2023 ᠤᠨ ᠤ ᠵᠠᠰᠠᠭ ᠤᠨ ᠣᠷᠳᠣᠨ ᠤ ᠠᠵᠢᠯ ᠤᠨ ᠢᠯᠡᠳᠬᠡᠯ ︵ᠭᠤᠷᠪᠠ︶
ᠨᠡᠶᠢᠲᠡᠯᠡᠭᠰᠡᠨ ᠴᠠᠭ᠄
2023/12/31
    — ᠬᠥᠳᠡᠯᠭᠡᠭᠴᠢ ᠡᠨᠧᠷᠭᠢ ᠶᠢᠨ ᠠᠮᠢᠵᠢᠷᠠᠯ ᠤᠨ ᠬᠦᠴᠦᠨ ᠢ ᠲᠦᠷᠭᠡᠪᠴᠢᠯᠡᠨ ᠪᠠᠳᠠᠷᠠᠭᠤᠯᠪᠠ᠃ ᠭᠠᠶᠢᠯᠢ ᠶᠢ ᠬᠥᠩᠭᠡᠯᠡᠵᠦ ᠰᠦᠢᠳᠬᠡᠯ ᠢ ᠪᠠᠭᠤᠷᠠᠭᠤᠯᠬᠤ ᠲᠥᠷᠥ ᠶᠢᠨ ᠪᠣᠳᠣᠯᠭ᠎ᠠ ᠶᠢ ᠭᠦᠨᠵᠡᠭᠡᠢ ᠨᠠᠶᠢᠳᠠᠪᠤᠷᠢᠵᠢᠭᠤᠯᠵᠤ᠂ ᠠᠵᠤ ᠠᠬᠤᠶᠢᠯᠠᠯ ᠤᠨ ᠳᠠᠷᠤᠭᠠᠰᠤ ᠶᠢ 5600 ᠲᠦᠮᠡᠨ ᠲᠥᠭᠦᠷᠢᠭ ᠬᠥᠩᠭᠡᠷᠡᠭᠦᠯᠵᠦ᠂ 7  ᠪᠠᠶᠢᠭᠤᠯᠭ᠎ᠠ ᠨᠢᠭᠡᠴᠡ ᠶᠢᠨ ᠵᠣᠭᠤᠰ ᠢ ᠪᠦᠬᠦᠨ ᠢ ᠲᠥᠯᠥᠵᠦ ᠳᠠᠭᠤᠰᠬᠠᠪᠠ᠃ 1269 ᠠᠵᠤ ᠠᠬᠤᠶᠢᠯᠠᠯ ᠢ ᠬᠦᠲᠦᠯᠦᠨ ᠵᠢᠯᠤᠭᠤᠳᠴᠤ᠂ ︽ᠥᠪᠥᠷ ᠮᠣᠩᠭᠤᠯ ᠤᠨ ᠠᠵᠤ ᠠᠬᠤᠶᠢᠯᠠᠯ ᠢ ᠨᠡᠪᠲᠡᠷᠡᠭᠦᠯᠬᠦ︾ ᠲᠠᠪᠴᠠᠩ ᠢ ᠬᠡᠷᠡᠭᠯᠡᠨ᠂ ︽ᠬᠤᠶᠠᠷ ᠢ ᠢᠯᠡ ᠪᠤᠯᠭᠠᠬᠤ︾ ᠮᠡᠳᠡᠭᠡ ᠵᠠᠩᠭᠢ ᠶᠢᠨ ᠰᠦᠯᠵᠢᠶᠡᠨ ᠳᠡᠭᠡᠷ᠎ᠡ 300 ᠵᠤᠷᠪᠤᠰ ᠮᠡᠳᠡᠭᠡ ᠵᠠᠩᠭᠢ ᠶᠢ ᠤᠷᠤᠭᠤᠯᠪᠠ᠃ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠳ᠋ᠠᠶᠢᠲ᠋ᠠ ᠶᠢ ᠬᠠᠮᠲᠤ ᠪᠠᠷ ᠡᠳ᠋ᠯᠡᠬᠦ ᠬᠠᠷᠢᠭᠤᠴᠠᠯᠭ᠎ᠠ ᠶᠢᠨ ᠲᠣᠳᠣᠷᠬᠠᠢ ᠳᠠᠩᠰᠠ ᠶᠢ 318 ᠵᠦᠢᠯ ᠨᠡᠶᠢᠲᠡᠯᠡᠵᠦ᠂ ᠬᠤᠶᠢᠰᠢᠯᠠᠭᠤᠯᠤᠨ ᠦᠢᠯᠡᠴᠢᠯᠡᠬᠦ ᠶᠠᠪᠤᠳᠠᠯ ᠤᠨ ᠲᠣᠳᠣᠷᠬᠠᠢ ᠳᠠᠩᠰᠠ ᠶᠢ 186 ᠵᠦᠢᠯ ᠨᠡᠶᠢᠲᠡᠯᠡᠪᠡ᠃ 31 ᠰᠠᠯᠠᠭ᠎ᠠ ᠮᠥᠴᠢᠷ ᠤᠨ 1349 ᠵᠦᠢᠯ ᠢ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠢᠩᠬᠢᠮ ᠳᠤ ᠣᠷᠣᠭᠤᠯᠵᠤ᠂ ᠡᠯᠧᠺᠲᠷᠣᠨ ᠭᠡᠷᠡᠴᠢ ᠦᠨᠡᠮᠯᠡᠯ ᠤᠨ ᠲᠠᠮᠠᠭ᠎ᠠ ᠳᠠᠷᠤᠭᠰᠠᠨ ᠨᠣᠷᠮ᠎ᠠ 99.98% ᠳᠤ ᠬᠥᠷᠪᠡ᠃ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠥᠭᠡᠷᠡᠴᠢᠯᠡᠯᠲᠡ ᠶᠢᠨ ᠭᠤᠷᠪᠠᠨ ᠵᠢᠯ ᠤᠨ ᠠᠵᠢᠯᠯᠠᠭ᠎ᠠ ᠶᠢ ᠦᠨᠳᠦᠰᠦᠨ ᠳᠡᠭᠡᠨ ᠪᠡᠶᠡᠯᠡᠭᠦᠯᠵᠦ᠂ ᠬᠤᠳᠠ ᠶᠢᠨ ᠤᠯᠤᠰ ᠤᠨ ᠥᠮᠴᠢᠯᠡᠯ ᠤᠨ ᠠᠵᠤ ᠠᠬᠤᠶᠢᠯᠠᠯ ᠢ 7 ᠪᠣᠯᠭᠠᠨ ᠰᠢᠯᠢᠳᠡᠭᠵᠢᠭᠦᠯᠦᠨ ᠂ ᠪᠥᠬᠦ ᠵᠢᠯ ᠤᠨ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠭᠰᠠᠨ ᠪᠥᠬᠦ ᠬᠡᠮᠵᠢᠶ᠎ᠡ 15.3 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 18.8% ᠪᠠᠷ ᠨᠡᠮᠡᠭᠳᠡᠵᠡᠢ᠃ ᠲᠠᠷᠢᠶᠠᠯᠠᠩ ᠤᠨ ᠠᠲᠠᠷ ᠬᠠᠭᠠᠯᠪᠤᠷᠢᠯᠠᠯᠲᠠ᠂ ᠣᠶ ᠰᠢᠭᠤᠢ ᠶᠢᠨ ᠠᠵᠤ ᠦᠢᠯᠡᠳᠪᠦᠷᠢ ᠵᠡᠷᠭᠡ ᠬᠤᠲᠠ ᠳᠤ ᠪᠠᠶᠢᠭ᠎ᠠ ᠠᠵᠤ ᠠᠬᠤᠶᠢᠯᠠᠯ ᠤᠨ ᠬᠤᠭᠤᠷᠤᠨᠳᠤᠬᠢ ᠬᠠᠮᠲᠤᠷᠠᠯᠴᠠᠭ᠎ᠠ ᠶᠢ ᠪᠥᠬᠦ ᠲᠠᠯ᠎ᠠ ᠪᠠᠷ ᠭᠦᠨᠵᠡᠭᠡᠶᠢᠷᠡᠭᠦᠯᠵᠦ᠂ ᠣᠷᠣᠨ ᠨᠤᠲᠤᠭ ᠪᠠ ᠠᠵᠤ ᠠᠬᠤᠶᠢᠯᠠᠯ ᠤᠨ ᠬᠠᠮᠲᠤᠷᠠᠨ ᠬᠥᠭᠵᠢᠬᠦ ᠶᠢ ᠲᠠᠰᠤᠷᠠᠯᠲᠠ ᠦᠭᠡᠢ ᠠᠬᠢᠭᠤᠯᠪᠠ᠃    — ᠬᠤᠳᠠ ᠬᠥᠳᠡᠭᠡ ᠶᠢᠨ ᠰᠠᠭᠤᠷᠢ ᠶᠢ ᠨᠡᠩ ᠪᠠᠲᠤᠳᠬᠠᠪᠠ᠃ 3.3 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠵᠤ᠂ ᠬᠤᠲᠠ ᠶᠢᠨ ᠰᠠᠭᠤᠷᠢ  ᠲᠦᠭᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢᠨ 28 ᠲᠥᠷᠥᠯ ᠵᠦᠢᠯ ᠢ ᠦᠷᠨᠢᠭᠦᠯᠪᠡ᠃ ᠢᠵᠢ ᠪᠦᠷᠢᠨ ᠪᠤᠰᠤ ᠳᠥᠭᠦᠮ ᠪᠦᠳᠦᠭᠦᠯᠢᠭ ᠣᠷᠣᠨ ᠰᠠᠭᠤᠴᠠ ᠶᠢᠨ ᠲᠣᠭᠤᠷᠢᠭ ᠢ ᠦᠭᠡᠷᠡᠴᠢᠯᠡᠨ᠂ 170 ᠡᠷᠦᠬᠡ ᠰᠠᠭᠤᠭᠠᠯᠢ ᠠᠷᠠᠳ ᠲᠤ ᠠᠰᠢᠭ ᠬᠦᠷᠲᠡᠭᠡᠵᠦ᠂ 21 ᠬᠠᠭᠤᠴᠢᠨ ᠰᠠᠭᠤᠭᠠᠯᠢ ᠠᠷᠠᠳ ᠤᠨ ᠲᠣᠭᠤᠷᠢᠭ ᠤᠨ ᠥᠭᠡᠷᠡᠴᠢᠯᠡᠯᠲᠡ ᠶᠢ ᠪᠡᠶᠡᠯᠡᠭᠦᠯᠵᠦ᠂ ᠵᠡᠭᠡᠯᠢ ᠳᠠᠭᠠᠤ 40 ᠰᠠᠭᠤᠷᠢ ᠠᠰᠠᠷ ᠤᠨ ᠦᠵᠡᠮᠵᠢ ᠶᠢ ᠪᠦᠬᠦ ᠲᠠᠯ᠎ᠠ ᠪᠠᠷ ᠰᠠᠶᠢᠵᠢᠷᠠᠭᠤᠯᠪᠠ᠃ ᠳ᠋ᠠᠶᠢᠲ᠋ᠠ ᠶᠢᠨ ᠲᠥᠪ ᠪᠠ ᠬᠠᠮᠢᠶᠠᠷᠤᠯᠲᠠ ᠶᠢᠨ ᠲᠠᠪᠴᠠᠩ ᠢ ᠰᠢᠨ᠎ᠡ ᠪᠠᠷ ᠪᠠᠶᠢᠭᠤᠯᠵᠤ ᠂ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠢᠨᠵᠧᠨᠧᠷᠢᠩ ᠢ ᠡᠬᠢᠯᠡᠨ ᠪᠠᠶᠢᠭᠤᠯᠪᠠ ᠃ 1000 ᠢᠵᠢ ᠡᠨᠧᠷᠭᠢ ᠠᠷᠪᠢᠯᠠᠬᠤ ᠵᠠᠮ ᠤᠨ ᠳ᠋ᠧᠩ ᠢ ᠥᠭᠡᠷᠡᠴᠢᠯᠡᠨ ᠵᠠᠰᠠᠵᠤ᠂ 280 ᠰᠠᠭᠤᠷᠢ ᠤᠶᠤᠨᠴᠢ ᠵᠠᠮ ᠤᠨ ᠳ᠋ᠧᠩ ᠢ ᠤᠭᠰᠠᠷᠠᠪᠠ᠃ ᠡᠷᠭᠦᠨ᠎ᠡ ᠶᠡᠭᠡ ᠵᠡᠭᠡᠯᠢ ᠶᠢᠨ ᠵᠠᠮ ᠤᠨ ᠭᠠᠳᠠᠷᠭᠤ ᠶᠢ 3 ᠺᠢᠯᠣᠮᠧᠲᠷ ᠰᠡᠯᠪᠢᠨ ᠵᠠᠰᠠᠵᠤ᠂ ᠢᠯᠴᠢ ᠬᠠᠩᠭᠠᠬᠤ᠂ ᠤᠰᠤ ᠬᠠᠩᠭᠠᠬᠤ ᠬᠤᠭᠤᠯᠠᠢ ᠶᠢᠨ ᠲᠣᠣᠷ ᠢ 13.8 ᠺᠢᠯᠣᠮᠧᠲᠷ ᠤᠷᠲᠤᠳᠬᠠᠪᠠ᠃ ᠢᠯᠴᠢ ᠴᠠᠬᠢᠯᠭᠠᠨ ᠢ ᠬᠠᠮᠲᠤᠷᠠᠨ ᠦᠢᠯᠡᠳᠪᠦᠷᠢᠯᠡᠬᠦ ᠲᠦᠷᠦᠯ ᠵᠦᠢᠯ ᠢ ᠤᠷᠤᠭᠰᠢᠲᠠᠢ ᠠᠬᠢᠭᠤᠯᠪᠠ᠃ 110 ᠺᠢᠯᠣᠸᠠᠲ ᠤᠨ ᠭᠠᠳᠠᠭᠰᠢ ᠬᠦᠷᠭᠡᠬᠦ ᠵᠠᠮ ᠱᠤᠭᠤᠮ ᠢ ᠲᠣᠭᠲᠠᠭᠰᠠᠨ ᠬᠤᠭᠤᠴᠠᠭᠠᠨ ᠳᠤ ᠪᠠᠷᠢᠵᠤ ᠳᠠᠭᠤᠰᠬᠠᠪᠠ ᠃ ᠬᠤᠭ ᠨᠣᠪᠰᠢ ᠶᠢ ᠰᠢᠢᠳᠪᠦᠷᠢᠯᠡᠬᠦ ᠲᠠᠯᠠᠪᠠᠢ ᠂ ᠬᠠᠲᠠᠭᠤ ᠪᠡᠶᠡᠲᠦ ᠬᠠᠶᠠᠭᠳᠠᠮᠠᠯ ᠤᠨ ᠲᠠᠯᠠᠪᠠᠢ ᠶᠢ ᠬᠤᠣᠷ ᠦᠭᠡᠶᠢᠳᠡᠭᠦᠯᠬᠦ᠂ ᠳᠦᠷᠢᠮᠵᠢᠭᠦᠯᠬᠦ ᠶᠢ ᠪᠡᠶᠡᠯᠡᠭᠦᠯᠪᠡ᠃ 4 ᠭᠤᠣᠯ ᠰᠡᠳᠦᠪᠲᠦ ᠠᠭᠤᠳᠠᠮ ᠲᠠᠯᠠᠪᠠᠢ ᠳᠤ ᠰᠢᠨ᠎ᠡ ᠦᠵᠡᠯ ᠰᠠᠨᠠᠭ᠎ᠠ ᠪᠠ ᠰᠣᠶᠣᠯ ᠤᠨ ᠠᠭᠤᠯᠬᠤᠨ ᠢ ᠨᠡᠮᠡᠪᠡ᠃ ᠳᠡᠭᠡᠳᠦ ᠱᠠᠲᠤᠨ ᠠᠴᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠳᠤ 4152 ᠲᠦᠮᠡᠨ ᠲᠥᠭᠦᠷᠢᠭ ᠤᠨ ᠨᠥᠬᠦᠪᠦᠷᠢ ᠮᠥᠩᠭᠦ ᠦᠭᠴᠦ ᠂ 18 ᠲᠥᠷᠥᠯ ᠵᠦᠢᠯ ᠢ ᠪᠦᠲᠦᠭᠡᠨ ᠪᠠᠶᠢᠭᠤᠯᠪᠠ᠃ ᠥᠪᠡᠷᠲᠡᠭᠡᠨ ᠵᠠᠰᠠᠬᠤ ᠣᠷᠣᠨ ᠤ ᠴᠣᠷ ᠤᠨ ᠭᠠᠭᠴᠠ ᠤᠯᠤᠰ ᠤᠨ ᠲᠠᠰ ᠤᠨ ᠤᠯᠠᠮᠵᠢᠯᠠᠯᠲᠤ ᠲᠣᠰᠬᠤᠨ ᠢ ᠲᠥᠪᠯᠡᠷᠡᠨ ᠬᠠᠮᠠᠭᠠᠯᠠᠬᠤ ᠵᠢᠱᠢᠶ᠎ᠡ ᠦᠵᠡᠭᠦᠯᠬᠦ ᠬᠤᠲᠠ ᠪᠣᠯᠵᠤ᠂ 5 ᠲᠣᠰᠬᠤᠨ ᠢ ᠵᠢᠷᠭᠤᠳᠤᠭᠠᠷ ᠪᠦᠯᠦᠭ ᠤᠯᠤᠰ ᠤᠨ ᠲᠠᠰ ᠤᠨ ᠤᠯᠠᠮᠵᠢᠯᠠᠯᠲᠤ ᠲᠣᠰᠬᠤᠨ ᠤ ᠨᠡᠷᠡᠰ ᠲᠤ ᠣᠷᠣᠭᠤᠯᠪᠠ᠃ 5 ᠵᠤᠷᠪᠤᠰ ᠵᠠᠰᠠᠮᠠᠯ ᠵᠠᠮ ᠢ ᠪᠠᠶᠢᠭᠤᠯᠪᠠ᠃ 4 ᠵᠤᠷᠪᠤᠰ ᠲᠣᠰᠬᠤᠨ ᠳᠤ ᠨᠡᠪᠲᠡᠷᠡᠬᠦ ᠵᠠᠰᠠᠮᠠᠯ ᠵᠠᠮ ᠵᠢᠴᠢ 2 ᠰᠠᠭᠤᠷᠢ ᠠᠶᠤᠯᠲᠠᠢ  ᠬᠥᠭᠦᠷᠭᠡ ᠶᠢ ᠲᠤᠭᠲᠠᠭᠤᠨ ᠥᠭᠡᠷᠡᠴᠢᠯᠡᠨ ᠪᠠᠶᠢᠭᠤᠯᠪᠠ᠃
ᠢᠷᠡᠯᠲᠡ᠄ ᠡᠷᠭᠦᠨ᠎ᠡ ᠬᠤᠲᠠ ᠶᠢᠨ ᠠᠷᠠᠳ ᠤᠨ ᠵᠠᠰᠠᠭ ᠤᠨ ᠤᠷᠳᠤᠨ