ᠡᠷᠭᠦᠨ᠎ᠡ ᠬᠤᠲᠠ ᠶᠢᠨ ᠤᠷᠤᠨ ᠰᠠᠭᠤᠴᠠ ᠪᠠ ᠬᠤᠲᠠ ᠬᠦᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠤᠪᠴᠢᠶ᠎ᠠ
ᠨᠡᠶᠢᠲᠡᠯᠡᠭᠰᠡᠨ ᠴᠠᠭ᠄
2023/12/31
ᠭᠤᠤᠯ ᠡᠭᠦᠷᠭᠡ ᠬᠠᠷᠢᠭᠤᠴᠠᠯᠭ᠎ᠠ᠄   ︵ᠨᠢᠭᠡ︶ ᠤᠯᠤᠰ᠂ ᠦᠪᠡᠷᠲᠡᠭᠡᠨ ᠵᠠᠰᠠᠬᠤ ᠤᠷᠤᠨ ᠪᠠ ᠬᠦᠯᠦᠨ ᠪᠤᠶᠢᠷ ᠬᠤᠲᠠ ᠶᠢᠨ ᠤᠷᠤᠨ ᠰᠠᠭᠤᠴᠠ ᠪᠠ ᠬᠤᠲᠠ ᠬᠦᠳᠡᠭᠡ ᠶᠢᠨ ᠪᠦᠲᠦᠭᠡᠨ ᠪᠠᠶᠢᠭᠤᠯᠤᠯᠲᠠ᠂ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠠᠵᠢᠯ ᠤᠨ ᠲᠤᠬᠠᠢ ᠬᠠᠤᠯᠢ ᠴᠠᠭᠠᠵᠠ ᠬᠠᠤᠯᠢ ᠳᠦᠷᠢᠮ ᠵᠢᠴᠢ ᠬᠠᠮᠢᠶ᠎ᠠ ᠪᠦᠬᠦᠢ ᠲᠦᠷᠦ ᠶᠢᠨ ᠪᠤᠳᠤᠯᠭ᠎ᠠ ᠶᠢ ᠲᠤᠭᠤᠰᠢᠯᠠᠭᠤᠯᠤᠨ᠎ᠠ᠃ ᠤᠷᠤᠨ ᠰᠠᠭᠤᠴᠠ ᠪᠠ ᠬᠤᠲᠠ ᠬᠦᠳᠡᠭᠡ ᠶᠢᠨ ᠪᠦᠲᠦᠭᠡᠨ ᠪᠠᠶᠢᠭᠤᠯᠤᠯᠲᠠ᠂ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠴᠢᠬᠤᠯᠠ ᠶᠡᠭᠡ ᠠᠰᠠᠭᠤᠳᠠᠯ ᠤᠨ ᠲᠤᠬᠠᠢ ᠲᠦᠷᠦ ᠶᠢᠨ ᠪᠤᠳᠤᠯᠭ᠎ᠠ ᠶᠢᠨ ᠵᠦᠪᠯᠡᠯᠭᠡ ᠳᠤᠷᠠᠳᠤᠨ᠎ᠠ᠃ ᠤᠷᠤᠨ ᠰᠠᠭᠤᠴᠠ ᠪᠠ ᠬᠤᠲᠠ ᠬᠦᠳᠡᠭᠡ ᠶᠢᠨ ᠪᠦᠲᠦᠭᠡᠨ ᠪᠠᠶᠢᠭᠤᠯᠤᠯᠲᠠ᠂ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠦᠢᠯᠡᠰ ᠤᠨ ᠬᠦᠭᠵᠢᠯᠲᠡ ᠶᠢᠨ ᠲᠦᠯᠦᠪᠯᠡᠭᠡ ᠶᠢ ᠲᠤᠭᠲᠠᠭᠠᠨ ᠬᠡᠷᠡᠭᠵᠢᠭᠦᠯᠦᠨ᠎ᠡ᠃ ᠡᠯ᠎ᠡ ᠰᠤᠮᠤ ᠰᠢᠶᠠᠩ ᠪᠠᠯᠭᠠᠰᠤᠨ ︵ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ︶ ᠤ ᠬᠤᠯᠪᠤᠭᠳᠠᠯ ᠪᠦᠬᠦᠢ ᠠᠵᠢᠯ ᠢ ᠵᠢᠭᠠᠨ ᠵᠢᠯᠤᠭᠤᠳᠤᠨ᠎ᠠ᠃      ︵ᠬᠤᠶᠠᠷ︶ ᠬᠤᠲᠠ ᠪᠠᠯᠭᠠᠰᠤᠨ ᠤ ᠤᠷᠤᠨ ᠰᠠᠭᠤᠴᠠ ᠶᠢᠨ ᠪᠠᠲᠤᠯᠠᠭ᠎ᠠ ᠶᠢᠨ ᠠᠵᠢᠯ ᠢ ᠵᠢᠯᠤᠭᠤᠳᠤᠨ᠎ᠠ᠃ ᠬᠤᠲᠠ ᠪᠠᠯᠭᠠᠰᠤᠨ ᠤ ᠤᠷᠤᠨ ᠰᠠᠭᠤᠴᠠ ᠶᠢᠨ ᠪᠠᠲᠤᠯᠠᠭ᠎ᠠ ᠶᠢᠨ ᠲᠤᠬᠠᠢ ᠲᠦᠷᠦ ᠶᠢᠨ ᠪᠤᠳᠤᠯᠭ᠎ᠠ ᠶᠢ ᠲᠤᠭᠲᠠᠭᠠᠬᠤ ᠮᠦᠷᠲᠡᠭᠡᠨ ᠬᠢᠨᠠᠨ ᠬᠡᠷᠡᠭᠵᠢᠭᠦᠯᠦᠨ᠎ᠡ᠃ ᠤᠷᠤᠨ ᠰᠠᠭᠤᠴᠠ ᠶᠢᠨ ᠳᠦᠷᠢᠮ ᠤᠨ ᠦᠭᠡᠷᠡᠴᠢᠯᠡᠯᠲᠡ ᠶᠢ ᠲᠦᠯᠬᠢᠨ ᠠᠬᠢᠭᠤᠯᠤᠨ᠎ᠠ᠃ ᠤᠯᠠᠨ ᠴᠤᠭᠴᠠ ᠬᠠᠩᠭᠠᠬᠤ᠂ ᠤᠯᠠᠨ ᠠᠷᠭ᠎ᠠ ᠵᠠᠮ ᠢᠶᠠᠷ ᠪᠠᠲᠤᠯᠠᠬᠤ᠂ ᠳᠦᠷᠢᠶᠡᠰᠦᠯᠡᠬᠦ ᠪᠠ ᠬᠤᠳᠠᠯᠳᠤᠨ ᠠᠪᠬᠤ ᠶᠢ ᠵᠡᠷᠭᠡᠪᠡᠷ ᠬᠡᠷᠡᠭᠵᠢᠭᠦᠯᠬᠦ ᠤᠷᠤᠨ ᠰᠠᠭᠤᠴᠠ ᠶᠢᠨ ᠳᠦᠷᠢᠮ ᠢ ᠪᠠᠶᠢᠭᠤᠯᠤᠨ᠎ᠠ᠃ ᠪᠦᠬᠦ ᠬᠤᠲᠠ ᠶᠢᠨ ᠤᠷᠤᠨ ᠰᠠᠭᠤᠴᠠ ᠶᠢᠨ ᠴᠢᠳᠡᠪᠬᠢ ᠶᠢ ᠪᠠᠲᠤᠯᠠᠬᠤ ᠠᠵᠢᠯ ᠢ ᠬᠠᠷᠢᠭᠤᠴᠠᠨ᠎ᠠ᠃      ︵ᠭᠤᠷᠪᠠ︶ ᠭᠡᠷ ᠪᠠᠶᠢᠰᠢᠩ ᠭᠠᠵᠠᠷ ᠬᠦᠷᠦᠩᠭᠡ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠪᠠ ᠭᠡᠷ ᠪᠠᠶᠢᠰᠢᠩ ᠭᠠᠵᠠᠷ ᠬᠦᠷᠦᠩᠭᠡ ᠶᠢᠨ ᠦᠢᠯᠡᠰ ᠤᠨ ᠬᠦᠭᠵᠢᠯᠲᠡ ᠶᠢᠨ ᠠᠵᠢᠯ ᠢ ᠬᠠᠷᠢᠭᠤᠴᠠᠨ᠎ᠠ᠃ ᠳᠡᠭᠡᠳᠦ ᠱᠠᠲᠤᠨ ᠤ ᠭᠡᠷ ᠪᠠᠶᠢᠰᠢᠩ ᠭᠠᠵᠠᠷ ᠬᠦᠷᠦᠩᠭᠡ ᠶᠢᠨ ᠵᠠᠬ᠎ᠠ ᠳᠡᠯᠭᠡᠭᠦᠷ ᠢ ᠬᠢᠨᠠᠨ ᠬᠠᠮᠢᠶᠠᠷᠬᠤ ᠪᠠ ᠲᠤᠬᠢᠷᠠᠭᠤᠯᠬᠤ ᠲᠦᠷᠦ ᠶᠢᠨ ᠪᠤᠳᠤᠯᠭ᠎ᠠ᠂ ᠳᠦᠷᠢᠮ ᠲᠤᠭᠲᠠᠭᠠᠯ ᠢ ᠲᠤᠤᠱᠯᠠᠭᠤᠯᠤᠨ ᠨᠠᠶᠢᠳᠠᠪᠤᠷᠢᠵᠢᠭᠤᠯᠤᠨ᠎ᠠ᠃ ᠳᠡᠭᠡᠳᠦ ᠱᠠᠲᠤᠨ ᠤ ᠬᠠᠤᠯᠢ ᠳᠦᠷᠢᠮ ᠪᠠ ᠲᠦᠷᠦ ᠶᠢᠨ ᠪᠤᠳᠤᠯᠭ᠎ᠠ ᠶᠢ ᠲᠤᠤᠱᠯᠠᠭᠤᠯᠵᠤ ᠪᠠᠶᠢᠳᠠᠯ ᠳᠤ ᠬᠢᠨᠠᠯᠲᠠ ᠲᠠᠯᠪᠢᠨ᠎ᠠ᠃ ᠳᠡᠭᠡᠳᠦ ᠱᠠᠲᠤᠨ ᠤ ᠭᠡᠷ ᠪᠠᠶᠢᠰᠢᠩ ᠭᠠᠵᠠᠷ ᠬᠦᠷᠦᠩᠭᠡ ᠶᠢᠨ ᠠᠵᠤ ᠦᠢᠯᠡᠰ ᠤᠨ ᠬᠦᠭᠵᠢᠯᠲᠡ ᠶᠢᠨ ᠲᠦᠯᠦᠪᠯᠡᠭᠡ ᠪᠠ ᠠᠵᠤ ᠦᠢᠯᠡᠰ ᠤᠨ ᠲᠦᠷᠦ ᠶᠢᠨ ᠪᠤᠳᠤᠯᠭ᠎ᠠ ᠶᠢ ᠲᠤᠭᠤᠰᠢᠯᠠᠭᠤᠯᠤᠨ᠎ᠠ᠃ ᠳᠡᠭᠡᠳᠦ ᠱᠠᠲᠤᠨ ᠤ ᠭᠡᠷ ᠪᠠᠶᠢᠰᠢᠩ ᠭᠠᠵᠠᠷ ᠬᠦᠷᠦᠩᠭᠡ ᠶᠢ ᠨᠡᠭᠡᠭᠡᠨ ᠬᠦᠭᠵᠢᠭᠦᠯᠬᠦ᠂ ᠭᠡᠷ ᠪᠠᠶᠢᠰᠢᠩ ᠤᠨ ᠰᠤᠯᠢᠯᠴᠠᠭ᠎ᠠ᠂ ᠭᠡᠷ ᠪᠠᠶᠢᠰᠢᠩ ᠳᠦᠷᠢᠶᠡᠰᠦᠯᠡᠬᠦ᠂ ᠭᠡᠷ ᠪᠠᠶᠢᠰᠢᠩ ᠤᠨ ᠲᠠᠯᠠᠪᠠᠢ ᠶᠢ ᠬᠠᠮᠢᠶᠠᠷᠬᠤ᠂ ᠭᠡᠷ ᠪᠠᠶᠢᠰᠢᠩ ᠲᠠᠲᠠᠪᠤᠷᠢᠯᠠᠬᠤ᠂ ᠭᠡᠷ ᠪᠠᠶᠢᠰᠢᠩ ᠭᠠᠵᠠᠷ ᠬᠦᠷᠦᠩᠭᠡ ᠶᠢᠨ ᠦᠨ᠎ᠡ ᠬᠠᠩᠰᠢ ᠶᠢ ᠦᠨᠡᠯᠡᠬᠦ ᠵᠢᠴᠢ ᠠᠵᠤ ᠠᠬᠤᠢ ᠶᠢᠨ ᠬᠠᠮᠢᠶᠠᠷᠤᠯᠲᠠ ᠶᠢᠨ ᠲᠦᠷᠦ ᠶᠢᠨ ᠪᠤᠳᠤᠯᠭ᠎ᠠ᠂ ᠠᠷᠭ᠎ᠠ ᠬᠡᠮᠵᠢᠶ᠎ᠡ ᠶᠢ ᠬᠡᠷᠡᠭᠵᠢᠭᠦᠯᠦᠨ᠎ᠡ᠃      ︵ᠳᠦᠷᠪᠡ︶ ᠠᠳᠠᠯ ᠠᠬᠤᠢ ᠶᠢᠨ ᠦᠢᠯᠡᠴᠢᠯᠡᠭᠡᠨ ᠤ ᠠᠵᠢᠯ ᠲᠦᠷᠦᠯ ᠢ ᠬᠠᠮᠢᠶᠠᠷᠤᠨ᠎ᠠ᠃ ᠪᠦᠬᠦ ᠬᠤᠲᠠᠨ ᠤ ᠠᠳᠠᠯ ᠠᠬᠤᠢ ᠶᠢᠨ ᠦᠢᠯᠡᠴᠢᠯᠡᠭᠡᠨ ᠤ ᠬᠠᠮᠢᠶᠠᠷᠤᠯᠲᠠ ᠶᠢᠨ ᠲᠦᠷᠦ ᠶᠢᠨ ᠪᠤᠳᠤᠯᠭ᠎ᠠ ᠶᠢ ᠲᠤᠭᠲᠠᠭᠠᠬᠤ ᠮᠦᠷᠲᠡᠭᠡᠨ ᠬᠢᠨᠠᠨ ᠬᠡᠷᠡᠭᠵᠢᠭᠦᠯᠦᠨ᠎ᠡ᠃ ᠠᠳᠠᠯ ᠠᠬᠤᠢ ᠶᠢᠨ ᠦᠢᠯᠡᠴᠢᠯᠡᠭᠡᠨ ᠤ ᠵᠠᠬ᠎ᠠ ᠳᠡᠯᠭᠡᠭᠦᠷ ᠢ ᠳᠦᠷᠢᠮᠵᠢᠭᠦᠯᠬᠦ ᠪᠠ ᠵᠢᠭᠠᠨ ᠵᠢᠯᠤᠭᠤᠳᠤᠨ᠎ᠠ᠃ ᠭᠡᠷ ᠪᠠᠶᠢᠰᠢᠩ ᠢ ᠰᠡᠯᠪᠢᠨ ᠵᠠᠰᠠᠬᠤ ᠪᠡᠯᠡ ᠮᠦᠩᠭᠦ ᠶᠢ ᠲᠦᠪᠯᠡᠷᠡᠭᠦᠯᠦᠨ ᠬᠡᠷᠡᠭᠯᠡᠵᠦ ᠬᠠᠮᠢᠶᠠᠷᠬᠤ ᠶᠢ ᠵᠢᠭᠠᠨ ᠵᠢᠯᠤᠭᠤᠳᠬᠤ ᠮᠦᠷᠲᠡᠭᠡᠨ ᠬᠢᠨᠠᠯᠲᠠ ᠲᠠᠯᠪᠢᠨ᠎ᠠ᠃      ︵ᠲᠠᠪᠤ︶ ᠤᠯᠤᠰ᠂ ᠦᠪᠡᠷᠲᠡᠭᠡᠨ ᠵᠠᠰᠠᠬᠤ ᠤᠷᠤᠨ ᠪᠠ ᠬᠦᠯᠦᠨ ᠪᠤᠶᠢᠷ ᠬᠤᠲᠠ ᠶᠢᠨ ᠢᠨᠵᠧᠨᠧᠷᠢᠩ ᠢ ᠪᠦᠲᠦᠭᠡᠨ ᠪᠠᠶᠢᠭᠤᠯᠬᠤ ᠪᠠᠷᠢᠮᠵᠢᠶ᠎ᠠ ᠪᠠ ᠬᠠᠮᠢᠶ᠎ᠠ ᠪᠦᠬᠦᠢ ᠠᠵᠢᠯ ᠲᠦᠷᠦᠯ ᠤᠨ ᠪᠠᠷᠢᠮᠵᠢᠶ᠎ᠠ ᠶᠢ ᠬᠢᠨᠠᠨ ᠬᠡᠷᠡᠭᠵᠢᠭᠦᠯᠦᠨ᠎ᠡ᠃ ᠢᠨᠵᠧᠨᠧᠷᠢᠩ ᠢ ᠪᠠᠶᠢᠭᠤᠯᠬᠤ ᠦᠨ᠎ᠡ ᠬᠠᠩᠰᠢ ᠶᠢ ᠬᠠᠮᠢᠶᠠᠷᠬᠤ ᠠᠵᠢᠯ ᠢ ᠬᠠᠷᠢᠭᠤᠴᠠᠨ᠎ᠠ᠃ ᠡᠯ᠎ᠡ ᠲᠦᠷᠦᠯ ᠤᠨ ᠢᠨᠵᠧᠨᠧᠷᠢᠩ ᠢ ᠪᠦᠲᠦᠭᠡᠨ ᠪᠠᠶᠢᠭᠤᠯᠬᠤ ᠪᠠᠷᠢᠮᠵᠢᠶ᠎ᠠ ᠶᠢ ᠬᠡᠷᠡᠭᠵᠢᠭᠦᠯᠬᠦ ᠪᠤᠯᠤᠨ ᠢᠨᠵᠧᠨᠧᠷᠢᠩ ᠢ ᠪᠦᠲᠦᠭᠡᠨ ᠪᠠᠶᠢᠭᠤᠯᠬᠤ ᠦᠨ᠎ᠡ ᠬᠠᠩᠰᠢ ᠶᠢ ᠦᠨᠡᠯᠡᠬᠦ ᠶᠢ ᠵᠢᠭᠠᠨ ᠵᠢᠯᠤᠭᠤᠳᠬᠤ ᠮᠦᠷᠲᠡᠭᠡᠨ ᠬᠢᠨᠠᠯᠲᠠ ᠲᠠᠯᠪᠢᠨ᠎ᠠ᠃ ᠢᠨᠵᠧᠨᠧᠷᠢᠩ ᠢ ᠪᠦᠲᠦᠭᠡᠨ ᠪᠠᠶᠢᠭᠤᠯᠬᠤ ᠪᠠᠷᠢᠮᠵᠢᠶ᠎ᠠ ᠪᠠ ᠢᠨᠵᠧᠨᠧᠷᠢᠩ ᠢ ᠪᠦᠲᠦᠭᠡᠨ ᠪᠠᠶᠢᠭᠤᠯᠤᠭᠰᠠᠨ ᠦᠨ᠎ᠡ ᠬᠠᠩᠰᠢ ᠶᠢᠨ ᠲᠤᠬᠠᠢ ᠮᠡᠳᠡᠭᠡ ᠵᠠᠩᠭᠢ ᠶᠢ ᠨᠡᠶᠢᠲᠡᠯᠡᠨ᠎ᠡ᠃      ︵ᠵᠢᠷᠭᠤᠭ᠎ᠠ︶ ᠪᠠᠷᠢᠯᠭ᠎ᠠ ᠶᠢᠨ ᠵᠠᠬ᠎ᠠ ᠳᠡᠯᠭᠡᠭᠦᠷ ᠢ ᠬᠢᠨᠠᠨ ᠬᠠᠮᠢᠶᠠᠷᠤᠨ᠎ᠠ᠃ ᠳᠡᠭᠡᠳᠦ ᠱᠠᠲᠤᠨ ᠤ ᠪᠠᠷᠢᠯᠭ᠎ᠠ ᠶᠢᠨ ᠵᠠᠬ᠎ᠠ ᠳᠡᠯᠭᠡᠭᠦᠷ ᠢ ᠳᠦᠷᠢᠮᠵᠢᠭᠦᠯᠬᠦ᠂ ᠠᠵᠢᠯ ᠲᠦᠷᠦᠯ ᠳᠤ ᠬᠢᠨᠠᠯᠲᠠ ᠲᠠᠯᠪᠢᠬᠤ᠂ ᠪᠦᠲᠦᠭᠡᠨ ᠪᠠᠶᠢᠭᠤᠯᠬᠤ ᠠᠵᠢᠯᠯᠠᠭ᠎ᠠ ᠶᠢᠨ ᠲᠤᠬᠠᠢ ᠲᠦᠷᠦ ᠶᠢᠨ ᠪᠤᠳᠤᠯᠭ᠎ᠠ᠂ ᠠᠷᠭ᠎ᠠ ᠬᠡᠮᠵᠢᠶ᠎ᠡ ᠶᠢ ᠲᠤᠤᠱᠯᠠᠭᠤᠯᠤᠨ᠎ᠠ᠃ ᠳᠡᠭᠡᠳᠦ ᠱᠠᠲᠤᠨ ᠤ ᠪᠠᠷᠢᠯᠭ᠎ᠠ ᠶᠢᠨ ᠠᠵᠤ ᠦᠢᠯᠡᠰ᠂ ᠬᠠᠶᠢᠨ ᠪᠠᠶᠢᠴᠠᠭᠠᠵᠤ ᠵᠢᠷᠤᠵᠤ ᠲᠦᠯᠦᠪᠯᠡᠬᠦ ᠠᠵᠤ ᠦᠢᠯᠡᠰ᠂ ᠢᠨᠵᠧᠨᠧᠷᠢᠩ ᠢ ᠬᠢᠨᠠᠨ ᠬᠠᠮᠢᠶᠠᠷᠬᠤ ᠪᠠ ᠠᠰᠠᠭᠤᠨ ᠯᠠᠪᠯᠠᠬᠤ ᠠᠵᠤ ᠦᠢᠯᠡᠰ ᠤᠨ ᠬᠦᠭᠵᠢᠯᠲᠡ ᠶᠢᠨ ᠲᠤᠬᠠᠢ ᠲᠦᠷᠦ ᠶᠢᠨ ᠪᠤᠳᠤᠯᠭ᠎ᠠ᠂ ᠳᠤᠮᠳᠠ ᠤᠷᠲᠤ ᠬᠤᠭᠤᠴᠠᠭᠠᠨ ᠤ ᠲᠦᠯᠦᠪᠯᠡᠭᠡ ᠶᠢ ᠨᠠᠶᠢᠳᠠᠪᠤᠷᠢᠵᠢᠭᠤᠯᠤᠨ᠎ᠠ᠃ ᠬᠤᠯᠪᠤᠭᠳᠠᠯ ᠪᠦᠬᠦᠢ ᠠᠵᠤ ᠠᠬᠤᠶᠢᠯᠠᠯ᠂ ᠪᠠᠶᠢᠭᠤᠯᠭ᠎ᠠ ᠨᠢᠭᠡᠴᠡ ᠶᠢ ᠬᠢᠨᠠᠨ ᠬᠠᠮᠢᠶᠠᠷᠤᠨ᠎ᠠ᠃ ᠵᠠᠬ᠎ᠠ ᠳᠡᠯᠭᠡᠭᠦᠷ ᠤᠨ ᠪᠡᠶᠡᠴᠢ ᠴᠤᠭᠴᠠ ᠶᠢᠨ ᠦᠢᠯᠡ ᠠᠵᠢᠯᠯᠠᠭ᠎ᠠ ᠶᠢ ᠳᠦᠷᠢᠮᠵᠢᠭᠦᠯᠦᠨ᠎ᠡ᠃ ᠭᠡᠷ ᠳᠤᠲᠤᠷᠠᠬᠢ ᠵᠠᠰᠠᠯ ᠴᠢᠮᠡᠭᠯᠡᠯ ᠤᠨ ᠠᠵᠤ ᠦᠢᠯᠡᠰ ᠢ ᠬᠠᠮᠢᠶᠠᠷᠤᠨ ᠵᠢᠯᠤᠭᠤᠳᠤᠨ᠎ᠠ᠃ ᠪᠠᠷᠢᠯᠭ᠎ᠠ ᠶᠢᠨ ᠠᠵᠤ ᠠᠬᠤᠶᠢᠯᠠᠯ ᠢ ᠬᠦᠲᠦᠯᠦᠨ ᠵᠢᠯᠤᠭᠤᠳᠴᠤ᠂ ᠭᠠᠳᠠᠭᠰᠢ ᠳᠠᠭᠠᠭᠠᠴᠢᠯᠠᠬᠤ᠂ ᠪᠠᠷᠢᠯᠭ᠎ᠠ ᠶᠢᠨ ᠬᠦᠳᠡᠯᠮᠦᠷᠢ ᠦᠢᠯᠡᠴᠢᠯᠡᠭᠡᠨ ᠤ ᠬᠠᠮᠲᠤᠷᠠᠯᠴᠠᠭᠠᠨ ᠳᠤ ᠤᠷᠤᠯᠴᠠᠭᠤᠯᠤᠨ᠎ᠠ᠃      ︵ᠳᠤᠯᠤᠭ᠎ᠠ︶ ᠪᠠᠷᠢᠯᠭ᠎ᠠ ᠶᠢᠨ ᠢᠨᠵᠧᠨᠧᠷᠢᠩ ᠤᠨ ᠴᠢᠨᠠᠷ ᠴᠢᠨᠰᠠᠭᠠᠨ ᠤ ᠠᠮᠤᠷ ᠲᠦᠪᠰᠢᠨ ᠢ ᠬᠢᠨᠠᠨ ᠬᠠᠮᠢᠶᠠᠷᠤᠨ᠎ᠠ᠃ ᠳᠡᠭᠡᠳᠦ ᠱᠠᠲᠤᠨ ᠤ ᠪᠠᠷᠢᠯᠭ᠎ᠠ ᠶᠢᠨ ᠢᠨᠵᠧᠨᠧᠷᠢᠩ ᠤᠨ ᠴᠢᠨᠠᠷ ᠴᠢᠨᠰᠠᠭ᠎ᠠ᠂ ᠪᠠᠷᠢᠯᠭ᠎ᠠ ᠶᠢᠨ ᠠᠶᠤᠯᠭᠦᠢ ᠦᠢᠯᠡᠳᠪᠦᠷᠢᠯᠡᠯ ᠪᠠ ᠢᠨᠵᠧᠨᠧᠷᠢᠩ ᠢ ᠪᠠᠷᠢᠵᠤ ᠳᠠᠭᠤᠰᠤᠭᠰᠠᠨ ᠤ ᠳᠠᠷᠠᠭ᠎ᠠ ᠳᠠᠩᠰᠠᠯᠠᠨ ᠪᠠᠶᠢᠴᠠᠭᠠᠬᠤ ᠲᠦᠷᠦ ᠶᠢᠨ ᠪᠤᠳᠤᠯᠭ᠎ᠠ᠂ ᠳᠦᠷᠢᠮ ᠢ ᠲᠤᠭᠤᠰᠢᠯᠠᠭᠤᠯᠤᠨ᠎ᠠ᠃ ᠬᠤᠯᠪᠤᠭᠳᠠᠯ ᠪᠦᠬᠦᠢ ᠮᠡᠷᠭᠡᠵᠢᠯ ᠤᠨ ᠲᠦᠷᠦ ᠶᠢᠨ ᠪᠤᠳᠤᠯᠭ᠎ᠠ ᠶᠢ ᠬᠡᠷᠡᠭᠵᠢᠭᠦᠯᠦᠨ᠎ᠡ᠃ ᠢᠨᠵᠧᠨᠧᠷᠢᠩ ᠤᠨ ᠴᠢᠬᠤᠯᠠ ᠶᠡᠭᠡ ᠴᠢᠨᠠᠷ ᠴᠢᠨᠰᠠᠭ᠎ᠠ᠂ ᠠᠳᠡᠯ ᠢ ᠪᠠᠶᠢᠴᠠᠭᠠᠨ ᠰᠢᠢᠳᠪᠦᠷᠢᠯᠡᠬᠦ ᠳᠤ ᠤᠷᠤᠯᠴᠠᠨ᠎ᠠ᠃ ᠢᠨᠵᠧᠨᠧᠷᠢᠩ ᠤᠨ ᠭᠠᠯ ᠢ ᠰᠡᠷᠭᠡᠶᠢᠯᠡᠬᠦ ᠵᠢᠷᠤᠭ ᠲᠦᠯᠦᠪᠯᠡᠭᠡ ᠶᠢ ᠪᠠᠶᠢᠴᠠᠭᠠᠨ ᠰᠢᠯᠭᠠᠬᠤ ᠶᠢ ᠬᠢᠨᠠᠨ ᠵᠢᠯᠤᠭᠤᠳᠤᠨ᠎ᠠ᠃      ︵ᠨᠠᠢᠮᠠ︶ ᠬᠤᠲᠠ ᠶᠢᠨ ᠵᠢᠷᠤᠭ ᠲᠦᠯᠦᠪᠯᠡᠭᠡ ᠪᠤᠯᠤᠨ ᠳᠦᠷᠢ ᠳᠦᠷᠬᠦ ᠶᠢ ᠬᠠᠮᠢᠶᠠᠷᠬᠤ ᠬᠤᠯᠪᠤᠭᠳᠠᠯ ᠪᠦᠬᠦᠢ ᠠᠵᠢᠯ ᠢ ᠬᠠᠷᠢᠭᠤᠴᠠᠨ᠎ᠠ᠃ ᠬᠤᠲᠠ ᠶᠢᠨ ᠬᠠᠶᠢᠨ ᠪᠠᠶᠢᠴᠠᠭᠠᠯᠲᠠ᠂ ᠬᠤᠲᠠ ᠶᠢᠨ ᠶᠠᠪᠤᠳᠠᠯ ᠤᠨ ᠢᠨᠵᠧᠨᠧᠷᠢᠩ ᠤᠨ ᠬᠡᠮᠵᠢᠯᠲᠡ᠂ ᠬᠤᠲᠠ ᠶᠢᠨ ᠭᠠᠵᠠᠷ ᠳᠤᠤᠷᠠᠬᠢ ᠤᠷᠤᠨ ᠵᠠᠢ ᠶᠢ ᠨᠡᠭᠡᠭᠡᠨ ᠠᠰᠢᠭᠯᠠᠬᠤ᠂ ᠬᠤᠲᠠ ᠶᠢᠨ ᠲᠦᠯᠦᠪᠯᠡᠭᠡ᠂ ᠬᠤᠲᠠ ᠶᠢᠨ ᠱᠤᠭᠤᠮᠠᠯ ᠵᠡᠷᠭᠡ ᠠᠵᠢᠯ ᠢ ᠵᠢᠭᠠᠨ ᠵᠢᠯᠤᠭᠤᠳᠤᠨ᠎ᠠ᠃ ᠳᠡᠭᠡᠳᠦ ᠱᠠᠲᠤᠨ ᠤ ᠬᠤᠲᠠ ᠶᠢ ᠰᠡᠯᠪᠢᠨ ᠵᠠᠰᠠᠬᠤ ᠪᠠ ᠠᠮᠢ ᠠᠬᠤᠢ ᠶᠢ ᠰᠡᠷᠭᠦᠭᠡᠨ ᠵᠠᠰᠠᠬᠤ ᠲᠦᠷᠦ ᠶᠢᠨ ᠪᠤᠳᠤᠯᠭ᠎ᠠ ᠪᠤᠯᠤᠨ ᠳᠦᠷᠢᠮ ᠢ ᠬᠡᠷᠡᠭᠵᠢᠭᠦᠯᠦᠨ᠎ᠡ᠃ ᠲᠡᠤᠬᠡᠲᠦ ᠪᠠᠷᠢᠯᠭ᠎ᠠ ᠪᠠ ᠲᠡᠤᠬᠡ ᠰᠤᠶᠤᠯ ᠤᠨ ᠵᠡᠭᠡᠯᠢ ᠶᠢ ᠲᠤᠭᠲᠠᠭᠠᠨ᠎ᠠ᠃ ᠲᠡᠤᠬᠡ ᠶᠢᠨ ᠳᠤᠷᠠᠰᠬᠠᠯᠲᠤ ᠵᠦᠢᠯ ᠢ ᠭᠤᠤᠯᠯᠠᠨ ᠬᠠᠮᠢᠶᠠᠷᠴᠤ ᠪᠠᠶᠢᠭ᠎ᠠ ᠰᠠᠯᠠᠭ᠎ᠠ ᠮᠦᠴᠢᠷ ᠲᠠᠢ ᠬᠠᠮᠵᠢᠯᠴᠠᠵᠤ᠂ ᠲᠡᠤᠬᠡ ᠰᠤᠶᠤᠯ ᠤᠨ ᠨᠡᠷᠡᠲᠦ ᠬᠤᠲᠠ ︵ᠪᠠᠯᠭᠠᠰᠤ᠂ ᠲᠤᠰᠬᠤᠨ︶᠂ ᠲᠡᠤᠬᠡ ᠰᠤᠶᠤᠯ ᠤᠨ ᠵᠡᠭᠡᠯᠢ ᠶᠢ ᠬᠠᠮᠠᠭᠠᠯᠠᠬᠤ ᠪᠠ ᠬᠢᠨᠠᠨ ᠬᠠᠮᠢᠶᠠᠷᠤᠨ᠎ᠠ᠃      ︵ᠶᠢᠰᠦ︶ ᠬᠤᠲᠠ ᠶᠢᠨ ᠪᠦᠲᠦᠭᠡᠨ ᠪᠠᠶᠢᠭᠤᠯᠤᠯᠲᠠ ᠪᠠ ᠬᠠᠮᠢᠶᠠᠷᠤᠯᠲᠠ ᠶᠢᠨ ᠠᠵᠢᠯ ᠢ ᠵᠢᠭᠠᠨ ᠵᠢᠯᠤᠭᠤᠳᠤᠨ᠎ᠠ᠃ ᠳᠡᠭᠡᠳᠦ ᠱᠠᠲᠤᠨ ᠤ ᠬᠤᠲᠠ ᠶᠢᠨ ᠪᠦᠲᠦᠭᠡᠨ ᠪᠠᠶᠢᠭᠤᠯᠤᠯᠲᠠ᠂ ᠬᠠᠮᠢᠶᠠᠷᠤᠯᠲᠠ ᠶᠢᠨ ᠲᠦᠷᠦ ᠶᠢᠨ ᠪᠤᠳᠤᠯᠭ᠎ᠠ ᠪᠤᠯᠤᠨ ᠳᠦᠷᠢᠮ ᠢ ᠨᠠᠶᠢᠳᠠᠪᠤᠷᠢᠵᠢᠭᠤᠯᠤᠨ᠎ᠠ᠃ ᠬᠤᠲᠠ ᠶᠢᠨ ᠪᠦᠲᠦᠭᠡᠨ ᠪᠠᠶᠢᠭᠤᠯᠤᠯᠲᠠ ᠪᠤᠯᠤᠨ ᠤᠯᠠᠨ ᠨᠡᠶᠢᠲᠡ ᠶᠢᠨ ᠦᠢᠯᠡᠰ ᠤᠨ ᠳᠤᠮᠳᠠ ᠤᠷᠲᠤ ᠬᠤᠭᠤᠴᠠᠭᠠᠨ ᠤ ᠬᠦᠭᠵᠢᠯᠲᠡ ᠶᠢᠨ ᠲᠦᠯᠦᠪᠯᠡᠭᠡ ᠶᠢ ᠲᠤᠭᠲᠠᠭᠠᠨ ᠬᠡᠷᠡᠭᠵᠢᠭᠦᠯᠦᠨ᠎ᠡ᠃ ᠬᠤᠲᠠ ᠶᠢᠨ ᠶᠠᠪᠤᠳᠠᠯ ᠤᠨ ᠤᠯᠠᠨ ᠨᠡᠶᠢᠲᠡ ᠶᠢᠨ ᠲᠤᠨᠤᠭ ᠲᠦᠭᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠪᠠ ᠠᠵᠢᠯᠯᠠᠭᠠᠨ ᠤ ᠠᠮᠤᠷ ᠲᠦᠪᠰᠢᠨ ᠢ ᠵᠢᠭᠠᠨ ᠵᠢᠯᠤᠭᠤᠳᠤᠨ᠎ᠠ᠃ ᠬᠤᠲᠠ ᠶᠢᠨ ᠪᠦᠲᠦᠭᠡᠨ ᠪᠠᠶᠢᠭᠤᠯᠤᠯᠲᠠ ᠶᠢᠨ ᠳᠠᠩᠰᠠ ᠡᠪᠬᠡᠮᠡᠯ ᠢ ᠬᠠᠮᠢᠶᠠᠷᠬᠤ ᠠᠵᠢᠯ ᠢ ᠬᠠᠷᠢᠭᠤᠴᠠᠨ᠎ᠠ᠃      ︵ᠠᠷᠪᠠ︶ ᠲᠤᠰᠬᠤᠨ ᠪᠠᠯᠭᠠᠰᠤᠨ ᠤ ᠪᠦᠲᠦᠭᠡᠨ ᠪᠠᠶᠢᠭᠤᠯᠤᠯᠲᠠ ᠶᠢ ᠵᠢᠭᠠᠨ ᠵᠢᠯᠤᠭᠤᠳᠤᠨ᠎ᠠ᠃ ᠲᠤᠰᠬᠤᠨ ᠪᠠᠯᠭᠠᠰᠤᠨ ᠤ ᠪᠦᠲᠦᠭᠡᠨ ᠪᠠᠶᠢᠭᠤᠯᠤᠯᠲᠠ ᠶᠢᠨ ᠲᠦᠷᠦ ᠶᠢᠨ ᠪᠤᠳᠤᠯᠭ᠎ᠠ ᠪᠤᠯᠤᠨ ᠬᠦᠭᠵᠢᠯᠲᠡ ᠶᠢᠨ ᠲᠦᠯᠦᠪᠯᠡᠭᠡ ᠶᠢ ᠲᠤᠤᠱᠯᠠᠭᠤᠯᠤᠨ ᠨᠠᠶᠢᠳᠠᠪᠤᠷᠢᠵᠢᠭᠤᠯᠤᠨ᠎ᠠ᠃ ᠳᠡᠭᠡᠳᠦ ᠱᠠᠲᠤᠨ ᠤ ᠪᠠᠭ᠎ᠠ ᠬᠤᠲᠠ ᠪᠠᠯᠭᠠᠰᠤ ᠪᠠ ᠲᠤᠰᠬᠤᠨ ᠤ ᠪᠦᠲᠦᠭᠡᠨ ᠪᠠᠶᠢᠭᠤᠯᠤᠯᠲᠠ ᠶᠢᠨ ᠲᠦᠷᠦ ᠶᠢᠨ ᠪᠤᠳᠤᠯᠭ᠎ᠠ ᠪᠤᠯᠤᠨ ᠬᠦᠭᠵᠢᠯᠲᠡ ᠶᠢᠨ ᠲᠦᠯᠦᠪᠯᠡᠭᠡ ᠶᠢ ᠬᠡᠷᠡᠭᠵᠢᠭᠦᠯᠦᠨ᠎ᠡ᠃ ᠪᠦᠬᠦ ᠬᠤᠲᠠᠨ ᠤ ᠬᠦᠳᠡᠭᠡ ᠲᠤᠰᠬᠤᠨ ᠮᠠᠯᠵᠢᠬᠤ ᠤᠷᠤᠨ ᠤ ᠤᠷᠤᠨ ᠰᠠᠭᠤᠴᠠ ᠶᠢᠨ ᠪᠦᠲᠦᠭᠡᠨ ᠪᠠᠶᠢᠭᠤᠯᠤᠯᠲᠠ ᠪᠤᠯᠤᠨ ᠨᠤᠷᠠᠬᠤ ᠠᠶᠤᠯᠲᠠᠢ ᠭᠡᠷ ᠪᠠᠶᠢᠰᠢᠩ ᠢ ᠵᠠᠰᠠᠬᠤ ᠠᠵᠢᠯ ᠢ ᠵᠢᠯᠤᠭᠤᠳᠤᠨ᠎ᠠ ᠃ ᠮᠠᠨ ᠤ ᠬᠤᠲᠠᠨ ᠤ ᠭᠤᠤᠯᠳᠠᠯᠭ᠎ᠠ ᠲᠠᠢ ᠪᠠᠯᠭᠠᠰᠤᠨ ᠤ ᠪᠦᠲᠦᠭᠡᠨ ᠪᠠᠶᠢᠭᠤᠯᠤᠯᠲᠠ ᠪᠠ ᠤᠯᠠᠮᠵᠢᠯᠠᠯᠲᠤ ᠲᠤᠰᠬᠤᠨ᠂ ᠤᠯᠠᠮᠵᠢᠯᠠᠯᠲᠤ ᠪᠠᠷᠢᠯᠭ᠎ᠠ ᠶᠢ ᠬᠠᠮᠠᠭᠠᠯᠠᠨ ᠬᠦᠭᠵᠢᠭᠦᠯᠦᠨ᠎ᠡ᠃      ︵ᠠᠷᠪᠠᠨ ᠨᠢᠭᠡ︶ ᠪᠠᠷᠢᠯᠭ᠎ᠠ ᠶᠢᠨ ᠡᠨᠧᠷᠭᠢ ᠶᠢ ᠠᠷᠪᠢᠯᠠᠬᠤ ᠪᠤᠯᠤᠨ ᠬᠤᠲᠠ ᠪᠠᠯᠭᠠᠰᠤᠨ ᠤ ᠬᠤᠷᠤᠭᠳᠠᠯ ᠢ ᠪᠠᠭᠠᠰᠬᠠᠬᠤ ᠠᠵᠢᠯ ᠢ ᠵᠢᠭᠠᠨ ᠵᠢᠯᠤᠭᠤᠳᠤᠨ᠎ᠠ᠃ ᠳᠡᠭᠡᠳᠦ ᠱᠠᠲᠤᠨ ᠤ ᠪᠠᠷᠢᠯᠭ᠎ᠠ ᠶᠢᠨ ᠡᠨᠧᠷᠭᠢ ᠶᠢ ᠠᠷᠪᠢᠯᠠᠬᠤ᠂ ᠬᠤᠲᠠ ᠪᠠᠯᠭᠠᠰᠤᠨ ᠤ ᠬᠤᠷᠤᠭᠳᠠᠯ ᠢ ᠪᠠᠭᠠᠰᠬᠠᠬᠤ ᠪᠤᠯᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠤᠯᠪᠤᠭᠳᠠᠯ ᠪᠦᠬᠦᠢ ᠲᠦᠷᠦ ᠶᠢᠨ ᠪᠤᠳᠤᠯᠭ᠎ᠠ ᠪᠤᠯᠤᠨ ᠬᠦᠭᠵᠢᠯᠲᠡ ᠶᠢᠨ ᠲᠦᠯᠦᠪᠯᠡᠭᠡ ᠶᠢ ᠲᠤᠤᠱᠯᠠᠭᠤᠯᠤᠨ᠎ᠠ᠃ ᠪᠤᠬᠢᠷᠳᠤᠯ ᠦᠭᠡᠢ ᠪᠠᠷᠢᠯᠭ᠎ᠠ᠂ ᠤᠭᠰᠠᠷᠠᠮᠠᠯ ᠪᠠᠷᠢᠯᠭ᠎ᠠ ᠶᠢᠨ ᠬᠦᠭᠵᠢᠯᠲᠡ ᠶᠢᠨ ᠲᠦᠯᠦᠪᠯᠡᠭᠡ ᠶᠢ ᠲᠤᠭᠲᠠᠭᠠᠨ ᠬᠡᠷᠡᠭᠵᠢᠭᠦᠯᠦᠨ᠎ᠡ᠃ ᠰᠢᠨ᠎ᠡ ᠬᠡᠯᠪᠡᠷᠢ ᠶᠢᠨ ᠬᠡᠷᠡᠮ ᠪᠠᠷᠢᠬᠤ ᠮᠠᠲ᠋ᠧᠷᠢᠶᠠᠯ᠂ ᠵᠠᠳᠠᠭᠠᠢ ᠱᠦᠢᠨᠢ ᠶᠢᠨ ᠠᠵᠤ ᠦᠢᠯᠡᠰ ᠤᠨ ᠬᠦᠭᠵᠢᠯᠲᠡ ᠶᠢ ᠵᠢᠯᠤᠭᠤᠳᠤᠨ᠎ᠠ᠃ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠠᠮᠲᠤᠷᠠᠯᠴᠠᠭ᠎ᠠ᠂ ᠲᠡᠷᠢᠭᠦᠨ ᠤ ᠮᠡᠷᠭᠡᠵᠢᠯ ᠢ ᠤᠷᠤᠭᠤᠯᠬᠤ ᠪᠠ ᠰᠢᠨ᠎ᠡ ᠶᠢ ᠡᠭᠦᠳᠬᠦ ᠠᠵᠢᠯ ᠪᠤᠯᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠷ᠎ᠡ ᠪᠦᠲᠦᠭᠡᠯ ᠢ ᠲᠦᠭᠡᠮᠡᠯᠵᠢᠭᠦᠯᠬᠦ ᠠᠵᠢᠯ ᠢ ᠵᠤᠬᠢᠶᠠᠨ ᠪᠠᠶᠢᠭᠤᠯᠤᠨ᠎ᠠ᠃      ︵ᠠᠷᠪᠠᠨ ᠬᠤᠶᠠᠷ︶ ᠤᠷᠤᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠦᠩᠭᠦ ᠶᠢ ᠬᠠᠮᠢᠶᠠᠷᠬᠤ ᠠᠵᠢᠯ ᠢ ᠬᠠᠷᠢᠭᠤᠴᠠᠨ᠎ᠠ᠃ ᠳᠡᠭᠡᠳᠦ ᠱᠠᠲᠤᠨ ᠤ ᠤᠷᠤᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠦᠩᠭᠦ ᠶᠢᠨ ᠲᠤᠬᠠᠢ ᠲᠦᠷᠦ ᠶᠢᠨ ᠪᠤᠳᠤᠯᠭ᠎ᠠ ᠪᠤᠯᠤᠨ ᠬᠦᠭᠵᠢᠯᠲᠡ ᠶᠢᠨ ᠲᠦᠯᠦᠪᠯᠡᠭᠡ ᠶᠢ ᠲᠤᠤᠱᠯᠠᠭᠤᠯᠤᠨ᠎ᠠ᠃ ᠤᠷᠤᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠦᠩᠭᠦ ᠶᠢ ᠲᠤᠰᠢᠶᠠᠵᠤ ᠬᠠᠳᠠᠭᠠᠯᠠᠭᠤᠯᠬᠤ᠂ ᠬᠡᠷᠡᠭᠯᠡᠬᠦ᠂ ᠬᠠᠮᠢᠶᠠᠷᠬᠤ ᠪᠠ ᠬᠢᠨᠠᠯᠲᠠ ᠲᠠᠯᠪᠢᠬᠤ ᠳᠦᠷᠢᠮ ᠢ ᠲᠤᠭᠲᠠᠭᠠᠨ᠎ᠠ᠃ ᠪᠦᠬᠦ ᠬᠤᠲᠠᠨ ᠤ ᠤᠷᠤᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠦᠩᠭᠦ ᠪᠠ ᠪᠤᠰᠤᠳ ᠤᠷᠤᠨ ᠰᠠᠭᠤᠴᠠ ᠶᠢᠨ ᠪᠡᠯᠡ ᠮᠦᠩᠭᠦ ᠶᠢ ᠬᠠᠮᠢᠶᠠᠷᠤᠨ ᠬᠡᠷᠡᠭᠯᠡᠬᠦ᠂ ᠠᠮᠤᠷ ᠲᠦᠪᠰᠢᠨ ᠳᠤ ᠬᠢᠨᠠᠯᠲᠠ ᠲᠠᠯᠪᠢᠨ᠎ᠠ᠃ ᠤᠷᠤᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠦᠩᠭᠦ ᠶᠢᠨ ᠲᠤᠬᠠᠢ ᠮᠡᠳᠡᠭᠡ ᠵᠠᠩᠭᠢ ᠶᠢᠨ ᠰᠢᠰᠲ᠋ᠧᠮ ᠢ ᠬᠠᠮᠢᠶᠠᠷᠤᠨ᠎ᠠ᠃      ︵ᠠᠷᠪᠠᠨ ᠭᠤᠷᠪᠠ︶ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠠᠵᠢᠯ ᠢ ᠵᠢᠭᠠᠨ ᠵᠢᠯᠤᠭᠤᠳᠤᠨ᠎ᠠ᠃ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢᠨ ᠲᠦᠯᠦᠪᠯᠡᠭᠡ ᠶᠢ ᠲᠤᠭᠲᠠᠭᠠᠬᠤ ᠮᠦᠷᠲᠡᠭᠡᠨ ᠬᠤᠲᠠ ᠶᠢᠨ ᠶᠡᠷᠦᠩᠬᠡᠢ ᠲᠦᠯᠦᠪᠯᠡᠭᠡ ᠳᠤ ᠤᠷᠤᠭᠤᠯᠤᠨ᠎ᠠ᠃ ᠪᠦᠬᠦ ᠬᠤᠲᠠᠨ ᠤ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠲᠦᠰᠦᠪ ᠢ ᠲᠤᠭᠲᠠᠭᠠᠨ ᠬᠡᠷᠡᠭᠵᠢᠭᠦᠯᠬᠦ ᠶᠢ ᠵᠢᠯᠤᠭᠤᠳᠤᠨ᠎ᠠ᠃ ᠬᠠᠮᠢᠶ᠎ᠠ ᠪᠦᠬᠦᠢ ᠰᠠᠯᠠᠭ᠎ᠠ ᠮᠦᠴᠢᠷ ᠲᠠᠢ ᠬᠠᠮᠵᠢᠯᠴᠠᠵᠤ᠂ ᠭᠤᠤᠯᠳᠠᠯᠭ᠎ᠠ ᠲᠠᠢ ᠬᠠᠷᠠᠯᠲᠠ ᠶᠢ ᠰᠡᠷᠭᠡᠶᠢᠯᠡᠨ ᠬᠠᠮᠠᠭᠠᠯᠠᠬᠤ ᠪᠦᠲᠦᠭᠡᠨ ᠪᠠᠶᠢᠭᠤᠯᠤᠯᠲᠠ ᠶᠢᠨ ᠶᠡᠷᠦᠩᠬᠡᠢ ᠲᠦᠯᠦᠪᠯᠡᠭᠡ ᠶᠢ ᠲᠤᠭᠲᠠᠭᠠᠬᠤ ᠮᠦᠷᠲᠡᠭᠡᠨ ᠲᠦᠯᠦᠪᠯᠡᠨ ᠬᠡᠷᠡᠭᠵᠢᠭᠦᠯᠦᠨ᠎ᠡ᠃ ᠭᠤᠤᠯᠳᠠᠯᠭ᠎ᠠ ᠲᠠᠢ ᠬᠠᠷᠠᠯᠲᠠ ᠶᠢ ᠰᠡᠷᠭᠡᠶᠢᠯᠡᠨ ᠬᠠᠮᠠᠭᠠᠯᠠᠬᠤ ᠠᠵᠢᠯ ᠢ ᠬᠢᠨᠠᠨ ᠪᠠᠶᠢᠴᠠᠭᠠᠬᠤ ᠪᠠ ᠵᠤᠬᠢᠴᠠᠭᠤᠯᠤᠨ ᠵᠢᠯᠤᠭᠤᠳᠤᠨ᠎ᠠ᠃ ᠭᠤᠤᠯᠳᠠᠯᠭ᠎ᠠ ᠲᠠᠢ ᠬᠠᠷᠠᠯᠲᠠ ᠪᠤᠯᠬᠤ ᠪᠠᠶᠢᠭᠤᠯᠭ᠎ᠠ ᠨᠢᠭᠡᠴᠡ ᠶᠢ ᠬᠦᠲᠦᠯᠦᠨ ᠵᠢᠯᠤᠭᠤᠳᠴᠤ᠂ ᠰᠡᠷᠭᠡᠶᠢᠯᠡᠨ ᠬᠠᠮᠠᠭᠠᠯᠠᠬᠤ ᠱᠠᠭᠠᠷᠳᠠᠯᠭ᠎ᠠ ᠶᠢ ᠲᠤᠭᠤᠰᠢᠯᠠᠭᠤᠯᠤᠨ᠎ᠠ᠃     ︵ᠠᠷᠪᠠᠨ ᠳᠦᠷᠪᠡ︶ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠳᠠᠶᠢᠨ ᠤ ᠪᠡᠯᠡᠳᠬᠡᠯ ᠤᠨ ᠳᠦᠷᠢᠮ ᠢ ᠲᠤᠤᠱᠯᠠᠭᠤᠯᠤᠨ᠎ᠠ᠃ ᠪᠦᠬᠦ ᠬᠤᠲᠠ ᠶᠢᠨ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠪᠤᠯᠤᠨ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠭᠠᠵᠠᠷ ᠳᠤᠤᠷᠠᠬᠢ ᠪᠠᠷᠢᠯᠭ᠎ᠠ ᠶᠢᠨ ᠡᠩᠬᠡ ᠲᠠᠶᠢᠪᠤᠩ ᠪᠠ ᠳᠠᠶᠢᠨ ᠤ ᠪᠠᠶᠢᠳᠠᠯ ᠤᠨ ᠬᠤᠪᠢᠷᠠᠯᠲᠠ ᠶᠢ ᠵᠢᠯᠤᠭᠤᠳᠤᠨ᠎ᠠ᠃ ᠡᠷᠭᠦᠨ᠎ᠡ ᠬᠤᠲᠠᠨ ᠤ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠢᠨᠵᠧᠨᠧᠷᠢᠩ ᠤᠨ ᠲᠦᠯᠦᠪᠯᠡᠭᠡ᠂ ᠪᠦᠲᠦᠭᠡᠨ ᠪᠠᠶᠢᠭᠤᠯᠤᠯᠲᠠ᠂ ᠬᠠᠮᠠᠭᠠᠯᠠᠯᠲᠠ ᠪᠠ ᠬᠡᠷᠡᠭᠯᠡᠯᠲᠡ ᠶᠢ ᠬᠢᠨᠠᠨ ᠬᠠᠮᠢᠶᠠᠷᠤᠨ᠎ᠠ᠃ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠢᠨᠵᠧᠨᠧᠷᠢᠩ ᠤᠨ ᠴᠢᠨᠠᠷ ᠴᠢᠨᠰᠠᠭᠠᠨ ᠤ ᠮᠡᠷᠭᠡᠵᠢᠯ ᠤᠨ ᠵᠢᠯᠤᠭᠤᠳᠤᠯᠭ᠎ᠠ ᠪᠠ ᠬᠢᠨᠠᠯᠲᠠ ᠬᠠᠮᠢᠶᠠᠷᠤᠯᠲᠠ ᠶᠢ ᠬᠠᠷᠢᠭᠤᠴᠠᠨ᠎ᠠ᠃ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠢᠨᠵᠧᠨᠧᠷᠢᠩ ᠢ ᠬᠠᠮᠢᠶᠠᠷᠤᠨ ᠬᠠᠮᠠᠭᠠᠯᠠᠬᠤ ᠪᠠ ᠶᠡᠷᠦᠩᠬᠡᠶᠢᠯᠡᠨ ᠨᠡᠭᠡᠭᠡᠨ ᠠᠰᠢᠭᠯᠠᠨ᠎ᠠ᠃ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠪᠦᠲᠦᠭᠡᠨ ᠪᠠᠶᠢᠭᠤᠯᠤᠯᠲᠠ ᠶᠢᠨ ᠵᠠᠷᠤᠳᠠᠯ ᠢ ᠴᠤᠭᠯᠠᠭᠤᠯᠬᠤ ᠪᠠ ᠬᠠᠮᠢᠶᠠᠷᠤᠨ᠎ᠠ᠃ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠤᠯᠤᠰ ᠤᠨ ᠦᠮᠴᠢᠯᠡᠯᠲᠦ ᠡᠳ᠋ ᠬᠦᠷᠦᠩᠭᠡ ᠶᠢᠨ ᠬᠠᠮᠢᠶᠠᠷᠤᠯᠲᠠ ᠳᠤ ᠬᠢᠨᠠᠯᠲᠠ ᠲᠠᠯᠪᠢᠨ᠎ᠠ᠃      ︵ᠠᠷᠪᠠᠨ ᠲᠠᠪᠤ︶ ᠬᠤᠲᠠ ᠶᠢᠨ ᠤᠯᠠᠨ ᠲᠦᠮᠡᠨ ᠤ ᠠᠭᠠᠷ ᠤᠨ ᠰᠡᠷᠭᠡᠶᠢᠯᠡᠯᠲᠡ ᠶᠢᠨ ᠵᠤᠬᠢᠶᠠᠨ ᠪᠠᠶᠢᠭᠤᠯᠤᠯᠲᠠ ᠶᠢᠨ ᠪᠦᠲᠦᠭᠡᠨ ᠪᠠᠶᠢᠭᠤᠯᠤᠯᠲᠠ ᠪᠠ ᠬᠠᠮᠢᠶᠠᠷᠤᠯᠲᠠ ᠶᠢ ᠵᠢᠭᠠᠨ ᠵᠢᠯᠤᠭᠤᠳᠤᠨ᠎ᠠ᠃ ᠬᠠᠮᠢᠶ᠎ᠠ ᠪᠦᠬᠦᠢ ᠰᠠᠯᠠᠭ᠎ᠠ ᠮᠦᠴᠢᠷ ᠲᠠᠢ ᠬᠠᠮᠵᠢᠯᠴᠠᠵᠤ᠂ ᠭᠠᠮᠰᠢᠭ ᠢ ᠰᠡᠷᠭᠡᠶᠢᠯᠡᠬᠦ ᠭᠠᠮᠰᠢᠭ ᠠᠴᠠ ᠠᠪᠤᠷᠠᠬᠤ ᠡᠭᠦᠷᠭᠡ ᠶᠢ ᠭᠦᠢᠴᠡᠳᠬᠡᠨ᠎ᠡ᠃ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠪᠤᠯᠪᠠᠰᠤᠷᠠᠯ ᠢ ᠵᠤᠬᠢᠶᠠᠨ ᠪᠠᠶᠢᠭᠤᠯᠤᠨ᠎ᠠ᠃ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠤᠬᠠᠭᠤᠯᠭ᠎ᠠ ᠬᠦᠮᠦᠵᠢᠯ ᠢ ᠵᠤᠬᠢᠶᠠᠨ ᠪᠠᠶᠢᠭᠤᠯᠤᠨ᠎ᠠ᠃ ᠪᠦᠬᠦ ᠬᠤᠲᠠ ᠶᠢᠨ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠮᠡᠳᠡᠭᠡ ᠵᠠᠩᠭᠢᠴᠢᠯᠠᠯᠲᠠ ᠪᠠ ᠮᠡᠳᠡᠭᠡ ᠬᠤᠯᠪᠤᠭᠠᠨ ᠤ ᠪᠦᠲᠦᠭᠡᠨ ᠪᠠᠶᠢᠭᠤᠯᠤᠯᠲᠠ ᠶᠢᠨ ᠲᠦᠯᠦᠪᠯᠡᠭᠡ ᠶᠢ ᠲᠤᠭᠲᠠᠭᠠᠬᠤ ᠪᠠ ᠵᠤᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠮᠠᠨ ᠤ ᠬᠤᠲᠠ ᠶᠢᠨ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠮᠡᠳᠡᠭᠡ ᠵᠠᠩᠭᠢᠴᠢᠯᠠᠭᠰᠠᠨ ᠲᠠᠪᠴᠠᠩ ᠤᠨ ᠪᠦᠲᠦᠭᠡᠨ ᠪᠠᠶᠢᠭᠤᠯᠤᠯᠲᠠ ᠶᠢ ᠵᠢᠯᠤᠭᠤᠳᠤᠨ᠎ᠠ᠃ ᠬᠠᠮᠢᠶ᠎ᠠ ᠪᠦᠬᠦᠢ ᠰᠠᠯᠠᠭ᠎ᠠ ᠮᠦᠴᠢᠷ ᠲᠠᠢ ᠬᠠᠮᠵᠢᠯᠴᠠᠵᠤ᠂ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠮᠡᠳᠡᠭᠡ ᠵᠠᠩᠭᠢ ᠶᠢᠨ ᠰᠦᠯᠵᠢᠶ᠎ᠡ᠂ ᠮᠡᠳᠡᠭᠡ ᠬᠤᠯᠪᠤᠭᠠᠨ ᠤ ᠲᠤᠨᠤᠭ ᠲᠦᠭᠦᠭᠡᠷᠦᠮᠵᠢ ᠶᠢ ᠠᠰᠢᠭᠯᠠᠨ᠂ ᠡᠩ ᠤᠨ ᠦᠶ᠎ᠡ ᠳᠤ ᠭᠠᠮᠰᠢᠭ ᠠᠴᠠ ᠠᠪᠤᠷᠠᠬᠤ ᠳᠤ ᠦᠢᠯᠡᠴᠢᠯᠡᠨ᠎ᠡ᠃ ᠳᠠᠶᠢᠨ ᠤ ᠦᠶ᠎ᠡ ᠳᠤ᠂ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠡᠯ᠎ᠡ ᠲᠦᠷᠦᠯ ᠤᠨ ᠠᠵᠢᠯ ᠢ ᠵᠤᠬᠢᠶᠠᠨ ᠪᠠᠶᠢᠭᠤᠯᠬᠤ ᠪᠠ ᠶᠡᠷᠦᠩᠬᠡᠶᠢᠯᠡᠨ ᠵᠤᠬᠢᠴᠠᠭᠤᠯᠤᠨ᠎ᠠ᠃      ︵ᠠᠷᠪᠠᠨ ᠵᠢᠷᠭᠤᠭ᠎ᠠ︶ ᠤᠷᠤᠨ ᠰᠠᠭᠤᠴᠠ ᠪᠠ ᠬᠤᠲᠠ ᠬᠦᠳᠡᠭᠡ ᠶᠢᠨ ᠪᠦᠲᠦᠭᠡᠨ ᠪᠠᠶᠢᠭᠤᠯᠤᠯᠲᠠ᠂ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠬᠦᠷᠢᠶ᠎ᠡ ᠬᠡᠪᠴᠢᠶᠡᠨ ᠤ ᠴᠢᠳᠠᠪᠤᠷᠢᠲᠠᠨ ᠤ ᠡᠩᠨᠡᠭᠡᠨ ᠤ ᠪᠦᠲᠦᠭᠡᠨ ᠪᠠᠶᠢᠭᠤᠯᠤᠯᠲᠠ ᠶᠢ ᠵᠢᠭᠠᠨ ᠵᠢᠯᠤᠭᠤᠳᠤᠨ᠎ᠠ᠃ ᠭᠠᠳᠠᠭᠠᠲᠤ ᠯᠤᠭ᠎ᠠ ᠶᠢᠨ ᠬᠠᠮᠲᠤᠷᠠᠯᠴᠠᠭ᠎ᠠ ᠪᠠ  ᠰᠤᠯᠢᠯᠴᠠᠭ᠎ᠠ ᠶᠢ ᠦᠷᠨᠢᠭᠦᠯᠦᠨ᠎ᠡ᠃      ︵ᠠᠷᠪᠠᠨ ᠳᠤᠯᠤᠭ᠎ᠠ︶ ᠬᠤᠲᠠ ᠶᠢᠨ ᠨᠠᠮ ᠤᠨ ᠬᠤᠷᠢᠶ᠎ᠠ ᠵᠠᠰᠠᠭ ᠤᠨ ᠤᠷᠳᠤᠨ ᠪᠠ ᠳᠡᠭᠡᠳᠦ ᠱᠠᠲᠤᠨ ᠤ ᠲᠤᠬᠠᠶᠢᠯᠠᠭᠰᠠᠨ ᠠᠵᠢᠯ ᠤᠨ ᠰᠠᠯᠠᠭ᠎ᠠ ᠮᠦᠴᠢᠷ ᠤᠨ ᠳᠠᠭᠠᠭᠠᠯᠭᠠᠭᠰᠠᠨ ᠪᠤᠰᠤᠳ ᠠᠵᠢᠯ ᠢ ᠪᠡᠶᠡᠯᠡᠭᠦᠯᠦᠨ᠎ᠡ᠃
ᠢᠷᠡᠯᠲᠡ᠄ ᠡᠷᠭᠦᠨ᠎ᠡ ᠬᠤᠲᠠ ᠶᠢᠨ ᠠᠷᠠᠳ ᠤᠨ ᠵᠠᠰᠠᠭ ᠤᠨ ᠤᠷᠳᠤᠨ