ᠠᠩᠬ᠎ᠠ ᠳᠤᠮᠳᠠᠳᠤ ᠳᠡᠬᠦᠰᠬᠦ ᠲᠠᠮᠢᠷ ᠤᠨ ᠰᠢᠯᠭᠠᠯᠳᠠ ᠬᠤᠪᠢᠷᠠᠯᠳᠠ ᠲᠠᠢ
ᠨᠡᠶᠢᠲᠡᠯᠡᠭᠰᠡᠨ ᠴᠠᠭ᠄
2023/3/23
    ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠤᠨ ︽ 2023 ᠣᠨ ᠤ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠶᠢᠨ ᠪᠡᠶ᠎ᠡ ᠶᠢᠨ ᠲᠠᠮᠢᠷ ᠪᠤᠯᠤᠨ ᠡᠷᠡᠭᠦᠯ ᠮᠡᠨᠳᠦ ᠶᠢᠨ ᠰᠢᠯᠭᠠᠯᠲᠠ ᠶᠢᠨ ᠲᠥᠷᠥᠯ ᠵᠦᠢᠯ ᠳᠤ ᠲᠣᠬᠢᠷᠠᠭᠤᠯᠤᠯᠲᠠ ᠬᠢᠬᠦ ᠲᠤᠬᠠᠢ ᠮᠡᠳᠡᠭᠳᠡᠯ ︾ ︵ ᠥᠪᠥᠷ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠷᠠᠯᠢᠭ ᠤᠨ ᠵᠠᠬᠢᠳᠠᠯ ﹇ 2023 ﹈ 14 ᠳ᠋ᠣᠭᠡᠷ ᠲᠣᠭᠠᠲᠤ ︶ ᠤᠨ ᠱᠠᠭᠠᠷᠳᠠᠯᠭ᠎ᠠ ᠶᠣᠰᠣᠭᠠᠷ ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠺᠣᠮᠢᠰ ᠂ ᠪᠡᠶ᠎ᠡ ᠶᠢᠨ ᠲᠠᠮᠢᠷ ᠤᠨ ᠲᠣᠪᠴᠢᠶ᠎ᠠ ᠂ ᠡᠯ᠎ᠡ ᠬᠤᠰᠢᠭᠤ ᠰᠢᠶᠠᠨ ᠲᠣᠭᠤᠷᠢᠭ ᠤᠨ ᠰᠤᠷᠭᠠᠨ ᠬᠥᠮᠦᠵᠢᠯ ᠤᠨ ᠲᠣᠪᠴᠢᠶ᠎ᠠ ᠂ ᠰᠤᠷᠭᠠᠭᠤᠯᠢ ᠂ ᠭᠡᠷ ᠤᠨ ᠠᠬᠠᠮᠠᠳ ᠂ ᠪᠠᠭᠰᠢ ᠵᠡᠷᠭᠡ ᠡᠯ᠎ᠡ ᠲᠠᠯ᠎ᠠ ᠶᠢᠨ ᠬᠢᠨ ᠤ ᠰᠠᠨᠠᠯ ᠢ ᠥᠷᠭᠡᠨ ᠢᠶᠠᠷ ᠬᠤᠷᠢᠶᠠᠭᠰᠠᠨ ᠰᠠᠭᠤᠷᠢᠨ ᠳᠡᠭᠡᠷ᠎ᠡ ᠂ ᠰᠤᠷᠤᠭᠴᠢᠳ ᠤᠨ ᠪᠡᠶ᠎ᠡ ᠮᠠᠬᠠᠪᠤᠳ ᠤᠨ ᠡᠷᠡᠭᠦᠯ ᠮᠡᠨᠳᠦ ᠪᠠ ᠠᠮᠤᠷ ᠲᠦᠪᠰᠢᠨ ᠢ ᠦᠨᠡᠨᠬᠦ ᠪᠠᠲᠤᠯᠠᠬᠤ ᠶᠢᠨ ᠲᠤᠰᠠᠳᠠ ᠂ ᠬᠦᠬᠡᠬᠤᠳᠠ ᠶᠢᠨ 2023 ᠣᠨ ᠤ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠠᠴᠠ ᠳᠡᠬᠡᠳᠦ ᠳᠣᠮᠳᠠᠳᠣ ᠳᠤ ᠡᠯᠰᠡᠬᠦ ᠰᠢᠯᠭᠠᠯᠲᠠ ᠶᠢᠨ ᠪᠡᠶ᠎ᠡ ᠶᠢᠨ ᠲᠠᠮᠢᠷ ᠤᠨ ᠲᠥᠷᠥᠯ ᠵᠦᠢᠯ ᠳᠤ ᠳᠣᠣᠷᠠᠬᠢ ᠮᠡᠲᠦ ᠲᠣᠬᠢᠷᠠᠭᠤᠯᠤᠯᠲᠠ ᠬᠢᠪᠡ ᠃                  ᠨᠢᠭᠡ ᠳᠤ ᠂ 2023 ᠣᠨ ᠤ ᠳᠡᠬᠡᠳᠦ ᠳᠣᠮᠳᠠᠳᠣ ᠳᠤ ᠡᠯᠰᠡᠬᠦ ᠪᠡᠶ᠎ᠡ ᠶᠢᠨ ᠲᠠᠮᠢᠷ ᠤᠨ ᠰᠢᠯᠭᠠᠯᠲᠠ ᠶᠢᠨ ᠬᠤᠪᠢ ᠨᠢ 40 ᠬᠤᠪᠢ ᠃               ᠬᠤᠶᠠᠷ ᠲᠤ ᠂ 2023 ᠣᠨ ᠤ ᠳᠡᠬᠡᠳᠦ ᠳᠣᠮᠳᠠᠳᠣ ᠳᠤ ᠡᠯᠰᠡᠬᠦ ᠰᠢᠯᠭᠠᠯᠲᠠ ᠶᠢᠨ ᠪᠡᠶ᠎ᠡ ᠶᠢᠨ ᠲᠠᠮᠢᠷ ᠤᠨ ᠰᠢᠯᠭᠠᠯᠲᠠ ᠳᠤ 1000 ᠮᠧᠲᠷ ︵ ᠡᠷᠡᠭᠲᠡᠢ ᠰᠣᠷᠣᠭᠴᠢ ︶ ᠂ 800 ᠮᠧᠲᠷ ︵ ᠡᠮᠡᠭᠲᠡᠢ ᠰᠣᠷᠣᠭᠴᠢ ︶ ᠤᠨ ᠰᠢᠯᠭᠠᠯᠲᠠ ᠶᠢᠨ ᠲᠥᠷᠥᠯ ᠵᠦᠢᠯ ᠢ ᠦᠭᠡᠶᠢᠰᠬᠡᠵᠦ ᠂ ᠰᠢᠯᠭᠠᠭᠤᠯᠤᠭᠰᠠᠳ ᠤᠨ ᠲᠣᠰ ᠲᠥᠷᠥᠯ ᠵᠦᠢᠯ ᠤᠨ ᠬᠢᠷᠢ ᠪᠦᠲᠦᠮᠵᠢ ᠶᠢ ᠪᠦᠷᠢᠨ ᠬᠤᠪᠢ 20 ᠬᠤᠪᠢ ᠪᠠᠷ ᠶᠡᠷᠦᠩᠬᠡᠢ ᠬᠤᠪᠢ ᠳᠤ ᠪᠤᠳᠤᠵᠤ ᠣᠷᠣᠭᠤᠯᠤᠨ᠎ᠠ ︔                ᠭᠤᠷᠪᠠ ᠳᠤ ᠂ 2023 ᠣᠨ ᠤ ᠳᠡᠬᠡᠳᠦ ᠳᠣᠮᠳᠠᠳᠣ ᠳᠤ ᠡᠯᠰᠡᠬᠦ ᠰᠢᠯᠭᠠᠯᠲᠠ ᠶᠢᠨ ᠪᠡᠶ᠎ᠡ ᠶᠢᠨ ᠲᠠᠮᠢᠷ ᠤᠨ ᠰᠢᠯᠭᠠᠯᠲᠠ ᠳᠤ ᠬᠤᠯᠠ ᠬᠠᠷᠠᠶᠢᠯᠲᠠ ᠶᠢ ᠦᠯᠡᠳᠡᠭᠡᠵᠦ ᠂ ᠲᠤᠰ ᠲᠦᠷᠦᠯ ᠵᠦᠢᠯ ᠤᠨ ᠪᠦᠷᠢᠨ ᠬᠤᠪᠢ 10 ᠬᠤᠪᠢ ᠂ ᠪᠣᠳᠠᠲᠠᠢ ᠰᠢᠯᠭᠠᠯᠲᠠ ᠶᠢᠨ ᠬᠢᠷᠢ ᠪᠦᠲᠦᠮᠵᠢ ᠪᠠᠷ ᠶᠡᠷᠦᠩᠬᠡᠢ ᠬᠤᠪᠢ ᠳᠤ ᠪᠤᠳᠤᠵᠤ ᠣᠷᠣᠭᠤᠯᠤᠨ᠎ᠠ ︔               ᠳᠥᠷᠪᠡ ᠳᠤ ᠂ 2023 ᠣᠨ ᠤ ᠳᠡᠬᠡᠳᠦ ᠳᠣᠮᠳᠠᠳᠣ ᠳᠤ ᠡᠯᠰᠡᠬᠦ ᠰᠢᠯᠭᠠᠯᠲᠠ ᠳᠤ ᠢᠯᠡ ᠪᠠᠷ ᠭᠤᠷᠪᠠᠨ ᠳᠦᠷᠦᠯ ᠤᠨ ᠪᠡᠶ᠎ᠡ ᠶᠢᠨ ᠳᠠᠮᠢᠷ ᠠᠴᠠ ᠨᠢᠬᠡ ᠶᠢ ᠰᠣᠩᠭᠤᠨ᠎ᠠ ᠃ ᠲᠤᠰ ᠲᠦᠷᠦᠯ ᠵᠦᠢᠯ ᠤᠨ ᠪᠦᠷᠢᠨ ᠬᠤᠪᠢ 10 ᠬᠤᠪᠢ ᠂ ᠪᠣᠳᠠᠲᠠᠢ ᠰᠢᠯᠭᠠᠯᠲᠠ ᠶᠢᠨ ᠬᠢᠷᠢ ᠪᠦᠲᠦᠮᠵᠢ ᠪᠠᠷ ᠶᠡᠷᠦᠩᠬᠡᠢ ᠬᠤᠪᠢ ᠳᠤ ᠪᠤᠳᠤᠵᠤ ᠣᠷᠣᠭᠤᠯᠤᠨ᠎ᠠ ᠬᠡᠵᠠᠢ ᠃
ᠢᠷᠡᠯᠲᠡ᠄ ᠠᠷᠠᠳ ᠤᠨ ᠰᠦᠯᠵᠢᠶ᠎ᠡ