— 2023 ᠣᠨ ᠤ 3 ᠰᠠᠷ᠎ᠠ ᠶᠢᠨ 11 ᠤ ᠡᠳᠦᠷ ᠡᠷᠭᠦᠨ᠎ᠡ ᠬᠤᠳᠠ ᠶᠢᠨ ᠵᠢᠷᠭᠤᠳᠤᠭᠠᠷ ᠬᠤᠭᠤᠴᠠᠭᠠᠨ ᠤ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ ᠤᠳᠠᠭᠠᠨ ᠤ ᠬᠤᠷᠠᠯ | ᠡᠷᠭᠦᠨ᠎ᠡ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠬᠤᠲᠠ ᠶᠢᠨ ᠳᠠᠷᠤᠭ᠎ᠠ ᠭᠧᠩ ᠬᠤᠤ | | ᠲᠥᠯᠥᠭᠡᠯᠡᠭᠴᠢᠳ ᠠ᠋ ᠄ | ᠤᠳᠤ ᠪᠢ ᠬᠤᠳᠠ ᠶᠢᠨ ᠠᠷᠠᠳ ᠤᠨ ᠵᠠᠰᠠᠭ ᠤᠨ ᠣᠷᠳᠣᠨ ᠤ ᠡᠮᠦᠨ᠎ᠡ ᠠᠴᠠ ᠶᠡᠭᠡ ᠬᠤᠷᠠᠯ ᠳᠤ ᠠᠵᠢᠯ ᠢᠶᠠᠨ ᠮᠡᠳᠡᠭᠦᠯᠦᠶ᠎ᠡ ᠂ ᠬᠢᠨᠠᠨ ᠵᠦᠪᠯᠡᠬᠦ ᠪᠣᠯᠪᠠᠤ ᠂ | ᠬᠤᠳᠠ ᠶᠢᠨ ᠤᠯᠤᠰ ᠲᠦᠷᠦ ᠶᠢᠨ ᠵᠥᠪᠯᠡᠯᠭᠡᠨ ᠤ ᠭᠡᠰᠢᠭᠦᠳ ᠪᠠ ᠬᠤᠷᠠᠯ ᠳᠤ ᠰᠤᠯᠠ ᠣᠷᠣᠯᠴᠠᠭᠰᠠᠨ ᠨᠥᠬᠦᠳ ᠰᠠᠨᠠᠯ ᠢᠶᠠᠨ ᠳᠤᠷᠠᠳᠬᠤ ᠪᠣᠯᠪᠠᠤ ᠃ | ᠨᠢᠭᠡ ᠂ 2022 ᠣᠨ ᠤ ᠠᠵᠢᠯ ᠤᠨ ᠡᠷᠭᠢᠴᠡᠭᠦᠯᠦᠯ | ᠥᠩᠭᠡᠷᠡᠭᠰᠡᠨ ᠨᠢᠭᠡ ᠵᠢᠯ ᠳᠤ᠂ ᠪᠥᠬᠦ ᠬᠤᠲᠠ ᠪᠠᠷ ᠢᠶᠠᠨ ᠬᠤᠲᠠ ᠶᠢᠨ ᠨᠠᠮ ᠤᠨ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠬᠤᠲᠠ ᠶᠢᠨ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠬᠢᠨᠠᠯᠲᠠ ᠳᠡᠮᠵᠢᠯᠭᠡ ᠳᠣᠣᠷ᠎ᠠ᠂ ᠨᠠᠮ ᠤᠨ ᠬᠤᠷᠢᠳᠤᠭᠠᠷ ᠶᠡᠭᠡ | ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠤᠱᠯᠠᠭᠤᠯᠤᠨ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ ᠠᠬᠤᠢ ᠨᠡᠶᠢᠭᠡᠮ ᠤᠨ ᠬᠥᠭᠵᠢᠯᠲᠡ ᠶᠢ | ᠪᠦᠲᠦᠮᠵᠢᠲᠡᠶ ᠨᠢᠭᠡᠳᠦᠯᠲᠡᠢ ᠲᠥᠯᠥᠪᠯᠡᠵᠦ᠂ ︽ᠲᠠᠪᠤᠨ ᠶᠡᠭᠡ ᠡᠭᠦᠷᠭᠡ︾ ᠶᠢ ᠪᠥᠬᠦ ᠬᠦᠴᠦᠨ ᠢᠶᠠᠷ ᠢᠶᠠᠨ ᠲᠦᠯᠬᠢᠨ ᠠᠬᠢᠭᠤᠯᠵᠤ᠂ ︽ᠲᠠᠪᠤᠨ ᠶᠡᠭᠡ ᠠᠵᠢᠯᠯᠠᠭᠠᠨ ᠤ | ᠲᠥᠯᠥᠪᠯᠡᠭᠡ︾ ᠶᠢ ᠭᠦᠨᠵᠡᠭᠡᠶᠢᠷᠡᠭᠦᠯᠦᠨ᠂ ᠪᠥᠬᠦ ᠵᠢᠯ ᠤᠨ ᠡᠭᠦᠷᠭᠡ ᠬᠠᠷᠠᠯᠲᠠ ᠪᠠᠨ ᠰᠢᠪᠲᠤᠯᠤᠯᠲᠠ ᠶᠢᠨ ᠴᠢᠨᠠᠷᠲᠠᠢ ᠪᠡᠶᠡᠯᠡᠭᠦᠯᠵᠦ᠂ ᠴᠢᠨᠠᠷᠯᠢᠭ ᠬᠥᠭᠵᠢᠯᠲᠡ ᠶᠢᠨ | ᠰᠢᠨ᠎ᠡ ᠦᠷ᠎ᠡ ᠪᠦᠲᠦᠮᠵᠢ ᠶᠢ ᠣᠯᠪᠠ᠃ | — ᠠᠵᠤ ᠠᠬᠤᠢ ᠶᠢᠨ ᠴᠢᠨᠠᠷ ᠴᠢᠨᠰᠠᠭ᠎ᠠ ᠪᠠ ᠦᠷ᠎ᠡ ᠠᠰᠢᠭ ᠢ ᠦᠷᠭᠦᠯᠵᠢᠯᠡᠨ ᠳᠡᠭᠡᠭᠰᠢᠯᠡᠭᠦᠯᠪᠡ ᠃ ᠪᠥᠬᠦ ᠵᠢᠯ ᠳᠤ ᠭᠠᠵᠠᠷ ᠣᠷᠣᠨ ᠤ ᠦᠢᠯᠡᠳᠪᠦᠷᠢᠯᠡᠯ ᠤᠨ | ᠪᠥᠬᠦ ᠥᠷᠲᠡᠭ 50.29 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 6% ᠪᠠᠷ ᠨᠡᠮᠡᠭᠳᠡᠨ᠂ ᠬᠥᠯᠥᠨ ᠪᠤᠶᠢᠷ ᠬᠤᠲᠠ ᠶᠢᠨ | ᠬᠢ ᠠᠴᠠ 1.4 ᠵᠠᠭᠤᠨ ᠤ ᠬᠤᠪᠢ ᠥᠨᠳᠥᠷ ᠪᠣᠯᠵᠤ᠂ ᠨᠡᠮᠡᠭᠳᠡᠯ ᠤᠨ ᠬᠤᠷᠳᠤᠴᠠ ᠨᠢ ᠡᠯ᠎ᠡ ᠬᠤᠰᠢᠭᠤ ᠬᠤᠲᠠ ᠲᠣᠭᠤᠷᠢᠭ ᠤᠨ ᠳᠤᠲᠤᠷ᠎ᠠ ᠭᠤᠷᠪᠠᠳᠤᠭᠠᠷ ᠲᠤ | ᠣᠷᠣᠵᠤ᠂ 2005 ᠣᠨ ᠠᠴᠠ ᠨᠠᠰᠢᠬᠢ ᠬᠠᠮᠤᠭ ᠤᠨ ᠰᠠᠶᠢᠨ ᠪᠠᠶᠢᠷᠢᠨ ᠳᠤ ᠣᠷᠣᠭᠰᠠᠨ ᠪᠠᠶᠢᠨ᠎ᠠ᠃ ᠬᠤᠶᠠᠳᠤᠭᠠᠷ ᠠᠵᠤ ᠦᠢᠯᠡᠰ ᠤᠨ ᠨᠡᠮᠡᠭᠳᠡᠯ ᠥᠷᠲᠡᠭ ᠤᠨ | ᠬᠤᠷᠳᠤᠴᠠ ᠡᠯ᠎ᠡ ᠬᠤᠰᠢᠭᠤ ᠬᠤᠲᠠ ᠲᠣᠭᠤᠷᠢᠭ ᠤᠨ ᠳᠤᠮᠳᠠ ᠲᠡᠷᠢᠭᠦᠨ ᠳᠤ ᠣᠷᠣᠵᠤ᠂ ᠬᠢᠵᠠᠭᠠᠷᠯᠠᠭᠰᠠᠨ ᠲᠤᠭ᠎ᠠ ᠠᠴᠠ ᠳᠡᠭᠡᠭᠰᠢᠬᠢ ᠲᠣᠭᠲᠠᠮᠠᠯ ᠬᠥᠷᠥᠩᠭᠡ ᠶᠢᠨ | ᠪᠡᠯᠡ ᠣᠷᠣᠭᠤᠯᠤᠯᠲᠠ 14.7% ᠪᠠᠷ ᠨᠡᠮᠡᠭᠳᠡᠵᠦ᠂ ᠣᠶᠢᠷ᠎ᠠ ᠶᠢᠨ 7 ᠵᠢᠯ ᠤᠨ ᠲᠤᠷᠰᠢᠬᠢ ᠬᠠᠮᠤᠭ ᠤᠨ ᠰᠠᠶᠢᠨ ᠬᠢᠷᠢ ᠲᠦᠪᠰᠢᠨ ᠳᠤ ᠬᠥᠷᠪᠡ᠃ ᠬᠤᠲᠠ ᠪᠠᠯᠭᠠᠰᠤ | ᠪᠠ ᠬᠦᠳᠡᠭᠡ ᠲᠤᠰᠬᠤᠨ ᠮᠠᠯᠵᠢᠬᠤ ᠣᠷᠣᠨ ᠤ ᠪᠠᠶᠢᠩᠭᠤ ᠰᠠᠭᠤᠭ᠎ᠠ ᠰᠠᠭᠤᠭᠠᠯᠢ ᠠᠷᠠᠳ ᠤᠨ ᠬᠥᠮᠥᠨ ᠪᠦᠷᠢ ᠲᠡᠭᠰᠢᠳᠭᠡᠭᠰᠡᠨ ᠡᠵᠡᠮᠳᠡᠵᠦ ᠪᠣᠯᠬᠤ ᠣᠷᠣᠯᠭ᠎ᠠ ᠨᠢ | ᠲᠣᠰ ᠲᠣᠰ 3.59 ᠲᠦᠮᠡᠨ ᠲᠥᠭᠦᠷᠢᠭ ᠪᠠ 3.41 ᠲᠦᠮᠡᠨ ᠲᠥᠭᠦᠷᠢᠭ ᠬᠦᠷᠴᠦ᠂ ᠠᠳᠠᠯᠢ ᠬᠤᠭᠤᠴᠠᠭᠠᠨ ᠤ ᠬᠢ ᠠᠴᠠ 5.2% ᠪᠠ 4.6% ᠪᠠᠷ ᠨᠡᠮᠡᠭᠳᠡᠪᠡ᠃ | ᠡᠩ ᠤᠨ ᠤᠯᠠᠨ ᠨᠡᠶᠢᠲᠡ ᠶᠢᠨ ᠲᠥᠰᠥᠪ ᠤᠨ ᠣᠷᠣᠯᠭ᠎ᠠ 107.6% ᠪᠠᠷ ᠪᠡᠶᠡᠯᠡᠭᠦᠯᠵᠦ ᠂ ᠡᠩ ᠤᠨ ᠤᠯᠠᠨ ᠨᠡᠶᠢᠲᠡ ᠶᠢᠨ ᠲᠥᠰᠥᠪ ᠤᠨ ᠵᠠᠷᠤᠯᠭ᠎ᠠ ᠠᠳᠠᠯᠢ | ᠬᠤᠭᠤᠴᠠᠭᠠᠨ ᠤ ᠬᠢ ᠠᠴᠠ 13.6% ᠪᠠᠷ ᠨᠡᠮᠡᠭᠳᠡᠪᠡ ᠃ 50 ᠲᠦᠮᠡᠨ ᠲᠥᠭᠦᠷᠢᠭ ᠤᠨ ᠵᠠᠰᠠᠭ ᠤᠨ ᠣᠷᠳᠣᠨ ᠤ ᠬᠡᠷᠡᠭᠯᠡᠭᠡᠨ ᠤ ᠲᠡᠮᠳᠡᠭᠲᠦ ᠶᠢ ᠲᠠᠷᠬᠠᠭᠠᠵᠤ᠂ | 200 ᠲᠦᠮᠡᠨ ᠲᠥᠭᠦᠷᠢᠭ ᠤᠨ ᠬᠡᠷᠡᠭᠯᠡᠭᠡ ᠶᠢ ᠳᠠᠶᠢᠴᠢᠯᠠᠨ᠂ ᠨᠡᠶᠢᠭᠡᠮ ᠤᠨ ᠪᠣᠷᠤᠯᠠᠭᠤᠯᠭ᠎ᠠ ᠶᠢᠨ ᠪᠦᠲᠦᠭᠡᠭᠳᠡᠬᠦᠨ ᠤ ᠵᠢᠵᠢᠭᠯᠡᠨ ᠬᠤᠳᠠᠯᠳᠤᠭᠰᠠᠨ ᠶᠡᠷᠦᠩᠬᠡᠢ ᠬᠡᠮᠵᠢᠶ᠎ᠡ | 13.1 ᠳ᠋ᠦᠩᠰᠢᠭᠤᠷ ᠲᠥᠭᠦᠷᠢᠭ ᠪᠤᠯᠪᠠ᠃ ᠬᠡᠷᠡᠭᠯᠡᠭᠡ ᠨᠡᠶᠢᠳᠡᠮ ᠳᠡᠭᠡᠨ ᠮᠠᠭᠤᠳᠠᠭᠰᠠᠨ ᠪᠠᠶᠢᠳᠠᠯ ᠳᠣᠣᠷ᠎ᠠ ᠂ ᠦᠨᠳᠦᠰᠦᠨ ᠳᠡᠭᠡᠨ ᠤᠤᠯ ᠤᠨ ᠬᠢᠷᠢ ᠲᠦᠪᠰᠢᠨ ᠢ | ᠪᠠᠲᠤᠯᠠᠪᠠ᠃ ᠭᠤᠷᠪᠠᠨ ᠠᠵᠤ ᠦᠢᠯᠡᠰ ᠤᠨ ᠪᠦᠲᠦᠴᠡ 47᠄ 11.9᠄ 41.1 ᠪᠠᠶᠢᠭᠰᠠᠨ ᠠᠴᠠ ᠪᠠᠨ 48.2᠄ 14.5᠄ 37.3 ᠪᠣᠯᠵᠤ ᠬᠤᠪᠢᠷᠠᠪᠠ᠃ |