ᠰᠤᠷᠪᠤᠯᠵᠢᠯᠠᠭᠴᠢ ᠰᠤᠷᠭᠠᠨ ᠬᠥᠮᠦᠵᠢᠯ ᠤᠨ ᠶᠠᠮᠤᠨ ᠤ ᠰᠤᠷᠭᠠᠨ ᠬᠥᠮᠦᠵᠢᠯ ᠤᠨ ᠰᠢᠯᠭᠠᠯᠲᠠ ᠶᠢᠨ ᠬᠦᠷᠢᠶᠡᠯᠡᠩ ᠠᠴᠠ ᠣᠶᠢᠯᠠᠭᠠᠭᠰᠠᠨ ᠢᠶᠠᠷ ᠂ 2023 ᠣᠨ ᠤ | ᠲᠤᠤᠷᠠᠳᠤ ᠬᠠᠭᠠᠰ ᠵᠢᠯ ᠤᠨ ᠳᠤᠮᠳᠠᠳᠤ ᠪᠠᠭ᠎ᠠ ᠰᠤᠷᠭᠠᠭᠤᠯᠢ ᠶᠢᠨ ᠪᠠᠭᠰᠢ ᠶᠢᠨ ᠬᠢᠷᠢ ᠬᠡᠮ ᠤᠨ ᠰᠢᠯᠭᠠᠯᠲᠠ ︵ ᠪᠢᠷ ᠤᠨ ᠰᠢᠯᠭᠠᠯᠲᠠ ︶ 9 ᠰᠠᠷ᠎ᠠ ᠶᠢᠨ 16 ᠤ ᠡᠳᠦᠷ | ︵ ᠭᠠᠷᠠᠭ ᠤᠨ ᠵᠢᠷᠭᠤᠭᠠᠨ ︶ ᠶᠠᠪᠤᠭᠳᠠᠨ᠎ᠠ ᠂ ᠨᠡᠷ᠎ᠡ ᠮᠡᠳᠡᠭᠦᠯᠬᠦ ᠠᠵᠢᠯ 7 ᠰᠠᠷ᠎ᠠ ᠶᠢᠨ 7 ᠤ ᠡᠳᠦᠷ ᠠᠴᠠ ᠡᠬᠢᠯᠡᠨ᠎ᠡ ᠃ ᠲᠣᠰ ᠤᠳᠠᠭᠠᠨ ᠤ ᠪᠢᠷ ᠤᠨ ᠰᠢᠯᠭᠠᠯᠲᠠ ᠶᠢ | 31 ᠮᠤᠵᠢ ︵ ᠥᠪᠡᠷᠲᠡᠭᠡᠨ ᠵᠠᠰᠠᠬᠤ ᠣᠷᠣᠨ ᠂ ᠰᠢᠭᠤᠳ ᠬᠠᠷᠢᠶ᠎ᠠ ᠬᠤᠲᠠ ︶ ᠳᠤ ᠡᠷᠭᠢᠯᠡᠵᠦ ᠂ ᠡᠯ᠎ᠡ ᠮᠤᠵᠢ ︵ ᠥᠪᠡᠷᠲᠡᠭᠡᠨ ᠵᠠᠰᠠᠬᠤ ᠣᠷᠣᠨ ᠂ ᠰᠢᠭᠤᠳ ᠬᠠᠷᠢᠶ᠎ᠠ | ᠬᠤᠲᠠ ︶ ᠶᠢᠨ ᠨᠡᠷ᠎ᠡ ᠮᠡᠳᠡᠭᠦᠯᠬᠦ ᠠᠯᠪᠠᠨ ᠵᠠᠷ ᠢ ᠵᠠᠯᠭᠠᠭ᠎ᠠ ᠪᠠᠷ ᠰᠦᠯᠵᠢᠶᠡᠨ ᠳᠤ ᠨᠡᠶᠢᠳᠡᠯᠡᠨ᠎ᠡ ᠂ ᠰᠢᠯᠭᠠᠭᠤᠯᠤᠭᠰᠠᠳ ᠲᠣᠰ ᠮᠤᠵᠢ ︵ ᠥᠪᠡᠷᠲᠡᠭᠡᠨ ᠵᠠᠰᠠᠬᠤ ᠣᠷᠣᠨ ᠂ | ᠰᠢᠭᠤᠳ ᠬᠠᠷᠢᠶ᠎ᠠ ᠬᠤᠲᠠ ︶ ᠶᠢᠨ ᠨᠡᠷ᠎ᠡ ᠮᠡᠳᠡᠭᠦᠯᠬᠦ ᠠᠯᠪᠠᠨ ᠵᠠᠷ ᠤᠨ ᠱᠠᠭᠠᠷᠳᠠᠯᠭ᠎ᠠ ᠶᠣᠰᠣᠭᠠᠷ ᠂ ᠲᠣᠭᠲᠠᠭᠰᠠᠨ ᠬᠤᠭᠤᠴᠠᠭᠠᠨ ᠳᠣᠲᠣᠷ᠎ᠠ ᠰᠦᠯᠵᠢᠶᠡᠨ ᠳᠡᠭᠡᠷ᠎ᠡ | ᠳᠠᠩᠰᠠᠯᠠᠭᠤᠯᠬᠤ ᠂ ᠬᠤᠪᠢ ᠬᠥᠮᠦᠨ ᠤ ᠮᠡᠳᠡᠭᠡ ᠵᠠᠩᠭᠢ ᠪᠠᠨ ᠲᠠᠭᠯᠠᠨ ᠮᠡᠳᠡᠭᠦᠯᠬᠦ ᠂ ᠰᠢᠯᠭᠠᠯᠲᠠ ᠳᠤ ᠨᠡᠷ᠎ᠡ ᠮᠡᠳᠡᠭᠦᠯᠬᠦ ᠵᠡᠷᠭᠡ ᠵᠦᠢᠯᠡᠰ ᠢ ᠪᠡᠶᠡᠯᠡᠭᠦᠯᠵᠦ ᠂ ᠬᠢᠷᠢ | ᠬᠡᠮ ᠤᠨ ᠬᠢᠨᠠᠨ ᠬᠠᠷᠭᠤᠭᠤᠯᠤᠯᠲᠠ ᠶᠢ ᠥᠩᠭᠡᠷᠡᠭᠦᠯᠦᠭᠰᠡᠨ ᠤ ᠳᠠᠷᠠᠭ᠎ᠠ ᠂ ᠲᠣᠭᠲᠠᠭᠰᠠᠨ ᠬᠤᠭᠤᠴᠠᠭᠠᠨ ᠳᠣᠲᠣᠷ᠎ᠠ ᠰᠦᠯᠵᠢᠶᠡᠨ ᠳᠡᠭᠡᠷ᠎ᠡ ᠰᠦᠢᠳᠭᠡᠯ ᠢᠶᠠᠨ | ᠲᠤᠰᠢᠶᠠᠭᠠᠷᠠᠢ ᠃ |