ᠰᠤᠷᠭᠠᠨ ᠬᠥᠮᠦᠵᠢᠯ ᠤᠨ ᠶᠠᠮᠤᠨ᠄ ᠡᠳᠡᠭᠡᠷ ᠬᠦᠮᠦᠰ ᠤᠨ ᠣᠷᠣᠨ ᠲᠤᠭ᠎ᠠ ᠲᠠᠢ ᠠᠵᠢᠯ ᠤᠨ ᠪᠠᠶᠢᠷᠢ ᠲᠠᠢ ᠪᠤᠯᠬᠤ ᠶᠢ ᠪᠠᠲᠤᠯᠠᠬᠤ ᠭᠡᠷᠡᠭᠳᠡᠢ︕
ᠨᠡᠶᠢᠲᠡᠯᠡᠭᠰᠡᠨ ᠴᠠᠭ᠄
2023/1/12
   ᠰᠤᠷᠭᠠᠨ ᠬᠥᠮᠦᠵᠢᠯ ᠤᠨ ᠶᠠᠮᠤᠨ᠄ ᠠᠵᠢᠯ ᠣᠯᠭᠤᠯᠲᠠ ᠶᠢᠨ ᠨᠥᠬᠦᠴᠡᠯ ᠳᠤ ᠨᠡᠶᠢᠴᠡᠬᠦ ᠠᠯᠪᠠᠨ ᠤ ᠰᠦᠢᠳᠭᠡᠯ ᠢᠶᠠᠷ ᠰᠤᠷᠤᠯᠴᠠᠬᠰᠠᠨ ᠪᠠᠭᠰᠢ ᠶᠢᠨ ᠮᠡᠷᠭᠡᠵᠢᠯ ᠤᠨ ᠤᠶᠤᠲᠠᠳ ᠤᠨ ᠣᠷᠣᠨ ᠲᠤᠭ᠎ᠠ ᠲᠠᠢ ᠠᠵᠢᠯ ᠤᠨ ᠪᠠᠶᠢᠷᠢ ᠲᠠᠢ ᠪᠤᠯᠬᠤ ᠶᠢ ᠪᠠᠲᠤᠯᠠᠬᠤ ᠭᠡᠷᠡᠭᠳᠡᠢ            ᠰᠤᠷᠪᠤᠯᠵᠢᠯᠠᠭᠴᠢ 9 ᠤ ᠡᠳᠦᠷ ᠰᠤᠷᠭᠠᠨ ᠬᠥᠮᠦᠵᠢᠯ ᠤᠨ ᠶᠠᠮᠤᠨ ᠠᠴᠠ ᠣᠶᠢᠯᠠᠭᠠᠭᠰᠠᠨ ᠢᠶᠠᠷ᠂  ︽2023  ᠣᠨ ᠤ ᠰᠤᠷᠭᠠᠨ ᠬᠥᠮᠦᠵᠢᠯ ᠤᠨ ᠶᠠᠮᠤᠨ ᠤ ᠰᠢᠭᠤᠳ ᠬᠠᠷᠢᠶ᠎ᠠ  ᠪᠠᠭᠰᠢ ᠶᠢᠨ ᠶᠡᠭᠡ ᠰᠤᠷᠭᠠᠭᠤᠯᠢ ᠶᠢᠨ ᠠᠯᠪᠠᠨ ᠤ ᠰᠦᠢᠳᠭᠡᠯ ᠢᠶᠠᠷ ᠰᠤᠷᠤᠯᠴᠠᠬᠰᠠᠨ  ᠪᠠᠭᠰᠢ ᠶᠢᠨ ᠰᠤᠷᠭᠠᠭᠤᠯᠢ ᠲᠡᠭᠦᠰᠦᠭᠰᠡᠳ ᠲᠤ ᠠᠵᠢᠯ ᠣᠯᠭᠤᠬᠤ ᠠᠵᠢᠯ ᠢ ᠰᠠᠶᠢᠲᠤᠷ ᠬᠢᠬᠦ ᠲᠤᠬᠠᠶ ᠮᠡᠳᠡᠭᠳᠡᠯ︾ ᠢ ᠲᠦᠷᠦᠭᠦᠬᠡᠨ ᠳᠠᠷᠤᠮᠠᠯᠯᠠᠨ ᠲᠠᠷᠬᠠᠭᠠᠪᠠ᠃ ᠮᠡᠳᠡᠭᠳᠡᠯ ᠳᠤ᠂ ᠡᠯ᠎ᠡ ᠮᠤᠵᠢ ᠶᠢᠨ ᠱᠠᠲᠤᠨ ᠤ ᠰᠤᠷᠭᠠᠨ ᠬᠥᠮᠦᠵᠢᠯ ᠤᠨ ᠵᠠᠰᠠᠭ ᠵᠠᠬᠢᠷᠭᠠᠨ ᠤ ᠰᠠᠯᠠᠭ᠎ᠠ  ᠮᠥᠴᠢᠷ ᠨᠢ ᠠᠯᠪᠠᠨ ᠤ ᠰᠦᠢᠳᠭᠡᠯ ᠢᠶᠠᠷ ᠰᠤᠷᠤᠯᠴᠠᠬᠰᠠᠨ ᠪᠠᠭᠰᠢ ᠶᠢᠨ ᠮᠡᠷᠭᠡᠵᠢᠯ ᠤᠨ ᠤᠶᠤᠲᠠᠳ ᠤᠨ ᠲᠤᠰᠬᠠᠶ ᠡᠯᠰᠡᠯᠲᠡ ᠶᠢᠨ ᠠᠵᠢᠯᠯᠠᠭ᠎ᠠ ᠶᠢ ᠦᠷᠭᠦᠯᠵᠢᠯᠡᠨ ᠵᠣᠬᠢᠶᠠᠨ ᠪᠠᠶᠢᠭᠤᠯᠵᠤ᠂ ᠬᠤᠭᠤᠰᠣᠨ ᠣᠷᠣᠨ ᠲᠤᠭ᠎ᠠ ᠶᠢ ᠤᠷᠢᠳ ᠢᠶᠠᠷ ᠠᠰᠢᠭᠯᠠᠨ ᠡᠯᠰᠡᠨ ᠠᠪᠬᠤ ᠵᠡᠷᠭᠡ ᠠᠷᠭ᠎ᠠ ᠪᠠᠷ ᠳᠠᠮᠵᠢᠭᠤᠯᠤᠨ᠂ ᠠᠵᠢᠯ ᠣᠯᠭᠤᠬᠤ ᠨᠥᠬᠦᠴᠡᠯ ᠳᠤ ᠨᠡᠶᠢᠴᠡᠬᠦ ᠠᠯᠪᠠᠨ ᠤ ᠰᠦᠢᠳᠭᠡᠯ ᠢᠶᠠᠷ ᠰᠤᠷᠤᠯᠴᠠᠬᠰᠠᠨ ᠪᠠᠭᠰᠢ ᠶᠢᠨ ᠮᠡᠷᠭᠡᠵᠢᠯ ᠤᠨ ᠤᠶᠤᠲᠠᠳ ᠤᠨ ᠣᠷᠣᠨ ᠲᠤᠭ᠎ᠠ ᠲᠠᠢ ᠠᠵᠢᠯ ᠤᠨ ᠪᠠᠶᠢᠷᠢ ᠲᠠᠢ ᠪᠤᠯᠬᠤ ᠶᠢ ᠪᠠᠲᠤᠯᠠᠵᠤ᠂ ᠪᠠᠭᠰᠢᠯᠠᠬᠤ ᠰᠤᠷᠭᠠᠭᠤᠯᠢ ᠶᠢ ᠨᠢ ᠪᠦᠬᠦᠨ ᠢ ᠨᠠᠶᠢᠳᠠᠪᠤᠷᠢᠵᠢᠭᠤᠯᠵᠤ᠂ ︽ᠣᠷᠣᠨ ᠲᠤᠭ᠎ᠠ ᠪᠠᠶᠢᠭᠠᠳ ᠨᠥᠬᠦᠪᠥᠷᠢᠯᠡᠬᠦ ᠥᠬᠡᠶ︾ ᠪᠠᠶᠢᠬᠤ ᠶᠠᠪᠤᠳᠠᠯ ᠢ ᠴᠢᠩᠭ᠎ᠠ ᠬᠤᠷᠢᠬᠯᠠᠬᠤ ᠬᠡᠷᠡᠭᠲᠡᠶ ᠭᠡᠵᠦ ᠱᠠᠭᠠᠷᠳᠠᠪᠠ᠃            ᠮᠡᠳᠡᠭᠳᠡᠯ ᠳᠤ᠂ 2023 ᠣᠨ ᠤ 5 ᠳ᠋ᠤᠭᠠᠷ ᠰᠠᠷ᠎ᠠ ᠶᠢᠨ ᠰᠡᠭᠦᠯᠴᠢ ᠠᠴᠠ  ᠡᠮᠦᠨ᠎ᠡ᠂ 90% ᠶᠢᠨ ᠠᠯᠪᠠᠨ ᠤ ᠰᠦᠢᠳᠭᠡᠯ ᠢᠶᠠᠷ ᠰᠤᠷᠤᠯᠴᠠᠬᠰᠠᠨ ᠪᠠᠭᠰᠢ ᠶᠢᠨ ᠮᠡᠷᠭᠡᠵᠢᠯ ᠤᠨ ᠤᠶᠤᠲᠠᠳ ᠤᠨ ᠬᠤᠤᠰ ᠴᠢᠭᠯᠡᠯᠳᠦ ᠰᠤᠩᠭᠤᠯᠳᠠ ᠪᠠᠷ ᠲᠠᠮᠵᠢᠨ ᠪᠠᠭᠰᠢᠯᠠᠬᠤ ᠰᠤᠷᠭᠠᠭᠤᠯᠢ ᠶᠢ ᠨᠢ ᠨᠠᠶᠢᠳᠠᠪᠤᠷᠢᠵᠢᠭᠤᠯᠬᠤ ᠶᠢ ᠦᠨᠡᠨ ᠬᠦ ᠪᠠᠲᠤᠯᠠᠬᠤ ᠬᠡᠷᠡᠭᠲᠡᠶ᠃ 2023 ᠣᠨ ᠤ 6 ᠳ᠋ᠤᠭᠠᠷ ᠰᠠᠷ᠎ᠠ ᠶᠢᠨ ᠰᠡᠭᠦᠯᠴᠢ ᠪᠣᠯᠲᠠᠯ᠎ᠠ ᠮᠥᠨ ᠬᠦ ᠭᠡᠷ᠎ᠡ ᠲᠣᠭᠲᠠᠭᠠᠳᠤᠶ ᠠᠯᠪᠠᠨ ᠤ ᠰᠦᠢᠳᠭᠡᠯ ᠢᠶᠠᠷ ᠰᠤᠷᠤᠯᠴᠠᠬᠰᠠᠨ ᠪᠠᠭᠰᠢ ᠶᠢᠨ ᠮᠡᠷᠭᠡᠵᠢᠯ ᠤᠨ ᠤᠶᠤᠲᠠᠳ ᠤᠨ ᠲᠠᠩᠰᠠ ᠡᠪᠬᠡᠮᠡᠯ᠂ ᠡᠷᠦᠬᠡ ᠠᠮᠠ ᠵᠡᠷᠭᠡ ᠶᠢ ᠰᠣᠷᠣᠭᠴᠢ ᠶᠢᠨ ᠢᠷᠡᠯᠲᠡ ᠶᠢᠨ ᠭᠠᠵᠠᠷ ᠤᠨ ᠮᠤᠵᠢ ᠶᠢᠨ ᠱᠠᠲᠤᠨ ᠤ ᠰᠤᠷᠭᠠᠨ ᠬᠥᠮᠦᠵᠢᠯ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠲᠤ ᠰᠢᠯᠵᠢᠭᠦᠯᠵᠦ᠂ ᠡᠯ᠎ᠡ ᠮᠤᠵᠢ ᠶᠢᠨ ᠱᠠᠲᠤᠨ ᠤ ᠰᠤᠷᠭᠠᠨ ᠬᠥᠮᠦᠵᠢᠯ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠠᠴᠠ ᠬᠤᠯᠪᠣᠭᠳᠠᠯ ᠪᠥᠬᠦᠶ ᠰᠠᠯᠠᠭ᠎ᠠ ᠮᠥᠴᠢᠷ ᠲᠠᠢ ᠬᠠᠮᠲᠤᠷᠠᠨ ᠪᠠᠭᠰᠢ ᠳᠤᠲᠠᠭᠳᠠᠵᠤ ᠪᠠᠶᠢᠭ᠎ᠠ ᠭᠠᠵᠠᠷ ᠣᠷᠣᠨ ᠤ ᠳᠤᠮᠳᠠᠳᠤ ᠪᠠᠭ᠎ᠠ ᠰᠤᠷᠭᠠᠭᠤᠯᠢ ᠳᠤ ᠨᠢᠭᠡᠳᠦᠯᠲᠡᠶ ᠲᠣᠬᠢᠷᠠᠭᠤᠯᠤᠨ ᠪᠠᠭᠰᠢᠯᠠᠭᠤᠯᠵᠤ᠂ ᠠᠯᠪᠠᠨ ᠤ ᠰᠦᠢᠳᠭᠡᠯ ᠢᠶᠠᠷ ᠰᠤᠷᠤᠯᠴᠠᠬᠰᠠᠨ ᠪᠠᠭᠰᠢ ᠶᠢᠨ ᠮᠡᠷᠭᠡᠵᠢᠯ ᠤᠨ ᠤᠶᠤᠲᠠᠳ ᠢ ᠰᠤᠷᠭᠠᠭᠤᠯᠢ ᠠᠴᠠ ᠨᠢ ᠰᠠᠯᠬᠤ ᠠᠴᠠ ᠡᠮᠦᠨ᠎ᠡ ᠡᠷᠬᠡᠪᠰᠢ ᠪᠠᠭᠰᠢᠯᠠᠬᠤ ᠰᠤᠷᠭᠠᠭᠤᠯᠢ ᠶᠢ   ᠨᠢ  ᠪᠦᠬᠦᠨ ᠢ ᠨᠠᠶᠢᠳᠠᠪᠤᠷᠢᠵᠢᠭᠤᠯᠬᠤ ᠬᠡᠷᠡᠭᠲᠡᠶ ᠭᠡᠵᠦ ᠱᠠᠭᠠᠷᠳᠠᠵᠠᠢ᠃             ᠮᠡᠳᠡᠭᠳᠡᠯ ᠢ ᠦᠨᠳᠦᠰᠦᠯᠡᠪᠡᠯ᠂ ᠡᠯ᠎ᠡ ᠮᠤᠵᠢ ᠶᠢᠨ ᠱᠠᠲᠤᠨ ᠤ ᠰᠤᠷᠭᠠᠨ ᠬᠥᠮᠦᠵᠢᠯ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠨᠢ ᠠᠯᠪᠠᠨ ᠤ ᠰᠦᠢᠳᠭᠡᠯ ᠢᠶᠠᠷ ᠰᠤᠷᠤᠯᠴᠠᠬᠰᠠᠨ ᠪᠠᠭᠰᠢ ᠶᠢᠨ ᠮᠡᠷᠭᠡᠵᠢᠯ ᠤᠨ ᠤᠶᠤᠲᠠᠳ ᠤᠨ ᠭᠡᠷ᠎ᠡ ᠪᠠᠨ ᠬᠦᠢᠴᠡᠳᠭᠡᠬᠦ ᠬᠠᠮᠢᠶᠠᠷᠤᠯᠲᠠ ᠶᠢ ᠴᠢᠩᠭᠠᠳᠬᠠᠵᠤ᠂ ᠠᠯᠪᠠᠨ ᠤ ᠰᠦᠢᠳᠭᠡᠯ ᠢᠶᠠᠷ ᠰᠤᠷᠤᠯᠴᠠᠬᠰᠠᠨ ᠪᠠᠭᠰᠢ ᠶᠢᠨ ᠮᠡᠷᠭᠡᠵᠢᠯ ᠤᠨ ᠤᠶᠤᠲᠠᠳ ᠤᠨ ᠠᠯᠪᠠᠨ ᠤ ᠰᠦᠢᠳᠭᠡᠯ ᠤᠨ ᠰᠤᠷᠭᠠᠨ ᠬᠥᠮᠦᠵᠢᠯ ᠤᠨ ᠬᠡᠯᠡᠯᠴᠡᠭᠡᠷ ᠢ ᠴᠢᠩᠭ᠎ᠠ ᠬᠡᠷᠡᠭᠵᠢᠭᠦᠯᠬᠦ ᠶᠢ ᠦᠨᠡᠨ ᠬᠦ ᠪᠠᠲᠤᠯᠠᠵᠤ᠂ ᠬᠦᠨᠳᠦ ᠡᠪᠡᠳᠴᠢᠨ ᠠᠴᠠ ᠪᠣᠯᠵᠣ ᠰᠤᠷᠤᠯᠭ᠎ᠠ ᠪᠠᠨ ᠳᠠᠭᠤᠰᠬᠠᠵᠤ ᠳᠡᠶᠢᠯᠬᠦ ᠥᠬᠡᠶ ᠪᠤᠶᠤ ᠪᠠᠭᠰᠢᠯᠠᠬᠤ ᠳᠤ ᠳᠣᠭᠢᠷᠠᠬᠤ ᠥᠬᠡᠶ ᠪᠥᠭᠡᠳ ᠮᠤᠵᠢ ᠶᠢᠨ ᠱᠠᠲᠤᠨ ᠤ ᠰᠤᠷᠭᠠᠨ ᠬᠥᠮᠦᠵᠢᠯ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠤᠨ ᠵᠢᠭᠠᠨ ᠲᠣᠭᠲᠠᠭᠠᠭᠰᠠᠨ ᠭᠤᠷᠪᠠᠳᠤᠭᠠᠷ ᠳᠡᠰ ᠤᠨ ᠬᠥᠬᠡ ᠡᠮᠨᠡᠯᠭᠡ ᠶᠢᠨ ᠬᠤᠷᠢᠶ᠎ᠠ  ᠶᠢᠨ ᠪᠠᠭᠰᠢ ᠶᠢᠨ ᠬᠢᠷᠢ ᠬᠡᠮ ᠢ ᠮᠠᠭᠠᠳᠯᠠᠨ ᠲᠣᠭᠲᠠᠭᠠᠬᠤ  ᠪᠡᠶ᠎ᠡ ᠶᠢᠨ ᠪᠠᠶᠢᠴᠠᠭᠠᠯᠲᠠ ᠶᠢᠨ ᠪᠠᠷᠢᠮᠵᠢᠶ᠎ᠠ ᠶᠣᠰᠣᠭᠠᠷ ᠪᠠᠶᠢᠴᠠᠭᠠᠵᠤ ᠨᠤᠲᠠᠯᠠᠭᠰᠠᠨ ᠤ ᠳᠠᠷᠠᠭ᠎ᠠ ᠬᠡᠯᠡᠯᠴᠡᠭᠡᠷ ᠢᠶᠠᠨ ᠴᠤᠴᠠᠯᠬᠤ ᠠᠴᠠ ᠭᠠᠳᠠᠨᠠᠬᠢ ᠲᠣᠰ ᠬᠤᠭᠤᠴᠠᠭᠠᠨ ᠤ ᠠᠯᠪᠠᠨ ᠤ ᠰᠦᠢᠳᠭᠡᠯ ᠢᠶᠠᠷ ᠰᠤᠷᠤᠯᠴᠠᠬᠰᠠᠨ ᠪᠠᠭᠰᠢ ᠶᠢᠨ ᠮᠡᠷᠭᠡᠵᠢᠯ ᠤᠨ ᠤᠶᠤᠲᠠᠳ ᠰᠤᠷᠭᠠᠭᠤᠯᠢ ᠲᠡᠭᠦᠰᠬᠦ ᠠᠴᠠ ᠡᠮᠦᠨ᠎ᠡ ᠴᠥᠮ ᠭᠡᠷ᠎ᠡ ᠪᠠᠨ ᠴᠤᠴᠠᠯᠵᠤ ᠪᠣᠯᠬᠤ ᠥᠬᠡᠶ᠃ ᠠᠯᠪᠠᠨ ᠤ ᠰᠦᠢᠳᠭᠡᠯ ᠢᠶᠠᠷ ᠰᠤᠷᠤᠯᠴᠠᠬᠰᠠᠨ ᠪᠠᠭᠰᠢ ᠶᠢᠨ ᠮᠡᠷᠭᠡᠵᠢᠯ ᠤᠨ ᠤᠶᠤᠲᠠᠳ ᠣᠨᠴᠠᠭᠠᠶ ᠰᠢᠯᠲᠠᠭᠠᠨ ᠠᠴᠠ ᠪᠣᠯᠵᠣ ᠬᠡᠯᠡᠯᠴᠡᠭᠡᠷ ᠢᠶᠠᠨ ᠬᠦᠢᠴᠡᠳᠭᠡᠵᠦ ᠳᠡᠶᠢᠯᠬᠦ ᠥᠬᠡᠶ ᠪᠣᠯ᠂ ᠡᠷᠬᠡᠪᠰᠢ ᠰᠣᠷᠣᠭᠴᠢ ᠶᠢᠨ ᠢᠷᠡᠯᠲᠡ ᠶᠢᠨ ᠭᠠᠵᠠᠷ ᠤᠨ ᠮᠤᠵᠢ ᠶᠢᠨ ᠱᠠᠲᠤᠨ ᠤ ᠰᠤᠷᠭᠠᠨ ᠬᠥᠮᠦᠵᠢᠯ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠢᠶᠠᠷ ᠵᠥᠪᠰᠢᠶᠡᠷᠡᠭᠦᠯᠬᠦ ᠶᠢᠨ ᠬᠠᠮᠲᠤ᠂  ᠨᠢᠭᠡᠨᠲᠡ ᠭᠥᠷᠳᠡᠭᠰᠡᠨ ᠠᠯᠪᠠᠨ ᠤ ᠰᠦᠢᠳᠭᠡᠯ ᠢᠶᠠᠷ ᠰᠤᠷᠤᠯᠴᠠᠬᠰᠠᠨ ᠰᠤᠷᠭᠠᠨ ᠬᠥᠮᠦᠵᠢᠯ ᠤᠨ ᠰᠦᠢᠳᠭᠡᠯ ᠢ ᠲᠣᠭᠲᠠᠭᠠᠯ ᠶᠣᠰᠣᠭᠠᠷ ᠪᠤᠴᠠᠭᠠᠵᠤ᠂ ᠭᠡᠷ᠎ᠡ ᠵᠥᠷᠢᠴᠡᠭᠰᠡᠨ ᠮᠥᠩᠭᠦ ᠲᠤᠰᠢᠶᠠᠵᠤ᠂ ᠪᠠᠭᠰᠢ ᠶᠢᠨ ᠮᠡᠷᠭᠡᠵᠢᠯ ᠤᠨ ᠤᠶᠤᠲᠠᠳ ᠤᠨ ᠠᠯᠪᠠᠨ ᠤ ᠰᠦᠢᠳᠭᠡᠯ ᠢᠶᠠᠷ ᠰᠤᠷᠤᠯᠴᠠᠬᠰᠠᠨ ᠰᠤᠷᠭᠠᠨ ᠬᠦᠮᠦᠵᠢᠯ ᠤᠨ ᠬᠡᠯᠡᠯᠴᠡᠭᠡᠷ ᠢ ᠬᠦᠴᠦᠨ ᠥᠬᠡᠶ ᠪᠣᠯᠭᠠᠬᠤ ᠬᠡᠷᠡᠭᠲᠡᠶ ᠭᠡᠪᠡ᠃            ᠮᠡᠳᠡᠭᠳᠡᠯ ᠳᠤ ᠪᠠᠰᠠ᠂ ᠡᠯ᠎ᠡ ᠮᠤᠵᠢ ᠶᠢᠨ ᠱᠠᠲᠤᠨ ᠤ ᠰᠤᠷᠭᠠᠨ ᠬᠥᠮᠦᠵᠢᠯ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠨᠢ ᠪᠠᠶᠢᠭᠤᠯᠤᠮᠵᠢ ᠣᠷᠣᠨ ᠲᠣᠭᠠᠨ ᠤ ᠰᠠᠯᠠᠭ᠎ᠠ ᠮᠥᠴᠢᠷ ᠲᠠᠢ ᠬᠠᠮᠲᠤᠷᠠᠨ ᠬᠠᠷᠭᠤᠭᠤᠯᠤᠨ ᠲᠣᠭᠲᠠᠭᠠᠭᠰᠠᠨ ᠳᠤᠮᠳᠠᠳᠤ ᠪᠠᠭ᠎ᠠ ᠰᠤᠷᠭᠠᠭᠤᠯᠢ ᠶᠢᠨ ᠪᠠᠭᠰᠢ ᠶᠢᠨ ᠣᠷᠣᠨ ᠲᠤᠭ᠎ᠠ ᠶᠢᠨ ᠶᠡᠷᠦᠩᠬᠡᠶ ᠲᠤᠭ᠎ᠠ ᠶᠢᠨ ᠳᠣᠲᠣᠷ᠎ᠠ᠂ ᠠᠯᠪᠠᠨ ᠤ ᠰᠦᠢᠳᠭᠡᠯ ᠢᠶᠠᠷ ᠰᠤᠷᠤᠯᠴᠠᠬᠰᠠᠨ ᠪᠠᠭᠰᠢ ᠶᠢᠨ ᠮᠡᠷᠭᠡᠵᠢᠯ ᠤᠨ ᠤᠶᠤᠲᠠᠳ ᠤᠨ ᠣᠷᠣᠨ ᠲᠤᠭ᠎ᠠ ᠶᠢᠨ ᠲᠥᠯᠥᠪᠯᠡᠭᠡ ᠶᠢ ᠤᠷᠢᠳᠴᠢᠯᠠᠨ ᠳᠣᠭᠢᠷᠠᠭᠤᠯᠵᠦ ᠣᠨᠣᠪᠴᠢᠲᠠᠶ ᠬᠠᠷᠭᠤᠭᠤᠯᠤᠨ ᠪᠠᠶᠢᠴᠠᠭᠠᠵᠤ᠂ ᠲᠣᠰ ᠭᠠᠵᠠᠷ ᠣᠷᠣᠨ ᠤ ᠳᠤᠮᠳᠠᠳᠤ ᠪᠠᠭ᠎ᠠ ᠰᠤᠷᠭᠠᠭᠤᠯᠢ ᠶᠢᠨ ᠪᠠᠭᠰᠢ ᠶᠢᠨ ᠠᠵᠢᠯ ᠤᠨ ᠪᠠᠶᠢᠷᠢ ᠶᠢᠨ ᠬᠡᠷᠡᠭᠴᠡᠭᠡ ᠱᠠᠭᠠᠷᠳᠠᠯᠭ᠎ᠠ ᠶᠢ ᠨᠢᠭᠡᠳᠦᠯᠲᠡᠶ ᠲᠥᠯᠥᠪᠯᠡᠬᠦ ᠬᠡᠷᠡᠭᠲᠡᠶ᠃ ᠡᠯ᠎ᠡ ᠮᠤᠵᠢ ᠶᠢᠨ ᠱᠠᠲᠤᠨ ᠤ ᠰᠤᠷᠭᠠᠨ ᠬᠥᠮᠦᠵᠢᠯ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ᠂ ᠡᠯ᠎ᠡ ᠶᠠᠮᠤᠨ ᠤ ᠬᠠᠷᠢᠶ᠎ᠠ ᠪᠠᠭᠰᠢ ᠶᠢᠨ ᠶᠡᠭᠡ ᠰᠤᠷᠭᠠᠭᠤᠯᠢ ᠨᠢ ᠬᠠᠮᠢᠶ᠎ᠠ ᠪᠥᠬᠦᠶ ᠡᠭᠦᠷᠭᠡ ᠴᠢᠳᠡᠪᠬᠢᠳᠦ ᠰᠠᠯᠠᠭ᠎ᠠ ᠮᠥᠴᠢᠷ ᠯᠦᠭᠡ ᠵᠣᠬᠢᠴᠠᠯᠳᠤᠨ ᠬᠠᠮᠵᠢᠯᠴᠠᠬᠤ ᠪᠠᠨ ᠴᠢᠩᠭᠠᠳᠬᠠᠵᠤ᠂ ᠲᠣᠭᠲᠠᠮᠠᠯ ᠬᠤᠭᠤᠴᠠᠭ᠎ᠠ ᠲᠠᠢ ᠪᠠᠷ ᠵᠥᠪᠳᠡᠯᠴᠡᠬᠦ ᠲᠣᠭᠲᠠᠴᠠ ᠶᠢ ᠪᠠᠶᠢᠭᠤᠯᠵᠤ᠂ ᠠᠯᠪᠠᠨ ᠤ ᠰᠦᠢᠳᠭᠡᠯ ᠢᠶᠠᠷ ᠰᠤᠷᠤᠯᠴᠠᠬᠰᠠᠨ ᠪᠠᠭᠰᠢ ᠶᠢᠨ ᠮᠡᠷᠭᠡᠵᠢᠯ ᠤᠨ ᠤᠶᠤᠲᠠᠳ ᠤᠨ ᠠᠵᠢᠯ ᠣᠯᠭᠤᠯᠲᠠ ᠶᠢᠨ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠨ ᠪᠣᠳᠠᠲᠠᠶᠢᠵᠢᠭᠤᠯᠬᠤ ᠶᠢ ᠦᠨᠡᠨ ᠬᠦ ᠪᠠᠲᠤᠯᠠᠬᠤ ᠭᠡᠷᠡᠭᠳᠡᠢ ᠭᠡᠵᠦ ᠱᠠᠭᠠᠷᠳᠠᠵᠠᠢ᠃
ᠢᠷᠡᠯᠲᠡ᠄ ᠠᠷᠠᠳ ᠤᠨ ᠰᠦᠯᠵᠢᠶ᠎ᠡ