ᠡᠷᠭᠦᠨ᠎ᠡ ᠬᠤᠲᠠ ᠶᠢᠨ ᠲᠤᠭ᠎ᠠ ᠪᠦᠷᠢᠳᠬᠡᠯ ᠤᠨ ᠲᠤᠪᠴᠢᠶ᠎ᠠ
ᠨᠡᠶᠢᠲᠡᠯᠡᠭᠰᠡᠨ ᠴᠠᠭ᠄
2023/12/31
ᠭᠤᠤᠯ ᠡᠭᠦᠷᠭᠡ ᠬᠠᠷᠢᠭᠤᠴᠠᠯᠭ᠎ᠠ᠄       ︵ᠨᠢᠭᠡ︶ ᠤᠯᠤᠰ ᠪᠠ ᠦᠪᠡᠷᠲᠡᠭᠡᠨ ᠵᠠᠰᠠᠬᠤ ᠤᠷᠤᠨ ᠤ ᠲᠤᠭ᠎ᠠ ᠪᠦᠷᠢᠳᠬᠡᠯ ᠤᠨ ᠠᠵᠢᠯ ᠤᠨ ᠲᠤᠬᠠᠢ ᠬᠠᠤᠯᠢ ᠴᠠᠭᠠᠵᠠ ᠪᠠ ᠬᠠᠤᠯᠢ ᠳᠦᠷᠢᠮ ᠵᠢᠴᠢ ᠲᠦᠷᠦ ᠶᠢᠨ ᠪᠤᠳᠤᠯᠭ᠎ᠠ ᠶᠢ ᠲᠤᠤᠱᠯᠠᠭᠤᠯᠤᠨ ᠬᠡᠷᠡᠭᠵᠢᠭᠦᠯᠦᠨ᠎ᠡ᠃ ᠬᠦᠯᠦᠨ ᠪᠤᠶᠢᠷ ᠬᠤᠲᠠ ᠶᠢᠨ ᠲᠤᠭ᠎ᠠ ᠪᠦᠷᠢᠳᠬᠡᠯ ᠤᠨ ᠪᠠᠶᠢᠭᠤᠯᠤᠮᠵᠢ᠂ ᠪᠠᠷᠢᠮᠵᠢᠶ᠎ᠠ ᠪᠠ ᠦᠭᠡᠷᠡᠴᠢᠯᠡᠯᠲᠡ ᠪᠦᠲᠦᠭᠡᠨ ᠪᠠᠶᠢᠭᠤᠯᠤᠯᠲᠠ ᠶᠢᠨ ᠲᠦᠯᠦᠪᠯᠡᠭᠡ ᠶᠢ ᠲᠤᠤᠱᠯᠠᠭᠤᠯᠤᠨ᠎ᠠ᠃ ᠲᠤᠭ᠎ᠠ ᠪᠦᠷᠢᠳᠬᠡᠯ ᠤᠨ ᠲᠤᠬᠠᠢ ᠬᠠᠤᠯᠢ ᠳᠦᠷᠢᠮ ᠪᠠ ᠪᠠᠶᠢᠭᠤᠯᠤᠮᠵᠢ᠂ ᠪᠠᠷᠢᠮᠵᠢᠶ᠎ᠠ ᠶᠢ ᠬᠡᠷᠡᠭᠵᠢᠭᠦᠯᠵᠦ ᠪᠠᠶᠢᠭ᠎ᠠ ᠪᠠᠶᠢᠳᠠᠯ ᠢ ᠬᠢᠨᠠᠨ ᠪᠠᠶᠢᠴᠠᠭᠠᠨ᠎ᠠ᠃ ᠬᠠᠮᠢᠶ᠎ᠠ ᠪᠦᠬᠦᠢ ᠪᠦᠷᠢᠳᠬᠡᠭᠰᠡᠨ ᠲᠤᠭ᠎ᠠ ᠪᠠᠷᠢᠮᠳᠠ ᠶᠢᠨ ᠴᠢᠨᠠᠷ ᠴᠢᠨᠰᠠᠭ᠎ᠠ ᠶᠢ ᠪᠠᠶᠢᠴᠠᠭᠠᠨ ᠦᠨᠡᠯᠡᠨ᠎ᠡ᠃ ᠡᠯ᠎ᠡ ᠰᠤᠮᠤ ᠰᠢᠶᠠᠩ ᠪᠠᠯᠭᠠᠰᠤᠨ ︵ᠵᠡᠭᠡᠯᠢ ᠭᠤᠳᠤᠮᠵᠢ︶ ᠤ ᠬᠠᠮᠢᠶ᠎ᠠ ᠪᠦᠬᠦᠢ ᠠᠵᠢᠯ ᠢ ᠵᠢᠭᠠᠨ ᠵᠢᠯᠤᠭᠤᠳᠤᠨ᠎ᠠ᠃      ︵ᠬᠤᠶᠠᠷ︶ ᠪᠦᠬᠦ ᠬᠤᠲᠠ ᠶᠢᠨ ᠤᠯᠤᠰ ᠠᠷᠠᠳ ᠤᠨ ᠠᠵᠤ ᠠᠬᠤᠢ ᠶᠢᠨ ᠲᠤᠭᠠᠴᠠᠭ᠎ᠠ ᠬᠢᠬᠦ ᠠᠵᠢᠯ ᠢ ᠬᠠᠷᠢᠭᠤᠴᠠᠨ᠎ᠠ᠃ ᠤᠯᠤᠰ ᠠᠷᠠᠳ ᠤᠨ ᠠᠵᠤ ᠠᠬᠤᠢ ᠶᠢᠨ ᠲᠤᠭᠠᠴᠠᠭ᠎ᠠ ᠬᠢᠬᠦ ᠰᠢᠰᠲ᠋ᠧᠮ ᠢ ᠲᠤᠤᠱᠯᠠᠭᠤᠯᠤᠨ ᠬᠡᠷᠡᠭᠵᠢᠭᠦᠯᠦᠨ᠎ᠡ᠃ ᠪᠦᠬᠦ ᠬᠤᠲᠠ ᠶᠢᠨ ᠤᠯᠤᠰ ᠠᠷᠠᠳ ᠤᠨ ᠠᠵᠤ ᠠᠬᠤᠢ ᠶᠢᠨ ᠲᠤᠭᠠᠴᠠᠭ᠎ᠠ ᠬᠢᠬᠦ ᠪᠠᠶᠢᠭᠤᠯᠤᠮᠵᠢ ᠪᠠ ᠤᠷᠤᠭᠤᠯᠤᠯᠲᠠ ᠭᠠᠷᠭᠠᠯᠲᠠ ᠶᠢᠨ ᠪᠠᠶᠢᠴᠠᠭᠠᠯᠲᠠ ᠶᠢ ᠵᠤᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠮᠠᠨ ᠤ ᠬᠤᠲᠠ ᠶᠢᠨ ᠭᠠᠵᠠᠷ ᠤᠷᠤᠨ ᠤ ᠶᠡᠷᠦᠩᠬᠡᠢ ᠦᠢᠯᠡᠳᠪᠦᠷᠢᠯᠡᠯ ᠤᠨ ᠦᠷᠲᠡᠭ ᠲᠤ ᠲᠤᠭᠠᠴᠠᠭ᠎ᠠ ᠬᠢᠵᠦ᠂ ᠤᠯᠤᠰ ᠠᠷᠠᠳ ᠤᠨ ᠠᠵᠤ ᠠᠬᠤᠢ ᠳᠤ ᠲᠤᠭᠠᠴᠠᠭ᠎ᠠ ᠬᠢᠭᠰᠡᠨ ᠪᠢᠴᠢᠭ ᠮᠠᠲ᠋ᠧᠷᠢᠶᠠᠯ ᠢ ᠡᠮᠬᠢᠯᠡᠨ ᠨᠠᠶᠢᠷᠠᠭᠤᠯᠤᠨ᠎ᠠ᠃      ︵ᠭᠤᠷᠪᠠ︶ ᠪᠦᠬᠦ ᠬᠤᠲᠠᠨ ᠤ ᠬᠦᠮᠦᠨ ᠠᠮᠠ᠂ ᠠᠵᠤ ᠠᠬᠤᠢ᠂ ᠲᠠᠷᠢᠶᠠᠯᠠᠩ᠂ ᠮᠠᠯ ᠠᠵᠤ ᠠᠬᠤᠢ ᠶᠢᠨ ᠦᠢᠯᠡᠰ ᠤᠨ ᠨᠡᠶᠢᠳᠡᠮ ᠪᠠᠶᠢᠴᠠᠭᠠᠯᠲᠠ ᠶᠢ ᠬᠠᠷᠢᠭᠤᠴᠠᠨ᠎ᠠ᠃ ᠪᠦᠬᠦ ᠬᠤᠲᠠᠨ ᠤ ᠬᠦᠮᠦᠨ ᠠᠮᠠ᠂ ᠠᠵᠤ ᠠᠬᠤᠢ᠂ ᠲᠠᠷᠢᠶᠠᠯᠠᠩ᠂ ᠮᠠᠯ ᠠᠵᠤ ᠠᠬᠤᠢ ᠵᠡᠷᠭᠡ ᠴᠢᠬᠤᠯᠠ ᠶᠡᠭᠡ ᠬᠤᠲᠠ ᠶᠢᠨ ᠪᠠᠶᠢᠳᠠᠯ ᠤᠨ ᠨᠡᠶᠢᠳᠡᠮ ᠪᠠᠶᠢᠴᠠᠭᠠᠯᠲᠠ ᠶᠢ ᠵᠤᠬᠢᠶᠠᠨ ᠪᠠᠶᠢᠭᠤᠯᠬᠤ ᠪᠠ ᠵᠤᠬᠢᠴᠠᠭᠤᠯᠤᠨ᠎ᠠ᠃ ᠬᠠᠮᠢᠶ᠎ᠠ ᠪᠦᠬᠦᠢ ᠰᠠᠯᠠᠭ᠎ᠠ ᠮᠦᠴᠢᠷ ᠲᠠᠢ ᠬᠠᠮᠵᠢᠯᠴᠠᠵᠤ᠂ ᠴᠢᠬᠤᠯᠠ ᠶᠡᠭᠡ ᠬᠤᠲᠠ ᠶᠢᠨ ᠪᠠᠶᠢᠳᠠᠯ ᠤᠨ ᠨᠡᠶᠢᠳᠡᠮ ᠪᠠᠶᠢᠴᠠᠭᠠᠯᠲᠠ ᠵᠢᠴᠢ ᠲᠤᠰᠬᠠᠢ ᠲᠦᠷᠦᠯ ᠤᠨ ᠪᠠᠶᠢᠴᠠᠭᠠᠯᠲᠠ ᠶᠢᠨ ᠲᠦᠯᠦᠪᠯᠡᠭᠡ᠂ ᠲᠦᠰᠦᠪ ᠢ ᠲᠤᠭᠲᠠᠭᠠᠬᠤ ᠮᠦᠷᠲᠡᠭᠡᠨ ᠵᠤᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠬᠠᠮᠢᠶ᠎ᠠ ᠪᠦᠬᠦᠢ ᠬᠤᠲᠠ ᠶᠢᠨ ᠪᠠᠶᠢᠳᠠᠯ ᠤᠨ ᠲᠤᠬᠠᠢ ᠲᠤᠭ᠎ᠠ ᠪᠠᠷᠢᠮᠳᠠ ᠶᠢ ᠬᠤᠷᠢᠶᠠᠩᠭᠤᠶᠢᠯᠠᠬᠤ᠂ ᠡᠮᠬᠢᠳᠬᠡᠬᠦ ᠪᠠ ᠬᠠᠩᠭᠠᠨ᠎ᠠ᠃      ︵ᠳᠦᠷᠪᠡ︶ ᠲᠤᠭ᠎ᠠ ᠪᠦᠷᠢᠳᠬᠡᠯ ᠢ ᠬᠤᠷᠢᠶᠠᠩᠭᠤᠶᠢᠯᠠᠬᠤ ᠪᠠ ᠲᠤᠭ᠎ᠠ ᠪᠠᠷᠢᠮᠳᠠ ᠬᠠᠩᠭᠠᠬᠤ ᠠᠵᠢᠯ ᠢ ᠬᠠᠷᠢᠭᠤᠴᠠᠨ᠎ᠠ᠃ ᠪᠦᠬᠦ ᠬᠤᠲᠠ ᠶᠢᠨ ᠲᠠᠷᠢᠶᠠᠯᠠᠩ᠂ ᠮᠠᠯ ᠠᠵᠤ ᠠᠬᠤᠢ᠂ ᠤᠢ ᠰᠢᠭᠤᠢ᠂ ᠵᠢᠭᠠᠰᠤᠨ ᠤ ᠦᠢᠯᠡᠰ᠂ ᠠᠵᠤ ᠦᠢᠯᠡᠳᠪᠦᠷᠢ᠂ ᠪᠠᠷᠢᠯᠭ᠎ᠠ ᠶᠢᠨ ᠦᠢᠯᠡᠰ ᠪᠠ ᠦᠢᠯᠡᠴᠢᠯᠡᠭᠡᠨ ᠤ ᠦᠢᠯᠡᠰ ᠵᠡᠷᠭᠡ ᠤᠯᠤᠰ ᠠᠷᠠᠳ ᠤᠨ ᠠᠵᠤ ᠠᠬᠤᠢ ᠶᠢᠨ ᠡᠯ᠎ᠡ ᠠᠵᠢᠯ ᠲᠦᠷᠦᠯ ᠢ ᠪᠦᠷᠢᠳᠬᠡᠨ ᠪᠠᠶᠢᠴᠠᠭᠠᠨ᠎ᠠ᠃ ᠮᠠᠨ ᠤ ᠬᠤᠲᠠ ᠶᠢᠨ ᠡᠨᠧᠷᠬᠢ᠂ ᠪᠡᠯᠡ ᠤᠷᠤᠭᠤᠯᠤᠯᠲᠠ᠂ ᠬᠡᠷᠡᠭᠯᠡᠭᠡ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠂ ᠬᠦᠮᠦᠨ ᠠᠮᠠ᠂ ᠨᠡᠶᠢᠭᠡᠮ ᠤᠨ ᠬᠦᠭᠵᠢᠯᠲᠡ ᠶᠢᠨ ᠦᠨᠳᠦᠰᠦᠨ ᠪᠠᠶᠢᠳᠠᠯ᠂ ᠤᠷᠴᠢᠨ ᠲᠤᠭᠤᠷᠢᠨ ᠤ ᠦᠨᠳᠦᠰᠦᠨ ᠪᠠᠶᠢᠳᠠᠯ ᠵᠡᠷᠭᠡ ᠶᠢ ᠪᠦᠷᠢᠳᠬᠡᠨ ᠪᠠᠶᠢᠴᠠᠭᠠᠨ᠎ᠠ᠃ ᠬᠠᠮᠢᠶ᠎ᠠ ᠪᠦᠬᠦᠢ ᠪᠠᠶᠢᠴᠠᠭᠠᠯᠲᠠ ᠶᠢᠨ ᠲᠤᠭ᠎ᠠ ᠪᠠᠷᠢᠮᠳᠠ ᠶᠢ ᠴᠤᠭᠯᠠᠭᠤᠯᠬᠤ᠂ ᠬᠤᠷᠢᠶᠠᠩᠭᠤᠶᠢᠯᠠᠬᠤ᠂ ᠡᠮᠬᠢᠯᠡᠬᠦ ᠪᠠ ᠬᠠᠩᠭᠠᠨ᠎ᠠ᠃ ᠵᠠᠮ ᠬᠠᠷᠢᠯᠴᠠᠭ᠎ᠠ ᠲᠡᠭᠡᠭᠡᠪᠦᠷᠢ᠂ ᠰᠢᠤᠳᠠᠨ᠂ ᠵᠢᠭᠤᠯᠴᠢᠯᠠᠯ᠂ ᠰᠤᠷᠭᠠᠨ ᠬᠦᠮᠦᠵᠢᠯ᠂ ᠡᠷᠡᠭᠦᠯ ᠬᠠᠮᠠᠭᠠᠯᠠᠯ᠂ ᠨᠡᠶᠢᠭᠡᠮ ᠤᠨ ᠪᠠᠲᠤᠯᠠᠭ᠎ᠠ᠂ ᠨᠡᠶᠢᠲᠡ ᠶᠢᠨ ᠬᠡᠷᠡᠭᠯᠡᠭᠡᠨ ᠤ ᠠᠵᠤ ᠦᠢᠯᠡᠰ᠂ ᠡᠬᠢ ᠪᠠᠶᠠᠯᠢᠭ᠂ ᠭᠡᠷ ᠪᠠᠶᠢᠰᠢᠩ᠂ ᠭᠠᠳᠠᠭᠠᠲᠤ ᠠᠷᠠᠯᠵᠢᠶ᠎ᠠ ᠵᠡᠷᠭᠡ ᠰᠠᠯᠠᠭ᠎ᠠ ᠮᠦᠴᠢᠷ ᠤᠨ ᠦᠨᠳᠦᠰᠦᠨ ᠲᠤᠭ᠎ᠠ ᠪᠠᠷᠢᠮᠳᠠ ᠶᠢ ᠬᠤᠷᠢᠶᠠᠩᠭᠤᠶᠢᠯᠠᠬᠤ᠂ ᠡᠮᠬᠢᠯᠡᠬᠦ ᠪᠠ ᠬᠠᠩᠭᠠᠨ᠎ᠠ᠃      ︵ᠲᠠᠪᠤ︶ ᠲᠤᠭ᠎ᠠ ᠪᠦᠷᠢᠳᠬᠡᠯ ᠤᠨ ᠲᠤᠬᠠᠢ ᠮᠡᠳᠡᠭᠡ ᠵᠠᠩᠭᠢ ᠶᠢ ᠨᠡᠶᠢᠲᠡᠯᠡᠬᠦ ᠠᠵᠢᠯ ᠢ ᠬᠠᠷᠢᠭᠤᠴᠠᠨ᠎ᠠ᠃ ᠲᠤᠰ ᠭᠠᠵᠠᠷ ᠤᠷᠤᠨ ᠤ ᠡᠯ᠎ᠡ ᠰᠠᠯᠠᠭ᠎ᠠ ᠮᠦᠴᠢᠷ ᠤᠨ ᠨᠡᠶᠢᠭᠡᠮ ᠠᠵᠤ ᠠᠬᠤᠢ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠂ ᠡᠬᠢ ᠪᠠᠶᠠᠯᠢᠭ ᠤᠷᠴᠢᠨ ᠲᠤᠭᠤᠷᠢᠨ  ᠤ ᠲᠤᠭ᠎ᠠ ᠪᠦᠷᠢᠳᠬᠡᠯ ᠢ ᠪᠠᠶᠢᠴᠠᠭᠠᠨ᠎ᠠ᠃ ᠪᠦᠬᠦ ᠬᠤᠲᠠ ᠶᠢᠨ ᠴᠢᠨᠠᠷᠲᠠᠢ ᠦᠨᠳᠦᠰᠦᠨ ᠲᠤᠭ᠎ᠠ ᠪᠦᠷᠢᠳᠬᠡᠯ ᠢ ᠨᠢᠭᠡᠲᠦᠯᠲᠡᠢ ᠬᠠᠷᠭᠤᠭᠤᠯᠤᠨ ᠲᠤᠭᠲᠠᠭᠠᠬᠤ᠂ ᠬᠠᠮᠢᠶᠠᠷᠬᠤ ᠪᠠ ᠨᠡᠶᠢᠲᠡᠯᠡᠨ᠎ᠡ᠃ ᠮᠠᠨ ᠤ ᠬᠤᠲᠠ ᠶᠢᠨ ᠤᠯᠤᠰ ᠠᠷᠠᠳ ᠤᠨ ᠠᠵᠤ ᠠᠬᠤᠢ ᠶᠢᠨ ᠬᠦᠭᠵᠢᠯᠲᠡ ᠶᠢᠨ ᠪᠠᠶᠢᠳᠠᠯ ᠤᠨ ᠲᠤᠭ᠎ᠠ ᠪᠦᠷᠢᠳᠬᠡᠯ ᠤᠨ ᠲᠤᠬᠠᠢ ᠮᠡᠳᠡᠭᠡ ᠵᠠᠩᠭᠢ ᠶᠢ ᠲᠤᠭᠲᠠᠭᠰᠠᠨ ᠬᠤᠭᠤᠴᠠᠭ᠎ᠠ ᠲᠠᠢ ᠨᠡᠶᠢᠲᠡᠯᠡᠨ᠎ᠡ᠃      ︵ᠵᠢᠷᠭᠤᠭ᠎ᠠ︶ ᠲᠤᠭ᠎ᠠ ᠪᠦᠷᠢᠳᠬᠡᠯ ᠢ ᠬᠢᠨᠡᠨ ᠬᠡᠮᠵᠢᠬᠦ ᠪᠠ ᠲᠤᠭ᠎ᠠ ᠪᠦᠷᠢᠳᠬᠡᠯ ᠳᠤ ᠬᠢᠨᠠᠯᠲᠠ ᠲᠠᠯᠪᠢᠬᠤ ᠠᠵᠢᠯ ᠢ ᠬᠠᠷᠢᠭᠤᠴᠠᠨ᠎ᠠ᠃ ᠪᠦᠬᠦ ᠬᠤᠲᠠ ᠶᠢᠨ ᠤᠯᠤᠰ ᠠᠷᠠᠳ ᠤᠨ ᠨᠡᠶᠢᠭᠡᠮ ᠠᠵᠤ ᠠᠬᠤᠢ ᠶᠢᠨ ᠬᠦᠭᠵᠢᠯᠲᠡ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠂ ᠡᠬᠢ ᠪᠠᠶᠠᠯᠢᠭ ᠤᠷᠴᠢᠨ ᠲᠤᠭᠤᠷᠢᠨ ᠵᠡᠷᠭᠡ ᠪᠠᠶᠢᠳᠠᠯ ᠤᠨ ᠲᠤᠭ᠎ᠠ ᠪᠦᠷᠢᠳᠬᠡᠯ ᠢ ᠵᠠᠳᠠᠯᠬᠤ ᠪᠠ ᠲᠤᠭ᠎ᠠ ᠪᠦᠷᠢᠳᠬᠡᠯ ᠳᠤ ᠬᠢᠨᠠᠯᠲᠠ ᠲᠠᠯᠪᠢᠨ᠎ᠠ᠃ ᠬᠠᠮᠢᠶ᠎ᠠ ᠪᠦᠬᠦᠢ ᠰᠠᠯᠠᠭ᠎ᠠ ᠮᠦᠴᠢᠷ ᠲᠠᠢ ᠬᠠᠮᠵᠢᠯᠴᠠᠵᠤ᠂ ᠡᠷᠭᠦᠨ᠎ᠡ ᠬᠤᠲᠠ ᠶᠢᠨ ᠠᠮᠢ ᠠᠬᠤᠢ ᠶᠢᠨ ᠪᠤᠯᠪᠠᠰᠤᠨ ᠤ ᠪᠦᠲᠦᠭᠡᠨ ᠪᠠᠶᠢᠭᠤᠯᠤᠯᠲᠠ ᠶᠢᠨ ᠵᠢᠯ ᠤᠨ ᠦᠨᠡᠯᠡᠯᠲᠡ ᠶᠢᠨ ᠠᠵᠢᠯ ᠢ ᠵᠤᠬᠢᠶᠠᠨ ᠪᠠᠶᠢᠭᠤᠯᠤᠨ᠎ᠠ᠃ ᠬᠤᠲᠠ ᠶᠢᠨ ᠨᠠᠮ ᠤᠨ ᠬᠤᠷᠢᠶ᠎ᠠ ᠵᠠᠰᠠᠭ ᠤᠨ ᠤᠷᠳᠤᠨ ᠵᠢᠴᠢ ᠬᠠᠮᠢᠶ᠎ᠠ ᠪᠦᠬᠦᠢ ᠰᠠᠯᠠᠭ᠎ᠠ ᠮᠦᠴᠢᠷ ᠲᠤ ᠲᠤᠭ᠎ᠠ ᠪᠦᠷᠢᠳᠬᠡᠯ ᠤᠨ ᠲᠤᠬᠠᠢ ᠮᠡᠳᠡᠭᠡ ᠵᠠᠩᠭᠢ ᠪᠠ ᠠᠰᠠᠭᠤᠨ ᠯᠠᠪᠯᠠᠭᠰᠠᠨ ᠰᠠᠨᠠᠯ ᠢ ᠬᠠᠩᠭᠠᠨ᠎ᠠ᠃      ︵ᠳᠤᠯᠤᠭ᠎ᠠ︶ ᠲᠤᠭ᠎ᠠ ᠪᠦᠷᠢᠳᠬᠡᠯ ᠤᠨ ᠲᠦᠷᠦᠯ ᠵᠦᠢᠯ ᠢ ᠬᠠᠮᠢᠶᠠᠷᠤᠨ᠎ᠠ᠃ ᠡᠷᠭᠦᠨ᠎ᠡ ᠬᠤᠲᠠ ᠶᠢᠨ ᠡᠯ᠎ᠡ ᠰᠠᠯᠠᠭ᠎ᠠ ᠮᠦᠴᠢᠷ ᠤᠨ ᠲᠤᠭ᠎ᠠ ᠪᠦᠷᠢᠳᠬᠡᠯ ᠤᠨ ᠪᠠᠶᠢᠴᠠᠭᠠᠯᠲᠠ ᠶᠢᠨ ᠲᠦᠷᠦᠯ ᠵᠦᠢᠯ᠂ ᠡᠯ᠎ᠡ ᠰᠤᠮᠤ ᠰᠢᠶᠠᠩ ᠪᠠᠯᠭᠠᠰᠤᠨ ︵ᠵᠡᠭᠡᠯᠢ ᠭᠤᠳᠤᠮᠵᠢ︶ ᠤ ᠲᠤᠭ᠎ᠠ ᠪᠦᠷᠢᠳᠬᠡᠯ ᠤᠨ ᠪᠠᠶᠢᠴᠠᠭᠠᠯᠲᠠ ᠶᠢᠨ ᠲᠦᠷᠦᠯ ᠵᠦᠢᠯ ᠢ ᠬᠠᠤᠯᠢ ᠶᠤᠰᠤᠭᠠᠷ ᠬᠢᠨᠠᠨ ᠵᠦᠪᠰᠢᠶᠡᠷᠡᠬᠦ ᠪᠠ ᠳᠠᠩᠰᠠᠯᠠᠨ᠎ᠠ᠃ ᠲᠤᠰᠬᠠᠶᠢᠯᠠᠭᠰᠠᠨ ᠲᠤᠭ᠎ᠠ ᠪᠦᠷᠢᠳᠬᠡᠯ ᠤᠨ ᠦᠨᠳᠦᠰᠦᠨ ᠠᠵᠢᠯ᠂ ᠲᠤᠭ᠎ᠠ ᠪᠦᠷᠢᠳᠬᠡᠯ ᠤᠨ ᠦᠨᠳᠦᠰᠦᠨ ᠱᠠᠲᠤᠨ ᠤ ᠰᠠᠭᠤᠷᠢ ᠪᠦᠲᠦᠭᠡᠨ ᠪᠠᠶᠢᠭᠤᠯᠤᠯᠲᠠ ᠶᠢ ᠵᠢᠭᠠᠨ ᠵᠢᠯᠤᠭᠤᠳᠤᠨ᠎ᠠ᠃ ᠲᠤᠭ᠎ᠠ ᠪᠦᠷᠢᠳᠬᠡᠯ ᠤᠨ ᠴᠢᠨᠠᠷ ᠴᠢᠨᠰᠠᠭ᠎ᠠ ᠶᠢ ᠬᠢᠨᠠᠨ ᠬᠠᠷᠭᠤᠭᠤᠯᠬᠤ᠂ ᠬᠢᠨᠠᠨ ᠡᠵᠡᠮᠳᠡᠬᠦ ᠪᠠ ᠦᠨᠡᠯᠡᠬᠦ ᠳᠦᠷᠢᠮ ᠢ ᠪᠠᠶᠢᠭᠤᠯᠤᠨ ᠲᠡᠭᠦᠯᠳᠡᠷᠵᠢᠭᠦᠯᠦᠨ᠎ᠡ᠃ ᠴᠢᠬᠤᠯᠠ ᠲᠤᠭ᠎ᠠ ᠪᠦᠷᠢᠳᠬᠡᠯ ᠢ ᠬᠢᠨᠠᠨ ᠬᠠᠷᠭᠤᠭᠤᠯᠬᠤ᠂ ᠬᠢᠨᠠᠨ ᠡᠵᠡᠮᠳᠡᠬᠦ ᠪᠠ ᠦᠨᠡᠯᠡᠨ᠎ᠡ᠃ ᠭᠠᠳᠠᠭᠠᠲᠤ ᠲᠠᠢ ᠬᠤᠯᠪᠤᠭᠳᠠᠬᠤ ᠠᠵᠢᠯᠯᠠᠭ᠎ᠠ ᠳᠤ ᠬᠢᠨᠠᠯᠲᠠ ᠲᠠᠯᠪᠢᠨ᠎ᠠ᠃      ︵ᠨᠠᠢᠮᠠ︶ ᠲᠤᠭ᠎ᠠ ᠪᠦᠷᠢᠳᠬᠡᠯ ᠤᠨ ᠡᠩᠨᠡᠭᠡᠨ ᠤ ᠪᠦᠲᠦᠭᠡᠨ ᠪᠠᠶᠢᠭᠤᠯᠤᠯᠲᠠ ᠶᠢᠨ ᠬᠤᠯᠪᠤᠭᠳᠠᠯ ᠪᠦᠬᠦᠢ ᠠᠵᠢᠯ ᠢ ᠬᠠᠷᠢᠭᠤᠴᠠᠨ᠎ᠠ᠃ ᠪᠦᠬᠦ ᠬᠤᠲᠠ ᠶᠢᠨ ᠲᠤᠭ᠎ᠠ ᠪᠦᠷᠢᠳᠬᠡᠯ ᠤᠨ ᠰᠢᠨᠵᠢᠯᠡᠬᠦ ᠤᠬᠠᠭᠠᠨ ᠤ ᠰᠤᠳᠤᠯᠤᠯᠲᠠ᠂ ᠺᠠᠳ᠋ᠷ ᠤᠨ ᠪᠤᠯᠪᠠᠰᠤᠷᠠᠯ᠂ ᠲᠤᠭ᠎ᠠ ᠪᠦᠷᠢᠳᠬᠡᠯ ᠤᠨ ᠲᠤᠰᠬᠠᠢ ᠮᠡᠷᠭᠡᠵᠢᠯ ᠤᠨ ᠡᠩᠨᠡᠭᠡᠨ ᠤ ᠪᠦᠲᠦᠭᠡᠨ ᠪᠠᠶᠢᠭᠤᠯᠤᠯᠲᠠ ᠵᠡᠷᠭᠡ ᠠᠵᠢᠯ ᠢ ᠵᠢᠭᠠᠨ ᠵᠢᠯᠤᠭᠤᠳᠤᠨ᠎ᠠ᠃     ︵ᠶᠢᠰᠦ︶ ᠲᠤᠭ᠎ᠠ ᠪᠦᠷᠢᠳᠬᠡᠯ ᠤᠨ ᠮᠡᠳᠡᠭᠡ ᠵᠠᠩᠭᠢᠴᠢᠯᠠᠯᠲᠠ ᠶᠢᠨ ᠪᠦᠲᠦᠭᠡᠨ ᠪᠠᠶᠢᠭᠤᠯᠤᠯᠲᠠ ᠶᠢᠨ ᠠᠵᠢᠯ ᠢ ᠬᠠᠷᠢᠭᠤᠴᠠᠨ᠎ᠠ᠃ ᠡᠷᠭᠦᠨ᠎ᠡ ᠬᠤᠲᠠ ᠶᠢᠨ ᠲᠤᠭ᠎ᠠ ᠪᠦᠷᠢᠳᠬᠡᠯ ᠤᠨ ᠮᠡᠳᠡᠭᠡ ᠵᠠᠩᠭᠢᠴᠢᠯᠠᠯᠲᠠ ᠶᠢᠨ ᠪᠦᠲᠦᠭᠡᠨ ᠪᠠᠶᠢᠭᠤᠯᠤᠯᠲᠠ ᠶᠢᠨ ᠲᠦᠯᠦᠪᠯᠡᠭᠡ ᠶᠢ ᠲᠤᠭᠲᠠᠭᠠᠨ᠎ᠠ᠃ ᠪᠦᠬᠦ ᠬᠤᠲᠠᠨ ᠤ ᠲᠤᠭ᠎ᠠ ᠪᠦᠷᠢᠳᠬᠡᠯ ᠤᠨ ᠮᠡᠳᠡᠭᠡ ᠵᠠᠩᠭᠢᠴᠢᠯᠠᠯᠲᠠ ᠶᠢᠨ ᠰᠢᠰᠲ᠋ᠧᠮ ᠢ ᠪᠠᠶᠢᠭᠤᠯᠤᠨ ᠬᠠᠮᠢᠶᠠᠷᠤᠨ᠎ᠠ᠃ ᠡᠯ᠎ᠡ ᠰᠤᠮᠤ ᠰᠢᠶᠠᠩ ᠪᠠᠯᠭᠠᠰᠤᠨ ︵ᠵᠡᠭᠡᠯᠢ ᠭᠤᠳᠤᠮᠵᠢ︶ ᠤ ᠲᠤᠭ᠎ᠠ ᠪᠦᠷᠢᠳᠬᠡᠯ ᠤᠨ ᠮᠡᠳᠡᠭᠡ ᠵᠠᠩᠭᠢᠴᠢᠯᠠᠯᠲᠠ ᠶᠢᠨ ᠪᠦᠲᠦᠭᠡᠨ ᠪᠠᠶᠢᠭᠤᠯᠤᠯᠲᠠ ᠶᠢ ᠵᠢᠭᠠᠨ ᠵᠢᠯᠤᠭᠤᠳᠤᠨ᠎ᠠ᠃      ︵ᠠᠷᠪᠠ︶ ᠬᠤᠲᠠ ᠶᠢᠨ ᠨᠠᠮ ᠤᠨ ᠬᠤᠷᠢᠶ᠎ᠠ ᠵᠠᠰᠠᠭ ᠤᠨ ᠤᠷᠳᠤᠨ ᠪᠠ ᠳᠡᠭᠡᠳᠦ ᠱᠠᠲᠤᠨ ᠤ ᠲᠤᠬᠠᠶᠢᠯᠠᠭᠰᠠᠨ ᠠᠵᠢᠯ ᠤᠨ ᠰᠠᠯᠠᠭ᠎ᠠ ᠮᠦᠴᠢᠷ ᠤᠨ ᠳᠠᠭᠠᠭᠠᠯᠭᠠᠭᠰᠠᠨ ᠪᠤᠰᠤᠳ ᠠᠵᠢᠯ ᠢ ᠪᠡᠶᠡᠯᠡᠭᠦᠯᠦᠨ᠎ᠡ᠃ 
ᠢᠷᠡᠯᠲᠡ᠄ ᠡᠷᠭᠦᠨ᠎ᠡ ᠬᠤᠲᠠ ᠶᠢᠨ ᠠᠷᠠᠳ ᠤᠨ ᠵᠠᠰᠠᠭ ᠤᠨ ᠤᠷᠳᠤᠨ