ᠰᠤᠷᠪᠤᠯᠵᠢᠯᠠᠭᠴᠢ 12 ᠰᠠᠷ᠎ᠠ ᠶᠢᠨ 5 ᠤ ᠡᠳᠦᠷ ᠰᠤᠷᠭᠠᠨ ᠬᠥᠮᠦᠵᠢᠯ ᠤᠨ ᠶᠠᠮᠤᠨ ᠠᠴᠠ ᠣᠶᠢᠯᠠᠭᠠᠭᠰᠠᠨ ᠢᠶᠠᠷ ᠂ ︽ ᠡᠪᠦᠯ ᠤᠨ ᠤᠯᠠᠷᠢᠯ ᠤᠨ ᠰᠤᠷᠭᠠᠭᠤᠯᠢ ᠶᠢᠨ | ᠬᠠᠯᠳᠠᠪᠤᠷᠢᠲᠤ ᠡᠪᠡᠳᠴᠢᠨ ᠢ ᠰᠡᠷᠭᠡᠶᠢᠯᠡᠨ ᠬᠤᠷᠢᠬᠯᠠᠬᠤ ᠠᠵᠢᠯ ᠢ ᠰᠠᠶᠢᠲᠤᠷ ᠬᠢᠬᠦ ᠲᠤᠬᠠᠶ ᠮᠡᠳᠡᠭᠳᠡᠯ ︾ ᠢ ᠣᠶᠢᠷ᠎ᠠ ᠳᠤ ᠳᠠᠷᠤᠮᠠᠯᠯᠠᠨ ᠲᠠᠷᠬᠠᠭᠠᠵᠤ ᠂ ᠡᠯ᠎ᠡ ᠭᠠᠵᠠᠷ ᠤᠨ | ᠰᠤᠷᠭᠠᠨ ᠬᠥᠮᠦᠵᠢᠯ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠪᠣᠯᠤᠨ ᠰᠤᠷᠭᠠᠭᠤᠯᠢ ᠨᠤᠭᠤᠳ ᠬᠢᠵᠢᠭ ᠤᠨ ᠪᠠᠶᠢᠳᠠᠯ ᠢ ᠰᠢᠯᠭᠠᠨ ᠪᠠᠶᠢᠴᠠᠭᠠᠬᠤ ᠰᠢᠰᠲ᠋ᠧᠮ ᠤᠨ | ᠪᠠᠶᠢᠭᠤᠯᠤᠯᠲᠠ ᠪᠠᠨ ᠴᠢᠩᠭᠠᠳᠬᠠᠵᠤ ᠂ ᠪᠠᠭᠰᠢ ᠰᠤᠷᠤᠭᠴᠢᠳ ᠢ ᠰᠢᠪᠠᠳᠠᠨ ᠡᠳᠦᠷ ᠲᠤᠲᠤᠮ ᠤᠨ ᠬᠠᠮᠠᠭᠠᠯᠠᠯᠲᠠ ᠪᠠ ᠡᠷᠡᠭᠦᠯ ᠮᠡᠨᠳᠦ ᠶᠢᠨ ᠬᠢᠨᠠᠨ ᠪᠠᠶᠢᠴᠠᠭᠠᠯᠳᠠ ᠶᠢ | ᠰᠠᠶᠢᠲᠤᠷ ᠬᠢᠯᠭᠡᠬᠦ ᠬᠡᠷᠡᠭᠲᠡᠶ ᠭᠡᠵᠦ ᠱᠠᠭᠠᠷᠳᠠᠪᠠ ᠃ ᠰᠤᠷᠤᠭᠴᠢᠳ ᠤᠨ ᠪᠡᠶ᠎ᠡ ᠮᠠᠬᠠᠪᠣᠳ ᠤᠨ ᠡᠷᠡᠭᠦᠯ ᠴᠢᠭᠢᠷᠠᠭ ᠢ ᠴᠢᠬᠤᠯᠠᠴᠢᠯᠠᠵᠤ ᠂ ᠰᠤᠷᠤᠭᠴᠢᠳ ᠤᠨ | ᠡᠪᠡᠳᠴᠢᠯᠡᠭᠰᠡᠨ ᠬᠤᠭᠤᠴᠠᠭᠠᠨ ᠳᠠᠬᠢ ᠳᠠᠰᠬᠠᠯ ᠤᠨ ᠬᠠᠲᠠᠭᠤ ᠱᠠᠭᠠᠷᠳᠠᠯᠭ᠎ᠠ ᠲᠠᠯᠪᠢᠬᠤ ᠦᠭᠡᠢ ᠪᠠᠶᠢᠵᠤ ᠪᠣᠯᠤᠨ᠎ᠠ ᠬᠡᠪᠡ ᠃ | ᠮᠡᠳᠡᠭᠳᠡᠯ ᠳᠤ ᠂ ᠡᠯ᠎ᠡ ᠭᠠᠵᠠᠷ ᠤᠨ ᠰᠤᠷᠭᠠᠨ ᠬᠥᠮᠦᠵᠢᠯ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠪᠣᠯᠤᠨ ᠰᠤᠷᠭᠠᠭᠤᠯᠢ ᠨᠤᠭᠤᠳ ᠠᠷᠭᠠᠴᠠᠭᠠᠬᠤ | ᠲᠥᠰᠦᠯ ᠢᠶᠠᠨ ᠲᠡᠭᠦᠯᠳᠡᠷᠵᠢᠭᠦᠯᠵᠦ ᠂ ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ ᠵᠢᠭᠠᠨ ᠰᠤᠷᠭᠠᠯᠲᠠ ᠶᠢ ᠡᠮᠬᠢ ᠵᠢᠷᠤᠮ ᠲᠠᠢ ᠵᠣᠯᠭᠠᠭᠤᠯᠬᠤ ᠶᠢ ᠰᠠᠶᠢᠲᠤᠷ | ᠬᠢᠵᠦ ᠂ ᠡᠪᠡᠳᠴᠢᠨ ᠠᠴᠠ ᠪᠣᠯᠵᠣ ᠬᠢᠴᠢᠶᠡᠯ ᠰᠠᠭᠠᠲᠠᠭᠰᠠᠨ ᠰᠣᠷᠣᠭᠴᠢ ᠳᠤ ᠂ ᠰᠦᠯᠵᠢᠶᠡᠨ ᠳᠡᠭᠡᠷᠡᠬᠢ ᠡᠯᠪᠡᠭ ᠪᠠᠶᠠᠯᠢᠭ ᠵᠢᠭᠠᠨ ᠰᠤᠷᠭᠠᠯᠲᠠ ᠶᠢᠨ ᠡᠬᠢ ᠪᠠᠶᠠᠯᠢᠭ ᠢ | ᠠᠰᠢᠭᠯᠠᠨ ᠬᠡᠷ ᠲᠡᠭᠡᠨ ᠰᠠᠭᠤᠵᠤ ᠰᠤᠷᠤᠯᠴᠠᠬᠤ ᠶᠢ ᠵᠢᠯᠣᠭᠤᠳᠴᠤ ᠂ ᠬᠢᠴᠢᠶᠡᠯ ᠵᠢᠭᠠᠬᠤ ᠪᠠᠭᠰᠢ ᠨᠠᠷ ᠬᠡᠷ ᠤᠨ ᠠᠬᠠᠮᠠᠳ ᠲᠠᠢ ᠣᠶᠢᠷ᠎ᠠ ᠶᠢᠨ ᠬᠤᠭᠤᠴᠠᠭᠠᠨ ᠤ ᠵᠢᠭᠠᠨ | ᠰᠤᠷᠭᠠᠯᠲᠠ ᠶᠢᠨ ᠭᠤᠤᠯᠳᠠᠯᠭ᠎ᠠ ᠪᠠᠨ ᠴᠠᠭ ᠲᠤᠬᠠᠶ ᠳᠤᠨᠢ ᠨᠡᠪᠲᠡᠷᠡᠯᠴᠡᠨ ᠵᠣᠯᠭᠠᠭᠤᠯᠬᠤ ᠬᠡᠷᠡᠭᠲᠡᠶ ᠃ ᠠᠮᠢᠰᠬᠤᠯ ᠤᠨ ᠵᠠᠮ ᠤᠨ ᠡᠪᠡᠳᠴᠢᠨ ᠤ ᠶᠠᠪᠤᠴᠠ ᠶᠢᠨ | ᠣᠨᠴᠠᠯᠢᠭ ᠲᠠᠢ ᠤᠶᠠᠯᠳᠤᠭᠤᠯᠤᠨ ᠂ ᠬᠡᠷ ᠤᠨ ᠠᠬᠠᠮᠠᠳ ᠢ ᠬᠥᠲᠥᠯᠦᠨ ᠵᠢᠯᠣᠭᠤᠳᠴᠤ ᠪᠠᠶᠢᠭᠠᠳ ᠡᠪᠡᠳᠴᠢᠯᠡᠭᠰᠡᠨ ᠰᠤᠷᠤᠭᠴᠢᠳ ᠢ ᠰᠠᠶᠢᠳᠤᠷ ᠡᠮᠨᠡᠨ ᠵᠠᠰᠠᠭᠤᠯᠬᠤ | ᠪᠠ ᠠᠮᠠᠷᠠᠭᠤᠯᠵᠤ ᠂ ᠰᠤᠷᠭᠠᠭᠤᠯᠢ ᠳᠤ ᠪᠠᠨ ᠪᠤᠴᠠᠵᠤ ᠬᠢᠴᠢᠶᠡᠯ ᠣᠷᠣᠬᠤ ᠲᠣᠬᠢᠷᠠᠭᠤᠯᠤᠯᠲᠠ ᠶᠢ ᠦᠨᠡᠨ ᠬᠦ ᠰᠢᠨᠵᠢᠯᠡᠬᠦ ᠤᠬᠠᠭᠠᠨᠴᠢ ᠪᠠᠷ ᠬᠢᠬᠦ ᠬᠡᠷᠡᠭᠲᠡᠶ ᠭᠡᠵᠦ | ᠱᠠᠭᠠᠷᠳᠠᠪᠠ ᠃ |