ᠣᠶᠢᠷ᠎ᠠ ᠳᠤ ᠂ ᠨᠠᠮ ᠤᠨ ᠲᠦᠪ ᠬᠤᠷᠢᠶᠠᠨ ᠤ ᠠᠯᠪᠠᠨ ᠲᠢᠩᠭᠢᠮ ᠂ ᠲᠦᠷᠦ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠭᠢᠮ ︽ ᠤᠯᠠᠨ ᠨᠡᠶᠢᠳᠡ ᠶᠢᠨ ᠰᠠᠭᠤᠷᠢ | ᠰᠤᠷᠭᠠᠨ ᠬᠦᠮᠦᠵᠢᠯ ᠤᠨ ᠴᠢᠨᠠᠷᠯᠢᠭ ᠪᠦᠭᠡᠳ ᠲᠡᠩᠴᠡᠬᠦᠷᠢᠳᠡᠢ ᠦᠢᠯᠡᠴᠢᠯᠡᠬᠡᠨ ᠤ ᠰᠢᠰᠲ᠋ᠧᠮ ᠢ ᠪᠠᠶᠢᠭᠤᠯᠬᠤ ᠲᠤᠬᠠᠢ ᠰᠠᠨᠠᠯ ︾ ᠢ ᠬᠡᠪᠯᠡᠭᠦᠯᠦᠨ ᠲᠠᠷᠬᠠᠭᠠᠪᠠ ᠃ | ᠰᠤᠷᠭᠠᠨ ᠬᠦᠮᠦᠵᠢᠯ ᠤᠨ ᠶᠠᠮᠤᠨ ᠂ ᠤᠯᠤᠰ ᠤᠨ ᠬᠥᠭᠵᠢᠯᠲᠡ ᠦᠭᠡᠷᠡᠴᠢᠯᠡᠯᠳᠡ ᠶᠢᠨ ᠺᠣᠮᠢᠰ ᠂ ᠡᠳ᠋ ᠤᠨ ᠵᠠᠰᠠᠭ ᠤᠨ ᠶᠠᠮᠤᠨ ᠬᠠᠮᠳᠤᠷᠠᠨ ︽ ᠰᠢᠨ᠎ᠡ ᠴᠠᠭ ᠦᠶ᠎ᠡ ᠶᠢᠨ | ᠰᠠᠭᠤᠷᠢ ᠰᠤᠷᠭᠠᠨ ᠬᠦᠮᠦᠵᠢᠯ ᠢ ᠥᠷᠭᠡᠳᠬᠡᠨ ᠰᠢᠯᠢᠳᠡᠭᠵᠢᠭᠦᠯᠵᠦ ᠂ ᠴᠢᠨᠠᠷ ᠴᠢᠨᠰᠠᠭ᠎ᠠ ᠶᠢ ᠨᠢ ᠲᠡᠭᠡᠭᠰᠢᠯᠡᠬᠦᠯᠬᠦ ᠠᠵᠢᠯᠯᠠᠭᠠᠨ ᠤ ᠲᠦᠯᠦᠪᠯᠡᠭᠡ ᠶᠢ ᠬᠡᠷᠡᠭᠵᠢᠬᠦᠯᠬᠦ | ᠲᠤᠬᠠᠢ ᠰᠠᠨᠠᠯ ︾ ᠢ ᠬᠡᠪᠯᠡᠭᠦᠯᠦᠨ ᠲᠠᠷᠬᠠᠭᠠᠪᠠ ᠃ | ᠡᠭᠦᠨ ᠤ ᠭᠤᠤᠯ ᠬᠠᠷᠠᠯᠳᠠ ᠨᠢ ᠭᠡᠪᠡᠯ ᠳᠠᠷᠤᠢ ᠂ 2027 ᠣᠨ ᠪᠤᠯᠬᠤ ᠳᠤ ᠂ ᠰᠤᠷᠬᠤ ᠨᠠᠰᠤᠨ ᠠᠴᠠ ᠡᠮᠦᠨᠡᠬᠢ ᠰᠤᠷᠭᠠᠨ ᠬᠦᠮᠦᠵᠢᠯ ᠤᠨ ᠴᠢᠨᠠᠷ ᠴᠢᠨᠰᠠᠭ᠎ᠠ ᠶᠢ | ᠳᠡᠭᠡᠭᠰᠢᠯᠡᠭᠦᠯᠵᠦ ᠨᠡᠶᠢᠳᠡᠮ ᠳᠤᠨᠢ ᠬᠠᠷᠠᠭᠠᠯᠵᠠᠯ ᠦᠵᠡᠬᠦᠯᠬᠦ ᠂ ᠠᠯᠪᠠᠨ ᠵᠢᠷᠤᠮ ᠤᠨ ᠰᠤᠷᠭᠠᠨ ᠬᠦᠮᠦᠵᠢᠯ ᠢ ᠴᠢᠨᠠᠷ ᠰᠠᠶᠢᠲᠠᠢ ᠪᠥᠭᠡᠳ ᠲᠡᠩᠴᠡᠬᠦᠷᠢᠳᠡᠢ ᠪᠣᠯᠭᠠᠬᠤ ᠂ | ᠡᠩ ᠤᠨ ᠦᠨᠳᠦᠷ ᠵᠡᠷᠭᠡ ᠶᠢᠨ ᠲᠤᠮᠳᠠᠳᠣ ᠰᠤᠷᠭᠠᠭᠤᠯᠢ ᠴᠢᠨᠠᠷ ᠰᠠᠶᠢᠲᠠᠢ ᠪᠠ ᠤᠨᠴᠠᠯᠢᠭᠳᠠᠢ ᠪᠣᠯᠭᠠᠬᠤ ᠂ ᠤᠨᠴᠠᠭᠠᠢ ᠰᠤᠷᠭᠠᠨ ᠬᠦᠮᠦᠵᠢᠯ ᠴᠢᠨᠠᠷ ᠰᠠᠶᠢᠲᠠᠢ | ᠠᠭᠤᠰᠤᠯᠴᠠᠨ ᠬᠦᠭᠵᠢᠬᠦ ᠪᠠᠶᠢᠷᠢᠰᠢᠯ ᠢ ᠦᠨᠳᠦᠰᠦᠨ ᠳᠡᠭᠡᠨ ᠪᠦᠷᠢᠯᠳᠦᠬᠦᠯᠦᠨ᠎ᠡ ᠃ ᠰᠤᠷᠬᠤ ᠨᠠᠰᠤᠨ ᠠᠴᠠ ᠡᠮᠦᠨᠡᠬᠢ ᠰᠤᠷᠭᠠᠨ ᠬᠦᠮᠦᠵᠢᠯ ᠤᠨ ᠱᠠᠳᠤᠨ ᠳᠤ ᠂ | ᠠᠯᠪᠠᠨ ᠠᠴᠠ ᠡᠷᠬᠢᠯᠡᠭᠰᠡᠨ ᠬᠡᠦᠬᠡᠳ ᠤᠨ ᠴᠡᠴᠡᠷᠯᠢᠭ ᠤᠨ ᠡᠵᠡᠯᠡᠬᠦ ᠬᠠᠷᠢᠴᠠᠯ ᠢ ᠬᠡᠦᠬᠡᠳ ᠤᠨ ᠴᠡᠴᠡᠷᠯᠢᠭ ᠤᠨ ᠪᠦᠬᠦ ᠲᠣᠭᠠᠨ ᠤ 60% ᠠᠴᠠ ᠲᠡᠭᠡᠭᠰᠢᠬᠢ | ᠪᠣᠯᠭᠠᠬᠤ ᠪᠠᠷ ᠴᠢᠷᠮᠠᠶᠢᠬᠤ ᠪᠣᠯᠣᠨ᠎ᠠ ᠃ |