷᠢᠳᠭᠡᠨ ᠬᠠᠷᠭᠤᠭᠤᠯᠵᠤ᠂ ᠬᠠᠮᠲᠤ ᠶᠢᠨ ᠵᠤᠬᠢᠶᠠᠨ ᠪᠠᠶᠢᠭᠤᠯᠤᠯᠲᠠ ᠶᠢᠨ ᠭᠡᠰᠢᠭᠦᠨ ᠤ ᠪᠡᠶ᠎ᠡ ᠶᠢ  ᠨᠢ ᠨᠤᠲᠡᠯᠡᠨ᠂ ᠬᠤᠪᠢᠴᠠᠭ᠎ᠠ ᠶᠢ ᠨᠢ ᠨᠤᠭᠤᠯᠤᠨ ᠪᠤᠳᠤᠵᠤ᠂ ᠡᠷᠦᠬᠡ ᠪᠦᠷᠢ ᠶᠢᠨ ᠡᠷᠬᠡ ᠶᠢ ᠲᠤᠭᠲᠠᠭᠠᠨ ᠳᠠᠩᠰᠠᠯᠠᠨ᠎ᠠ᠃ ᠰᠢᠨ᠎ᠡ ᠪᠠᠷ ᠨᠡᠮᠡᠭᠳᠡᠭᠰᠡᠨ ᠮᠢᠩᠭᠠᠨ ᠳ᠋ᠦᠩᠰᠢᠭᠤᠷ ᠵᠢᠩ ᠤᠨ ᠠᠮᠤ ᠪᠤᠳᠠᠭ᠎ᠠ ᠪᠠ ᠲᠠᠷᠢᠶᠡᠯᠡᠩ ᠤᠨ ᠮᠧᠬᠠᠨᠢᠭ ᠬᠤᠳᠡᠯᠳᠤᠨ ᠠᠪᠬᠤ ᠨᠦᠬᠦᠪᠤᠷᠢ ᠵᠡᠷᠭᠡ ᠮᠠᠯᠵᠢᠬᠤ ᠲᠠᠷᠢᠶᠠᠯᠠᠬᠤ ᠦᠢᠯᠡᠰ ᠤᠨ ᠴᠢᠬᠤᠯᠠ ᠲᠦᠷᠦᠯ ᠵᠦᠢᠯ ᠢ ᠰᠠᠶᠢᠲᠦᠷ ᠬᠢᠵᠤ᠂ ᠦᠨᠳᠦᠷ ᠤᠨᠠᠯᠲᠠ ᠲᠠᠢ ᠮᠦᠷᠲᠡᠭᠡᠨ ᠲᠤᠭᠲᠠᠭᠤᠨ ᠤᠨᠡᠯᠲᠡ ᠲᠠᠢ ᠲᠠᠷᠢᠶᠠᠨ ᠭᠠᠵᠠᠷ ᠢ 4.2 ᠲᠦᠮᠡᠨ ᠮᠦ ᠪᠤᠯᠭᠠᠨ᠎ᠠ᠃ ᠰᠢᠬᠢᠷ ᠤᠨ ᠯᠤᠤᠪᠠᠩ ᠤᠨ ᠲᠠᠷᠢᠬᠤ ᠲᠠᠯᠠᠪᠠᠢ ᠶᠢ 30 ᠲᠦᠮᠡᠨ ᠮᠦ ᠪᠤᠯᠭᠠᠵᠤ᠂ ᠠᠵᠤ ᠠᠬᠤᠶᠢᠯᠠᠯ ᠤᠨ ᠲᠦᠭᠦᠬᠡᠢ ᠡᠳ᠋ ᠤᠨ ᠬᠠᠩᠭᠠᠯᠭ᠎ᠠ ᠶᠢ ᠪᠠᠲᠤᠯᠠᠨ᠎ᠠ᠃ ᠰᠦ ᠶᠢᠨ ᠦᠢᠯᠡᠰ ᠢ ᠬᠦᠭᠵᠢᠭᠦᠯᠦᠨ ᠮᠠᠨᠳᠤᠭᠤᠯᠬᠤ ᠲᠦᠯᠦᠪᠯᠡᠭᠡ ᠶᠢ ᠬᠡᠷᠡᠭᠵᠢᠭᠦᠯᠵᠦ᠂ 1.4 ᠲᠦᠮᠡᠨ ᠮᠦ ᠦᠨᠳᠦᠷ ᠤᠨᠠᠯᠲᠠ ᠲᠠᠢ ᠴᠠᠷᠭᠠᠰᠤ ᠶᠢ ᠨᠡᠮᠡᠨ ᠲᠠᠷᠢᠵᠤ᠂ ᠲᠠᠵᠢᠭᠡᠨ ᠦᠷᠡᠵᠢᠭᠦᠯᠬᠦ ᠲᠠᠯᠠᠪᠤᠷ ᠪᠠ ᠠᠲᠠᠷ ᠬᠠᠭᠠᠯᠪᠤᠷᠢᠯᠠᠯᠲᠠ ᠶᠢᠨ ᠠᠵᠤ ᠠᠬᠤᠶᠢᠯᠠᠯ ᠤᠨ ᠡᠪᠡᠰᠤ ᠲᠠᠷᠢᠬᠤ ᠬᠡᠯᠡᠯᠴᠡᠭᠡᠷ ᠲᠤᠭᠲᠠᠭᠠᠬᠤ ᠶᠢ ᠲᠦᠯᠬᠢᠨ ᠠᠬᠢᠭᠤᠯᠵᠤ᠂ ᠰᠠᠢ ᠱᠠᠩ ᠴᠢᠤᠸᠠᠢ ᠴᠤᠤ ᠬᠡᠪᠴᠢᠶᠡᠵᠢᠭᠰᠡᠨ ᠳᠠᠭᠤᠷᠢᠶᠠᠯ ᠮᠠᠯᠵᠢᠯ ᠤᠨ ᠲᠠᠯᠠᠪᠠᠢ ᠪᠠ ᠰᠢᠯᠢᠳᠡᠭ ᠰᠦ ᠶᠢᠨ ᠭᠠᠷᠤᠯᠲᠠ ᠶᠢᠨ ᠤᠷᠤᠨ ᠢ ᠪᠠᠶᠢᠭᠤᠯᠤᠨ᠎ᠠ᠃ ᠲᠠᠷᠢᠶᠠᠯᠠᠬᠤ ᠮᠠᠯᠵᠢᠬᠤ ᠦᠢᠯᠡᠰ ᠢ ᠴᠢᠨᠠᠷ ᠰᠠᠶᠢᠲᠠᠢ ᠬᠦᠭᠵᠢᠭᠦᠯᠬᠦ ᠠᠷᠪᠠᠨ ᠶᠡᠭᠡ ᠠᠵᠢᠯᠯᠠᠭ᠎ᠠ ᠶᠢ ᠦᠷᠨᠢᠭᠦᠯᠵᠤ᠂ ᠢᠳᠡᠰᠢᠨ ᠤ ᠦᠬᠡᠷ ᠢ ᠲᠡᠵᠢᠭᠡᠨ ᠦᠷᠡᠵᠢᠭᠦᠯᠭᠦ 13 ᠰᠠᠭᠤᠷᠢᠨ ᠭᠠᠵᠠᠷ ᠢ ᠪᠠᠶᠢᠭᠤᠯᠪᠠ᠃ ᠲᠠᠷᠢᠶᠠᠯᠠᠩ ᠤᠨ ᠪᠦᠲᠦᠭᠡᠭᠳᠡᠭᠦᠨ ᠤ ᠶᠠᠰᠤ ᠴᠢᠨᠠᠷ ᠢ ᠬᠢᠨᠠᠨ ᠬᠠᠮᠢᠶᠠᠷᠬᠤ ᠪᠠᠨ ᠴᠢᠩᠭᠠᠳᠬᠠᠵᠣ᠂ ᠨᠡᠨ ᠵᠢᠯ ᠤᠨ ᠳᠤᠲᠤᠷ᠎ᠠ ᠤᠯᠤᠰ ᠤᠨ ᠳᠡᠰ ᠤᠨ ᠲᠠᠷᠢᠶᠠᠯᠠᠩ ᠤᠨ ᠪᠦᠲᠦᠭᠡᠭᠳᠡᠭᠦᠨ ᠤ ᠠᠶᠤᠯ ᠦᠭᠡᠢ ᠰᠢᠶᠠᠨ ᠪᠤᠯᠬᠤ ᠪᠠᠷ ᠴᠢᠷᠮᠠᠶᠢᠨ᠎ᠠ᠃ ᠳᠡᠯᠡᠪᠡᠷ ᠤᠰᠤᠯᠠᠯᠲᠠ ᠶᠢᠨ ᠤᠷᠤᠨ ᠤ ᠬᠤᠶᠠᠳᠤᠭᠠᠷ ᠬᠤᠭᠤᠴᠠᠭᠠᠨ ᠤ ᠵᠠᠰᠠᠨ ᠰᠠᠶᠢᠵᠢᠷᠠᠭᠤᠯᠬᠤ ᠢᠨᠵᠧᠨᠧᠷᠢᠩ ᠢ ᠡᠬᠢᠯᠡᠨ ᠪᠠᠶᠢᠭᠤᠯᠪᠠ᠃ ᠦᠨᠳᠦᠷ ᠦᠷ᠎ᠡ ᠠᠰᠢᠭ ᠲᠠᠢ᠂ ᠤᠰᠤ ᠠᠷᠪᠢᠯᠠᠬᠤ ᠶᠡᠭᠡ ᠪᠠᠷᠠᠭᠤᠨ ᠠᠭᠤᠯᠠᠨ ᠤ ᠤᠰᠤᠯᠠᠯᠲᠠ ᠶᠢᠨ ᠤᠷᠤᠨ ᠤ ᠬᠤᠶᠠᠳᠤᠭᠠᠷ ᠬᠤᠭᠤᠴᠠᠭᠠᠨ ᠤ ᠵᠠᠰᠠᠨ ᠰᠠᠶᠢᠵᠢᠷᠠᠭᠤᠯᠬᠤ ᠢᠨᠵᠧᠨᠧᠷᠢᠩ ᠢ ᠪᠠᠶᠢᠭᠤᠯᠵᠠᠢ᠃     ᠠᠵᠤ ᠦᠢᠯᠡᠳᠪᠦᠷᠢ ᠶᠢᠨ ᠬᠦᠳᠡᠯᠭᠡᠬᠦ ᠬᠦᠴᠦᠨ ᠢ ᠨᠡᠮᠡᠭᠳᠡᠭᠦᠯᠦᠨ᠎ᠡ᠃ ᠲᠠᠷᠢᠶᠠᠯᠠᠩ ᠮᠠᠯ ᠠᠵᠤ ᠠᠬᠤᠢ ᠶᠢᠨ ᠠᠵᠤ ᠦᠢᠯᠡᠰᠵᠢᠭᠰᠡᠨ ᠠᠵᠤ ᠠᠬᠤᠶᠢᠯᠠᠯ ᠤᠨ ᠳᠠᠶᠢᠴᠢᠯᠠᠬᠤ ᠦᠢᠯᠡᠳᠦᠯ ᠢ ᠪᠠᠳᠠᠷᠠᠭᠤᠯᠤᠨ᠂ ᠠᠵᠤ ᠦᠢᠯᠡᠰ ᠤᠨ ᠬᠡᠯᠬᠢᠶ᠎ᠡ ᠶᠢ ᠤᠷᠳᠤᠳᠬᠠᠵᠤ᠂ ᠬᠠᠩᠭᠠᠯᠭ᠎ᠠ ᠶᠢᠨ ᠬᠡᠯᠬᠢᠶ᠎ᠡ ᠶᠢ ᠪᠠᠶᠢᠭᠤᠯᠤᠨ᠂ ᠦᠷᠲᠡᠭ ᠤᠨ ᠬᠡᠯᠬᠢᠶ᠎ᠡ ᠶᠢ ᠳᠡᠭᠡᠭᠰᠢᠯᠡᠭᠦᠯᠦᠨ᠎ᠡ᠃ ᠱᠧᠩ ᠲᠦᠩ ᠰᠢᠬᠢᠷ ᠤᠨ ᠠᠵᠤ ᠠᠬᠤᠶᠢᠯᠠᠯ ᠤᠨ ᠰᠢᠬᠢᠷ ᠤᠨ ᠯᠤᠤᠪᠡᠩ ᠦᠢᠯᠡᠳᠪᠦᠷᠢᠯᠡᠬᠦ ᠦᠢᠯᠡᠴᠢᠯᠡᠭᠡ ᠶᠢ ᠰᠠᠶᠢᠲᠤᠷ ᠬᠢᠵᠤ᠂ ᠤᠳᠤ ᠶᠢᠨ ᠪᠠᠶᠢᠭ᠎ᠠ ᠰᠢᠰᠲ᠋ᠧᠮ ᠢᠶᠠᠨ ᠳᠡᠰ ᠳᠡᠪᠰᠢᠭᠦᠯᠦᠨ ᠵᠠᠰᠠᠨ ᠰᠠᠶᠢᠵᠢᠷᠠᠭᠤᠯᠵᠤ᠂ ᠲᠡᠭᠦᠨ ᠤ ᠬᠡᠪᠴᠢᠶᠡᠵᠢᠭᠰᠡᠨ ᠠᠵᠤ ᠠᠬᠤᠶᠢᠯᠠᠯ ᠪᠤᠯᠬᠤ ᠶᠢ ᠪᠠᠲᠤᠯᠠᠨ᠎ᠠ᠃ ᠰᠠᠢ ᠱᠠᠩ ᠴᠢᠤᠸᠠᠢ ᠴᠤᠤ ᠺᠤᠮᠫᠠᠨᠢ ᠨᠢ ᠪᠢᠰᠢᠯᠠᠭ ᠤᠨ ᠲᠠᠰᠤᠭ ᠢᠶᠠᠨ ᠦᠷᠭᠡᠳᠭᠡᠨ ᠪᠠᠶᠢᠭᠤᠯᠤᠭᠰᠠᠨ ᠮᠦᠷᠲᠡᠭᠡᠨ‌ᠠᠰᠢᠭᠯᠠᠯᠲᠠ ᠳᠤ ᠤᠷᠤᠭᠤᠯᠤᠭᠰᠠᠨ ᠶᠤᠮ᠃ ᠤᠷᠴᠢᠨ ᠲᠤᠭᠤᠷᠢᠨ ᠢ ᠬᠠᠮᠠᠭᠠᠯᠠᠬᠤ ᠰᠢᠨᠵᠢᠯᠡᠬᠦ ᠮᠡᠷᠭᠡᠵᠢᠯ ᠤᠨ ᠠᠮᠢᠲᠦ ᠪᠤᠳᠡᠰ ᠤᠨ ᠢᠯᠴᠢ ᠴᠠᠬᠢᠯᠭᠠᠨ ᠪᠤᠷᠳᠤᠭᠤᠷ ᠢ ᠬᠤᠯᠪᠤᠭᠠᠯᠠᠨ ᠦᠢᠯᠡᠳᠪᠦᠷᠢᠯᠡᠬᠦ ᠪᠤᠯᠵᠠᠢ᠃ ᠦᠪᠦᠷ ᠮᠤᠩᠭᠤᠯ ᠤᠨ ᠮᠦᠸᠧ ᠮᠤᠤ ᠠᠷᠢᠬᠢᠨ ᠤ ᠦᠢᠯᠡᠰ ᠤᠨ ᠬᠢᠵᠠᠭᠠᠷᠲᠤ ᠬᠠᠷᠢᠭᠤᠴᠠᠯᠭᠠᠲᠤ ᠺᠤᠮᠫᠠᠨᠢ ᠨᠢ 7 ᠲᠦᠮᠡᠨ ᠲᠤᠨ ᠤ ᠷᠠᠰᠢᠶᠠᠨ ᠤᠰᠤ ᠶᠢ ᠦᠢᠯᠡᠳᠪᠦᠷᠢᠯᠡᠬᠦ ᠪᠠᠷ ᠴᠢᠷᠮᠠᠶᠢᠨ᠂ ᠪᠠᠭ᠎ᠠ ᠢᠨᠠᠭᠠᠢ ᠭᠤᠤ ᠵᠢᠨ‌ᠠᠯᠲᠠ ᠮᠠᠯᠲᠠᠬᠤ ᠲᠦᠷᠦᠯ ᠵᠦᠢᠯ ᠨᠢ ᠠᠭᠤᠷᠬᠠᠢ ᠮᠠᠯᠲᠠᠬᠤ ᠵᠦᠪᠰᠢᠶᠡᠷᠡᠯ ᠢ ᠤᠯᠵᠠᠢ᠃ ᠬᠤᠢ ᠲᠦᠩ ᠨᠡᠭᠦᠷᠡᠰᠦᠨ ᠤ ᠠᠭᠤᠷᠬᠠᠢ᠂ ᠰᠢᠨ ᠰᠢᠩ ᠨᠡᠭᠦᠷᠡᠰᠦᠨ ᠤ ᠠᠭᠤᠷᠬᠠᠢ  ᠂ ᠰᠢᠨ ᠲᠠᠢ ᠨᠡᠭᠦᠷᠡᠰᠦᠨ ᠤ ᠠᠭᠤᠷᠬᠠᠢ  ᠪᠤᠯᠤᠨ  ᠯᠠᠪᠳᠠᠯᠢᠨ‌ᠨᠡᠭᠦᠷᠡᠰᠦᠨ ᠤ ᠠᠭᠤᠷᠬᠠᠢ ᠶᠢᠨ ᠡᠬᠢ ᠪᠠᠶᠠᠯᠢᠭ ᠢ ᠨᠢᠭᠡᠳᠭᠡᠬᠦ ᠶᠢ ᠦᠪᠠᠷᠲᠡᠭᠡᠨ ᠵᠠᠰᠠᠬᠤ ᠤᠷᠤᠨ ᠠᠴᠠ ᠵᠦᠪᠰᠢᠶᠡᠷᠡᠪᠡ᠃ ᠠᠵᠤ ᠦᠢᠯᠡᠳᠪᠦᠷᠢ ᠶᠢᠨ ᠬᠦᠷᠢᠶᠡᠯᠡᠩ ᠤᠨ ᠢᠵᠢ ᠲᠦᠭᠦᠭᠡᠷᠦᠮᠵᠢ ᠶᠢ ᠲᠡᠭᠦᠯᠳᠡᠷᠵᠢᠭᠦᠯᠵᠤ᠂ ᠬᠠᠲᠠᠭᠤ ᠪᠡᠶᠡᠲᠦ ᠬᠠᠶᠠᠭᠳᠠᠮᠠᠯ ᠪᠤᠳᠡᠰ ᠤᠨ ᠲᠠᠯᠠᠪᠤᠷ ᠪᠠ ᠬᠤᠶᠡᠷ ᠵᠠᠮ ᠢ ᠰᠢᠨ᠎ᠡ ᠪᠠᠷ ᠵᠠᠰᠠᠪᠠ᠃ ᠠᠵᠤ ᠦᠢᠯᠡᠳᠪᠦᠷᠢ ᠶᠢᠨ ᠬᠦᠷᠢᠶᠡᠯᠡᠩ ᠤᠨ ᠬᠤᠳᠡᠯᠳᠤᠭᠠᠴᠢᠨ ᠤᠷᠢᠬᠤ ᠲᠡᠪᠴᠡᠩ ᠢ ᠭᠦᠢᠴᠡᠳ ᠠᠰᠢᠭᠯᠠᠨ᠂ ᠬᠤᠳᠡᠯᠳᠤᠭᠠᠴᠢᠨ ᠤᠷᠢᠵᠤ ᠪᠡᠯᠡ ᠤᠷᠤᠭᠤᠯᠬᠤ ᠬᠦᠴᠦᠯᠡᠴᠡ ᠪᠠᠨ ᠴᠢᠩᠭᠠᠳᠬᠠᠵᠣ᠂ ᠲᠤᠰ ᠬᠦᠷᠢᠶᠡᠯᠡᠩ ᠤᠨ ᠠᠵᠤ ᠦᠢᠯᠡᠰ ᠤᠨ ᠬᠡᠪᠴᠢᠶ᠎ᠡ ᠶᠢ ᠦᠷᠭᠡᠳᠭᠡᠨ᠎ᠡ᠃     ᠵᠢᠭᠤᠯᠴᠢᠯᠠᠯ ᠤᠨ ᠦᠢᠯᠡᠰ ᠤᠨ ᠳᠠᠯᠳᠠ ᠬᠦᠴᠦᠨ ᠢ ᠭᠦᠨᠵᠡᠭᠡᠢ ᠠᠭᠤᠳᠠᠯᠤᠨ᠎ᠠ᠃ ᠨᠤᠭᠤ ᠭᠠᠵᠠᠷ ᠢ 5A ᠳᠡᠰ ᠤᠨ ᠦᠵᠡᠮᠵᠢ ᠶᠢᠨ ᠤᠷᠤᠨ ᠪᠤᠯᠭᠠᠬᠤ ᠪᠠ ᠪᠦᠬᠦ ᠤᠷᠤᠨ ᠬᠡᠪᠴᠢᠶᠡᠨ ᠤ ᠵᠢᠭᠤᠯᠴᠢᠯᠠᠯ ᠤᠨ ᠳᠠᠭᠤᠷᠢᠶᠠᠯ ᠤᠷᠤᠨ ᠢ ᠪᠠᠶᠢᠭᠤᠯᠬᠤ ᠶᠢ ᠲᠦᠯᠬᠢᠨ ᠠᠬᠢᠭᠤᠯᠤᠨ᠎ᠠ᠃ ᠤᠯᠤᠰ ᠤᠨ ᠨᠤᠭᠤ ᠭᠠᠵᠠᠷ ᠤᠨ ᠴᠡᠴᠡᠷᠯᠢᠭ᠂ ᠤᠯᠠᠭᠠᠨ ᠠᠭᠤᠯᠠᠨ ᠤ ᠵᠢᠭᠤᠯᠴᠢᠯᠠᠯ ᠰᠤᠶᠤᠯ ‍ᠤᠨ‌ᠦᠵᠡᠮᠵᠢ ᠵᠢᠨ‌ᠤᠷᠤᠨ᠂ ᠲᠠᠯ᠎ᠠ ᠨᠤᠲᠤᠭ ᠠᠳᠡ ᠪᠠᠶᠢᠨ᠎ᠠ᠂ ᠵᠦᠩ ᠺᠧ ᠯᠢ ᠯᠢ ᠶᠠ ᠡᠳ᠋ᠯᠡᠩ᠂ ᠤᠤ ᠯᠦᠸᠧ ᠴᠢ ᠡᠳ᠋ᠯᠡᠩ ᠪᠠ ᠯᠢᠶᠧ ᠹᠦ᠋ ᠨᠤᠭᠤ ᠭᠠᠵᠠᠷ ᠤᠨ ᠡᠳ᠋ᠯᠡᠩ ᠵᠡᠷᠭᠡ ᠭᠤᠤᠯᠳᠠᠯᠭ᠎ᠠ ᠲᠠᠢ ᠵᠢᠭᠤᠯᠴᠢᠯᠠᠯ ᠤᠨ ᠲᠦᠷᠦᠯ ᠵᠦᠢᠯ ᠢ ᠰᠠᠶᠢᠲᠤᠷ ᠬᠢᠨ᠎ᠡ᠃ ᠦᠵᠡᠮᠵᠢ ᠶᠢᠨ ᠤᠷᠤᠨ ᠤ ᠦᠢᠯᠡᠴᠢᠯᠡᠭᠡ ᠶᠢ ᠤᠯᠡᠮ ᠨᠢᠭᠡ ᠠᠯᠬᠤᠮ ᠰᠠᠶᠢᠵᠢᠷᠠᠭᠤᠯᠤᠨ᠂ ᠤᠶᠤᠨᠴᠢ ᠦᠵᠡᠮᠵᠢ ᠶᠢᠨ ᠤᠷᠤᠨ ᠢ ᠠᠭᠠᠵᠢᠮ ᠢᠶᠠᠷ  ᠪᠠᠶᠢᠭᠤᠯᠵᠤ᠂ ᠵᠢᠭᠤᠯᠴᠢᠯᠠᠯ ᠤᠨ ᠶᠡᠭᠡ ᠳ᠋ᠠᠶᠢᠲ᠋ᠠ ᠶᠢᠨ ᠲᠦᠪ ᠢ ᠲᠦᠷᠭᠡᠨ ᠪᠠᠶᠢᠭᠤᠯᠤᠨ᠎ᠠ᠃ ᠡᠪᠤᠯ ᠤᠨ ᠤᠯᠠᠷᠢᠯ ᠳᠤ᠂《 ᠦᠨᠳᠦᠰᠦᠲᠡᠨ ᠤ ᠵᠠᠩ ᠵᠠᠩᠰᠢᠯ+ ᠮᠦᠰᠦ ᠴᠠᠰᠤ》 ᠪᠠᠶᠠᠷ ᠲᠤᠷᠠᠰᠬᠠᠯ ‍ᠤᠨ‌ᠠᠵᠢᠯᠯᠠᠭ᠎ᠠ ᠶᠢ ᠦᠷᠨᠢᠭᠦᠯᠦᠨ᠂ ᠡᠪᠤᠯ ᠤᠨ ᠵᠢᠭᠤᠯᠴᠢᠯᠠᠯ ᠤᠨ ᠪᠦᠲᠦᠭᠡᠭᠳᠡᠭᠦᠨ ᠢ ᠢᠳᠡᠪᠬᠢᠲᠠᠢ ᠬᠠᠶᠢᠨ ᠰᠤᠳᠤᠯᠵᠤ᠂ ᠵᠤᠭ᠎ᠠ ᠴᠡᠩᠭᠡᠯ ᠤᠨ ᠶᠡᠷᠤᠩᠬᠡᠶᠢᠯᠡᠭᠰᠡᠨ ᠴᠤᠭᠴᠠ ᠶᠢ ᠪᠠᠶᠢᠭᠤᠯᠤᠨ᠎ᠠ᠃ ᠮᠤᠷᠳᠠᠭ᠎ᠠ ᠶᠢᠨ ᠤᠨᠴᠠᠯᠢᠭᠳᠤ ᠪᠠᠭ᠎ᠠ ᠪᠠᠯᠭᠠᠰᠤ ᠶᠢ ᠲᠦᠷᠭᠡᠨ‌‍ᠪᠠᠶᠢᠭᠤᠯᠵᠤ᠂ ᠬᠠᠭᠤᠴᠢᠨ ᠪᠠᠯᠭᠠᠰᠤᠨ ᠤ ᠭᠤᠤᠯ ᠤᠨ ᠡᠷᠭᠢ ᠳᠠᠭᠠᠤ ᠶᠢᠨ ᠦᠵᠡᠮᠵᠢ ᠶᠢ ᠰᠠᠶᠢᠵᠢᠷᠠᠭᠤᠯᠤᠨ᠎ᠠ᠃ ᠰᠢᠨ᠎ᠡ ᠬᠦᠳᠡᠭᠡ ᠲᠤᠰᠬᠤᠨ ᠤ ᠪᠦᠲᠦᠭᠡᠨ ᠪᠠᠶᠢᠭᠤᠯᠤᠯᠲᠠ ᠪᠠ ᠬᠦᠳᠡᠭᠡ ᠲᠤᠰᠬᠤᠨ ᠤ ᠵᠢᠭᠤᠯᠴᠢᠯᠠᠯ ᠢ ᠨᠢᠭᠲᠠ ᠤᠶᠠᠯᠳᠤᠭᠤᠯᠤᠨ᠂ ᠦᠨᠳᠦᠰᠦᠲᠡᠨ ᠤ ᠤᠨᠴᠠᠯᠢᠭ ᠲᠠᠢ ᠪᠠᠭ᠎ᠠ ᠪᠠᠯᠭᠠᠰᠤᠨ ᠤ ᠵᠢᠭᠤᠯᠴᠢᠯᠠᠯ ᠤᠨ ᠤᠯᠠᠨ ᠨᠠᠶᠢᠲᠡ ᠶᠢᠨ ᠦᠢᠯᠡᠴᠢᠯᠡᠭᠡᠨ ᠤ ᠲᠦᠭᠦᠭᠡᠷᠦᠮᠵᠢ ᠶᠢ ᠲᠡᠭᠦᠯᠳᠡᠷᠵᠢᠭᠦᠯᠦᠨ᠎ᠡ᠃ ᠡᠩᠬᠡ ᠶᠢᠨ ᠦᠪᠡᠷᠮᠢᠴᠡ ᠺᠢᠨᠤ᠋ ᠲᠧᠯᠸᠢᠰ ᠤᠨ ᠰᠠᠭᠤᠷᠢᠨ ᠭᠠᠵᠠᠷ ᠢ ᠪᠠᠶᠢᠭᠤᠯᠤᠨ᠂ ᠰᠢᠪᠡᠭᠡ ᠶᠢᠨ ᠮᠤᠩᠭᠤᠯ ᠤᠨ ᠢᠵᠠᠭᠤᠷ ᠰᠤᠶᠤᠯ ᠤᠨ ᠨᠠᠶᠢᠷ ᠤᠨ ᠨᠦᠯᠦᠭᠡ ᠶᠢ ᠦᠷᠭᠡᠳᠭᠡᠵᠤ᠂ ᠤᠨᠴᠠᠯᠢᠭᠳᠤ ᠵᠠᠩ ᠵᠠᠩᠰᠢᠯ ᠢ ᠪᠡᠶ᠎ᠡ ᠪᠠᠷ ᠢᠶᠠᠨ ᠤᠶᠢᠯᠠᠭᠠᠬᠤ  ᠭᠠᠵᠠᠷ ᠪᠤᠯᠭᠠᠨ᠎ᠠ᠃     ᠨᠡᠭᠡᠭᠡᠯᠲᠡ ᠶᠢᠨ ᠠᠮᠢᠵᠢᠷᠡᠯ ᠤᠨ ᠬᠦᠴᠦᠨ ᠢ ᠭᠦᠢᠴᠡᠳ ᠬᠦᠭᠵᠢᠭᠡᠨ᠎ᠡ᠃ ᠳᠤᠮᠳᠡᠳᠤ ᠤᠷᠤᠰ ᠮᠤᠩᠭᠤᠯ ᠤᠨ ᠠᠵᠤ ᠠᠬᠤᠢ ᠶᠢᠨ ᠬᠤᠩᠬᠢᠯ ᠤᠨ ᠪᠦᠲᠦᠭᠡᠨ ᠪᠠᠶᠢᠭᠤᠯᠤᠯᠲᠠ ᠳᠤ ᠢᠳᠡᠪᠬᠢᠯᠡᠨ ᠤᠷᠤᠯᠴᠡᠵᠤ᠂ ᠨᠡᠭᠡᠭᠡᠯᠲᠡᠲᠤ ᠠᠵᠤ ᠠᠬᠤᠢ ᠶᠢᠨ ᠤᠷᠤᠨ ᠵᠠᠢ ᠶᠢ ᠦᠷᠭᠡᠳᠭᠡᠨ᠎ᠡ᠃ ᠤᠷᠤᠰ ᠲᠠᠢ ᠬᠠᠮᠲᠤᠷᠡᠯᠴᠡᠬᠤ ᠲᠦᠷᠦᠯ ᠵᠦᠢᠯ ᠢᠶᠠᠨ ᠨᠡᠮᠡᠭᠳᠡᠭᠦᠯᠵᠦ᠂ ᠲᠤᠭᠤᠯᠭ᠎ᠠ ᠴᠠᠶᠢᠷ ᠤᠨ ᠠᠭᠤᠷᠬᠠᠢ ᠤᠨ ᠨᠠᠷᠢᠯᠢᠭ ᠨᠤᠨᠳᠠᠭ ᠢ ᠭᠠᠳᠠᠭᠠᠲᠤ ᠠᠴᠠ ᠤᠷᠤᠭᠤᠯᠬᠤ ᠬᠡᠮᠵᠢᠶ᠎ᠡ ᠪᠠᠨ ᠨᠡᠮᠡᠭᠳᠡᠭᠦᠯᠬᠦ ᠶᠢ ᠳᠡᠮᠵᠢᠨ ᠂ ᠺᠦᠵᠢ ᠨᠡᠭᠦᠷᠡᠰᠦ ᠶᠢ ᠪᠦᠭᠡᠮ ᠢᠶᠠᠷ ᠭᠠᠳᠠᠭᠠᠲᠤ ᠠᠴᠠ ᠤᠷᠤᠭᠤᠯᠬᠤ ᠪᠤᠯᠭᠠᠨ᠎ᠠ᠃ ᠾᠧᠢ ᠱᠠᠨ ᠲᠸᠤ ᠪᠤᠭᠤᠮᠳᠡ ᠨᠢ ᠠᠮᠤ ᠲᠤᠰᠤ ᠶᠢ ᠭᠠᠳᠠᠭᠠᠲᠤ ᠠᠴᠠ ᠤᠷᠤᠭᠤᠯᠬᠤ ᠲᠤᠰᠬᠠᠢ ᠪᠤᠭᠤᠮᠲᠡ ᠪᠤᠯᠬᠤ ᠪᠠᠷ ᠴᠢᠷᠮᠠᠶᠢᠨ᠎ᠠ᠃ ᠶᠡᠷᠤ ᠶᠢᠨ ᠪᠠᠶᠢᠳᠠᠯ ᠳᠤᠤᠷ᠎ᠠ᠂ ᠲᠡᠵᠢᠭᠡᠯ ᠡᠪᠡᠰᠤ ᠶᠢ ᠭᠠᠳᠠᠭᠠᠲᠤ ᠡᠴᠠ‌ᠤᠷᠤᠭᠤᠯᠬᠤ ᠵᠦᠪᠰᠢᠶᠡᠷᠡᠯ ᠢ ᠤᠯᠤᠨ᠎ᠠ᠃ ᠪᠤᠭᠤᠮᠲᠡ ᠶᠢᠨ ᠬᠢᠨᠠᠨ ᠬᠠᠮᠢᠶᠠᠷᠤᠯᠲᠠ ᠶᠢᠨ ᠰᠢᠯᠭᠠᠨ ᠪᠠᠶᠢᠴᠠᠭᠠᠬᠤ ᠪᠠ ᠬᠢᠵᠢᠭ ᠢ ᠪᠠᠶᠢᠴᠠᠭᠠᠬᠤ ᠲᠦᠪ ᠢ ᠪᠠᠶᠢᠭᠤᠯᠤᠨ᠎ᠠ᠃ ᠤᠷᠤᠰ ᠤᠨ ᠤᠤ ᠯᠦᠸᠧ ᠴᠢ ᠪᠤᠭᠤᠮᠲᠡ ᠶᠢ ᠲᠤᠰᠠᠯᠠᠨ ᠪᠠᠶᠢᠭᠤᠯᠬᠤ ᠠᠬᠢᠴᠠ ᠪᠠᠨ ᠲᠦᠷᠭᠡᠳᠭᠡᠵᠤ᠂ ᠰᠢᠪᠡᠭᠡ — ᠤᠤ ᠯᠦᠸᠧ ᠴᠢ ᠵᠢᠨ‌ᠬᠤᠶᠠᠳᠤᠭᠠᠷ ᠬᠢᠯᠢ ᠶᠢᠨ ᠬᠦᠬᠦᠷᠭᠡ ᠶᠢ ᠪᠠᠶᠢᠭᠤᠯᠬᠤ ᠲᠦᠷᠦᠯ ᠵᠦᠢᠯ ᠤᠨ ᠡᠮᠤᠨᠡᠬᠢ ᠬᠤᠭᠤᠴᠠᠭᠠᠨ ᠤ ᠠᠵᠢᠯ ᠢ ᠰᠠᠶᠢᠲᠤᠷ ᠬᠢᠨ᠎ᠡ᠃ ᠵᠠᠬ᠎ᠠ ᠶᠢᠨ ᠠᠷᠠᠯᠵᠢᠶᠠᠨ ᠤ ᠤᠷᠤᠨ ᠤ ᠡᠵᠡᠩᠨᠡᠯᠲᠡ ᠬᠠᠮᠢᠶᠠᠷᠤᠯᠲᠠ ᠪᠠᠨ ᠤᠯᠠᠮ ᠨᠢᠭᠡ ᠠᠯᠬᠤᠮ ᠲᠦᠷᠢᠮᠵᠢᠭᠦᠯᠵᠤ᠂ ᠳᠤᠮᠳᠠᠳᠤ ᠤᠷᠤᠰ ᠤᠨ ᠬᠤᠳᠡᠯᠳᠤᠭᠠᠴᠢᠨ ᠪᠠ ᠬᠢᠯᠢ ᠶᠢᠨ ᠠᠷᠠᠳ ᠢ ᠲᠠᠲᠠᠨ ᠰᠤᠯᠢᠯᠴᠠᠭᠠᠨ ᠳᠤ ᠤᠷᠤᠯᠴᠠᠭᠤᠯᠵᠤ᠂ ᠬᠤᠳᠡᠯᠳᠤᠭᠠᠴᠢᠨ ᠤᠷᠢᠬᠤ ᠬᠦᠴᠦᠯᠡᠴᠡ ᠪᠠᠨ ᠴᠢᠩᠭᠠᠳᠬᠠᠨ᠎ᠠ᠃ ᠳᠤᠮᠳᠡᠳᠤ ᠤᠷᠤᠰ ᠮᠤᠩᠭᠤᠯ ᠤᠨ ᠰᠤᠶᠤᠯ ᠲᠠᠮᠢᠷ ᠤᠨ ᠰᠤᠯᠢᠯᠴᠠᠭᠠᠨ ᠤ ᠲᠦᠪ ᠪᠠ ᠵᠠᠩ ᠦᠢᠯᠡ ᠶᠢᠨ ᠦᠵᠡᠰᠭᠦᠯᠡᠩ ᠤᠨ ᠤᠷᠳᠤᠨ ᠢ ᠪᠠᠶᠢᠭᠤᠯᠤᠨ᠎ᠠ  ᠃ ᠮᠠᠨ ᠤ ᠬᠤᠲᠠ ᠪᠤᠯᠤᠨ ᠤᠷᠤᠰ ᠲᠠᠢ ᠬᠢᠯᠢ ᠨᠡᠶᠢᠯᠡᠵᠤ ᠪᠠᠶᠢᠭ᠎ᠠ ᠭᠠᠵᠠᠷ ᠤᠷᠤᠨ ᠤ ᠬᠠᠷᠢᠯᠴᠠᠭ᠎ᠠ ᠪᠠᠨ ᠨᠢᠭᠲᠠᠷᠠᠭᠤᠯᠵᠤ᠂ ᠬᠤᠶᠡᠷ ᠭᠠᠵᠠᠷ ᠤᠷᠤᠨ ᠤ ᠬᠤᠭᠤᠷᠤᠨᠳᠡᠬᠢ ᠠᠭᠤᠷᠬᠠᠢ ᠶᠢᠨ ᠡᠬᠢ ᠪᠠᠶᠠᠯᠢᠭ ᠢ ᠨᠡᠭᠡᠭᠡᠨ ᠠᠰᠢᠭᠯᠠᠬᠤ ᠪᠠ ᠵᠢᠭᠤᠯᠴᠢᠯᠠᠯ ᠰᠤᠶᠤᠯ ᠤᠨ ᠰᠤᠯᠢᠯᠴᠠᠭ᠎ᠠ  ᠶᠢ ᠠᠬᠢᠭᠤᠯᠤᠨ᠎ᠠ᠃      ︵ᠭᠤᠷᠪᠠ︶  ᠲᠡᠩᠴᠡᠭᠦᠷᠢᠲᠠᠢ ᠵᠤᠬᠢᠴᠠᠭᠤᠯᠬᠤ ᠳᠤ ᠠᠩᠬᠠᠷᠤᠯ ᠢᠶᠠᠨ ᠲᠦᠪᠯᠡᠷᠡᠭᠦᠯᠵᠤ᠂ ᠭᠤᠶᠤ ᠰᠠᠶᠢᠬᠠᠨ ᠤᠷᠤᠰᠢᠨ ᠰᠠᠭᠤᠬᠤ ᠳᠤ ᠲᠤᠬᠢᠷᠠᠮᠵᠢᠲᠠᠢ ᠬᠤᠲᠠ ᠶᠢ ᠪᠠᠶᠢᠭᠤᠯᠬᠤ ᠪᠠᠷ ᠴᠢᠷᠮᠠᠶᠢᠨ᠎ᠠ᠃     ᠠᠮᠢ ᠠᠬᠤᠢ ᠶᠢᠨ ᠪᠠᠶᠢᠭᠤᠯᠤᠯᠲᠠ ᠪᠠ ᠬᠠᠮᠠᠭᠠᠯᠠᠯᠲᠡ ᠶᠢ ᠴᠢᠩᠭᠠᠳᠬᠠᠨ᠎ᠠ᠃ ᠪᠦᠬᠦ ᠤᠯᠤᠰ ᠤᠨ ᠬᠤᠶᠠᠳᠤᠭᠠᠷ ᠤᠳᠠᠭᠠᠨ ᠤ ᠪᠤᠬᠢᠷᠳᠤᠯ ᠤᠨ ᠡᠬᠢ ᠶᠢᠨ ᠪᠠᠶᠢᠴᠠᠭᠠᠯᠲᠠ ᠪᠠ ᠤᠯᠤᠰ ᠤᠨ ᠭᠤᠤᠯᠳᠠᠯᠭ᠎ᠠ ᠲᠠᠢ ᠠᠮᠢ ᠠᠬᠤᠢ ᠶᠢᠨ ᠴᠢᠳᠡᠮᠵᠢᠲᠤ ᠤᠷᠤᠨ ᠤ ᠰᠢᠶᠠᠨ ᠤ ᠬᠡᠪᠴᠢᠶᠡᠨ ᠤ ᠠᠮᠢ ᠠᠬᠤᠢ ᠶᠢᠨ ᠤᠷᠴᠢᠨ ᠲᠤᠭᠤᠷᠢᠨ ᠤ ᠶᠠᠰᠤ ᠴᠢᠨᠠᠷ ᠤᠨ ᠬᠢᠨᠠᠨ ᠰᠢᠯᠭᠠᠬᠤ  ᠶᠢ ᠪᠡᠶᠡᠯᠡᠭᠦᠯᠵᠦ᠂ ᠭᠤᠤᠯᠳᠠᠯᠭ᠎ᠠ ᠲᠠᠢ ᠠᠮᠢ ᠠᠬᠤᠢ ᠶᠢᠨ ᠴᠢᠳᠡᠮᠵᠢᠲᠤ ᠤᠷᠤᠨ ᠤ ᠰᠢᠯᠵᠢᠭᠦᠯᠦᠨ ᠦᠭᠬᠦ ᠪᠠᠯᠡ ᠮᠦᠩᠭᠦ ᠶᠢ ᠤᠯᠬᠤ ᠪᠠᠷ ᠴᠢᠷᠮᠠᠶᠢᠨ᠎ᠠ᠃ ᠪᠠᠶᠢᠭᠠᠯᠢ ᠶᠢᠨ ᠤᠢ ᠶᠢ ᠬᠠᠮᠠᠭᠠᠯᠠᠬᠤ᠂ ᠨᠡᠶᠢᠲᠡ ᠶᠢᠨ ᠠᠰᠠᠷᠠᠮᠵᠢ ᠶᠢᠨ ᠤᠢ ᠶᠢ ᠬᠠᠮᠢᠶᠠᠷᠬᠤ᠂ ᠠᠭᠤᠯᠠ ᠶᠢ ᠪᠢᠲᠡᠭᠦᠮᠵᠢᠯᠡᠨ‌ᠤᠶᠢᠵᠢᠭᠤᠯᠬᠤ ᠂ ᠤᠢ ᠰᠢᠭᠤᠢ ᠶᠢ ᠠᠷᠠᠴᠢᠯᠠᠬᠤ᠂ ᠲᠠᠷᠢᠶᠠᠯᠠᠬᠤ ᠶᠢ ᠵᠤᠭᠰᠤᠭᠠᠵᠤ ᠤᠢ ᠰᠢᠭᠤᠢ ᠪᠠ ᠡᠪᠡᠰᠤ ᠪᠡᠯᠴᠢᠭᠡᠷ ᠢ ᠰᠡᠷᠭᠦᠭᠡᠭᠦ ᠵᠡᠷᠭᠡ ᠭᠤᠤᠯᠳᠡᠯᠭ᠎ᠠ ᠲᠠᠢ ᠠᠮᠢ ᠠᠬᠤᠢ ᠶᠢᠨ ᠢᠨᠵᠧᠨᠧᠷᠢᠩ ᠢ ᠦᠷᠭᠦᠯᠵᠢᠯᠠᠨ ᠬᠡᠷᠡᠭᠵᠢᠭᠦᠯᠦᠨ᠎ᠡ᠃ ᠤᠶᠢᠲᠤ ᠭᠠᠵᠠᠷ ᠪᠠ ᠡᠪᠡᠰᠤ ᠪᠡᠯᠴᠢᠭᠡᠷ ᠢ ᠰᠠᠶᠢᠲᠤᠷ ᠬᠠᠮᠠᠭᠠᠯᠠᠨ᠂ ᠬᠠᠤᠯᠢ ᠬᠡᠷᠡᠭᠵᠢᠭᠦᠯᠬᠦ ᠬᠦᠴᠦᠯᠡᠴᠡ ᠪᠠᠨ ᠴᠢᠩᠭᠠᠳᠬᠠᠵᠣ᠂ ᠬᠡᠭᠡᠷ᠎ᠡ ᠶᠢᠨ ᠤᠷᠭᠤᠮᠠᠯ ᠢ ᠲᠤᠷ᠎ᠠ ᠪᠠᠷ ᠮᠠᠯᠲᠠᠬᠤ ᠪᠠ ᠲᠤᠭᠲᠠᠭᠠᠯ ᠢ ᠵᠦᠷᠢᠴᠡᠨ ᠭᠠᠵᠠᠷ ᠡᠵᠡᠯᠡᠬᠦ ᠵᠡᠷᠭᠡ ᠬᠠᠤᠯᠢ ᠠᠴᠠ ᠵᠦᠷᠢᠴᠡᠭᠰᠡᠨ‌‍ᠶᠠᠯᠠᠲᠤ ᠠᠵᠢᠯᠯᠠᠭ᠎ᠠ ᠳᠤ ᠬᠦᠨᠳᠦ ᠴᠤᠬᠢᠯᠲᠠ ᠦᠭᠭᠦᠨ᠎ᠡ᠃ ᠡᠷᠭᠦᠨ᠎ᠡ ᠶᠢᠨ ᠨᠤᠭᠤ ᠭᠠᠵᠠᠷ ᠤᠨ ᠠᠮᠢ ᠠᠬᠤᠢ ᠶᠢᠨ ᠰᠢᠰᠲ᠋ᠧᠮ ᠤᠨ ᠤᠯᠤᠰ ᠠᠴᠠ ᠪᠠᠶᠢᠷᠢ ᠲᠤᠭᠲᠠᠭᠠᠨ ᠰᠤᠳᠤᠯᠬᠤ ᠦᠷᠲᠡᠭᠡ ᠪᠠᠶᠢᠭᠤᠯᠬᠤ ᠶᠢ ᠲᠦᠷᠭᠡᠳᠭᠡᠵᠤ᠂ ᠬᠦᠯᠦᠨ ᠪᠤᠶᠢᠷ ᠤᠨ ᠤᠯᠠᠨ ᠵᠢᠯ ᠤᠨ ᠴᠠᠪᠳᠡᠭ᠌ᠲᠤ ᠤᠷᠤᠨ ᠤ ᠭᠠᠵᠠᠷ ᠵᠦᠢ ᠶᠢᠨ ᠤᠷᠴᠢᠨ ᠲᠤᠭᠤᠷᠢᠨ ᠤ ᠤᠯᠤᠰ ᠤᠨ ᠬᠡᠭᠡᠷ᠎ᠡ ᠭᠠᠳᠠᠨ᠎ᠡ ᠰᠢᠨᠵᠢᠯᠡᠭᠡ ᠬᠢᠬᠦ ᠦᠷᠲᠡᠭᠡ ᠶᠢ ᠪᠠᠶᠢᠭᠤᠯᠬᠤ ᠪᠠᠷ ᠪᠡᠯᠡᠳᠭᠡᠨ᠎ᠡ᠃     ᠰᠠᠭᠤᠷᠢ ᠪᠡᠯᠡᠳᠭᠡᠮᠵᠢ ᠶᠢᠨ ᠰᠢᠰᠲ᠋ᠧᠮ ᠢ ᠲᠡᠭᠦᠯᠳᠡᠷᠵᠢᠭᠦᠯᠦᠨ᠎ᠡ᠃ ᠰᠢᠶᠠᠩ ᠶᠠᠩ — ᠰᠦᠴᠢᠨ ᠤ ᠭᠤᠷᠪᠠᠳᠤᠭᠠᠷ ᠳᠡᠰ ᠤᠨ ᠵᠠᠰᠠᠮᠠᠯ ᠵᠠᠮ᠂ ᠡᠩᠬᠡ ᠤᠢ ᠰᠢᠭᠤᠢ ᠶᠢᠨ ᠲᠠᠯᠠᠪᠠᠢ — ᠵᠢᠶᠠᠨ ᠱᠧ ᠦᠢᠯᠡᠳᠪᠦᠷᠢᠯᠠᠯ ᠤᠨ ᠪᠠᠷᠢᠭᠠᠳᠠ ᠶᠢᠨ ᠬᠤᠭᠤᠷᠤᠨᠳᠡᠬᠢ ᠵᠠᠰᠠᠮᠠᠯ ᠵᠠᠮ ᠢ ᠵᠠᠰᠠᠨ᠎ᠠ᠃ ᠡᠩᠬᠡ — ᠳᠤᠯᠤᠳᠤᠭᠠᠷ ᠬᠠᠷᠠᠭᠤᠯ᠂ ᠰᠢᠪᠡᠭᠡ — ᠯᠢᠨ ᠵᠢᠶᠠᠩ— ᠲᠠᠢ ᠫᠢᠩ ᠤᠨ ᠬᠢᠯᠢ ᠶᠢᠨ ᠵᠠᠰᠠᠮᠠᠯ ᠵᠠᠮ᠂ ᠰᠠᠨ ᠾᠧ ᠶᠢᠨ ᠨᠢᠭᠡᠳᠤᠭᠡᠷ ᠪᠠᠷᠢᠭᠠᠳᠠ — ᠽᠢ ᠰᠢᠩ᠂ ᠮᠠᠩᠭᠦᠢ — ᠬᠤᠸᠡᠩ ᠾᠥᠸᠧ ᠳ᠋ᠢ᠂ ᠮᠠᠩᠭᠦᠢ— ᠴᠢᠴᠢᠶᠠᠨ ︵ᠬᠢᠶᠠᠨ︶᠂ ᠲᠠᠢ ᠫᠢᠩ — ᠭᠧᠨ ᠪᠠᠢ ᠬᠦᠷᠬᠦ ᠵᠠᠰᠠᠮᠠᠯ ᠵᠠᠮ ᠵᠡᠷᠭᠡ  ᠵᠠᠮ ᠵᠠᠰᠠᠬᠤ ᠲᠦᠷᠦᠯ ᠵᠦᠢᠯ ᠢ ᠪᠡᠯᠡᠳᠭᠡᠵᠤ ᠪᠠᠶᠢᠨ᠎ᠠ᠃  ᠵᠢᠢ ᠯᠢᠤ ᠾᠧ ᠭᠤᠤᠯ ᠤᠨ ᠶᠡᠭᠡ ᠬᠦᠬᠦᠷᠭᠡ ᠵᠡᠷᠭᠡ ᠠᠶᠤᠯᠲᠠᠢ ᠬᠦᠬᠦᠷᠭᠡ ᠶᠢ ᠵᠠᠰᠠᠬᠤ ᠢᠨᠵᠧᠨᠧᠷᠢᠩ ᠢ ᠬᠡᠷᠡᠭᠵᠢᠭᠦᠯᠦᠨ᠎ᠡ᠃ ᠨᠠᠷᠠᠮᠠᠭᠴᠢ ᠭᠤᠤᠯ᠂ ᠳᠡᠭᠡᠲᠤ ᠦᠷᠭᠡᠨ ᠤ ᠵᠡᠭᠦᠨ ᠠᠭᠤᠯᠠᠨ ᠤ ᠭᠤᠤᠯ᠂ ᠡᠯ ᠳ᠋ᠤᠤ ᠴᠢᠶᠤᠤ ᠬᠦᠬᠦᠷᠭᠡ᠂ ᠰᠦᠴᠢᠨ ᠵᠡᠷᠭᠡ ᠲᠦᠷᠪᠡᠨ ᠦᠶᠡᠷ ᠢ ᠰᠡᠷᠭᠡᠶᠢᠯᠡᠬᠦ ᠢᠨᠵᠧᠨᠧᠷᠢᠩ ᠢ ᠡᠬᠢᠯᠡᠨ ᠬᠢᠨ᠎ᠡ᠃ ᠰᠢᠪᠡᠭᠡ ᠮᠤᠷᠳᠠᠭ᠎ᠠ ᠶᠢᠨ ᠨᠡᠶᠢᠳᠡᠮ ᠬᠡᠷᠡᠭᠯᠡᠬᠦ ᠨᠢᠰᠭᠡᠯ ᠤᠨ ᠪᠠᠭᠤᠳᠠᠯ ᠪᠠ ᠰᠢᠪᠡᠭᠡ — ᠮᠤᠷᠳᠠᠭ᠎ᠠ ᠶᠢᠨ ᠲᠡᠮᠤᠷ ᠵᠠᠮ ᠤᠨ ᠡᠮᠤᠨᠡᠬᠢ ᠬᠤᠭᠤᠴᠠᠭᠠᠨ‌‍ᠤ ᠠᠵᠢᠯ  ᠢ ᠬᠤᠷᠳᠤᠨ ᠬᠢᠨ᠎ᠡ᠃ ᠡᠩᠬᠡ ᠬᠠᠳᠠ ᠪᠤᠯᠤᠨ ᠢᠮᠢᠨ ᠭᠤᠤᠯ ᠤᠨ ᠲᠠᠯᠠᠢ ᠶᠢᠨ ᠶᠠᠪᠤᠳᠠᠯ ᠤᠨ ᠠᠵᠢᠯᠯᠠᠬᠤ ᠤᠩᠭᠤᠴᠡᠨ ᠤ ᠭᠠᠷᠠᠮ ᠪᠠ ᠴᠢᠴᠢᠶᠠᠨ ︵ᠬᠢᠶᠠᠨ︶ ᠤ ᠤᠰᠤᠨ ᠵᠠᠮ ᠤᠨ ᠦᠷᠲᠡᠭᠡ ᠪᠠᠶᠢᠭᠤᠯᠬᠤ ᠶᠢ ᠳᠡᠮᠵᠢᠨ᠎ᠡ᠃ ᠯᠠᠪᠳᠠᠯᠢᠨ᠂ ᠳᠡᠭᠡᠲᠤ ᠦᠷᠭᠡᠨ᠂ ᠰᠠᠨ ᠾᠧ  ᠪᠠ ᠰᠦᠴᠢᠨ ᠤ ᠴᠠᠬᠢᠯᠭᠠᠨ ᠬᠠᠩᠭᠠᠬᠤ ᠦᠭᠡᠷᠡᠴᠢᠯᠡᠯᠲᠡ ᠶᠢᠨ ᠲᠦᠷᠦᠯ ᠵᠦᠢᠯ ᠢ ᠬᠡᠷᠡᠭᠵᠢᠭᠦᠯᠦᠨ᠎ᠡ᠃    ᠬᠤᠲᠠ ᠶᠢᠨ ᠴᠢᠳᠠᠮᠵᠢ ᠶᠢ ᠳᠡᠭᠡᠭᠰᠢᠯᠡᠭᠦᠯᠦᠨ᠎ᠡ᠃ ᠡᠷᠭᠦᠨ᠎ᠡ ᠬᠤᠲᠠ ᠶᠢᠨ ᠲᠦᠪ ᠬᠤᠲᠠ ᠶᠢᠨ ᠲᠤᠭᠤᠷᠢᠭ ᠤᠨ ᠬᠢᠵᠠᠭᠠᠷᠯᠠᠬᠤ ᠲᠤᠭᠲᠠᠭᠠᠯ ᠢ ᠨᠠᠶᠢᠷᠠᠭᠤᠯᠤᠭᠰᠠᠨ ᠮᠦᠷᠲᠡᠭᠡᠨ ᠵᠦᠪᠰᠢᠶᠡᠷᠡᠭᠦᠯᠵᠡᠢ᠃ ᠬᠤᠲᠠ ᠶᠢᠨ ᠢᠵᠢ ᠪᠡᠯᠡᠳᠭᠡᠮᠵᠢ ᠶᠢ ᠲᠡᠭᠦᠯᠳᠡᠷᠵᠢᠭᠦᠯᠦᠨ᠂ 3×75 ᠲᠤᠨ ᠤ ᠤᠰᠤ ᠬᠠᠯᠠᠭᠠᠬᠤ ᠵᠤᠤᠬ᠎ᠠ ᠪᠠ 2×12 ᠰᠠᠶ᠎ᠠ ᠸᠠᠲ ᠤᠨ ᠠᠭᠤᠷ ᠤᠨ ᠬᠦᠷᠳᠦᠳᠦ ᠴᠠᠬᠢᠯᠭᠠᠨ ᠭᠠᠷᠭᠠᠬᠤ ᠮᠠᠰᠢᠨ ᠴᠤᠬᠴᠠᠯᠠᠪᠦᠷᠢ ᠶᠢ ᠪᠠᠶᠢᠭᠤᠯᠵᠤ᠂ ᠬᠤᠲᠠ ᠶᠢᠨ ᠪᠤᠬᠢᠷ ᠤᠰᠤ ᠶᠢ ᠰᠢᠢᠳᠪᠦᠷᠢᠯᠡᠬᠦ ᠦᠢᠯᠡᠳᠪᠦᠷᠢ ᠨᠢ ᠡᠳᠤᠷ ᠪᠦᠷᠢ 5000 ᠺᠦᠪ ᠮᠧᠲᠷ ᠤᠨ ᠪᠤᠬᠢᠷ ᠤᠰᠤ ᠰᠢᠢᠳᠪᠦᠷᠢᠯᠡᠬᠦ ᠪᠤᠯᠵᠤ᠂ ᠰᠢᠨ᠎ᠡ ᠠᠶᠠᠨᠴᠢᠳ ᠤᠨ ᠲᠡᠭᠡᠭᠡᠪᠦᠷᠢ ᠶᠢᠨ ᠦᠷᠲᠡᠭᠡ ︵ᠨᠡᠶᠢᠲᠡ ᠶᠢᠨ ᠮᠠᠰᠢᠨ ᠲᠡᠷᠭᠡᠨ ᠤ ᠶᠡᠷᠤᠩᠬᠡᠢ ᠦᠷᠲᠡᠭᠡ︶ ᠶᠢ ᠪᠠᠶᠢᠭᠤᠯᠵᠠᠢ᠃  5.5 ᠺᠢᠯᠤᠮᠧᠲᠷ ᠤᠨ ᠪᠠᠷᠤᠭᠰᠢᠨ ᠵᠠᠮ ᠢ ᠵᠠᠰᠠᠵᠤ᠂ 15 ᠺᠢᠯᠤᠮᠧᠲᠷ ᠤᠨ ᠬᠤᠲᠠ ᠶᠢᠨ ᠬᠤᠭᠤᠯᠠᠢ ᠲᠤᠤᠷ ᠢ ᠳᠡᠪᠢᠰᠴᠦ᠂ 12 ᠤᠰᠤ ᠪᠠᠷ ᠤᠬᠢᠶᠠᠬᠤ ᠵᠤᠷᠯᠤᠩ ᠢ ᠵᠠᠰᠠᠨ ᠪᠠᠶᠢᠭᠤᠯᠪᠠ᠃ ᠶᠢᠩ ᠴᠦᠨ ᠴᠢᠶᠤᠤ ᠬᠦᠬᠦᠷᠭᠡ —  ᠬᠠᠭᠤᠴᠢᠨ ᠦᠶᠡᠷ ᠢ ᠰᠡᠷᠭᠡᠶᠢᠯᠡᠬᠦ ᠬᠠᠰᠢᠯᠭ᠎ᠠ ᠶᠢᠨ ᠭᠤᠤᠯ ᠤᠨ ᠵᠠᠮ ᠢ ᠵᠠᠰᠠᠬᠤ ᠢᠨᠵᠧᠨᠧᠷᠢᠩ ᠢ ᠬᠡᠷᠡᠭᠵᠢᠭᠦᠯᠵᠡᠢ᠃ ᠬᠤᠲᠠ ᠶᠢᠨ ᠨᠠᠷᠢᠯᠢᠭᠵᠢᠭᠰᠠᠨ ᠬᠠᠮᠢᠶᠠᠷᠤᠯᠲᠠ ᠶᠢ ᠴᠢᠩᠭᠠᠳᠬᠠᠨ᠎ᠠ᠃ ᠬᠤᠲᠠ ᠶᠢᠨ ᠤᠷᠴᠢᠨ ᠲᠤᠭᠤᠷᠢᠨ ᠢ ᠶᠡᠷᠤᠩᠬᠡᠶᠢᠯᠡᠨ ᠴᠡᠭᠴᠡᠯᠡᠨ ᠵᠠᠰᠠᠬᠤ ᠠᠵᠢᠯᠯᠠᠭ᠎ᠠ ᠶᠢ ᠦᠷᠨᠢᠭᠦᠯᠦᠨ᠂ ᠬᠤᠲᠠ ᠶᠢᠨ ᠲᠤᠭᠤᠷᠢᠭ ᠤᠨ ᠨᠤᠭᠤᠭᠠᠷᠠᠭᠤᠯᠤᠯᠲᠡ ᠶᠢ ᠵᠤᠬᠢᠰᠲᠠᠢ ᠪᠤᠯᠭᠠᠵᠤ᠂ ᠪᠦᠷᠲᠡ ᠴᠡᠴᠡᠷᠯᠢᠭ ᠲᠤ ᠨᠢᠭᠡ ᠤᠷᠭᠢᠯᠤᠠᠮᠯ ᠪᠤᠯᠠᠭ ᠢ ᠪᠠᠶᠢᠭᠤᠯᠪᠠ᠃ ᠮᠠᠨ ᠤ ᠬᠤᠲᠠ ᠶᠢᠨ ᠠᠳᠡᠯ ᠠᠬᠤᠢ ᠶᠢᠨ ᠬᠠᠮᠢᠶᠠᠷᠤᠯᠲᠠ ᠶᠢᠨ ᠠᠷᠭ᠎ᠠ ᠶᠢ ᠲᠤᠭᠲᠠᠭᠠᠨ᠂ ᠠᠳᠡᠯ ᠠᠬᠤᠢ ᠶᠢᠨ ᠬᠠᠮᠢᠶᠠᠷᠤᠯᠲᠠ ᠶᠢᠨ ᠦᠢᠯᠡᠴᠢᠯᠡᠭᠡᠨ ᠤ ᠶᠠᠰᠤ ᠴᠢᠨᠠᠷ ᠢ ᠲᠠᠰᠤᠷᠠᠯᠲᠠ ᠦᠭᠡᠢ ᠳᠡᠭᠡᠭᠰᠢᠯᠡᠭᠦᠯᠵᠦ᠂ 2.2 ᠲᠦᠮᠡᠨ ᠲᠡᠭᠰᠢ ᠲᠦᠷᠪᠡᠯᠵᠢᠨ ᠮᠧᠲᠷ ᠬᠠᠭᠤᠴᠢᠨ ᠰᠠᠭᠤᠭᠠᠯᠢ ᠲᠤᠭᠤᠷᠢᠭ ᠢ ᠶᠡᠷᠤᠩᠬᠡᠶᠢᠯᠡᠨ ᠵᠠᠰᠠᠵᠠᠢ᠃ ᠬᠦᠳᠡᠭᠡ ᠲᠤᠰᠬᠤᠨ ᠤ ᠤᠷᠤᠰᠢᠨ ᠰᠠᠭᠤᠬᠤ ᠤᠷᠴᠢᠨ ᠲᠤᠭᠤᠷᠢᠨ ᠢ ᠴᠡᠭᠴᠡᠯᠡᠨ ᠵᠠᠰᠠᠬᠤ ᠠᠵᠢᠯᠯᠠᠭ᠎ᠠ ᠶᠢ ᠦᠷᠨᠢᠭᠦᠯᠵᠤ᠂ ᠡᠯ᠎ᠡ ᠰᠢᠶᠠᠩ ᠪᠠᠯᠭᠠᠰᠤᠨ ᠤ ᠠᠶᠢᠯ ᠲᠤᠰᠬᠤᠨ ᠳᠤ《 ᠭᠤᠷᠪᠠ ᠶᠢ ᠴᠡᠪᠡᠷᠯᠡᠵᠦ  ᠂ ᠨᠢᠭᠡ ᠶᠢ ᠦᠭᠡᠷᠡᠴᠢᠯᠡᠭᠦ》 ᠶᠡᠷᠤᠩᠬᠡᠶᠢᠯᠡᠭᠰᠡᠨ ᠢᠨᠵᠧᠨᠧᠷᠢᠩ ᠢ ᠬᠡᠷᠡᠭᠵᠢᠭᠦᠯᠦᠨ᠎ᠡ᠃      ︵ᠲᠦᠷᠪᠡ︶  ᠠᠷᠠᠳ ᠤᠨ ᠠᠮᠢᠳᠤᠷᠠᠯ ᠳᠤ ᠠᠩᠬᠠᠷᠤᠯ ᠢᠶᠠᠨ ᠲᠦᠪᠯᠡᠷᠡᠭᠦᠯᠵᠤ᠂ ᠤᠯᠠᠨ ᠲᠦᠮᠡᠨ ᠳᠤ ᠰᠠᠶᠢᠨ ᠰᠠᠶᠢᠬᠠᠨ ᠠᠮᠢᠳᠤᠷᠠᠯ ᠢ ᠴᠤᠭᠴᠠᠯᠠᠨ ᠦᠭᠭᠦᠨ᠎ᠡ  ᠃       ᠪᠠᠲᠤᠯᠠᠭ᠎ᠠ ᠶᠢᠨ ᠬᠢᠷᠢ ᠬᠡᠮᠵᠢᠶ᠎ᠡ ᠶᠢ ᠬᠦᠴᠦᠯᠡᠨ‌‍ᠲ᠋ᠡᠭᠡᠭᠰᠢᠯᠡᠭᠦᠯᠬᠦ ᠬᠡᠷᠡᠭᠲᠡᠢ᠃ ᠬᠦᠳᠡᠯᠮᠦᠷᠢᠴᠢᠳ ᠤᠨ ᠮᠡᠷᠭᠡᠵᠢᠯ ᠴᠢᠳᠠᠪᠦᠷᠢ ᠶᠢᠨ ᠬᠡᠪ ᠴᠢᠨᠠᠷ ᠢ ᠪᠦᠬᠦ ᠲᠠᠯ᠎ᠠ ᠪᠠᠷ ᠳᠡᠭᠡᠭᠰᠢᠯᠡᠭᠦᠯᠦᠨ᠂ ᠭᠡᠷ ᠪᠦᠯᠢ ᠵᠢᠨ‌ᠦᠢᠯᠡᠴᠢᠯᠡᠭᠡᠨ ᠤ ᠦᠢᠯᠡᠰ ᠢ ᠬᠦᠭᠵᠢᠭᠦᠯᠬᠦ ᠪᠠᠷ ᠳᠠᠮᠵᠢᠨ ᠠᠵᠢᠯ ᠤᠯᠭᠤᠯᠲᠡ ᠶᠢ ᠠᠬᠢᠭᠤᠯᠵᠤ᠂ ᠬᠦᠳᠡᠭᠡ ᠲᠤᠰᠬᠤᠨ ᠮᠠᠯᠵᠢᠬᠤ ᠤᠷᠤᠨ ᠤ ᠦᠢᠯᠡᠳᠪᠦᠷᠢᠯᠡᠯ ᠡᠵᠡᠩᠨᠡᠯᠲᠡ ᠶᠢᠨ ᠬᠡᠯᠪᠡᠷᠢ ᠶᠢᠨ ᠴᠢᠳᠠᠪᠦᠷᠢᠲᠡᠨ᠂ ᠰᠢᠨ᠎ᠡ ᠬᠡᠯᠪᠡᠷᠢ ᠶᠢᠨ ᠠᠵᠢᠯ ᠮᠡᠷᠭᠡᠵᠢᠯ ᠤᠨ ᠮᠠᠯᠴᠢᠨ ᠲᠠᠷᠢᠶᠠᠴᠢᠨ ᠪᠠ ᠬᠡᠷᠡᠭᠯᠡᠭᠡᠨ ᠤ ᠮᠡᠷᠭᠡᠵᠢᠯ ᠤᠨ ᠳᠠᠭᠠᠭᠤᠯᠤᠭᠴᠢ ᠶᠢ  ᠶᠡᠬᠡᠪᠡᠷ ᠬᠦᠮᠦᠵᠢᠭᠦᠯᠵᠤ᠂ ᠬᠢᠲᠠᠳ ᠡᠪᠡᠰᠤᠨ ᠡᠮ ᠲᠠᠷᠢᠵᠤ ᠦᠢᠯᠡᠰ ᠪᠤᠰᠬᠠᠬᠤ ᠨᠡᠪᠴᠢᠭᠦᠯᠬᠦ ᠰᠠᠭᠤᠷᠢᠨ ᠭᠠᠵᠠᠷ ᠢ ᠪᠠᠶᠢᠭᠤᠯᠤᠨ᠎ᠠ᠃ ᠪᠦᠬᠦ ᠠᠷᠠᠳ ᠢᠶᠠᠷ ᠢᠶᠠᠨ ᠳᠠᠭᠠᠳᠬᠠᠯ ᠳᠤ ᠤᠷᠤᠯᠴᠠᠵᠤ ᠳᠠᠩᠰᠠᠯᠠᠬᠤ ᠶᠢ ᠲᠦᠷᠭᠡᠳᠭᠡᠨ᠎ᠡ᠃ ᠠᠮᠢᠳᠤᠯᠢᠭ ᠢᠶᠠᠷ ᠠᠵᠢᠯ ᠤᠯᠤᠭᠰᠠᠳ᠂ ᠰᠢᠨ᠎ᠡ ᠡᠵᠡᠩᠨᠡᠯᠲᠡ ᠶᠢᠨ ᠪᠠᠶᠢᠳᠠᠯ ᠳᠤ ᠠᠵᠢᠯ ᠤᠯᠤᠭᠰᠠᠳ ᠪᠠ ᠳᠤᠮᠳᠠ ᠵᠢᠵᠢᠭ ᠠᠵᠤ ᠠᠬᠤᠶᠢᠯᠠᠯ ᠤᠨ ᠠᠵᠢᠯᠲᠠᠨ ᠤ ᠨᠠᠰᠤᠵᠢᠯ ᠤᠨ ᠳᠠᠭᠠᠳᠬᠠᠯ ᠳᠤ ᠤᠷᠤᠯᠴᠠᠬᠤ  ᠶᠢ ᠵᠢᠯᠤᠭᠤᠳᠤᠨ ᠵᠤᠷᠢᠭᠵᠢᠭᠤᠯᠤᠨ᠎ᠠ᠃ ᠪᠠᠷᠢᠯᠭ᠎ᠠ ᠶᠢᠨ ᠦᠢᠯᠡᠰ ᠤᠨ ᠳᠠᠭᠠᠳᠬᠠᠯ ᠳᠤ ᠤᠷᠤᠯᠴᠠᠬᠤ ᠬᠡᠪᠴᠢᠶ᠎ᠡ ᠶᠢ ᠦᠷᠭᠡᠳᠭᠡᠨ᠎ᠡ᠃ ᠤᠷᠤᠰᠢᠭᠤᠯᠭ᠎ᠠ ᠶᠢᠨ ᠦᠭᠡᠷᠡᠴᠢᠯᠡᠯᠲᠡ ᠶᠢ ᠢᠳᠡᠪᠬᠢᠲᠠᠢ ᠬᠢᠵᠦ᠂ ᠤᠷᠤᠰᠢᠭᠤᠯᠭ᠎ᠠ ᠶᠢᠨ ᠭᠠᠵᠠᠷ ᠢ ᠲᠦᠷᠭᠡᠨ ᠪᠠᠶᠢᠭᠤᠯᠤᠨ᠎ᠠ᠃ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠲᠤᠭᠲᠠᠭᠠᠭᠰᠠᠨ ᠠᠷᠠᠳ ᠤᠨ ᠠᠮᠢᠳᠤᠷᠡᠯ ᠲᠠᠢ ᠬᠤᠯᠪᠤᠭᠳᠠᠬᠤ ᠶᠠᠪᠤᠳᠠᠯ ᠢ ᠭᠦᠢᠴᠡᠳᠭᠡᠨ᠎ᠡ᠃     ᠨᠡᠶᠢᠭᠡᠮ ᠤᠨ ᠦᠢᠯᠡᠰ ᠢ ᠶᠡᠬᠡᠪᠡᠷ ᠬᠦᠭᠵᠢᠭᠦᠯᠦᠨ᠎ᠡ᠃ 6164 ᠲᠦᠮᠡᠨ ᠲᠦᠭᠦᠷᠢᠭ ᠤᠨ ᠪᠡᠯᠡ ᠤᠷᠤᠭᠤᠯᠵᠤ᠂ ᠳᠡᠭᠡᠲᠤ ᠦᠷᠭᠡᠨ ᠤ ᠪᠠᠭ᠎ᠠ ᠰᠤᠷᠭᠠᠭᠤᠯᠢ ᠶᠢ ᠨᠡᠭᠦᠯᠭᠡᠨ ᠪᠠᠶᠢᠭᠤᠯᠤᠭᠰᠠᠨ᠂ ᠦᠨᠳᠤᠰᠤᠲᠡᠨ ᠤ ᠬᠡᠤᠬᠡᠳ ᠤᠨ ᠴᠡᠴᠡᠷᠯᠢᠭ ᠢ ᠦᠷᠭᠡᠳᠭᠡᠨ  ᠪᠠᠶᠢᠭᠤᠯᠤᠭᠰᠠᠨ ᠪᠠ ᠰᠠᠨ ᠾᠧ ᠶᠢᠨ ᠪᠠᠭ᠎ᠠ ᠰᠤᠷᠭᠠᠭᠤᠯᠢ ᠶᠢᠨ ᠬᠠᠷᠢᠶᠠᠲᠤ ᠬᠡᠤᠬᠡᠳ ‍ᠤᠨ‌‍ᠴᠡᠴᠡᠷᠯᠢᠭ ᠢ ᠪᠠᠶᠢᠭᠤᠯᠬᠤ ᠪᠠᠷ ᠲᠦᠯᠦᠪᠯᠡᠵᠡᠢ᠃ ᠬᠤᠲᠠ ᠵᠢᠨ‌ᠠᠵᠢᠯ ᠮᠡᠷᠭᠡᠵᠢᠯ ᠤᠨ ᠳᠤᠮᠳᠡᠳᠤ ᠰᠤᠷᠭᠠᠭᠤᠯᠢ ᠶᠢᠨ ᠶᠡᠷᠤᠩᠬᠡᠶᠢᠯᠡᠭᠰᠡᠨ‌‍ᠲ᠋ᠠᠳᠤᠯᠭ᠎ᠠ ᠪᠤᠯᠪᠠᠰᠤᠷᠠᠯ ᠤᠨ ᠠᠰᠠᠷ ᠪᠠ ᠬᠤᠲᠠ ᠶᠢᠨ ᠨᠢᠭᠡᠳᠤᠭᠡᠷ ᠳᠤᠮᠳᠡᠳᠤ ᠰᠤᠷᠭᠠᠭᠤᠯᠢ ᠶᠢᠨ ᠬᠦᠯ ᠪᠦᠮᠪᠦᠭᠡ ᠶᠢᠨ ᠪᠤᠯᠪᠠᠰᠤᠷᠠᠯ ᠤᠨ ᠶᠡᠷᠤᠩᠬᠡᠶᠢᠯᠡᠭᠰᠡᠨ ᠲᠠᠩᠬᠢᠮ ᠵᠡᠷᠭᠡ ᠵᠢᠭᠠᠨ ᠰᠤᠷᠭᠠᠬᠤ ᠪᠡᠶ᠎ᠡ ᠶᠢᠨ ᠲᠠᠮᠢᠷ ᠤᠨ ᠲᠠᠯᠠᠪᠤᠷ ᠢ ᠡᠭᠦᠰᠭᠡᠨ ᠪᠠᠶᠢᠭᠤᠯᠤᠨ᠎ᠠ᠃ ᠬᠤᠲᠠ ᠶᠢᠨ ᠲᠤᠭᠤᠷᠢᠭ ᠤᠨ 8 ᠳᠤᠮᠳᠠ ᠪᠠᠭ᠎ᠠ ᠰᠤᠷᠭᠠᠭᠤᠯᠢ ᠪᠤᠯᠤᠨ ᠬᠡᠤᠬᠡᠳ ᠤᠨ ᠴᠡᠴᠡᠷᠯᠢᠭ ᠤᠨ ᠡᠷᠭᠢᠨ ᠲᠤᠭᠤᠷᠢᠨ ᠳᠤ ᠠᠶᠤᠯᠭᠦᠢ ᠵᠠᠮ ᠢ ᠵᠠᠰᠠᠨ᠎ᠠ᠃ ᠦᠪᠡᠷᠲᠡᠭᠡᠨ ᠵᠠᠰᠠᠬᠤ ᠤᠷᠤᠨ ᠤ《ᠡᠷᠡᠭᠦᠯ ᠡᠩᠬᠡ ᠶᠢ ᠠᠬᠢᠭᠤᠯᠬᠤ ᠵᠢᠱᠢᠶ᠎ᠡ ᠦᠵᠡᠭᠦᠯᠭᠦ ᠬᠤᠰᠢᠭᠤ ᠰᠢᠶᠠᠨ 》 ᠢ ᠪᠠᠶᠢᠭᠤᠯᠬᠤ ᠠᠵᠢᠯ ᠪᠠ ᠬᠦᠯᠦᠨ ᠪᠤᠶᠢᠷ ᠬᠤᠲᠠ ᠶᠢᠨ ᠤᠯᠤᠰ ᠤᠨ ᠳᠡᠰ ᠤᠨ ᠡᠷᠡᠭᠦᠯ ᠬᠠᠮᠠᠭᠠᠯᠠᠯ ᠤᠨ ᠬᠤᠲᠠ ᠪᠤᠯᠬᠤ ᠡᠭᠦᠷᠭᠡ ᠶᠢ ᠪᠦᠬᠦᠨ ᠢ ᠪᠡᠶᠡᠯᠡᠭᠦᠯᠦᠨ᠎ᠡ᠃ ᠰᠢᠪᠡᠭᠡ ᠰᠤᠮᠤᠨ ᠤ ᠡᠷᠡᠭᠦᠯ ᠬᠠᠮᠠᠭᠠᠯᠠᠯ ᠤᠨ ᠬᠤᠷᠢᠶ᠎ᠠ ᠪᠠ ᠮᠤᠷᠳᠠᠭ᠎ᠠ ᠶᠢᠨ ᠡᠷᠡᠭᠦᠯ ᠬᠠᠮᠠᠭᠠᠯᠠᠯ ᠤᠨ ᠬᠤᠷᠢᠶᠠᠨ ᠤ ᠰᠠᠭᠤᠷᠢ ᠲᠦᠭᠦᠭᠡᠷᠦᠮᠵᠢ ᠶᠢ ᠵᠠᠰᠠᠨ ᠰᠠᠶᠢᠵᠢᠷᠠᠭᠤᠯᠤᠨ᠎ᠠ᠃ ᠾᠧᠢ ᠱᠠᠨ ᠲᠸᠤ ᠶᠢᠨ ᠡᠷᠲᠡᠨ ᠤ ᠬᠤᠲᠠ ᠶᠢᠨ ᠮᠦᠽᠸᠢ ᠨᠢ ᠳᠡᠯᠭᠡᠨ‌ᠦᠵᠡᠭᠦᠯᠦᠯᠭᠡ ᠬᠢᠵᠡᠢ᠃ ᠤᠯᠤᠰ ᠪᠠᠶᠢᠭᠤᠯᠤᠭᠳᠠᠭᠰᠠᠨ 70 ᠵᠢᠯ ᠤᠨ ᠤᠢ ᠳᠤ ᠵᠤᠷᠢᠭᠤᠯᠵᠤ᠂ ᠨᠢᠭᠡᠨ ᠰᠢᠷᠢᠰ ᠰᠤᠶᠤᠯ ᠤᠨ ᠠᠵᠢᠯᠯᠠᠭ᠎ᠠ ᠪᠠ ᠪᠡᠶ᠎ᠡ ᠶᠢᠨ ᠲᠠᠮᠢᠷ ‍ᠤᠨ‌ᠤᠷᠤᠯᠳᠤᠭᠠᠨ ᠢ ᠦᠷᠨᠢᠭᠦᠯᠦᠨ᠎ᠡ᠃ ᠪᠦᠬᠦ ᠤᠯᠤᠰ ᠤᠨ ᠠᠷᠪᠠᠨ ᠳᠦᠷᠪᠡᠳᠤᠭᠡᠷ ᠬᠤᠭᠤᠴᠠᠭᠠᠠ ᠤ ᠡᠪᠦᠯ ᠤᠨ ᠤᠯᠠᠷᠢᠯ ᠤᠨ ᠪᠡᠶ᠎ᠡ ᠶᠢᠨ ᠲᠠᠮᠢᠷ ᠤᠨ ᠴᠤᠭᠯᠠᠭᠠᠨ ᠢ ᠠᠰᠢᠭᠯᠠᠵᠤ᠂ ᠮᠦᠰᠦ ᠴᠠᠰᠦᠨ ᠤ ᠬᠦᠳᠡᠯᠭᠡᠭᠡᠨ ᠢ ᠶᠡᠬᠡᠪᠡᠷ ᠦᠷᠨᠢᠭᠦᠯᠦᠨ᠎ᠡ᠃ ᠶᠠᠰᠤ ᠴᠢᠨᠠᠷ ᠢᠶᠠᠷ ᠬᠤᠲᠠ ᠪᠠᠨ ᠬᠦᠴᠦᠷᠬᠡᠭᠵᠢᠭᠦᠯᠬᠦ ᠠᠵᠢᠯ ᠢ ᠦᠷᠨᠢᠭᠦᠯᠵᠤ᠂ ᠢᠳᠡᠭᠡᠨ ᠪᠠ ᠡᠮ ᠤᠨ ᠵᠦᠢᠯ ᠤᠨ ᠬᠢᠨᠠᠨ ᠬᠠᠮᠢᠶᠠᠷᠤᠯᠲᠠ ᠪᠠᠨ ᠴᠢᠩᠭᠠᠷᠠᠭᠤᠯᠤᠨ᠎ᠠ᠃ ᠮᠠᠨ ᠤ ᠬᠤᠲᠠ ᠨᠢ ᠬᠢᠨᠠᠨ ᠡᠵᠡᠮᠰᠢᠬᠦ ᠬᠠᠶᠢᠭᠤᠷ ᠤᠭᠰᠠᠷᠠᠬᠤ ᠠᠵᠢᠯ ᠤᠨ ᠠᠩᠬᠠᠨ ᠤ ᠠᠯᠬᠤᠮ ᠢ ᠠᠯᠬᠤᠵᠤ᠂ ᠬᠤᠲᠠ ᠶᠢᠨ ᠠᠮᠤᠷ ᠲᠦᠪᠰᠢᠨ ᠤ ᠬᠠᠮᠢᠶᠠᠷᠤᠯᠲᠠ ᠶᠢᠨ ᠬᠢᠷᠢ ᠬᠡᠮᠵᠢᠶ᠎ᠡ ᠶᠢ ᠳᠡᠭᠡᠭᠰᠢᠯᠡᠭᠦᠯᠵᠡᠢ᠃ ᠬᠠᠷ᠎ᠠ ᠪᠦᠯᠦᠭᠲᠡᠨ ᠬᠠᠷᠬᠢᠰ ᠬᠦᠴᠦᠨ ᠢ ᠠᠷᠢᠯᠭᠠᠬᠤ ᠲᠤᠰᠬᠠᠢ ᠠᠵᠢᠯᠯᠠᠭ᠎ᠠ ᠶᠢ ᠦᠷᠭᠦᠯᠵᠢᠯᠠᠨ ᠦᠷᠨᠢᠭᠦᠯᠦᠭᠰᠡᠨ ᠮᠦᠷᠲᠡᠭᠡᠨ ᠫᠤᠤ ᠵᠡᠪᠰᠡᠭ᠂ ᠳᠡᠯᠪᠡᠷᠡᠬᠦ ᠡᠳ᠋ ᠪᠠ ᠬᠤᠤᠷ ᠢ ᠴᠠᠭᠠᠵᠠᠯᠠᠭᠰᠠᠨ ᠶᠤᠮ᠃     ︵ᠲᠠᠪᠤ︶ ᠦᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠳᠤ ᠠᠩᠬᠠᠷᠤᠯ ᠢᠶᠠᠨ ᠲᠦᠪᠯᠡᠷᠡᠭᠦᠯᠵᠤ᠂ ᠵᠠᠰᠠᠭ ᠤᠨ ᠤᠷᠳᠤᠨ ᠤ ᠦᠪᠡᠷ ᠤᠨ ᠪᠠᠶᠢᠭᠤᠯᠤᠯᠲᠡ ᠶᠢ ᠴᠢᠩᠭᠠᠳᠬᠠᠨ᠎ᠠ᠃      ᠬᠠᠤᠯᠢ ᠪᠠᠷ ᠵᠠᠰᠠᠬᠤ ᠵᠠᠰᠠᠭ ᠤᠨ ᠤᠷᠳᠤᠨ ᠢ ᠬᠦᠴᠦᠯᠡᠨ ᠪᠠᠶᠢᠭᠤᠯᠵᠤ᠂ ᠬᠦᠨᠳᠦ ᠶᠡᠭᠡ ᠵᠠᠰᠠᠭ ᠵᠠᠬᠢᠷᠭᠠᠨ ᠤ ᠰᠢᠢᠳᠪᠦᠷᠢ ᠶᠢᠨ ᠬᠠᠤᠯᠢ ᠶᠤᠰᠤᠨ ᠤ ᠪᠠᠶᠢᠴᠠᠭᠠᠯᠲᠠ ᠪᠠ ᠠᠶᠤᠯ ᠲᠦᠭᠰᠢᠭᠦᠷᠢ ᠶᠢᠨ ᠦᠨᠡᠯᠡᠯᠲᠡ ᠶᠢ ᠴᠢᠩᠭ᠎ᠠ ᠬᠢᠵᠤ᠂ ᠵᠠᠰᠠᠭ ᠵᠠᠬᠢᠷᠭᠠᠨ ᠤ ᠰᠢᠢᠳᠪᠦᠷᠢ ᠶᠢᠨ ᠵᠢᠷᠤᠮ ᠢ ᠤᠯᠡᠮ ᠨᠢᠭᠡ ᠠᠯᠬᠤᠮ ᠳᠦᠷᠢᠮᠵᠢᠭᠦᠯᠦᠨ᠎ᠡ᠃ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠳᠤ ᠬᠢᠨᠠᠯᠲᠡ‌‍ᠲ᠋ᠠᠯᠪᠢᠬᠤ ᠪᠠᠨ ᠴᠢᠩᠭᠠᠳᠬᠠᠨ᠎ᠠ᠃ ᠲᠦᠪ ᠴᠢᠩᠭ᠎ᠠ ᠬᠠᠤᠯᠢ ᠬᠡᠷᠡᠭᠵᠢᠭᠦᠯᠬᠦ᠂ ᠭᠤᠤᠯᠴᠢ ᠪᠠᠷ ᠬᠠᠤᠯᠢ ᠬᠡᠷᠡᠭᠵᠢᠭᠦᠯᠬᠦ ᠪᠠ ᠪᠤᠯᠪᠠᠰᠤᠨ ᠬᠠᠤᠯᠢ ᠬᠡᠷᠡᠭᠵᠢᠭᠦᠯᠬᠦ   ᠶᠢ ᠠᠬᠢᠭᠤᠯᠤᠨ᠎ᠠ᠃ ᠨᠡᠶᠢᠭᠡᠮ ᠤᠨ ᠲᠦᠪ ᠭᠤᠤᠯᠴᠢ ᠶᠢ ᠦᠨᠡᠨ ᠬᠦ ᠬᠠᠮᠠᠭᠠᠯᠠᠨ᠎ᠠ᠃ ᠠᠷᠢᠭᠤᠨ ᠴᠢᠭᠡᠴᠢ ᠵᠠᠰᠠᠭ ᠤᠨ ᠤᠷᠳᠤᠨ ᠢ ᠬᠦᠴᠦᠯᠡᠨ ᠪᠠᠶᠢᠭᠤᠯᠵᠤ᠂ ᠠᠷᠠᠳ ᠤᠨ ᠲᠦᠯᠦᠭᠡᠯᠡᠭᠴᠢᠳ ᠤᠨ ᠶᠡᠭᠡ ᠬᠤᠷᠡᠯ ᠤᠨ ᠬᠠᠤᠯᠢ ᠶᠤᠰᠤᠭᠠᠷ ᠬᠢᠨᠠᠯᠲᠠ‌‍ᠲ᠋ᠠᠯᠪᠢᠬᠤ ᠂ ᠤᠯᠤᠰ ᠲᠦᠷᠦ ᠶᠢᠨ ᠵᠦᠪᠯᠡᠯᠭᠡᠨ ᠤ ᠠᠷᠠᠳᠴᠢᠯᠠᠯ ᠢᠶᠠᠷ ᠬᠢᠨᠠᠯᠲᠡ ᠲᠠᠯᠪᠢᠬᠤ ᠪᠠ ᠬᠢᠨᠠᠨ ᠪᠠᠶᠢᠴᠠᠭᠠᠯᠲᠠ ᠶᠢᠨ ᠬᠢᠨᠠᠯᠲᠡ ᠲᠠᠯᠪᠢᠬᠤ ᠶᠢ ᠤᠬᠠᠮᠰᠡᠷ ᠠᠴᠠ ᠪᠠᠨ ᠬᠦᠯᠢᠶᠠᠨ ᠠᠪᠴᠦ᠂ ᠤᠯᠠᠨ ᠲᠦᠮᠡᠨ ᠤ ᠬᠢᠨᠠᠯᠲᠡ ᠲᠠᠯᠪᠢᠬᠤ ᠪᠤᠯᠤᠨ ᠬᠢᠨᠠᠨ ᠪᠤᠳᠤᠯᠲᠠ ᠶᠢᠨ ᠬᠢᠨᠠᠯᠲᠡ ᠲᠠᠯᠪᠢᠬᠤ ᠶᠢ ᠴᠢᠬᠤᠯᠠᠴᠢᠯᠠᠨ᠎ᠠ᠃ ᠰᠠᠬᠢᠯᠭ᠎ᠠ ᠪᠠᠲᠤ ᠶᠢ ᠢᠮᠠᠭᠲᠠ ᠪᠠᠷᠢᠮᠳᠠᠯᠠᠨ᠂ ᠨᠠᠮ ᠤᠨ ᠰᠤᠷᠳᠡᠯ ᠪᠠ ᠴᠢᠭᠡᠴᠢ ᠵᠠᠰᠠᠭ ᠤᠨ ᠪᠠᠶᠢᠭᠤᠯᠤᠯᠲᠡ ᠶᠢᠨ ᠬᠠᠷᠢᠭᠤᠴᠠᠯᠭ᠎ᠠ ᠶᠢᠨ ᠳᠦᠷᠢᠮ ᠢ ᠴᠢᠩᠭ᠎ᠠ ᠬᠡᠷᠡᠭᠵᠢᠭᠦᠯᠵᠦ᠂ ᠲᠦᠪ ᠴᠢᠭᠡᠴᠢ ᠵᠠᠰᠠᠭ ᠤᠨ ᠤᠷᠴᠢᠨ ᠢ ᠪᠦᠷᠢᠯᠳᠦᠭᠦᠯᠦᠨ᠎ᠡ᠃ ᠦᠨᠳᠦᠷ ᠪᠦᠲᠦᠮᠵᠢᠲᠠᠢ ᠵᠠᠰᠠᠭ ᠤᠨ ᠤᠷᠳᠤᠨ ᠢ ᠬᠦᠴᠦᠯᠡᠨ ᠪᠠᠶᠢᠭᠤᠯᠵᠤ᠂《 ᠪᠠᠭᠤᠯᠭᠠᠬᠤ ᠬᠠᠮᠢᠶᠠᠷᠬᠤ ᠦᠢᠯᠡᠴᠢᠯᠡᠬᠦ》 ᠪᠤᠯᠤᠨ《 ᠦᠨᠡᠮᠯᠡᠯ ᠪᠠ ᠭᠡᠷᠡᠴᠢ ᠶᠢ ᠰᠠᠯᠭᠠᠬᠤ》 ᠦᠭᠡᠷᠡᠴᠢᠯᠠᠯᠲᠠ ᠶᠢ  ᠭᠦᠨᠵᠡᠭᠡᠶᠢᠷᠡᠭᠦᠯᠦᠨ᠂ ᠵᠠᠰᠠᠭ ᠤᠨ ᠶᠠᠪᠤᠳᠠᠯ ‍ᠤᠨ‌ᠦᠢᠯᠡᠴᠢᠯᠡᠭᠡᠨ ᠤ《 ᠨᠢᠭᠡ ᠰᠦᠯᠵᠢᠶ᠎ᠡ᠂ ᠨᠢᠭᠡ ᠡᠭᠦᠳᠡ᠂ ᠨᠢᠭᠡ ᠤᠳᠠᠭ᠎ᠠ》 ᠶᠢᠨ ᠦᠭᠡᠷᠡᠴᠢᠯᠠᠯᠲᠠ ᠶᠢ ᠠᠬᠢᠭᠤᠯᠤᠨ᠎ᠡ᠃ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠢ ᠳᠡᠮᠵᠢᠬᠦ ᠪᠠ ᠵᠤᠷᠢᠭᠵᠢᠭᠤᠯᠵᠤ᠂ ᠠᠵᠤ ᠠᠬᠤᠶᠢᠯᠠᠯ ᠤᠨ ᠦᠢᠯᠡᠳᠪᠦᠷᠢᠯᠡᠯ ᠤᠨ ᠦᠪᠡᠷ ᠤᠨ ᠦᠷᠲᠡᠭ ᠪᠠ ᠠᠷᠠᠯᠵᠢᠶᠠᠨ ᠤ ᠦᠪᠡᠷ ᠤᠨ ᠦᠷᠲᠡᠭ ᠢ  ᠪᠠᠭᠤᠷᠠᠭᠤᠯᠤᠨ᠂ ᠲᠦᠪ ᠭᠤᠤᠯᠴᠢ ᠦᠷᠢᠰᠦᠯᠳᠦᠬᠦ ᠤᠷᠴᠢᠨ ᠢ ᠪᠦᠷᠢᠯᠳᠦᠭᠦᠯᠵᠦ᠂ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ ᠬᠦᠭᠵᠢᠯᠲᠡ ᠶᠢᠨ ᠤᠷᠤᠨ ᠵᠠᠢ ᠶᠢ ᠦᠷᠭᠡᠳᠭᠡᠨ᠎ᠡ᠃ ᠪᠤᠲᠠᠲᠠᠢ ᠠᠵᠢᠯ ᠬᠢᠬᠦ ᠵᠠᠰᠠᠭ ᠤᠨ ᠤᠷᠳᠤᠨ ᠢ ᠬᠦᠴᠦᠯᠡᠨ ᠪᠠᠶᠢᠭᠤᠯᠵᠤ᠂《 ᠳᠦᠷᠪᠡᠨ ᠦᠵᠡᠯ ᠤᠬᠠᠮᠰᠠᠷ》 ᠪᠠ《 ᠳᠦᠷᠪᠡᠨ ᠢᠲᠡᠭᠡᠯ》 ᠢ ᠪᠠᠲᠤ ᠪᠤᠯᠭᠠᠵᠤ᠂《ᠬᠤᠶᠠᠷ ᠢ ᠬᠠᠮᠠᠭᠠᠯᠠᠬᠤ》 ᠶᠢ ᠡᠷᠡᠰ ᠨᠠᠶᠢᠳᠠᠪᠤᠷᠢᠵᠢᠭᠤᠯᠵᠤ᠂ ᠵᠤᠷᠢᠭᠲᠠᠢ ᠠᠵᠢᠯᠯᠠᠵᠤ ᠬᠠᠷᠢᠭᠤᠴᠠᠯᠭ᠎ᠠ ᠡᠭᠦᠷᠭᠡᠯᠡᠬᠦ᠂ ᠦᠨᠡᠨ ᠪᠤᠳᠡᠲᠠᠢ ᠶᠢ ᠡᠷᠬᠢᠮᠯᠡᠬᠦ ᠬᠡᠪ ᠰᠤᠷᠲᠡᠯ ᠢ  ᠪᠠᠷᠢᠮᠳᠠᠯᠠᠨ᠂ ᠲᠦᠪ ᠤᠨ ᠰᠢᠢᠳᠪᠦᠷᠢᠲᠦ ᠪᠠᠶᠢᠷᠢᠯᠠᠭᠤᠯᠤᠯᠲᠡ ᠶᠢ ᠡᠷᠡᠰ ᠲᠤᠤᠱᠯᠠᠭᠤᠯᠵᠤ᠂ ᠪᠤᠲᠠᠲᠠᠢ ᠠᠮᠵᠢᠯᠲᠠ ᠪᠦᠲᠦᠮᠵᠢ ᠪᠠᠷ ᠢᠶᠠᠨ ᠤᠯᠠᠨ ᠲᠦᠮᠡᠨ ᠤ ᠢᠲᠡᠭᠡᠯ ᠢ ᠤᠯᠤᠨ᠎ᠠ᠃      ᠡᠯ᠎ᠡ ᠲᠦᠯᠦᠭᠡᠯᠡᠭᠴᠢᠳ ᠡ᠂ ᠰᠢᠨ᠎ᠡ ᠪᠠᠶᠢᠳᠠᠯ ᠳᠤᠤᠷ᠎ᠠ ᠮᠠᠨ ᠤ ᠡᠭᠦᠷᠭᠡ ᠬᠦᠨᠳᠦ ᠵᠠᠮ ᠬᠤᠯᠠ ᠪᠠᠶᠢᠨ᠎ᠠ᠃ ᠰᠢᠨ᠎ᠡ ᠡᠭᠦᠷᠭᠡ ᠪᠠᠨ ᠡᠭᠦᠷᠭᠡᠯᠡᠬᠦ ᠳᠤ ᠪᠢᠳᠡ ᠵᠠᠶᠢᠯᠠᠭᠤᠯᠵᠤ ᠪᠤᠯᠤᠰᠢ ᠦᠭᠡᠢ ᠬᠠᠷᠢᠭᠤᠴᠠᠯᠭ᠎ᠠ ᠲᠠᠢ ᠶᠤᠮ᠃ ᠬᠤᠲᠠ ᠶᠢᠨ ᠨᠠᠮ ᠤᠨ ᠬᠤᠷᠢᠶᠠᠨ ᠤ ᠵᠦᠪ ᠤᠳᠤᠷᠢᠳᠤᠯᠭ᠎ᠠ ᠪᠠ ᠬᠤᠲᠠ ᠶᠢᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠵᠢᠴᠢ ᠬᠤᠲᠠ ᠶᠢᠨ ᠤᠯᠤᠰ ᠲᠦᠷᠦ ᠶᠢᠨ ᠵᠦᠪᠯᠡᠯᠭᠡᠨ ᠤ ᠬᠢᠨᠠᠯᠲᠠ ᠳᠡᠮᠵᠢᠯᠭᠡ ᠳᠤᠤᠷ᠎ᠡ᠂ ᠪᠢᠳᠡ ᠪᠦᠬᠦ ᠬᠤᠲᠠ ᠶᠢᠨ ᠡᠯ᠎ᠡ ᠦᠨᠳᠦᠰᠦᠲᠡᠨ ᠤ ᠠᠷᠠᠳ ᠲᠦᠮᠡᠨ ᠢ ᠪᠦᠯᠭᠦᠮᠳᠡᠨ ᠳᠠᠶᠢᠴᠢᠯᠠᠵᠤ᠂  ᠪᠦᠬᠦ ᠰᠡᠳᠭᠢᠯ ᠪᠦᠬᠦ ᠵᠤᠷᠢᠭ ᠢᠶᠠᠷ ᠢᠶᠠᠨ ᠤᠷᠤᠭᠰᠢᠯᠠᠨ ᠲᠡᠮᠡᠴᠡᠵᠦ᠂ ᠡᠷᠭᠦᠨ᠎ᠡ ᠶᠢᠨ ᠰᠠᠶᠢᠨ ᠰᠠᠶᠢᠬᠠᠨ ᠢᠷᠡᠭᠡᠳᠦᠢ ᠶᠢᠨ ᠲᠦᠯᠦᠭᠡ ᠲᠡᠮᠡᠴᠡᠵᠡᠭᠡᠶ᠎ᠡ︕
ᠢᠷᠡᠯᠲᠡ᠄ ᠡᠷᠭᠦᠨ᠎ᠡ ᠬᠤᠲᠠ ᠶᠢᠨ ᠵᠠᠰᠠᠭ ᠤᠨ ᠤᠷᠳᠤᠨ ᠤ ᠠᠯᠪᠠᠨ ᠭᠡᠷ