— ᠠᠮᠢ ᠠᠬᠤᠢ ᠶᠢᠨ ᠣᠷᠴᠢᠨ ᠲᠤᠭᠤᠷᠢᠨ ᠡᠳᠦᠷ ᠢᠷᠡᠬᠦᠶ᠎ᠡ ᠰᠠᠶᠢᠵᠢᠷᠠᠪᠠ ᠃ ᠤᠯᠤᠰ ᠤᠨ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢᠨ ᠵᠢᠱᠢᠶ᠎ᠡ | ᠦᠵᠡᠭᠦᠯᠬᠦ ᠬᠤᠳᠠ ᠪᠠ ︽ ᠬᠤᠶᠠᠷ ᠠᠭᠤᠯᠠ ︾ ᠶᠢᠨ ᠦᠢᠯᠡᠳᠦᠯᠭᠡ ᠶᠢᠨ ᠰᠢᠨ᠎ᠡ ᠶᠢ ᠡᠭᠦᠳᠬᠦ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠡᠮᠬᠢ | ᠵᠢᠷᠤᠮ ᠲᠠᠢ ᠲᠦᠯᠬᠢᠨ ᠠᠬᠢᠭᠤᠯᠵᠤ ᠂ ︽ ᠭᠤᠣᠯ ᠮᠥᠷᠡᠨ ᠤ ᠳᠠᠷᠤᠭ᠎ᠠ ᠶᠢᠨ ᠳᠦᠷᠢᠮ ︾ ᠂ ︽ ᠤᠢ ᠰᠢᠭᠤᠢ ᠶᠢᠨ ᠳᠠᠷᠤᠭ᠎ᠠ ᠶᠢᠨ ᠳᠦᠷᠢᠮ ︾ ᠢ ᠴᠢᠩᠭ᠎ᠠ | ᠨᠠᠶᠢᠳᠠᠪᠤᠷᠢᠵᠢᠭᠤᠯᠵᠤ ᠂ 6 ᠤᠯᠤᠰ ᠤᠨ ᠥᠮᠴᠢᠯᠡᠯ ᠤᠨ ᠤᠢ ᠰᠢᠭᠤᠢ ᠶᠢᠨ ᠲᠠᠯᠠᠪᠠᠢ ᠳᠤ ᠤᠢ ᠰᠢᠭᠤᠢ ᠶᠢᠨ ᠣᠶᠤᠨᠴᠢ ᠪᠠᠶᠢᠴᠠᠭᠠᠨ ᠬᠠᠮᠠᠭᠠᠯᠠᠵᠤ ᠬᠢᠨᠠᠨ ᠬᠠᠮᠢᠶᠠᠷᠬᠤ | ᠰᠢᠰᠲ᠋ᠧᠮ ᠢ ᠪᠦᠬᠦ ᠲᠠᠯ᠎ᠠ ᠪᠠᠷ ᠬᠡᠷᠡᠭᠯᠡᠪᠡ ᠃ ᠡᠮ ᠳᠤ ᠣᠷᠣᠬᠤ ᠬᠡᠭᠡᠷ᠎ᠡ ᠶᠢᠨ ᠤᠷᠭᠤᠮᠠᠯ ᠢ ᠬᠠᠤᠯᠢ ᠪᠤᠰᠤ ᠪᠠᠷ ᠬᠤᠯᠠᠭᠠᠶᠢᠯᠠᠨ ᠮᠠᠯᠲᠠᠭᠰᠠᠨ 31 ᠬᠡᠷᠡᠭ ᠢ ᠪᠠᠶᠢᠴᠠᠭᠠᠨ | ᠰᠢᠢᠳᠪᠦᠷᠢᠯᠡᠵᠦ ᠂ 79 ᠬᠥᠮᠥᠨ ᠳᠤ ᠵᠠᠰᠠᠭ ᠵᠠᠬᠢᠷᠭᠠᠨ ᠤ ᠰᠢᠳᠬᠡᠯ ᠥᠭᠪᠡ ᠃ 5.5 ᠲᠦᠮᠡᠨ ᠮᠦ ᠨᠤᠲᠤᠭ ᠪᠡᠯᠴᠢᠭᠡᠷ ᠤᠨ ᠠᠮᠢ ᠠᠬᠤᠢ ᠶᠢ ᠰᠡᠷᠭᠦᠭᠡᠨ ᠵᠠᠰᠠᠵᠤ᠂ | 205.5 ᠲᠦᠮᠡᠨ ᠮᠦ ᠪᠠᠶᠢᠭᠠᠯᠢ ᠶᠢᠨ ᠤᠢ ᠰᠢᠭᠤᠢ ᠶᠢᠨ ᠬᠠᠮᠠᠭᠠᠯᠠᠯᠲᠠ ᠶᠢᠨ ᠡᠭᠦᠷᠭᠡ ᠶᠢ ᠪᠡᠶᠡᠯᠡᠭᠦᠯᠵᠦ᠂ 284 ᠲᠦᠮᠡᠨ ᠮᠦ ᠨᠡᠶᠢᠲᠡ ᠶᠢᠨ ᠠᠰᠠᠷᠠᠮᠵᠢ ᠶᠢᠨ | ᠣᠶ ᠶᠢ ᠬᠠᠮᠢᠶᠠᠷᠤᠨ ᠬᠠᠮᠠᠭᠠᠯᠠᠵᠤ᠂ 12 ᠲᠦᠮᠡᠨ ᠰᠠᠭᠤᠷᠢ ᠠᠯᠪᠠᠨ ᠵᠢᠷᠤᠮ ᠤᠨ ᠮᠣᠳᠣ ᠵᠠᠶᠢᠯᠠᠪᠠ᠃ ᠬᠥᠬᠡ ᠲᠡᠭᠷᠢ ᠬᠥᠬᠡᠮᠳᠦᠭ ᠤᠰᠤ ᠴᠡᠪᠡᠷ ᠬᠥᠷᠥᠰᠥ ᠶᠢ | ᠬᠠᠮᠠᠭᠠᠯᠠᠬᠤ ᠭᠤᠷᠪᠠᠨ ᠶᠡᠭᠡ ᠲᠠᠶᠢᠨ ᠢ ᠦᠨᠡᠨ ᠬᠦ ᠰᠠᠶᠢᠲᠤᠷ ᠬᠢᠵᠦ ᠂ ᠠᠭᠠᠷ ᠤᠨ ᠶᠠᠰᠤ ᠴᠢᠨᠠᠷ ᠰᠢᠯᠢᠳᠡᠭ ᠰᠠᠶᠢᠨ ᠡᠳᠦᠷ ᠤᠨ ᠲᠤᠭ᠎ᠠ ᠶᠢᠨ ᠬᠠᠷᠢᠴᠠᠯ ᠢ 100% | ᠳᠤ ᠬᠦᠷᠴᠦ᠂ ᠪᠣᠬᠢᠷ ᠰᠢᠪᠠᠷ ᠢ ᠬᠤᠣᠷ ᠦᠭᠡᠶᠢᠳᠡᠭᠦᠯᠦᠨ ᠰᠢᠢᠳᠪᠦᠷᠢᠯᠡᠬᠦ ᠲᠦᠷᠦᠯ ᠵᠦᠢᠯ ᠢ ᠰᠢᠨ᠎ᠡ ᠪᠠᠷ ᠪᠠᠶᠢᠭᠤᠯᠵᠤ ᠂ ᠲᠥᠪ ᠤᠨ ᠬᠤᠶᠠᠳᠤᠭᠠᠷ ᠡᠭᠡᠯᠵᠢ ᠶᠢᠨ ᠠᠮᠢ | ᠠᠬᠤᠢ ᠶᠢᠨ ᠣᠷᠴᠢᠨ ᠲᠤᠭᠤᠷᠢᠨ ᠤ ᠬᠠᠮᠠᠭᠠᠯᠠᠯᠲᠠ ᠶᠢ ᠱᠠᠯᠠᠪᠳᠠᠭᠤᠯᠤᠨ ᠪᠠᠶᠢᠴᠠᠭᠠᠵᠤ ᠲᠤᠰᠢᠶᠠᠭᠰᠠᠨ 12 ᠬᠤᠪᠢ ᠵᠠᠬᠢᠳᠠᠯ ᠰᠣᠷᠪᠤᠯᠵᠢᠯᠠᠭ᠎ᠠ ᠶᠢᠨ ᠬᠡᠷᠡᠭ ᠢ | ᠪᠦᠬᠦᠨ ᠢ ᠰᠢᠢᠳᠪᠦᠷᠢᠯᠡᠪᠡ᠃ ︽ᠲᠠᠪᠤᠨ ᠶᠡᠭᠡ ᠲᠤᠶᠢᠯᠪᠤᠷᠢᠲᠠᠢ︾ ᠠᠵᠢᠯᠯᠠᠭ᠎ᠠ ᠶᠢ ᠭᠦᠨᠵᠡᠭᠡᠢ ᠥᠷᠨᠢᠭᠦᠯᠵᠦ᠂ 107 ᠵᠥᠪᠰᠢᠶᠡᠷᠡᠭᠦᠯᠬᠦ ᠪᠠᠷ ᠪᠠᠶᠢᠭ᠎ᠠ ᠵᠦᠢᠯᠡᠰ ᠢ | ᠪᠦᠬᠦᠨ ᠢ ᠭᠦᠢᠴᠡᠳᠭᠡᠵᠦ ᠂ ︽ᠬᠠᠭᠠᠰ ᠳᠤᠲᠠᠭᠤ︾ ᠢᠨᠵᠧᠨᠧᠷᠢᠩ ᠢ ᠪᠡᠶᠡᠯᠡᠭᠦᠯᠦᠨ᠂ 1149 ᠲᠦᠮᠡᠨ ᠲᠥᠭᠦᠷᠢᠭ ᠤᠨ ᠳᠠᠷᠤᠭᠳᠠᠵᠤ ᠪᠠᠶᠢᠭ᠎ᠠ ᠪᠡᠯᠡ ᠮᠥᠩᠭᠦ ᠶᠢ | ᠬᠤᠷᠢᠶᠠᠨ ᠠᠪᠴᠤ᠂ 870 ᠰᠢᠬᠠᠮ ᠮᠦ ᠵᠦᠪᠰᠢᠶᠡᠷᠡᠭᠰᠡᠨ ᠤ ᠳᠠᠷᠠᠭ᠎ᠠ ᠬᠠᠩᠭᠠᠭᠰᠠᠨ ᠦᠭᠡᠢ ᠭᠠᠵᠠᠷ ᠰᠢᠷᠣᠢ ᠶᠢ ᠪᠦᠬᠦᠨ ᠢ ᠰᠢᠩᠭᠡᠭᠡᠵᠦ᠂ ᠰᠤᠯᠠ ᠪᠠᠶᠢᠬᠤ | ᠭᠠᠵᠠᠷ ᠰᠢᠷᠣᠢ ᠶᠢ ᠰᠢᠢᠳᠪᠦᠷᠢᠯᠡᠬᠦ ᠬᠠᠷᠠᠯᠲᠠ ᠶᠢᠨ ᠡᠭᠦᠷᠭᠡ ᠶᠢ ᠳᠠᠪᠠᠭᠤᠯᠤᠨ ᠪᠡᠶᠡᠯᠡᠭᠦᠯᠪᠡ᠃ | ︱ ᠲᠠᠪᠤᠨ ᠶᠡᠭᠡ ᠲᠥᠯᠥᠪᠯᠡᠭᠡ ᠶᠢ ᠵᠣᠬᠢᠴᠠᠭᠤᠯᠤᠨ ᠵᠡᠷᠭᠡᠪᠡᠷ ᠠᠬᠢᠭᠤᠯᠪᠠ᠃ ᠰᠣᠶᠣᠯ ᠵᠢᠭᠤᠯᠴᠢᠯᠠᠯ ᠤᠨ ᠠᠵᠤ ᠦᠢᠯᠡᠰ ᠤᠨ ᠪᠠᠷᠢᠮᠵᠢᠶ᠎ᠠ ᠪᠠ ᠦᠷ᠎ᠡ | ᠪᠦᠲᠦᠮᠵᠢ ᠶᠢ ᠳᠡᠭᠡᠭᠰᠢᠯᠡᠭᠦᠯᠪᠡ᠃ ᠬᠥᠯᠥᠨ ᠪᠤᠶᠢᠷ ᠬᠤᠲᠠ ᠶᠢᠨ ᠰᠣᠶᠣᠯ ᠵᠢᠭᠤᠯᠴᠢᠯᠠᠯ ᠤᠨ ᠠᠵᠤ ᠦᠢᠯᠡᠰ ᠤᠨ ᠳᠠᠭᠠᠭᠤᠯᠤᠭᠴᠢ ᠪᠤᠯᠵᠤ᠂ ᠬᠥᠯᠥᠨ ᠪᠤᠶᠢᠷ | ᠬᠤᠲᠠ ᠶᠢᠨ ᠰᠣᠶᠣᠯ ᠵᠢᠭᠤᠯᠴᠢᠯᠠᠯ ᠤᠨ ᠠᠵᠤ ᠦᠢᠯᠡᠰ ᠤᠨ ᠴᠢᠨᠠᠷᠯᠢᠭ ᠬᠥᠭᠵᠢᠯᠲᠡ ᠶᠢ ᠠᠬᠢᠭᠤᠯᠬᠤ ᠶᠡᠭᠡ ᠬᠤᠷᠠᠯ ᠤᠨ ᠡᠭᠦᠷᠭᠡ ᠶᠢ ᠪᠦᠲᠦᠮᠵᠢᠲᠡᠢ ᠪᠡᠶᠡᠯᠡᠭᠦᠯᠪᠡ᠃ | ᠤᠯᠠᠭᠠᠨᠮᠥ᠋ᠴᠢᠷ ᠤᠨ ᠪᠠᠷᠢᠮᠵᠢᠶᠠᠵᠢᠭᠤᠯᠬᠤ ᠪᠦᠲᠦᠭᠡᠨ ᠪᠠᠶᠢᠭᠤᠯᠤᠯᠲᠠ ᠶᠢᠨ ᠢᠨᠵᠧᠨᠧᠷᠢᠩ ᠤᠨ ᠭᠤᠣᠯ ᠴᠣᠭᠴᠠ ᠶᠢᠨ ᠠᠵᠢᠯ ᠢ ᠪᠡᠶᠡᠯᠡᠭᠦᠯᠪᠡ᠃ ︽ᠲᠠᠯ᠎ᠠ ᠨᠤᠲᠤᠭ | ᠠᠳᠡ ᠪᠠᠶᠢᠨ᠎ᠠ︾᠂ ᠤᠯᠠᠭᠠᠨ ᠠᠭᠤᠯᠠ᠂ ᠬᠢᠯᠢ ᠶᠢᠨ ᠭᠤᠣᠯ ᠤᠨ ᠵᠢᠭᠤᠯᠴᠢᠯᠠᠯ ᠤᠨ ᠭᠠᠷᠠᠮ ᠵᠡᠷᠭᠡ ᠲᠥᠷᠥᠯ ᠵᠦᠢᠯ ᠢ ᠲᠣᠭᠲᠠᠭᠤᠨ ᠠᠬᠢᠭᠤᠯᠪᠠ᠃ ᠰᠢᠪᠡᠭᠡ | ᠲᠣᠰᠬᠤᠨ ᠨᠢ ᠬᠥᠯᠥᠨ ᠪᠤᠶᠢᠷ ᠤᠨ ᠴᠤᠷ ᠤᠨ ᠭᠠᠭᠴᠠ ᠳᠡᠯᠡᠬᠡᠢ ᠶᠢᠨ ᠵᠤᠭᠠᠴᠠᠯ ᠤᠨ ᠵᠣᠬᠢᠶᠠᠨ ᠪᠠᠶᠢᠭᠤᠯᠤᠯᠲᠠ ᠶᠢᠨ ︽ ᠬᠠᠮᠤᠭ ᠤᠨ ᠰᠠᠶᠢᠨ ᠵᠤᠭᠠᠴᠠᠯ ᠤᠨ | ᠲᠣᠰᠬᠤᠨ ︾ ᠢ ᠭᠤᠶᠤᠴᠢᠯᠠᠨ ᠮᠡᠳᠡᠭᠦᠯᠬᠦ ᠨᠢᠭᠡᠴᠡ ᠪᠣᠯᠵᠠᠢ ᠃ ᠣᠯᠦᠴᠢ ᠡᠳ᠋ᠯᠡᠩ ᠤᠨ ᠬᠥᠳᠡᠭᠡ ᠲᠣᠰᠬᠤᠨ ᠤ ᠶᠡᠷᠦᠩᠬᠡᠶᠢᠯᠡᠭᠰᠡᠨ ᠴᠣᠭᠴᠠ ᠶᠢ ᠥᠪᠡᠷᠲᠡᠭᠡᠨ ᠵᠠᠰᠠᠬᠤ | ᠣᠷᠣᠨ ᠤ ᠲᠠᠰ ᠤᠨ ᠵᠢᠱᠢᠶ᠎ᠡ ᠦᠵᠡᠭᠦᠯᠬᠦ ᠲᠥᠷᠥᠯ ᠵᠦᠢᠯ ᠳᠤ ᠣᠷᠣᠭᠤᠯᠪᠠ᠃ ᠡᠪᠦᠯ ᠤᠨ ᠤᠯᠠᠷᠢᠯ ᠤᠨ ᠮᠥᠰᠥ ᠴᠠᠰᠤᠨ ᠤ ᠪᠠᠶᠠᠷ ᠪᠠᠶᠠᠰᠤᠯ ᠢ ᠪᠤᠢ ᠪᠤᠯᠭᠠᠵᠤ᠂ ︽ | ᠴᠠᠰᠤᠨ ᠬᠥᠮᠥᠨ · ᠬᠤᠳᠠ ᠶᠢᠨ ᠮᠦᠰᠢᠶᠡᠯ ︾ ᠨᠢ ᠡᠪᠦᠯ ᠤᠨ ᠤᠯᠠᠷᠢᠯ ᠤᠨ ᠦᠵᠡᠰᠬᠦᠯᠡᠩᠲᠦ ᠰᠠᠶᠢᠬᠠᠨ ᠦᠵᠡᠮᠵᠢ ᠪᠣᠯᠪᠠ ᠃ ᠪᠥᠬᠦ ᠵᠢᠯ ᠳᠤ 285.82 ᠲᠦᠮᠡᠨ | ᠬᠥᠮᠥᠨ ᠤᠳᠠᠭ᠎ᠠ ᠶᠢᠨ ᠵᠤᠭᠠᠴᠠᠭᠰᠠᠳ ᠢ ᠭᠥᠯᠢᠶᠡᠨ ᠠᠪᠴᠤ᠂ ᠵᠢᠭᠤᠯᠴᠢᠯᠠᠯ ᠤᠨ ᠣᠷᠣᠯᠭ᠎ᠠ 42.82 ᠳ᠋ᠦᠩᠰᠢᠭᠤᠷ ᠲᠥᠭᠦᠷᠢᠭ ᠲᠤ ᠬᠦᠷᠴᠦ᠂ ᠪᠦᠬᠦ ᠬᠥᠯᠥᠨ | ᠪᠤᠶᠢᠷ ᠬᠤᠲᠠ ᠶᠢᠨ ᠲᠡᠷᠢᠭᠦᠨ ᠳᠤ ᠣᠷᠣᠪᠠ᠃ ᠲᠠᠷᠢᠶᠠᠯᠠᠩ ᠮᠠᠯ ᠠᠵᠤ ᠠᠬᠤᠢ ᠶᠢᠨ ᠴᠢᠨᠠᠷ ᠴᠢᠨᠰᠠᠭ᠎ᠠ ᠪᠠ ᠦᠷ᠎ᠡ ᠠᠰᠢᠭ ᠢ ᠨᠡᠮᠡᠭᠳᠡᠭᠦᠯᠪᠡ᠃ 51.76 ᠲᠦᠮᠡᠨ | ᠮᠦ ᠬᠠᠷ᠎ᠠ ᠬᠥᠷᠥᠰᠥᠨ ᠤ ᠬᠠᠮᠠᠭᠠᠯᠠᠯᠲᠠ ᠶᠢᠨ ᠴᠢᠨᠠᠷᠲᠠᠢ ᠲᠠᠷᠢᠶᠠᠯᠠᠭ᠎ᠠ ᠶᠢ ᠳᠠᠪᠠᠭᠤᠯᠤᠨ ᠪᠡᠶᠡᠯᠡᠭᠦᠯᠵᠦ᠂ 12 ᠲᠦᠮᠡᠨ ᠮᠦ ᠲᠠᠷᠢᠶᠠᠨ ᠭᠠᠵᠠᠷ ᠢ ᠲᠠᠷᠢᠶᠠᠯᠠᠩ ᠤᠨ | ᠮᠠᠰᠢᠨ ᠢᠶᠠᠷ ᠰᠤᠯᠠᠷᠠᠭᠤᠯᠤᠨ ᠲᠡᠭᠰᠢᠯᠡᠵᠦ᠂ 15.3 ᠲᠦᠮᠡᠨ ᠮᠦ ᠲᠠᠷᠢᠶᠠᠨ ᠭᠠᠵᠠᠷ ᠢ ᠡᠭᠡᠯᠵᠢᠯᠡᠨ ᠳᠠᠷᠢᠵᠤ᠂ 2.2 ᠲᠦᠮᠡᠨ ᠮᠦ ᠥᠨᠳᠥᠷ ᠪᠠᠷᠢᠮᠵᠢᠶᠠᠲᠤ ᠲᠠᠷᠢᠶᠠᠨ | ᠭᠠᠵᠠᠷ ᠢ ᠡᠭᠡᠯᠵᠢᠯᠡᠨ ᠳᠠᠷᠢᠪᠠ᠃ ᠪᠦᠬᠦ ᠵᠢᠯ ᠤᠨ ᠠᠮᠤ ᠪᠤᠳᠠᠭᠠᠨ ᠤ ᠤᠨᠠᠯᠲᠠ 5.94 ᠳ᠋ᠦᠩᠰᠢᠭᠤᠷ ᠵᠢᠩ ᠳᠤ ᠬᠦᠷᠴᠦ᠂ ᠮᠦ ᠪᠦᠷᠢ ᠶᠢᠨ ᠤᠨᠠᠯᠲᠠ ᠠᠳᠠᠯᠢ | ᠬᠤᠭᠤᠴᠠᠭᠠᠨ ᠤ ᠬᠢ ᠠᠴᠠ 7.7% ᠪᠠᠷ ᠨᠡᠮᠡᠭᠳᠡᠵᠦ᠂ ᠰᠢᠬᠢᠷ ᠯᠤᠤᠪᠠᠩ ᠤᠨ ᠬᠤᠷᠢᠶᠠᠯᠲᠠ 55 ᠲᠦᠮᠡᠨ ᠲᠣᠨ ᠳᠤ ᠬᠦᠷᠴᠡᠢ᠃ 6 ᠰᠤᠯᠠ ᠲᠠᠯᠪᠢᠵᠤ ᠪᠠᠶᠢᠭᠰᠠᠨ | ᠮᠠᠯᠵᠢᠯ ᠤᠨ ᠲᠠᠯᠠᠪᠠᠶ ᠶᠢ ᠠᠰᠢᠭᠯᠠᠯᠲᠠ ᠳᠤ ᠤᠷᠤᠭᠤᠯᠪᠠ᠃ 9 ᠳᠤᠮᠳᠠ ᠵᠢᠵᠢᠭ ᠬᠡᠯᠪᠡᠷᠢ ᠶᠢᠨ ᠲᠡᠵᠢᠭᠡᠨ ᠦᠷᠡᠵᠢᠭᠦᠯᠬᠦ ᠲᠠᠯᠠᠪᠠᠶ ᠶᠢ ᠲᠠᠰ ᠳᠡᠪᠰᠢᠭᠦᠯᠦᠨ | ᠥᠭᠡᠷᠡᠴᠢᠯᠡᠵᠦ᠂ ᠮᠠᠯ ᠤᠨ ᠲᠤᠭ᠎ᠠ 85.44 ᠲᠦᠮᠡᠨ ᠲᠣᠯᠣᠭᠠᠢ ᠪᠠᠶᠢᠵᠤ᠂ ᠠᠳᠠᠯᠢ ᠬᠤᠭᠤᠴᠠᠭᠠᠨ ᠤ ᠬᠢ ᠠᠴᠠ 15.7% ᠪᠠᠷ ᠨᠡᠮᠡᠭᠳᠡᠵᠦ᠂ ᠮᠢᠬᠠᠨ ᠤ | ᠶᠡᠷᠦᠩᠬᠡᠢ ᠭᠠᠷᠤᠯᠲᠠ 1.3 ᠲᠦᠮᠡᠨ ᠲᠣᠨ ᠳᠤ ᠬᠥᠷᠪᠡ᠃ ᠰᠢᠨ᠎ᠡ ᠪᠠᠷ ᠬᠥᠭᠵᠢᠭᠰᠡᠨ ᠠᠵᠤ ᠦᠢᠯᠡᠰ ᠡᠷᠴᠢᠮᠯᠢᠭ ᠲᠥᠪᠯᠡᠷᠡᠪᠡ ᠃ ᠴᠧᠩ ᠴᠧᠩ ᠠᠭᠤᠷᠬᠠᠢ ᠤᠨ | 5 ᠰᠠᠶ᠎ᠠ ᠸᠠᠲ ᠤᠨ ᠲᠠᠷᠬᠠᠯᠲᠠ ᠶᠢᠨ ᠬᠡᠯᠪᠡᠷᠢ ᠶᠢᠨ ᠬᠡᠷᠡᠯ ᠴᠡᠨᠡᠭ᠂ ᠤᠯᠠᠭᠠᠨ ᠬᠠᠷᠴᠠᠭᠠᠢ ᠶᠢᠨ 1 ᠲᠦᠮᠡᠨ ᠺᠢᠯᠣᠸᠠᠲ ᠤᠨ ᠲᠠᠷᠠᠬᠠᠢ ᠬᠡᠯᠪᠡᠷᠢ ᠶᠢᠨ ᠰᠠᠯᠬᠢᠨ | ᠬᠦᠴᠦᠨ ᠤ ᠲᠥᠷᠥᠯ ᠵᠦᠢᠯ ᠢ ᠲᠣᠭᠲᠠᠭᠤᠨ ᠠᠬᠢᠭᠤᠯᠪᠠ᠃ ᠶᠡᠭᠡ ᠪᠠᠷᠠᠭᠤᠨ ᠠᠭᠤᠯᠠ᠂ ᠳ᠋ᠧᠯᠪᠦ᠋ ᠶᠢᠨ ᠨᠡᠭᠦᠷᠡᠰᠦᠨ ᠳᠠᠪᠬᠤᠷᠭ᠎ᠠ ᠶᠢᠨ ᠬᠡᠢ ᠶᠢ ᠳᠠᠷᠤᠵᠤ | ᠬᠠᠭᠠᠷᠠᠭᠤᠯᠬᠤ ᠠᠵᠢᠯ ᠢ ᠤᠷᠤᠭᠰᠢᠲᠠᠢ ᠡᠬᠢᠯᠡᠭᠦᠯᠪᠡ᠃ ᠠᠮᠢ ᠠᠬᠤᠢ ᠶᠢᠨ ᠠᠵᠤ ᠦᠢᠯᠡᠰ ᠴᠠᠭ ᠤᠨ ᠪᠠᠶᠢᠳᠠᠯ ᠢ ᠳᠠᠭᠠᠵᠤ ᠬᠦᠭᠵᠢᠪᠡ᠃ ᠮᠠᠨ ᠤ ᠬᠤᠲᠠ | ᠤᠯᠤᠰ ᠤᠨ ᠲᠠᠰ ᠤᠨ ᠪᠥᠬᠦ ᠣᠷᠣᠨ ᠪᠦᠰᠡ ᠶᠢᠨ ᠣᠶ ᠰᠢᠭᠤᠢ ᠶᠢᠨ ᠡᠷᠡᠭᠦᠯᠵᠢᠯ ᠤᠨ ᠲᠤᠷᠰᠢᠯᠲᠠ ᠴᠡᠭ ᠤᠨ ᠪᠠᠶᠢᠭᠤᠯᠤᠯᠲᠠ ᠶᠢᠨ ᠬᠤᠲᠠ ᠪᠠᠷ ᠦᠨᠡᠯᠡᠭᠳᠡᠵᠦ᠂ | ᠪᠥᠬᠦ ᠤᠯᠤᠰ ᠤᠨ ᠣᠶ ᠰᠢᠭᠤᠢ ᠶᠢᠨ ᠡᠷᠡᠭᠦᠯᠵᠢᠯ ᠤᠨ ᠰᠤᠪᠢᠯᠠᠯᠲᠠ ᠶᠢᠨ ᠨᠡᠶᠢᠲᠡᠯᠢᠭ ᠵᠢᠱᠢᠶ᠎ᠡ ᠪᠠᠷ ᠰᠣᠩᠭᠤᠭᠳᠠᠨ᠂ ᠬᠥᠯᠥᠨ ᠪᠤᠶᠢᠷ ᠤᠨ ᠬᠤᠰᠢᠭᠤ ᠰᠢᠶᠠᠨ ᠤ | ᠳᠡᠰ ᠤᠨ ᠣᠶ ᠰᠢᠭᠤᠢ ᠶᠢᠨ ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠢ ᠰᠢᠩᠭᠡᠬᠡᠨ ᠠᠪᠬᠤ ᠥᠷᠲᠡᠭ ᠢ ᠪᠡᠶᠡᠯᠡᠭᠦᠯᠬᠦ ᠲᠤᠷᠰᠢᠯᠲᠠ ᠶᠢᠨ ᠴᠡᠭ ᠢᠶᠠᠷ ᠦᠨᠡᠯᠡᠭᠳᠡᠪᠡ᠃ | ᠤᠯᠠᠮᠵᠢᠯᠠᠯᠲᠤ ᠠᠵᠤ ᠦᠢᠯᠡᠰ ᠰᠢᠨ᠎ᠡ ᠶᠢ ᠡᠭᠦᠳᠴᠦ ᠂ ᠰᠢᠯᠢᠳᠡᠭ ᠨᠢ ᠰᠢᠯᠭᠠᠷᠠᠪᠠ᠃ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠥᠷᠲᠡᠭ | 31.7% ᠪᠠᠷ ᠨᠡᠮᠡᠭᠳᠡᠵᠦ᠂ ᠡᠯ᠎ᠡ ᠬᠤᠰᠢᠭᠤ ᠬᠤᠲᠠ ᠲᠣᠭᠤᠷᠢᠭ ᠤᠨ ᠳᠤᠲᠤᠷ᠎ᠠ ᠬᠤᠶᠠᠳᠤᠭᠠᠷ ᠲᠤ ᠣᠷᠣᠵᠤ᠂ ᠬᠥᠯᠥᠨ ᠪᠤᠶᠢᠷ ᠬᠤᠲᠠ ᠶᠢᠨ ᠳᠤᠮᠳᠠᠴᠢ | ᠨᠡᠮᠡᠭᠳᠡᠯ ᠤᠨ ᠬᠤᠷᠳᠤᠴᠠ ᠠᠴᠠ 23.9 ᠵᠠᠭᠤᠨ ᠤ ᠬᠤᠪᠢ ᠥᠨᠳᠥᠷ ᠪᠣᠯᠪᠠ᠃ ᠪᠣᠯᠪᠠᠰᠤᠷᠠᠭᠤᠯᠤᠭᠰᠠᠨ ᠰᠢᠬᠢᠷ᠂ ᠴᠠᠭᠠᠨ ᠢᠳᠡᠭᠡᠨ᠂ ᠬᠠᠷ᠎ᠠ ᠲᠤᠭᠤᠯᠭ᠎ᠠ ᠴᠠᠶᠢᠷ | ᠲᠡᠮᠦᠷᠯᠢᠭ ᠤᠨ ᠭᠠᠷᠤᠯᠲᠠ ᠠᠳᠠᠯᠢ ᠬᠤᠭᠤᠴᠠᠭᠠᠨ ᠤ ᠬᠢ ᠠᠴᠠ ᠲᠣᠰ ᠲᠣᠰ 69.9%᠂ 44%᠂ 65.3% ᠪᠠ 50.6% ᠪᠠᠷ ᠨᠡᠮᠡᠭᠳᠡᠵᠦ᠂ | ᠦᠢᠯᠡᠳᠪᠦᠷᠢᠯᠡᠵᠦ ᠪᠣᠷᠣᠯᠠᠭᠤᠯᠤᠭᠰᠠᠨ ᠨᠣᠷᠮ᠎ᠠ ᠨᠢ 102.4% ᠳᠤ ᠬᠦᠷᠴᠡᠢ᠃ ᠱᠧᠩ ᠲᠦᠩ ᠰᠢᠬᠢᠷ ᠤᠨ ᠦᠢᠯᠡᠰ᠂ ᠴᠧᠩ ᠴᠧᠩ ᠠᠭᠤᠷᠬᠠᠢ ᠶᠢᠨ ᠦᠢᠯᠡᠰ ᠢ | ᠥᠪᠡᠷᠲᠡᠭᠡᠨ ᠵᠠᠰᠠᠬᠤ ᠣᠷᠣᠨ ᠤ ᠲᠠᠰ ᠤᠨ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ ᠢᠶᠠᠷ ᠦᠨᠡᠯᠡᠨ ᠲᠣᠭᠲᠠᠭᠠᠵᠤ᠂ ᠰᠠᠢ ᠱᠠᠩ ᠰᠦᠨ ᠤ ᠦᠢᠯᠡᠰ ᠢ | ᠥᠪᠡᠷᠲᠡᠭᠡᠨ ᠵᠠᠰᠠᠬᠤ ᠣᠷᠣᠨ ᠤ ᠲᠠᠰ ᠤᠨ ᠪᠣᠬᠢᠷᠲᠤᠯ ᠦᠭᠡᠢ ᠦᠢᠯᠡᠳᠪᠦᠷᠢ ᠪᠠᠷ ᠦᠨᠡᠯᠡᠨ ᠲᠣᠭᠲᠠᠭᠠᠪᠠ᠃ ᠱᠧᠩ ᠲᠦᠩ ᠰᠢᠬᠢᠷ ᠤᠨ ᠦᠢᠯᠡᠰ ᠨᠢ ᠠᠨ ᠴᠢ ᠶᠢᠨ | ᠢᠰᠬᠡᠭᠦᠷ ᠲᠠᠢ ᠬᠠᠮᠲᠤᠷᠠᠯᠴᠠᠭᠠᠨ ᠤ ᠪᠦᠳᠦᠭᠦᠪᠴᠢ ᠵᠥᠪᠯᠡᠯᠴᠡᠭᠡᠷ ᠲᠤᠭᠲᠠᠭᠠᠪᠠ᠃ ᠴᠧᠩ ᠴᠧᠩ ᠠᠭᠤᠷᠬᠠᠢ ᠶᠢᠨ ᠦᠢᠯᠡᠰ ᠤᠨ ᠡᠳᠦᠷ ᠤᠨ ᠡᠳ᠋ᠰᠢᠭᠦᠯᠬᠦ | ᠴᠢᠳᠠᠪᠤᠷᠢ ᠶᠢ ᠳᠡᠭᠡᠭᠰᠢᠯᠡᠭᠦᠯᠦᠭᠡᠳ ᠂ 3000 ᠲᠣᠨ ᠪᠣᠯᠭᠠᠵᠤ᠂ ᠴᠠᠶᠢᠷ ᠬᠠᠷ᠎ᠠ ᠲᠤᠭᠤᠯᠭ᠎ᠠ ᠮᠥᠩᠭᠦᠨ ᠤ ᠨᠠᠷᠢᠯᠢᠭ ᠬᠦᠳᠡᠷ ᠢ ᠰᠤᠳᠤᠯᠤᠨ ᠨᠡᠭᠡᠭᠡᠬᠦ ᠲᠥᠪ ᠢ | ᠥᠪᠡᠷᠲᠡᠭᠡᠨ ᠵᠠᠰᠠᠬᠤ ᠣᠷᠣᠨ ᠤ ᠲᠠᠰ ᠤᠨ ᠠᠵᠤ ᠠᠬᠤᠶᠢᠯᠠᠯ ᠤᠨ ᠰᠤᠳᠤᠯᠤᠨ ᠨᠡᠭᠡᠭᠡᠬᠦ ᠲᠥᠪ ᠢᠶᠠᠷ ᠦᠨᠡᠯᠡᠨ ᠲᠣᠭᠲᠠᠭᠠᠪᠠ᠃ ᠰᠠᠢ ᠱᠠᠩ ᠰᠦᠨ ᠤ ᠦᠢᠯᠡᠰ ᠤᠨ | ᠬᠤᠶᠠᠷ ᠦᠢᠯᠡᠳᠬᠦᠨ ᠨᠢ ᠦᠵᠦᠭᠦᠷ ᠤᠨ ᠬᠡᠷᠡᠭᠯᠡᠭᠡᠨ ᠤ ᠵᠠᠬ᠎ᠠ ᠳᠡᠯᠭᠡᠭᠦᠷ ᠤᠨ ᠬᠤᠭᠤᠰᠤᠨ ᠢ ᠨᠥᠬᠦᠪᠦᠷᠢᠯᠡᠪᠡ᠃ |