ᠡᠷᠭᠦᠨ᠎ᠡ ᠬᠤᠲᠠ ᠶᠢᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠦᠪᠯᠡᠯ
ᠨᠡᠶᠢᠲᠡᠯᠡᠭᠰᠡᠨ ᠴᠠᠭ᠄
2023/10/31
ᠭᠤᠤᠯ ᠡᠭᠦᠷᠭᠡ ᠬᠠᠷᠢᠭᠤᠴᠠᠯᠭ᠎ᠠ᠄        ︵ᠨᠢᠭᠡ︶ ᠤᠯᠤᠰ᠂ ᠦᠪᠡᠷᠲᠡᠭᠡᠨ ᠵᠠᠰᠠᠬᠤ ᠤᠷᠤᠨ ᠪᠠ ᠬᠦᠯᠦᠨ ᠪᠤᠶᠢᠷ ᠬᠤᠲᠠ ᠶᠢᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠠᠵᠢᠯ ᠤᠨ ᠲᠤᠬᠠᠢ ᠬᠠᠤᠯᠢ ᠴᠠᠭᠠᠵᠠ ᠬᠠᠤᠯᠢ ᠳᠦᠷᠢᠮ ᠵᠢᠴᠢ ᠬᠠᠮᠢᠶ᠎ᠠ ᠪᠦᠬᠦᠢ ᠲᠦᠷᠦ ᠶᠢᠨ ᠪᠤᠳᠤᠯᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠤᠨ᠎ᠠ᠃ ᠪᠦᠬᠦ ᠬᠤᠲᠠᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠲᠦᠷᠦ ᠶᠢᠨ ᠪᠤᠳᠤᠯᠭ᠎ᠠ᠂ ᠠᠷᠭ᠎ᠠ ᠬᠡᠮᠵᠢᠶ᠎ᠡ ᠪᠤᠯᠤᠨ ᠲᠦᠯᠦᠪᠯᠡᠭᠡ ᠶᠢ ᠲᠤᠭᠲᠠᠭᠠᠨ᠎ᠠ᠃ ᠤᠷᠤᠨ ᠨᠤᠲᠤᠭ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠪᠠᠷᠢᠮᠵᠢᠶ᠎ᠠ ᠶᠢ ᠲᠤᠭᠲᠠᠭᠠᠬᠤ ᠮᠦᠷᠲᠡᠭᠡᠨ ᠵᠤᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠡᠬᠢ ᠪᠠᠶᠠᠯᠢᠭ ᠢ ᠨᠢᠭᠡᠲᠦᠯᠲᠡᠢ ᠲᠦᠯᠦᠪᠯᠡᠨ᠎ᠡ᠃ ᠤᠷᠤᠨ ᠬᠡᠪᠴᠢᠶᠡᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠲᠦᠯᠦᠪᠯᠡᠭᠡ ᠶᠢ ᠲᠤᠭᠲᠠᠭᠠᠨ ᠬᠡᠷᠡᠭᠵᠢᠭᠦᠯᠦᠨ᠎ᠡ᠃ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠦᠨᠳᠦᠰᠦᠨ ᠤᠯᠠᠨ ᠨᠡᠶᠢᠲᠡ ᠶᠢᠨ ᠦᠢᠯᠡᠴᠢᠯᠡᠭᠡ ᠶᠢ ᠲᠡᠩᠴᠡᠭᠦᠷᠢᠰᠢᠭᠦᠯᠬᠦ᠂ ᠲᠦᠭᠡᠮᠡᠯᠵᠢᠭᠦᠯᠬᠦ᠂ ᠳᠦᠭᠦᠮᠴᠢᠯᠡᠬᠦ ᠪᠤᠯᠤᠨ ᠤᠯᠠᠨ ᠨᠡᠶᠢᠲᠡ ᠶᠢᠨ ᠡᠬᠢ ᠪᠠᠶᠠᠯᠢᠭ ᠢ ᠦᠨᠳᠦᠰᠦᠨ ᠱᠠᠲᠤᠨ ᠳᠤ ᠬᠦᠷᠭᠡᠬᠦ ᠲᠦᠷᠦ ᠶᠢᠨ ᠪᠤᠳᠤᠯᠭ᠎ᠠ ᠠᠷᠭ᠎ᠠ ᠬᠡᠮᠵᠢᠶ᠎ᠡ ᠶᠢ ᠲᠤᠭᠲᠠᠭᠠᠬᠤ ᠮᠦᠷᠲᠡᠭᠡᠨ ᠬᠡᠷᠡᠭᠵᠢᠭᠦᠯᠦᠨ᠎ᠡ᠃ ᠪᠦᠬᠦ ᠬᠤᠲᠠᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠮᠡᠳᠡᠭᠡ ᠵᠠᠩᠭᠢᠴᠢᠯᠠᠯᠲᠠ ᠶᠢᠨ ᠪᠦᠲᠦᠭᠡᠨ ᠪᠠᠶᠢᠭᠤᠯᠤᠯᠲᠠ ᠶᠢ ᠲᠦᠯᠬᠢᠨ ᠠᠬᠢᠭᠤᠯᠤᠨ᠎ᠠ᠃       ︵ᠬᠤᠶᠠᠷ︶ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢᠨ ᠦᠭᠡᠷᠡᠴᠢᠯᠡᠯᠲᠡ ᠶᠢ ᠵᠤᠬᠢᠴᠠᠭᠤᠯᠤᠨ ᠠᠬᠢᠭᠤᠯᠤᠨ᠎ᠠ᠃ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢᠨ ᠦᠭᠡᠷᠡᠴᠢᠯᠡᠯᠲᠡ ᠶᠢ ᠭᠦᠨᠵᠡᠭᠡᠶᠢᠷᠡᠭᠦᠯᠬᠦ ᠴᠢᠬᠤᠯᠠ ᠶᠡᠭᠡ ᠴᠢᠭᠯᠡᠯᠲᠡ᠂ ᠲᠦᠷᠦ ᠶᠢᠨ ᠪᠤᠳᠤᠯᠭ᠎ᠠ᠂ ᠠᠷᠭ᠎ᠠ ᠬᠡᠮᠵᠢᠶ᠎ᠡ ᠶᠢᠨ ᠲᠤᠬᠠᠢ ᠰᠠᠨᠠᠯ ᠢ ᠰᠤᠳᠤᠯᠤᠨ ᠳᠤᠷᠠᠳᠤᠨ᠎ᠠ᠃ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶᠠᠨ ᠤ ᠶᠡᠷᠦᠩᠬᠡᠶᠢᠯᠡᠭᠰᠡᠨ ᠦᠭᠡᠷᠡᠴᠢᠯᠡᠯᠲᠡ ᠶᠢ ᠭᠦᠨᠵᠡᠭᠡᠶᠢᠷᠡᠭᠦᠯᠦᠨ᠎ᠡ᠃ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠭ᠎ᠠ ᠶᠢᠨ ᠬᠠᠮᠢᠶᠠᠷᠤᠯᠲᠠ ᠪᠠ ᠪᠠᠶᠢᠭᠤᠯᠤᠯᠲᠠ ᠶᠢ ᠰᠠᠯᠭᠠᠬᠤ ᠶᠢ ᠲᠦᠯᠬᠢᠨ ᠠᠬᠢᠭᠤᠯᠤᠨ᠎ᠠ᠃ ᠤᠳᠤᠬᠢᠴᠢᠯᠠᠭᠰᠠᠨ ᠡᠮᠨᠡᠯᠭᠡ ᠶᠢᠨ ᠬᠤᠷᠢᠶᠠᠨ ᠤ ᠬᠠᠮᠢᠶᠠᠷᠤᠯᠲᠠ ᠶᠢᠨ ᠳᠦᠷᠢᠮ ᠢ ᠲᠡᠭᠦᠯᠳᠡᠷᠵᠢᠭᠦᠯᠦᠨ᠎ᠡ᠃ ᠱᠠᠲᠤ ᠬᠤᠪᠢᠶᠠᠨ ᠤᠨᠤᠰᠢᠯᠠᠨ ᠡᠮᠨᠡᠬᠦ ᠶᠢ ᠬᠡᠷᠡᠭᠵᠢᠭᠦᠯᠦᠨ᠎ᠡ᠃ ᠡᠮ ᠡᠮᠨᠡᠯᠭᠡ ᠡᠷᠡᠭᠦᠯ ᠬᠠᠮᠠᠭᠠᠯᠠᠯ ᠤᠨ ᠤᠯᠠᠨ ᠨᠡᠶᠢᠲᠡ ᠶᠢᠨ ᠦᠢᠯᠡᠴᠢᠯᠡᠭᠡ ᠬᠠᠩᠭᠠᠬᠤ ᠪᠡᠶᠡᠴᠢ ᠴᠤᠭᠴᠠ ᠶᠢ ᠤᠯᠠᠨ ᠡᠰᠢᠵᠢᠭᠦᠯᠬᠦ᠂ ᠦᠢᠯᠡᠴᠢᠯᠡᠭᠡᠨ ᠤ ᠬᠡᠯᠪᠡᠷᠢ ᠶᠢ ᠤᠯᠠᠨ ᠶᠠᠩᠵᠤ ᠶᠢᠨ ᠪᠤᠯᠭᠠᠬᠤ ᠲᠦᠷᠦ ᠶᠢᠨ ᠪᠤᠳᠤᠯᠭ᠎ᠠ᠂ ᠠᠷᠭ᠎ᠠ ᠬᠡᠮᠵᠢᠶ᠎ᠡ ᠶᠢ ᠲᠤᠭᠲᠠᠭᠠᠬᠤ ᠮᠦᠷᠲᠡᠭᠡᠨ ᠵᠤᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠡᠮᠴᠢᠯᠡᠭᠡᠨ ᠤ ᠦᠢᠯᠡᠴᠢᠯᠡᠭᠡ ᠪᠠ ᠡᠮ ᠤᠨ ᠦᠨ᠎ᠡ ᠬᠠᠩᠰᠢ ᠶᠢᠨ ᠲᠦᠷᠦ ᠶᠢᠨ ᠪᠤᠳᠤᠯᠭ᠎ᠠ ᠶᠢᠨ ᠲᠤᠬᠠᠢ ᠰᠠᠨᠠᠯ ᠳᠤᠷᠠᠳᠤᠨ᠎ᠠ᠃        ︵ᠭᠤᠷᠪᠠ︶ ᠡᠪᠡᠳᠴᠢᠨ ᠬᠢᠵᠢᠭ ᠢ ᠰᠡᠷᠭᠡᠶᠢᠯᠡᠨ ᠡᠵᠡᠮᠳᠡᠬᠦ ᠪᠤᠯᠤᠨ ᠡᠷᠡᠭᠦᠯ ᠬᠠᠮᠠᠭᠠᠯᠠᠯ ᠤᠨ ᠪᠠᠴᠢᠮ ᠪᠠᠶᠢᠳᠠᠯ ᠢ ᠠᠷᠭᠠᠴᠠᠭᠠᠬᠤ ᠬᠤᠯᠪᠤᠭᠳᠠᠯ ᠪᠦᠬᠦᠢ ᠠᠵᠢᠯ ᠢ ᠬᠠᠷᠢᠭᠤᠴᠠᠨ᠎ᠠ᠃ ᠡᠪᠡᠳᠴᠢᠨ ᠬᠢᠵᠢᠭ ᠢ ᠰᠡᠷᠭᠡᠶᠢᠯᠡᠨ ᠡᠵᠡᠮᠳᠡᠬᠦ ᠲᠦᠯᠦᠪᠯᠡᠭᠡ ᠵᠢᠴᠢ ᠠᠷᠠᠳ ᠲᠦᠮᠡᠨ ᠤ ᠡᠷᠡᠭᠦᠯ ᠮᠡᠨᠳᠦ ᠶᠢ ᠬᠦᠨᠳᠦ ᠨᠤᠴᠢᠲᠠᠢ ᠬᠤᠬᠢᠷᠠᠭᠤᠯᠤᠭᠰᠠᠨ ᠤᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠠᠰᠠᠭᠤᠳᠠᠯ ᠢ ᠰᠢᠢᠳᠪᠦᠷᠢᠯᠡᠬᠦ ᠠᠷᠭ᠎ᠠ ᠬᠡᠮᠵᠢᠶ᠎ᠡ ᠶᠢ ᠲᠤᠭᠲᠠᠭᠠᠬᠤ ᠮᠦᠷᠲᠡᠭᠡᠨ ᠵᠤᠬᠢᠶᠠᠨ ᠪᠠᠶᠢᠭᠤᠯᠤᠨ ᠬᠡᠷᠡᠭᠵᠢᠭᠦᠯᠦᠨ᠎ᠡ ᠃ ᠡᠭᠡᠯᠢᠯᠡᠭᠡ ᠶᠢᠨ ᠲᠦᠯᠦᠪᠯᠡᠭᠡ ᠶᠢ ᠬᠡᠷᠡᠭᠵᠢᠭᠦᠯᠦᠨ᠎ᠡ᠃ ᠡᠷᠡᠭᠦᠯ ᠬᠠᠮᠠᠭᠠᠯᠠᠯ ᠤᠨ ᠪᠠᠴᠢᠮ ᠪᠠᠶᠢᠳᠠᠯ ᠢ ᠠᠷᠭᠠᠴᠠᠭᠠᠬᠤ ᠠᠵᠢᠯ ᠢ ᠬᠠᠷᠢᠭᠤᠴᠠᠨ᠎ᠠ᠃ ᠭᠡᠨᠡᠳᠲᠡ ᠡᠭᠦᠰᠦᠭᠰᠡᠨ ᠤᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠬᠡᠷᠡᠭ ᠢ ᠰᠡᠷᠭᠡᠶᠢᠯᠡᠨ ᠡᠵᠡᠮᠳᠡᠵᠦ᠂ ᠡᠯ᠎ᠡ ᠲᠦᠷᠦᠯ ᠤᠨ ᠭᠡᠨᠡᠳᠲᠡ ᠡᠭᠦᠰᠦᠭᠰᠡᠨ ᠤᠯᠠᠨ ᠨᠡᠶᠢᠲᠡ ᠶᠢᠨ ᠡᠮᠴᠢᠯᠡᠭᠡ ᠡᠷᠡᠭᠦᠯ ᠬᠠᠮᠠᠭᠠᠯᠠᠯ ᠤᠨ ᠠᠪᠤᠷᠠᠨ ᠲᠤᠰᠠᠯᠠᠯᠲᠠ ᠶᠢ ᠵᠢᠯᠤᠭᠤᠳᠤᠨ᠎ᠠ᠃ ᠪᠦᠬᠦ ᠬᠤᠲᠠᠨ ᠤ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠠᠵᠢᠯ ᠢ ᠦᠷᠨᠢᠭᠦᠯᠦᠨ᠎ᠡ᠃《 ᠨᠠᠪᠴᠢᠨ ᠲᠠᠮᠠᠬᠢ ᠶᠢ ᠬᠢᠵᠠᠭᠠᠷᠯᠠᠬᠤ ᠪᠦᠳᠦᠭᠦᠪᠴᠢ ᠭᠡᠷ᠎ᠡ 》 ᠶᠢ ᠭᠦᠢᠴᠡᠳᠭᠡᠬᠦ ᠠᠵᠢᠯ ᠢ ᠲᠡᠷᠢᠭᠦᠯᠡᠨ ᠪᠡᠶᠡᠯᠡᠭᠦᠯᠦᠨ᠎ᠡ᠃        ︵ᠳᠦᠷᠪᠡ︶ ᠲᠤᠰᠬᠠᠢ ᠮᠡᠷᠭᠡᠵᠢᠯ ᠤᠨ ᠠᠵᠢᠯᠲᠠᠨ ᠢ ᠬᠠᠮᠢᠶᠠᠷᠤᠨ᠎ᠠ᠃ ᠡᠮᠴᠢᠯᠡᠭᠡᠨ ᠤ ᠪᠠᠶᠢᠭᠤᠯᠭ᠎ᠠ᠂ ᠡᠮᠴᠢᠯᠡᠭᠡᠨ ᠤ ᠦᠢᠯᠡᠴᠢᠯᠡᠭᠡᠨ ᠤ ᠠᠵᠢᠯ ᠲᠦᠷᠦᠯ ᠵᠢᠴᠢ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠲᠤᠰᠬᠠᠢ ᠮᠡᠷᠭᠡᠵᠢᠯ ᠤᠨ ᠠᠵᠢᠯᠲᠠᠨ ᠤ ᠠᠵᠢᠯ ᠳᠤ ᠭᠠᠷᠬᠤ ᠵᠦᠪᠰᠢᠶᠡᠷᠡᠯ ᠢ ᠬᠠᠷᠢᠭᠤᠴᠠᠨ᠎ᠠ᠃ ᠡᠮᠴᠢᠯᠡᠭᠡᠨ ᠤ ᠦᠢᠯᠡᠴᠢᠯᠡᠭᠡ ᠶᠢ ᠦᠨᠡᠯᠡᠬᠦ ᠪᠠ ᠬᠢᠨᠠᠨ ᠬᠠᠮᠢᠶᠠᠷᠬᠤ ᠰᠢᠰᠲ᠋ᠧᠮ ᠢ ᠪᠠᠶᠢᠭᠤᠯᠤᠨ ᠲᠡᠭᠦᠯᠳᠡᠷᠵᠢᠭᠦᠯᠦᠨ᠎ᠡ᠃ ᠡᠮᠴᠢᠯᠡᠭᠡᠨ ᠤ ᠦᠢᠯᠡᠴᠢᠯᠡᠭᠡᠨ ᠤ ᠳᠦᠷᠢᠮᠵᠢᠯ᠂ ᠪᠠᠷᠢᠮᠵᠢᠶ᠎ᠠ ᠪᠤᠯᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠲᠤᠰᠬᠠᠢ ᠮᠡᠷᠭᠡᠵᠢᠯ ᠤᠨ ᠠᠵᠢᠯᠲᠠᠨ ᠤ ᠲᠤᠬᠠᠶᠢᠯᠠᠭᠰᠠᠨ ᠠᠵᠢᠯ ᠤᠨ ᠳᠦᠷᠢᠮ᠂ ᠦᠢᠯᠡᠴᠢᠯᠡᠭᠡᠨ ᠤ ᠳᠦᠷᠢᠮᠵᠢᠯ ᠢ ᠬᠡᠷᠡᠭᠵᠢᠭᠦᠯᠦᠨ᠎ᠡ᠃     ︵ᠲᠠᠪᠤ︶ ᠢᠳᠡᠭᠡᠨ ᠪᠠ ᠡᠮ ᠤᠨ ᠵᠦᠢᠯᠡᠰ ᠤᠨ ᠠᠮᠤᠷ ᠲᠦᠪᠰᠢᠨ ᠢ ᠬᠢᠨᠠᠨ ᠬᠡᠮᠵᠢᠬᠦ ᠠᠵᠢᠯ ᠢ ᠬᠠᠷᠢᠭᠤᠴᠠᠨ᠎ᠠ᠃ ᠢᠳᠡᠭᠡᠨ ᠤ ᠠᠶᠤᠯ ᠲᠦᠭᠰᠢᠭᠦᠷᠢ ᠶᠢ ᠬᠢᠨᠠᠨ ᠬᠡᠮᠵᠢᠬᠦ ᠪᠠ ᠦᠨᠡᠯᠡᠯᠲᠡ ᠬᠢᠨ᠎ᠡ᠃ ᠢᠳᠡᠭᠡᠨ ᠤ ᠠᠶᠤᠯ ᠲᠦᠭᠰᠢᠭᠦᠷᠢ ᠶᠢ ᠬᠢᠨᠠᠨ ᠬᠡᠮᠵᠢᠬᠦ᠂ ᠰᠤᠯᠢᠯᠴᠠᠬᠤ ᠪᠠ ᠤᠷᠢᠳᠴᠢᠯᠠᠨ ᠰᠡᠷᠡᠮᠵᠢᠯᠡᠭᠦᠯᠬᠦ ᠠᠵᠢᠯ ᠢ ᠬᠠᠷᠢᠭᠤᠴᠠᠨ᠎ᠠ᠃ ᠤᠯᠤᠰ ᠤᠨ ᠡᠮ ᠤᠨ ᠵᠦᠢᠯᠡᠰ ᠤᠨ ᠲᠦᠷᠦ ᠶᠢᠨ ᠪᠤᠳᠤᠯᠭ᠎ᠠ ᠪᠤᠯᠤᠨ ᠦᠨᠳᠦᠰᠦᠨ ᠡᠮ ᠤᠨ ᠳᠦᠷᠢᠮ ᠢ ᠬᠡᠷᠡᠭᠵᠢᠭᠦᠯᠦᠨ᠎ᠡ᠃ ᠡᠮ ᠤᠨ ᠵᠦᠢᠯᠡᠰ ᠤᠨ ᠬᠡᠷᠡᠭᠯᠡᠯᠲᠡ ᠶᠢ ᠬᠢᠨᠠᠨ ᠬᠡᠮᠵᠢᠵᠦ᠂ ᠡᠮᠴᠢᠯᠡᠭᠡᠨ ᠤ ᠶᠡᠷᠦᠩᠬᠡᠶᠢᠯᠡᠭᠰᠡᠨ ᠦᠨᠡᠯᠡᠯᠲᠡ ᠬᠢᠬᠦ ᠪᠤᠯᠤᠨ ᠤᠬᠤᠷ ᠬᠤᠭᠤᠴᠠᠭᠠᠨ ᠤ ᠡᠮ ᠢ ᠤᠷᠢᠳᠴᠢᠯᠠᠨ ᠰᠡᠷᠡᠮᠵᠢᠯᠡᠨ᠎ᠡ᠃       ︵ᠵᠢᠷᠭᠤᠭ᠎ᠠ︶ ᠤᠯᠠᠨ ᠨᠡᠶᠢᠲᠡ ᠶᠢᠨ ᠡᠷᠡᠭᠦᠯ ᠬᠠᠮᠠᠭᠠᠯᠠᠯ ᠢ ᠬᠢᠨᠠᠨ ᠬᠠᠮᠢᠶᠠᠷᠤᠨ᠎ᠠ᠃ ᠡᠷᠬᠡ ᠶᠢᠨ ᠬᠢᠵᠠᠭᠠᠷ ᠲᠠᠬᠢ ᠲᠤᠰᠬᠠᠢ ᠠᠵᠢᠯ ᠤᠨ ᠡᠷᠡᠭᠦᠯ ᠬᠠᠮᠠᠭᠠᠯᠠᠯ᠂ ᠰᠠᠴᠤᠷᠠᠭ ᠤᠨ ᠡᠷᠡᠭᠦᠯ ᠬᠠᠮᠠᠭᠠᠯᠠᠯ᠂ ᠤᠷᠴᠢᠨ ᠲᠤᠭᠤᠷᠢᠨ ᠤ ᠡᠷᠡᠭᠦᠯ ᠬᠠᠮᠠᠭᠠᠯᠠᠯ᠂ ᠰᠤᠷᠭᠠᠭᠤᠯᠢ ᠶᠢᠨ ᠡᠷᠡᠭᠦᠯ ᠬᠠᠮᠠᠭᠠᠯᠠᠯ᠂ ᠤᠯᠠᠨ ᠨᠡᠶᠢᠲᠡ ᠶᠢᠨ ᠲᠠᠯᠠᠪᠤᠷ ᠤᠨ ᠡᠷᠡᠭᠦᠯ ᠬᠠᠮᠠᠭᠠᠯᠠᠯ ᠂ ᠤᠤᠭᠤᠬᠤ ᠤᠰᠤᠨ ᠤ ᠡᠷᠡᠭᠦᠯ ᠬᠠᠮᠠᠭᠠᠯᠠᠯ ᠵᠡᠷᠭᠡ ᠤᠯᠠᠨ ᠨᠡᠶᠢᠲᠡ ᠶᠢᠨ ᠡᠷᠡᠭᠦᠯ ᠬᠠᠮᠠᠭᠠᠯᠠᠯ ᠢ ᠬᠢᠨᠠᠨ ᠬᠠᠮᠢᠶᠠᠷᠤᠨ᠎ᠠ ᠃ ᠬᠠᠯᠳᠠᠪᠤᠷᠢᠲᠤ ᠡᠪᠡᠳᠴᠢᠨ ᠢ ᠰᠡᠷᠭᠡᠶᠢᠯᠡᠨ ᠵᠠᠰᠠᠬᠤ ᠳᠤ ᠬᠢᠨᠠᠯᠲᠠ ᠲᠠᠯᠪᠢᠨ᠎ᠠ᠃ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠶᠡᠷᠦᠩᠬᠡᠶᠢᠯᠡᠭᠰᠡᠨ ᠬᠢᠨᠠᠯᠲᠠ ᠲᠠᠯᠪᠢᠬᠤ ᠰᠢᠰᠲ᠋ᠧᠮ ᠢ ᠲᠡᠭᠦᠯᠳᠡᠷᠵᠢᠭᠦᠯᠦᠨ᠎ᠡ᠃       ︵ᠳᠤᠯᠤᠭ᠎ᠠ︶ ᠪᠦᠬᠦ ᠬᠤᠲᠠᠨ ᠤ ᠨᠠᠰᠤᠲᠠᠶᠢᠴᠤᠳ ᠤᠨ ᠡᠷᠡᠭᠦᠯ ᠮᠡᠨᠳᠦ ᠶᠢᠨ ᠠᠵᠢᠯ ᠢ ᠬᠠᠷᠢᠭᠤᠴᠠᠨ᠎ᠠ᠃ ᠬᠦᠮᠦᠨ ᠠᠮᠠ ᠶᠢᠨ ᠨᠠᠰᠤᠵᠢᠯ ᠢ ᠠᠷᠭᠠᠴᠠᠭᠠᠬᠤ ᠲᠦᠷᠦ ᠶᠢᠨ ᠪᠤᠳᠤᠯᠭ᠎ᠠ ᠠᠷᠭ᠎ᠠ ᠬᠡᠮᠵᠢᠶ᠎ᠡ ᠶᠢ ᠵᠤᠬᠢᠶᠠᠨ ᠪᠠᠶᠢᠭᠤᠯᠤᠨ ᠲᠤᠭᠲᠠᠭᠠᠬᠤ ᠮᠦᠷᠲᠡᠭᠡᠨ ᠵᠤᠬᠢᠴᠠᠭᠤᠯᠤᠨ ᠲᠤᠭᠤᠰᠢᠯᠠᠭᠤᠯᠤᠨ᠎ᠠ᠃ ᠪᠦᠬᠦ ᠬᠤᠲᠠᠨ ᠤ ᠨᠠᠰᠤᠲᠠᠶᠢᠴᠤᠳ ᠤᠨ ᠡᠷᠡᠭᠦᠯ ᠮᠡᠨᠳᠦ  ᠳᠤ ᠦᠢᠯᠡᠴᠢᠯᠡᠬᠦ ᠰᠢᠰᠲ᠋ᠧᠮ ᠤᠨ ᠪᠦᠲᠦᠭᠡᠨ ᠪᠠᠶᠢᠭᠤᠯᠤᠯᠲᠠ ᠪᠠ ᠡᠮᠨᠡᠬᠦ ᠰᠤᠪᠢᠯᠠᠬᠤ ᠶᠢ ᠤᠶᠠᠯᠳᠤᠭᠤᠯᠬᠤ ᠠᠵᠢᠯ ᠢ ᠲᠦᠯᠬᠢᠨ ᠠᠬᠢᠭᠤᠯᠤᠨ᠎ᠠ᠃       ︵ᠨᠠᠢᠮᠠ︶ ᠲᠦᠯᠦᠪᠯᠡᠭᠡᠲᠦ ᠦᠷᠡᠵᠢᠯ ᠤᠨ ᠬᠠᠮᠢᠶᠠᠷᠤᠯᠲᠠ ᠪᠠ ᠦᠢᠯᠡᠴᠢᠯᠡᠭᠡᠨ ᠤ ᠠᠵᠢᠯ ᠢ ᠬᠠᠷᠢᠭᠤᠴᠠᠨ᠎ᠠ᠃ ᠬᠦᠮᠦᠨ ᠠᠮᠠ ᠶᠢ ᠬᠢᠨᠠᠨ ᠬᠡᠮᠵᠢᠬᠦ ᠪᠠ ᠤᠷᠢᠳᠴᠢᠯᠠᠨ ᠰᠡᠷᠡᠮᠵᠢᠯᠡᠨ᠎ᠡ᠃ ᠲᠦᠯᠦᠪᠯᠡᠭᠡᠲᠦ ᠦᠷᠡᠵᠢᠯ᠂ ᠬᠦᠮᠦᠨ ᠠᠮᠠ ᠪᠠ ᠭᠡᠷ ᠪᠦᠯᠢ ᠶᠢᠨ ᠬᠦᠭᠵᠢᠯᠲᠡ ᠶᠢᠨ ᠬᠤᠯᠪᠤᠭᠳᠠᠯ ᠪᠦᠬᠦᠢ ᠲᠦᠷᠦ ᠶᠢᠨ ᠪᠤᠳᠤᠯᠭ᠎ᠠ ᠶᠢ ᠲᠡᠭᠦᠯᠳᠡᠷᠵᠢᠭᠦᠯᠦᠨ ᠲᠤᠤᠱᠯᠠᠭᠤᠯᠬᠤ ᠮᠦᠷᠲᠡᠭᠡᠨ ᠬᠤᠯᠪᠤᠭᠳᠠᠯ ᠪᠦᠬᠦᠢ ᠰᠠᠨᠠᠭᠤᠯᠭ᠎ᠠ ᠶᠢ ᠳᠤᠷᠠᠳᠤᠨ᠎ᠠ᠃       ︵ᠶᠢᠰᠦ︶ ᠦᠨᠳᠦᠰᠦᠨ ᠱᠠᠲᠤᠨ ᠤ ᠡᠮᠴᠢᠯᠡᠭᠡ ᠡᠷᠡᠭᠦᠯ ᠬᠠᠮᠠᠭᠠᠯᠠᠯ᠂ ᠡᠬᠡ ᠨᠢᠯᠬᠠᠰ ᠤᠨ ᠡᠷᠡᠭᠦᠯ ᠮᠡᠨᠳᠦ ᠳᠤ ᠦᠢᠯᠡᠴᠢᠯᠡᠬᠦ ᠰᠢᠰᠲ᠋ᠧᠮ ᠪᠤᠯᠤᠨ ᠶᠡᠷᠦᠩᠬᠡᠶᠢᠯᠡᠭᠰᠡᠨ ᠰᠠᠯᠠᠭᠠᠨ ᠤ ᠡᠮᠴᠢ ᠶᠢᠨ ᠡᠩᠨᠡᠭᠡᠨ ᠤ ᠪᠦᠲᠦᠭᠡᠨ ᠪᠠᠶᠢᠭᠤᠯᠤᠯᠲᠠ ᠶᠢ ᠵᠢᠭᠠᠨ ᠵᠢᠯᠤᠭᠤᠳᠤᠨ᠎ᠠ᠃ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠶᠢ ᠲᠦᠯᠬᠢᠨ ᠠᠬᠢᠭᠤᠯᠤᠨ᠎ᠠ᠃       ︵ᠠᠷᠪᠠ︶ ᠮᠤᠩᠭᠤᠯ ᠬᠢᠲᠠᠳ ᠡᠮ ᠡᠮᠨᠡᠯᠭᠡ ᠶᠢᠨ ᠠᠵᠢᠯ ᠲᠦᠷᠦᠯ ᠤᠨ ᠬᠦᠭᠵᠢᠯᠲᠡ ᠶᠢᠨ ᠠᠵᠢᠯ ᠢ ᠲᠦᠯᠬᠢᠨ ᠠᠬᠢᠭᠤᠯᠤᠨ᠎ᠠ᠃ ᠮᠤᠩᠭᠤᠯ ᠬᠢᠲᠠᠳ ᠡᠮ ᠡᠮᠨᠡᠯᠭᠡ ᠶᠢᠨ ᠡᠮᠴᠢᠯᠡᠭᠡ᠂ ᠡᠷᠡᠭᠦᠯᠵᠢᠯ᠂ ᠰᠤᠷᠭᠠᠨ ᠬᠦᠮᠦᠵᠢᠯ᠂ ᠰᠢᠨᠵᠢᠯᠡᠬᠦ ᠤᠬᠠᠭᠠᠨ ᠤ ᠰᠤᠳᠤᠯᠤᠯᠲᠠ᠂ ᠰᠤᠶᠤᠯ ᠵᠢᠴᠢ ᠬᠤᠯᠪᠤᠭᠳᠠᠯ ᠪᠦᠬᠦᠢ ᠠᠵᠤ ᠦᠢᠯᠡᠰ ᠤᠨ ᠦᠭᠡᠷᠡᠴᠢᠯᠡᠯᠲᠡ ᠬᠦᠭᠵᠢᠯᠲᠡ ᠪᠤᠯᠤᠨ ᠭᠠᠳᠠᠭᠠᠲᠤ ᠯᠤᠭ᠎ᠠ ᠶᠢᠨ ᠰᠤᠯᠢᠯᠴᠠᠭ᠎ᠠ ᠬᠠᠮᠲᠤᠷᠠᠯᠴᠠᠭ᠎ᠠ ᠶᠢ ᠪᠠᠲᠤᠯᠠᠬᠤ ᠪᠠ ᠲᠦᠯᠬᠢᠨ ᠠᠬᠢᠭᠤᠯᠤᠨ᠎ᠠ᠃ ᠮᠤᠩᠭᠤᠯ ᠬᠢᠲᠠᠳ ᠡᠮ ᠡᠮᠨᠡᠯᠭᠡ ᠶᠢ ᠵᠠᠯᠭᠠᠮᠵᠢᠯᠠᠨ ᠬᠦᠭᠵᠢᠭᠦᠯᠬᠦ ᠪᠠ ᠰᠢᠨ᠎ᠡ ᠶᠢ ᠡᠭᠦᠳᠬᠦ ᠶᠢ ᠲᠦᠯᠬᠢᠨ ᠠᠬᠢᠭᠤᠯᠤᠨ᠎ᠠ᠃       ︵ᠠᠷᠪᠠᠨ ᠨᠢᠭᠡ︶ ᠴᠢᠬᠤᠯᠠ ᠬᠤᠷᠠᠯ ᠪᠤᠯᠤᠨ ᠴᠢᠬᠤᠯᠠ ᠠᠵᠢᠯᠯᠠᠭᠠᠨ ᠤ ᠡᠮ ᠡᠮᠨᠡᠯᠭᠡ ᠡᠷᠡᠭᠦᠯ ᠬᠠᠮᠠᠭᠠᠯᠠᠯ ᠢ ᠪᠠᠲᠤᠯᠠᠬᠤ ᠠᠵᠢᠯ ᠢ ᠬᠠᠷᠢᠭᠤᠴᠠᠨ᠎ᠠ᠃       ︵ᠠᠷᠪᠠᠨ ᠬᠤᠶᠠᠷ︶ ᠬᠤᠲᠠ ᠶᠢᠨ ᠨᠠᠮ ᠤᠨ ᠬᠤᠷᠢᠶ᠎ᠠ ᠵᠠᠰᠠᠭ ᠤᠨ ᠤᠷᠳᠤᠨ ᠪᠠ ᠳᠡᠭᠡᠳᠦ ᠱᠠᠲᠤᠨ ᠤ ᠲᠤᠬᠠᠶᠢᠯᠠᠭᠰᠠᠨ ᠠᠵᠢᠯ ᠤᠨ ᠰᠠᠯᠠᠭ᠎ᠠ ᠮᠦᠴᠢᠷ ᠤᠨ ᠳᠠᠭᠠᠭᠠᠯᠭᠠᠭᠰᠠᠨ ᠪᠤᠰᠤᠳ ᠠᠵᠢᠯ ᠢ ᠪᠡᠶᠡᠯᠡᠭᠦᠯᠦᠨ᠎ᠡ᠃
ᠢᠷᠡᠯᠲᠡ᠄ ᠡᠷᠭᠦᠨ᠎ᠡ ᠬᠤᠲᠠ ᠶᠢᠨ ᠠᠷᠠᠳ ᠤᠨ ᠵᠠᠰᠠᠭ ᠤᠨ ᠤᠷᠳᠤᠨ