2023 ᠤᠨ ᠤ ᠵᠠᠰᠠᠭ ᠤᠨ ᠣᠷᠳᠣᠨ ᠤ ᠠᠵᠢᠯ ᠤᠨ ᠢᠯᠡᠳᠬᠡᠯ ︵ᠳᠦᠷᠪᠡ︶
ᠨᠡᠶᠢᠲᠡᠯᠡᠭᠰᠡᠨ ᠴᠠᠭ᠄
2023/12/31
    — ᠠᠷᠠᠳ ᠤᠨ ᠠᠮᠢᠳᠤᠷᠠᠯ ᠤᠨ ᠠᠵᠠ ᠵᠢᠷᠭᠠᠯ ᠢ ᠦᠷᠭᠦᠯᠵᠢᠯᠡᠨ ᠨᠡᠮᠡᠭᠳᠡᠭᠦᠯᠪᠡ ᠃ ᠠᠷᠠᠳ ᠤᠨ ᠠᠮᠢᠳᠤᠷᠠᠯ ᠤᠨ ᠬᠦᠷᠢᠶᠡᠨ ᠳᠠᠬᠢ ᠵᠠᠷᠤᠯᠭ᠎ᠠ 14.46 ᠳ᠋ᠦᠩᠰᠢᠭᠤᠷ ᠲᠥᠭᠦᠷᠢᠭ ᠪᠠᠶᠢᠵᠤ᠂ ᠡᠩ ᠤᠨ ᠤᠯᠠᠨ ᠨᠡᠶᠢᠲᠡ ᠶᠢᠨ ᠲᠥᠰᠥᠪ ᠤᠨ ᠵᠠᠷᠤᠯᠭ᠎ᠠ ᠶᠢᠨ 77.4% ᠶᠢ ᠡᠵᠡᠯᠡᠪᠡ ᠃ ᠬᠤᠳᠠ ᠪᠠᠯᠭᠠᠰᠤᠨ ᠤ  ᠳᠠᠩᠰᠠᠯᠠᠭᠰᠠᠨ ᠠᠵᠢᠯ ᠠᠯᠳᠠᠯᠲᠠ ᠶᠢᠨ ᠨᠤᠷᠮ᠎ᠠ 3.8% ᠬᠦᠷᠴᠦ᠂ ᠲᠦᠯᠦᠪᠯᠡᠭᠡ ᠶᠢᠨ ᠬᠡᠪᠴᠢᠶᠡᠨ ᠳᠤ ᠪᠠᠶᠢᠪᠠ᠃ ᠨᠡᠶᠢᠭᠡᠮ ᠲᠣᠭᠤᠷᠢᠭ ᠤᠨ ᠭᠡᠷ  ᠲᠤ ᠪᠠᠨ ᠰᠠᠭᠤᠵᠤ ᠪᠠᠶᠢᠭᠠᠳ ᠨᠠᠰᠤᠲᠠᠨ ᠢ ᠠᠰᠠᠷᠠᠬᠤ ᠦᠢᠯᠡᠴᠢᠯᠡᠭᠡ ᠶᠢ ᠬᠥᠭᠵᠢᠭᠦᠯᠵᠦ᠂ 3 ᠨᠠᠰᠤᠲᠠᠶᠢᠴᠤᠳ ᠲᠤ ᠦᠢᠯᠡᠴᠢᠯᠡᠬᠦ ᠲᠥᠪ ᠢ ᠥᠭᠡᠷᠡᠴᠢᠯᠡᠨ ᠵᠠᠰᠠᠪᠠ᠃ ᠡᠮ ᠤᠨ ᠵᠦᠢᠯ ᠪᠠ ᠬᠤᠷᠣᠭᠳᠠᠯ ᠮᠠᠲ᠋ᠧᠷᠢᠶᠠᠯ ᠢ ᠲᠥᠪᠯᠡᠷᠡᠭᠦᠯᠦᠨ ᠬᠤᠳᠠᠯᠳᠤᠨ ᠠᠪᠬᠤ ᠶᠢ ᠬᠡᠷᠡᠭᠵᠢᠭᠦᠯᠵᠦ ᠂ ᠦᠨ᠎ᠡ ᠬᠠᠩᠰᠢ ᠶᠢᠨ ᠳᠤᠮᠳᠠᠴᠢ ᠪᠠᠭᠤᠷᠠᠯᠲᠠ ᠶᠢᠨ ᠬᠡᠮᠵᠢᠶ᠎ᠡ ᠶᠢ 60% ᠠᠴᠠ ᠳᠡᠭᠡᠭᠰᠢ ᠪᠤᠯᠭᠠᠪᠠ᠃ ᠰᠤᠷᠭᠠᠨ ᠬᠥᠮᠦᠵᠢᠯ ᠪᠠ ᠡᠷᠡᠭᠦᠯ ᠬᠠᠮᠠᠭᠠᠯᠠᠯ ᠤᠨ ᠦᠢᠯᠡᠰ ᠢ ᠪᠥᠬᠦ ᠲᠠᠯ᠎ᠠ ᠪᠠᠷ ᠬᠥᠭᠵᠢᠭᠦᠯᠵᠦ᠂ ᠬᠤᠲᠠ ᠶᠢᠨ ᠨᠢᠭᠡᠳᠦᠭᠡᠷ ᠳᠤᠮᠳᠠᠳᠤ ᠰᠤᠷᠭᠠᠭᠤᠯᠢ᠂ ᠬᠤᠶᠠᠳᠤᠭᠠᠷ ᠪᠠᠭ᠎ᠠ ᠰᠤᠷᠭᠠᠭᠤᠯᠢ ᠶᠢᠨ ᠵᠠᠳᠠᠭᠠᠢ ᠲᠠᠮᠢᠷ ᠤᠨ ᠲᠠᠯᠠᠪᠠᠶ᠂ ᠭᠤᠸᠠᠩ ᠠᠨ ᠨᠡᠶᠢᠭᠡᠮ ᠲᠤᠭᠤᠷᠢᠭ ᠤᠨ ᠬᠡᠦᠬᠡᠳ ᠤᠨ ᠴᠡᠴᠡᠷᠯᠢᠭ ᠤᠨ ᠪᠠᠶᠢᠭᠤᠯᠤᠯᠲᠠ ᠶᠢ ᠪᠡᠶᠡᠯᠡᠭᠦᠯᠦᠨ᠂ ᠳᠡᠭᠡᠳᠦ ᠦᠷᠭᠡᠨ ᠤ ᠪᠠᠭ᠎ᠠ ᠰᠤᠷᠭᠠᠭᠤᠯᠢ ᠶᠢᠨ ᠲᠠᠮᠢᠷ ᠤᠨ ᠬᠥᠳᠡᠯᠭᠡᠭᠡᠨ ᠤ ᠲᠠᠰᠤᠭ᠂ ᠰᠦᠴᠢᠨ ᠤ ᠰᠤᠷᠭᠠᠭᠤᠯᠢ ᠶᠢᠨ ᠳᠠᠭᠠᠯᠳᠤᠭᠤᠯᠤᠨ ᠪᠠᠶᠢᠭᠤᠯᠤᠭᠰᠠᠨ ᠬᠡᠦᠬᠡᠳ ᠤᠨ ᠴᠡᠴᠡᠷᠯᠢᠭ᠂ ᠠᠵᠢᠯ ᠮᠡᠷᠭᠡᠵᠢᠯ ᠤᠨ ᠳᠤᠮᠳᠠᠳᠤ ᠰᠤᠷᠭᠠᠭᠤᠯᠢ ᠶᠢᠨ ᠪᠠᠷᠢᠮᠵᠢᠶᠠᠵᠢᠭᠤᠯᠤᠭᠰᠠᠨ ᠰᠤᠷᠭᠠᠭᠤᠯᠢ ᠶᠢᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠢ ᠯᠠᠪᠳᠠᠭᠤᠨ ᠠᠬᠢᠭᠤᠯᠪᠠ᠃ ᠰᠤᠷᠭᠠᠨ ᠬᠥᠮᠦᠵᠢᠯ ᠪᠠ ᠡᠷᠡᠭᠦᠯ ᠬᠠᠮᠠᠭᠠᠯᠠᠯ ᠤᠨ ᠲᠤᠰᠬᠠᠢ ᠮᠡᠷᠭᠡᠵᠢᠯ ᠤᠨ ᠴᠢᠳᠠᠪᠤᠷᠢᠲᠠᠨ ᠢ 97 ᠬᠥᠮᠥᠨ ᠣᠷᠣᠭᠤᠯᠤᠨ ᠠᠪᠴᠢᠷᠠᠵᠤ᠂ ᠶᠡᠭᠡ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠰᠢᠯᠭᠠᠯᠲᠠ ᠶᠢᠨ ᠬᠢᠷᠢ ᠪᠦᠲᠦᠮᠵᠢ ᠳᠠᠬᠢᠨᠲᠠ ᠰᠢᠨ᠎ᠡ ᠲᠡᠮᠳᠡᠭᠯᠡᠯ ᠢ ᠡᠭᠦᠳᠪᠡ᠃ ᠴᠡᠷᠢᠭ ᠤᠨ ᠠᠯᠪᠠ ᠠᠴᠠ ᠪᠠᠭᠤᠭᠰᠠᠳ ᠤᠨ ᠠᠵᠢᠯ ᠢ ᠲᠣᠭᠲᠠᠭᠤᠨ ᠥᠷᠨᠢᠭᠦᠯᠵᠦ ᠂ ᠴᠡᠷᠢᠭ ᠠᠩᠭᠢ ᠪᠠ ᠣᠷᠣᠨ ᠨᠤᠲᠤᠭ ᠬᠦᠴᠦ ᠪᠠᠨ ᠬᠠᠮᠲᠤᠳᠬᠠᠬᠤ ᠂ ᠴᠡᠷᠢᠭ ᠠᠷᠠᠳ ᠰᠡᠳᠬᠢᠯ ᠨᠢᠭᠡᠳᠬᠦ ᠠᠭᠤᠷ ᠠᠮᠢᠰᠬᠤᠯ ᠡᠳᠦᠷ ᠢᠷᠡᠬᠦᠶ᠎ᠡ ᠨᠡᠮᠡᠭᠳᠡᠪᠡ᠃ ᠠᠶᠤᠯᠭᠦᠢ ᠦᠢᠯᠡᠳᠪᠦᠷᠢᠯᠡᠯ᠂ ᠣᠶ ᠰᠢᠭᠤᠢ ᠨᠤᠲᠤᠭ ᠪᠡᠯᠴᠢᠭᠡᠷ ᠤᠨ ᠭᠠᠯ ᠢ ᠰᠡᠷᠭᠡᠶᠢᠯᠡᠨ ᠤᠨᠲᠠᠷᠠᠭᠠᠬᠤ᠂ ᠬᠤᠲᠠ ᠪᠠᠯᠭᠠᠰᠤᠨ ᠤ ᠭᠠᠯ ᠤᠨᠲᠠᠷᠠᠭᠠᠬᠤ ᠵᠡᠷᠭᠡ ᠡᠯ᠎ᠡ ᠲᠦᠷᠦᠯ ᠤᠨ ᠠᠵᠢᠯ ᠢ ᠦᠷᠭᠦᠯᠵᠢᠯᠡᠨ ᠰᠠᠶᠢᠲᠤᠷ ᠠᠳᠬᠤᠵᠤ᠂ ᠢᠳᠡᠭᠡᠨ ᠤ ᠠᠮᠤᠷ ᠲᠦᠪᠰᠢᠨ ᠤ ︽ᠬᠤᠶᠠᠷ ᠬᠠᠷᠢᠭᠤᠴᠠᠯᠭ᠎ᠠ︾ ᠶᠢ ᠴᠢᠩᠭ᠎ᠠ ᠨᠠᠶᠢᠳᠠᠪᠤᠷᠢᠵᠢᠭᠤᠯᠪᠠ᠃ ᠬᠥᠯᠥᠨ ᠪᠤᠶᠢᠷ ᠬᠤᠲᠠ ᠶᠢᠨ ᠲᠠᠰ  ᠠᠴᠠ ᠳᠡᠭᠡᠭᠰᠢᠬᠢ ᠪᠣᠯᠪᠠᠰᠤᠨ ᠲᠣᠰᠬᠤᠨ ᠪᠠᠯᠭᠠᠰᠤ 9 ᠨᠡᠮᠡᠭᠳᠡᠵᠦ᠂ ᠪᠣᠯᠪᠠᠰᠤᠨ ᠲᠣᠰᠬᠤᠨ ᠪᠠᠯᠭᠠᠰᠤ ᠪᠦᠬᠦᠨ ᠢ ᠬᠠᠮᠤᠷᠪᠠ᠃ ᠰᠠᠨ ᠾᠧ ᠶᠢᠨ ᠬᠤᠲᠣᠩ ᠦᠨᠳᠦᠰᠦᠲᠡᠨ ᠤ ᠰᠢᠶᠠᠩ ︽ᠪᠥᠬᠦ ᠣᠷᠣᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶᠡᠴᠢ ᠬᠠᠮᠲᠤ︾ ᠶᠢᠨ ᠢᠷᠠᠭᠤ ᠠᠯᠳᠠᠷ ᠢ ᠤᠯᠪᠠ᠃ ᠨᠡᠶᠢᠭᠡᠮ ᠤᠨ ᠠᠮᠤᠷ ᠲᠦᠪᠰᠢᠨ ᠤ ᠰᠡᠷᠭᠡᠶᠢᠯᠡᠨ ᠡᠵᠡᠮᠳᠡᠬᠦ ᠪᠠ ᠵᠥᠷᠢᠴᠡᠯ ᠵᠢᠭᠤᠷᠠᠯᠳᠤᠭᠠᠨ ᠢ ᠨᠠᠮᠳᠠᠭᠤᠯᠬᠤ ᠶᠢ ᠴᠢᠩᠭᠠᠳᠬᠠᠵᠤ ᠂ ᠴᠠᠬᠢᠯᠭᠠᠨ ᠬᠤᠯᠪᠣᠭ᠎ᠠ ᠰᠦᠯᠵᠢᠶᠡᠨ ᠤ ᠮᠡᠬᠡᠯᠡᠬᠦ ᠶᠠᠯᠠᠲᠤ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ ᠂ ᠬᠤᠳᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠪᠦᠬᠦ ᠣᠷᠣᠨ ᠤ ᠰᠢᠯᠢᠳᠡᠭ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠪᠠᠷ ᠦᠨᠡᠯᠡᠭᠳᠡᠵᠦ ᠂ ᠪᠠᠭ᠎ᠠ ᠬᠤᠳᠠ ᠶᠢᠨ ᠠᠮᠤᠷ ᠠᠮᠤᠭᠤᠯᠠᠩ ᠢ ᠰᠠᠬᠢᠨ ᠬᠠᠮᠠᠭᠠᠯᠠᠵᠤ ᠂ ᠠᠷᠠᠳ ᠤᠯᠠᠨ ᠤ ᠵᠣᠯ ᠵᠢᠷᠭᠠᠯ ᠢ ᠳᠡᠭᠡᠭᠰᠢᠯᠡᠭᠦᠯᠵᠡᠢ ᠃    — ᠵᠠᠰᠠᠭ ᠤᠨ ᠣᠷᠳᠣᠨ ᠤ ᠪᠠᠶᠢᠭᠤᠯᠤᠯᠲᠠ ᠶᠢ ᠲᠠᠰᠤᠷᠠᠯᠳᠠ ᠦᠭᠡᠢ ᠴᠢᠩᠭᠠᠳᠬᠠᠪᠠ ᠃ ︽ᠦᠵᠡᠯᠲᠡ ᠪᠠᠨ ᠬᠤᠪᠢᠷᠠᠭᠤᠯᠬᠤ᠂ ᠰᠤᠷᠲᠠᠯ ᠢᠶᠠᠨ ᠴᠢᠩᠭᠠᠳᠬᠠᠬᠤ᠂ ᠣᠷᠴᠢᠨ ᠲᠣᠭᠤᠷᠢᠨ ᠢ ᠰᠢᠯᠢᠳᠡᠭᠵᠢᠭᠦᠯᠬᠦ᠂ ᠨᠠᠶᠢᠳᠠᠪᠤᠷᠢᠵᠢᠭᠤᠯᠬᠤ ᠶᠢ ᠴᠢᠬᠤᠯᠠᠴᠢᠯᠠᠬᠤ᠂ ᠳᠦᠷᠢ ᠲᠥᠷᠬᠦ ᠶᠢ ᠪᠣᠶ ᠪᠣᠯᠭᠠᠬᠤ︾ ᠵᠡᠷᠭᠡ ᠰᠤᠷᠤᠯᠴᠠᠨ ᠦᠢᠯᠡᠳᠦᠯᠭᠡᠵᠢᠭᠦᠯᠬᠦ ᠠᠵᠢᠯᠯᠠᠭ᠎ᠠ ᠶᠢ ᠭᠦᠨᠵᠡᠭᠡᠢ ᠦᠷᠨᠢᠭᠦᠯᠪᠡ᠃ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠪᠠ ᠤᠯᠤᠰ ᠲᠦᠷᠦ ᠶᠢᠨ ᠵᠥᠪᠯᠡᠯᠭᠡᠨ ᠤ ᠬᠢᠨᠠᠯᠲᠠ ᠶᠢ ᠤᠬᠠᠮᠰᠠᠷ ᠠᠴᠠ ᠪᠠᠨ ᠬᠦᠯᠢᠶᠡᠨ ᠠᠪᠴᠤ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠰᠠᠨᠠᠭᠤᠯᠭ᠎ᠠ ᠂ ᠤᠯᠤᠰ ᠲᠦᠷᠦ ᠶᠢᠨ ᠵᠥᠪᠯᠡᠯᠭᠡᠨ ᠤ ᠭᠡᠰᠢᠭᠦᠳ ᠤᠨ ᠰᠠᠨᠠᠯ ᠢ ᠪᠦᠷ ᠭᠦᠢᠴᠡᠳᠭᠡᠪᠡ᠃ ︽12345︾ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠷᠠᠳ ᠲᠤ ᠲᠥᠬᠦᠮ ᠦᠵᠡᠭᠦᠯᠬᠦ ᠬᠠᠯᠠᠮᠰᠢᠯ ᠤᠲᠠᠰᠤ ᠶᠢ ᠥᠨᠳᠥᠷ ᠪᠦᠲᠦᠮᠵᠢᠲᠡᠶ ᠪᠠᠷ ᠠᠵᠢᠯᠯᠠᠭᠤᠯᠵᠤ᠂ ᠬᠤᠲᠠ ᠶᠢᠨ ᠳᠠᠷᠤᠭ᠎ᠠ ᠳᠤ ᠢᠷᠡᠭᠦᠯᠦᠭᠰᠡᠨ ᠵᠠᠬᠢᠳᠠᠯ ᠢ ᠰᠢᠢᠳᠪᠦᠷᠢᠯᠡᠵᠦ ᠳᠠᠭᠤᠰᠬᠠᠭᠰᠠᠨ ᠨᠣᠷᠮ᠎ᠠ ᠪᠠ ᠠᠷᠠᠳ ᠤᠨ ᠰᠦᠯᠵᠢᠶᠡᠨ ᠳᠡᠭᠡᠷ᠎ᠡ ᠦᠯᠡᠳᠡᠭᠡᠭᠰᠡᠨ ᠠᠰᠠᠭᠤᠯᠲᠠ ᠳᠤ ᠬᠠᠷᠢᠭᠤᠯᠲᠠ ᠦᠭᠭᠦᠭᠰᠡᠨ ᠨᠣᠷᠮ᠎ᠠ 100% ᠳᠤ ᠬᠥᠷᠪᠡ᠃ ᠲᠥᠪ ᠬᠤᠷᠢᠶᠠᠨ ᠤ ᠨᠠᠢᠮᠠᠨ ᠵᠦᠢᠯ ᠤᠨ ᠲᠣᠭᠲᠠᠭᠠᠯ ᠤᠨ ᠵᠣᠷᠢᠭ ᠰᠠᠨᠠᠭ᠎ᠠ ᠶᠢ ᠴᠢᠩᠭ᠎ᠠ ᠨᠠᠶᠢᠳᠠᠪᠤᠷᠢᠵᠢᠭᠤᠯᠵᠤ ᠂ ᠡᠳ᠋ ᠤᠨ ᠵᠠᠰᠠᠭ ᠤᠨ ᠣᠷᠣᠯᠭ᠎ᠠ ᠵᠠᠷᠤᠯᠭ᠎ᠠ ᠶᠢᠨ ᠬᠠᠮᠢᠶᠠᠷᠤᠯᠲᠠ ᠶᠢ ᠨᠢᠭᠡᠳᠦᠯᠲᠡᠢ ᠲᠥᠯᠥᠪᠯᠡᠨ ᠂ ︽ ᠭᠤᠷᠪᠠᠨ ᠵᠦᠢᠯ ᠤᠨ ᠠᠯᠪᠠᠨ ᠤ ᠵᠠᠷᠤᠳᠠᠯ ︾ ᠢ ᠴᠢᠩᠭ᠎ᠠ ᠬᠢᠵᠠᠭᠠᠷᠯᠠᠵᠤ ᠂ ᠬᠢᠨᠠᠨ ᠪᠤᠳᠤᠵᠤ ᠬᠢᠨᠠᠯᠲᠠ ᠲᠠᠯᠪᠢᠬᠤ ᠶᠢ ᠨᠡᠶᠢᠳᠡᠮ ᠬᠡᠷᠡᠭᠵᠢᠭᠦᠯᠪᠡ᠃ ᠡᠭᠦᠨ ᠤ ᠬᠠᠮᠲᠤ᠂ ᠲᠤᠭ᠎ᠠ ᠪᠦᠷᠢᠳᠬᠡᠯ ᠂ ᠬᠠᠩᠭᠠᠨ ᠪᠣᠷᠤᠯᠠᠭᠤᠯᠭ᠎ᠠ ᠂ ᠴᠠᠭ ᠠᠭᠤᠷ ᠂ ᠲᠠᠩᠰᠠ ᠡᠪᠬᠡᠮᠡᠯ ᠂ ᠲᠡᠦᠬᠡ ᠣᠶᠢᠯᠠᠯᠭ᠎ᠠ ᠵᠡᠷᠭᠡ ᠠᠵᠢᠯ ᠢ ᠴᠢᠩᠭᠠᠳᠬᠠᠵᠤ ᠂ ᠡᠪ ᠬᠠᠮᠲᠤ ᠵᠠᠯᠠᠭᠤᠴᠤᠳ ᠤᠨ ᠡᠪᠯᠡᠯ ᠂ ᠤᠯᠠᠭᠠᠨ ᠵᠠᠭᠠᠯᠮᠠᠶᠢᠳᠠᠨ ᠤ ᠨᠡᠶᠢᠭᠡᠮᠯᠢᠭ᠂ ᠡᠮᠡᠭᠲᠡᠶᠢᠴᠦᠳ ᠬᠡᠦᠬᠡᠳ ᠂ ᠨᠠᠰᠤᠲᠠᠶᠢᠴᠤᠳ ᠪᠠ ᠵᠡᠮᠳᠡᠭᠴᠦᠳ ᠤᠨ ᠦᠢᠯᠡᠰ ᠰᠢᠨ᠎ᠡ ᠱᠠᠲᠤᠨ ᠳᠤ ᠭᠠᠷᠪᠠ᠃  
ᠢᠷᠡᠯᠲᠡ᠄ ᠡᠷᠭᠦᠨ᠎ᠡ ᠬᠤᠲᠠ ᠶᠢᠨ ᠠᠷᠠᠳ ᠤᠨ ᠵᠠᠰᠠᠭ ᠤᠨ ᠤᠷᠳᠤᠨ