ᠭᠤᠤᠯ ᠡᠭᠦᠷᠭᠡ ᠬᠠᠷᠢᠭᠤᠴᠠᠯᠭ᠎ᠠ᠄ | ︵ᠨᠢᠭᠡ︶ ᠤᠯᠤᠰ᠂ ᠦᠪᠡᠷᠲᠡᠭᠡᠨ ᠵᠠᠰᠠᠬᠤ ᠤᠷᠤᠨ ᠪᠠ ᠬᠦᠯᠦᠨ ᠪᠤᠶᠢᠷ ᠬᠤᠲᠠ ᠶᠢᠨ ᠦᠨᠳᠦᠰᠦᠲᠡᠨ ᠤ ᠠᠵᠢᠯ ᠤᠨ ᠲᠤᠬᠠᠢ ᠬᠠᠤᠯᠢ ᠴᠠᠭᠠᠵᠠ ᠬᠠᠤᠯᠢ | ᠳᠦᠷᠢᠮ ᠵᠢᠴᠢ ᠲᠦᠷᠦ ᠶᠢᠨ ᠪᠤᠳᠤᠯᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠤᠨ᠎ᠠ᠃ ᠦᠨᠳᠦᠰᠦᠲᠡᠨ ᠤ ᠤᠨᠤᠯ ᠪᠤᠯᠤᠨ ᠦᠨᠳᠦᠰᠦᠲᠡᠨ ᠤ ᠴᠢᠬᠤᠯᠠ ᠶᠡᠭᠡ | ᠶᠠᠪᠤᠳᠠᠯ ᠤᠨ ᠪᠠᠶᠢᠴᠠᠭᠠᠨ ᠰᠤᠳᠤᠯᠤᠯᠲᠠ ᠶᠢ ᠦᠷᠨᠢᠭᠦᠯᠦᠨ᠎ᠡ᠃ ᠦᠨᠳᠦᠰᠦᠲᠡᠨ ᠤ ᠲᠦᠷᠦ ᠶᠢᠨ ᠪᠤᠳᠤᠯᠭ᠎ᠠ ᠪᠠ ᠴᠦᠬᠡᠨ ᠲᠤᠭᠠᠲᠤ ᠦᠨᠳᠦᠰᠦᠲᠡᠨ ᠤ ᠦᠭᠡ ᠬᠡᠯᠡ | ᠦᠰᠦᠭ ᠪᠢᠴᠢᠭ ᠤᠨ ᠲᠦᠷᠦ ᠶᠢᠨ ᠪᠤᠳᠤᠯᠭ᠎ᠠ᠂ ᠠᠷᠭ᠎ᠠ ᠬᠡᠮᠵᠢᠶ᠎ᠡ ᠵᠢᠴᠢ ᠬᠦᠭᠵᠢᠯᠲᠡ ᠶᠢᠨ ᠲᠦᠯᠦᠪᠯᠡᠭᠡ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ ᠮᠦᠷᠲᠡᠭᠡᠨ | ᠬᠡᠷᠡᠭᠵᠢᠭᠦᠯᠵᠦ ᠪᠠᠶᠢᠭ᠎ᠠ ᠪᠠᠶᠢᠳᠠᠯ ᠢ ᠱᠠᠯᠠᠪᠳᠠᠭᠤᠯᠤᠨ ᠪᠠᠶᠢᠴᠠᠭᠠᠨ᠎ᠠ᠃ ᠦᠨᠳᠦᠰᠦᠲᠡᠨ ᠤ ᠤᠨᠤᠯ ᠪᠠ ᠲᠦᠷᠦ ᠶᠢᠨ ᠪᠤᠳᠤᠯᠭ᠎ᠠ᠂ ᠴᠦᠬᠡᠨ ᠲᠤᠭᠠᠲᠤ | ᠦᠨᠳᠦᠰᠦᠲᠡᠨ ᠤ ᠦᠭᠡ ᠬᠡᠯᠡ ᠦᠰᠦᠭ ᠪᠢᠴᠢᠭ ᠤᠨ ᠲᠦᠷᠦ ᠶᠢᠨ ᠪᠤᠳᠤᠯᠭ᠎ᠠ ᠶᠢᠨ ᠤᠬᠠᠭᠤᠯᠭ᠎ᠠ ᠬᠦᠮᠦᠵᠢᠯ ᠤᠨ ᠠᠵᠢᠯ ᠢ ᠦᠷᠨᠢᠭᠦᠯᠦᠨ᠎ᠡ᠃ ᠦᠨᠳᠦᠰᠦᠲᠡᠨ ᠤ | ᠭᠠᠵᠠᠷ ᠤᠷᠤᠨ ᠳᠤ ᠦᠪᠡᠷᠲᠡᠭᠡᠨ ᠵᠠᠰᠠᠬᠤ ᠳᠦᠷᠢᠮ ᠢ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢ ᠵᠤᠬᠢᠴᠠᠭᠤᠯᠤᠨ ᠵᠢᠯᠤᠭᠤᠳᠤᠨ᠎ᠠ᠃ ᠰᠤᠮᠤ ᠰᠢᠶᠠᠩ ᠪᠠᠯᠭᠠᠰᠤᠨ ︵ | ᠵᠡᠭᠡᠯᠢ ᠭᠤᠳᠤᠮᠵᠢ︶ ᠤ ᠬᠤᠯᠪᠤᠭᠳᠠᠯ ᠪᠦᠬᠦᠢ ᠠᠵᠢᠯ ᠢ ᠵᠢᠭᠠᠨ ᠵᠢᠯᠤᠭᠤᠳᠤᠨ᠎ᠠ᠃ | ︵ᠬᠤᠶᠠᠷ︶ ᠦᠨᠳᠦᠰᠦᠲᠡᠨ ᠤ ᠬᠠᠷᠢᠴᠠᠭ᠎ᠠ ᠶᠢ ᠵᠤᠬᠢᠴᠠᠭᠤᠯᠤᠨ᠂ ᠴᠦᠬᠡᠨ ᠲᠤᠭᠠᠲᠤ ᠦᠨᠳᠦᠰᠦᠲᠡᠨ ᠤ ᠬᠠᠤᠯᠢ ᠶᠤᠰᠤᠨ ᠤ ᠡᠷᠬᠡ ᠠᠰᠢᠭ ᠢ ᠬᠠᠮᠠᠭᠠᠯᠠᠨ᠎ᠠ᠃ | ᠦᠨᠳᠦᠰᠦᠲᠡᠨ ᠤ ᠬᠠᠷᠢᠴᠠᠭ᠎ᠠ ᠶᠢ ᠵᠤᠬᠢᠴᠠᠭᠤᠯᠬᠤ ᠠᠵᠢᠯ ᠤᠨ ᠲᠤᠬᠠᠢ ᠰᠠᠨᠠᠯ ᠢ ᠰᠤᠳᠤᠯᠤᠨ ᠳᠤᠷᠠᠳᠤᠨ᠎ᠠ᠃ ᠦᠨᠳᠦᠰᠦᠲᠡᠨ ᠤ ᠬᠠᠷᠢᠴᠠᠭᠠᠨ ᠤ ᠳᠤᠮᠳᠡᠬᠢ ᠴᠢᠬᠤᠯᠠ | ᠶᠡᠭᠡ ᠵᠦᠢᠯᠡᠰ ᠢ ᠵᠤᠬᠢᠴᠠᠭᠤᠯᠤᠨ ᠰᠢᠢᠳᠪᠦᠷᠢᠯᠡᠨ᠎ᠡ᠃ ᠴᠦᠬᠡᠨ ᠲᠤᠭᠠᠲᠤ ᠦᠨᠳᠦᠰᠦᠲᠡᠨ ᠤ ᠡᠷᠬᠡ ᠠᠰᠢᠭ ᠲᠠᠢ ᠬᠤᠯᠪᠤᠭᠳᠠᠭᠰᠠᠨ ᠶᠠᠪᠤᠳᠠᠯ ᠢ ᠬᠢᠨᠠᠨ | ᠭᠦᠢᠴᠡᠳᠭᠡᠨ᠎ᠡ᠃ ᠦᠨᠳᠦᠰᠦᠲᠡᠨ ᠤ ᠪᠦᠯᠭᠦᠮᠳᠡᠯ ᠳᠠᠪᠰᠢᠯᠲᠠ ᠶᠢᠨ ᠪᠠᠶᠢᠭᠤᠯᠤᠯᠲᠠ ᠪᠤᠯᠤᠨ ᠪᠦᠬᠦ ᠬᠤᠲᠠᠨ ᠤ ᠦᠨᠳᠦᠰᠦᠲᠡᠨ ᠤ ᠪᠦᠯᠭᠦᠮᠳᠡᠯ ᠳᠠᠪᠰᠢᠯᠲᠠ ᠶᠢ | ᠬᠦᠬᠢᠭᠦᠯᠬᠦ ᠬᠤᠯᠪᠤᠭᠳᠠᠯ ᠪᠦᠬᠦᠢ ᠠᠵᠢᠯ ᠢ ᠬᠠᠷᠢᠭᠤᠴᠠᠨ᠎ᠠ᠃ ᠴᠦᠬᠡᠨ ᠲᠤᠭᠠᠲᠤ ᠦᠨᠳᠦᠰᠦᠲᠡᠨ ᠤ ᠵᠠᠩ ᠳᠠᠳᠬᠠᠯ ᠢ ᠬᠦᠨᠳᠦᠳᠭᠡᠬᠦ᠂ ᠯᠠᠯᠤ ︵ᠬᠤᠲᠤᠩ︶ ᠶᠢᠨ | ᠢᠳᠡᠭᠡᠨ ᠢ ᠬᠠᠮᠢᠶᠠᠷᠬᠤ ᠠᠵᠢᠯ ᠢ ᠬᠠᠷᠢᠭᠤᠴᠠᠨ᠎ᠠ᠃ ᠦᠨᠳᠦᠰᠦᠲᠡᠨ ᠤ ᠪᠦᠷᠢᠯᠳᠦᠭᠦᠨ ᠢ ᠬᠠᠮᠢᠶᠠᠷᠬᠤ ᠬᠤᠯᠪᠤᠭᠳᠠᠯ ᠪᠦᠬᠦᠢ ᠠᠵᠢᠯ ᠢ ᠬᠠᠷᠢᠭᠤᠴᠠᠨ᠎ᠠ᠃ ᠨᠡᠶᠢᠭᠡᠮ ᠤᠨ | ᠠᠮᠤᠷ ᠲᠤᠭᠲᠠᠭᠤᠨ ᠢ ᠬᠠᠮᠠᠭᠠᠯᠠᠬᠤ ᠠᠵᠢᠯ ᠳᠤ ᠤᠷᠤᠯᠴᠠᠨ᠎ᠠ᠃ ᠡᠯ᠎ᠡ ᠦᠨᠳᠦᠰᠦᠲᠡᠨ ᠤ ᠬᠠᠮᠲᠤ ᠶᠢᠨ ᠪᠦᠯᠭᠦᠮᠳᠡᠯ ᠲᠡᠮᠡᠴᠡᠯ᠂ ᠬᠠᠮᠲᠤ ᠶᠢᠨ ᠴᠡᠴᠡᠭᠯᠡᠯᠲᠡ᠂ ᠤᠯᠤᠰ | ᠤᠷᠤᠨ ᠤ ᠨᠢᠭᠡᠲᠦᠯ ᠢ ᠬᠠᠮᠠᠭᠠᠯᠠᠬᠤ ᠶᠢ ᠲᠦᠯᠬᠢᠨ ᠠᠬᠢᠭᠤᠯᠤᠨ᠎ᠠ᠃ | ︵ᠭᠤᠷᠪᠠ︶ ᠴᠦᠬᠡᠨ ᠲᠤᠭᠠᠲᠤ ᠦᠨᠳᠦᠰᠦᠲᠡᠨ ᠤ ᠦᠢᠯᠡᠰ ᠪᠤᠯᠤᠨ ᠴᠦᠬᠡᠨ ᠲᠤᠭᠠᠲᠤ ᠦᠨᠳᠦᠰᠦᠲᠡᠨ ᠲᠦᠪᠯᠡᠷᠡᠨ ᠰᠠᠭᠤᠷᠢᠰᠢᠵᠤ ᠪᠠᠶᠢᠭ᠎ᠠ ᠭᠠᠵᠠᠷ | ᠤᠷᠤᠨ ᠤ ᠨᠡᠶᠢᠭᠡᠮ ᠠᠵᠤ ᠠᠬᠤᠢ ᠶᠢᠨ ᠬᠦᠭᠵᠢᠯᠲᠡ ᠳᠤ ᠬᠠᠷᠢᠭᠤᠴᠠᠨ᠎ᠠ ᠃ ᠴᠦᠬᠡᠨ ᠲᠤᠭᠠᠲᠤ ᠦᠨᠳᠦᠰᠦᠲᠡᠨ ᠤ ᠦᠢᠯᠡᠰ ᠪᠤᠯᠤᠨ ᠴᠦᠬᠡᠨ ᠲᠤᠭᠠᠲᠤ | ᠦᠨᠳᠦᠰᠦᠲᠡᠨ ᠲᠦᠪᠯᠡᠷᠡᠨ ᠰᠠᠭᠤᠷᠢᠰᠢᠵᠤ ᠪᠠᠶᠢᠭ᠎ᠠ ᠭᠠᠵᠠᠷ ᠤᠷᠤᠨ ᠤ ᠨᠡᠶᠢᠭᠡᠮ ᠠᠵᠤ ᠠᠬᠤᠢ ᠶᠢᠨ ᠬᠦᠭᠵᠢᠯᠲᠡ ᠶᠢᠨ ᠠᠰᠠᠭᠤᠳᠠᠯ ᠢ ᠰᠤᠳᠤᠯᠤᠨ ᠵᠠᠳᠠᠯᠬᠤ | ᠮᠦᠷᠲᠡᠭᠡᠨ ᠤᠨᠴᠠᠭᠠᠢ ᠲᠦᠷᠦ ᠶᠢᠨ ᠪᠤᠳᠤᠯᠭ᠎ᠠ ᠶᠢᠨ ᠰᠠᠨᠠᠭᠤᠯᠭ᠎ᠠ ᠶᠢ ᠳᠤᠷᠠᠳᠤᠨ᠎ᠠ᠃ ᠦᠨᠳᠦᠰᠦᠲᠡᠨ ᠤ ᠰᠢᠶᠠᠩ ᠲᠠᠢ ᠬᠠᠷᠢᠯᠴᠠᠨ᠎ᠠ᠃ ᠴᠦᠬᠡᠨ ᠲᠤᠭᠠᠲᠤ | ᠦᠨᠳᠦᠰᠦᠲᠡᠨ ᠤ ᠦᠢᠯᠡᠰ ᠵᠡᠷᠭᠡ ᠤᠨᠴᠠᠭᠠᠢ ᠲᠦᠯᠦᠪᠯᠡᠭᠡ ᠶᠢ ᠬᠡᠷᠡᠭᠵᠢᠭᠦᠯᠵᠦ ᠪᠠᠶᠢᠭ᠎ᠠ ᠪᠠᠶᠢᠳᠠᠯ ᠢ ᠬᠢᠨᠠᠨ ᠪᠠᠶᠢᠴᠠᠭᠠᠨ᠎ᠠ᠃ ᠪᠦᠬᠦ ᠬᠤᠲᠠᠨ ᠤ ᠨᠡᠶᠢᠭᠡᠮ ᠠᠵᠤ | ᠠᠬᠤᠢ ᠶᠢᠨ ᠬᠤᠯᠪᠤᠭᠳᠠᠯ ᠪᠦᠬᠦᠢ ᠬᠦᠷᠢᠶ᠎ᠡ ᠬᠡᠪᠴᠢᠶᠡᠨ ᠤ ᠬᠦᠭᠵᠢᠯᠲᠡ ᠶᠢᠨ ᠲᠦᠯᠦᠪᠯᠡᠭᠡ ᠶᠢ ᠲᠤᠭᠲᠠᠭᠠᠬᠤ ᠳᠤ ᠤᠷᠤᠯᠴᠠᠨ᠎ᠠ᠃ ᠬᠠᠮᠢᠶ᠎ᠠ ᠪᠦᠬᠦᠢ ᠰᠠᠯᠠᠭ᠎ᠠ | ᠮᠦᠴᠢᠷ ᠢ ᠱᠠᠯᠠᠪᠳᠠᠭᠤᠯᠤᠨ ᠵᠤᠬᠢᠴᠠᠭᠤᠯᠵᠤ᠂ ᠦᠨᠳᠦᠰᠦᠲᠡᠨ ᠤ ᠠᠵᠢᠯ ᠤᠨ ᠬᠤᠯᠪᠤᠭᠳᠠᠯ ᠪᠦᠬᠦᠢ ᠡᠭᠦᠷᠭᠡ ᠬᠠᠷᠢᠭᠤᠴᠠᠯᠭ᠎ᠠ ᠶᠢ ᠭᠦᠢᠴᠡᠳᠭᠡᠨ᠎ᠡ᠃ ᠠᠵᠤ | ᠠᠬᠤᠢ ᠶᠢᠨ ᠬᠦᠭᠵᠢᠯᠲᠡ ᠪᠠ ᠨᠡᠶᠢᠭᠡᠮ ᠤᠨ ᠦᠢᠯᠡᠰ ᠤᠨ ᠬᠠᠮᠢᠶ᠎ᠠ ᠪᠦᠬᠦᠢ ᠬᠦᠷᠢᠶ᠎ᠡ ᠬᠡᠪᠴᠢᠶᠡᠨ ᠳᠤ ᠦᠨᠳᠦᠰᠦᠲᠡᠨ ᠤ ᠲᠦᠷᠦ ᠶᠢᠨ ᠪᠤᠳᠤᠯᠭ᠎ᠠ ᠶᠢ ᠬᠡᠷᠡᠭᠵᠢᠭᠦᠯᠬᠦ | ᠪᠠ ᠵᠤᠯᠭᠠᠭᠤᠯᠬᠤ ᠶᠢ ᠲᠦᠯᠬᠢᠨ ᠠᠬᠢᠭᠤᠯᠤᠨ᠎ᠠ᠃ ᠦᠨᠳᠦᠰᠦᠲᠡᠨ ᠤ ᠠᠷᠠᠯᠵᠢᠶ᠎ᠠ᠂ ᠦᠨᠳᠦᠰᠦᠲᠡᠨ ᠤ ᠤᠨᠴᠠ ᠬᠡᠷᠡᠭᠴᠡᠭᠡᠨ ᠤ ᠡᠳ᠋ᠯᠡᠯ ᠤᠨ ᠦᠢᠯᠡᠳᠪᠦᠷᠢᠯᠡᠯ ᠵᠡᠷᠭᠡ | ᠬᠠᠮᠢᠶ᠎ᠠ ᠪᠦᠬᠦᠢ ᠠᠵᠢᠯ ᠢ ᠵᠤᠬᠢᠴᠠᠭᠤᠯᠤᠨ᠎ᠠ᠃ ᠦᠨᠳᠦᠰᠦᠲᠡᠨ ᠤ ᠭᠠᠵᠠᠷ ᠤᠷᠤᠨ ᠤ ᠬᠤᠯᠪᠤᠭᠳᠠᠯ ᠪᠦᠬᠦᠢ ᠲᠤᠭ᠎ᠠ ᠪᠦᠷᠢᠳᠭᠡᠯ ᠤᠨ ᠵᠠᠳᠠᠯᠤᠯᠲᠠ ᠪᠠ ᠴᠦᠬᠡᠨ | ᠲᠤᠭᠠᠲᠤ ᠦᠨᠳᠦᠰᠦᠲᠡᠨ ᠤ ᠦᠢᠯᠡᠰ ᠤᠨ ᠬᠦᠭᠵᠢᠯᠲᠡ ᠶᠢᠨ ᠶᠡᠷᠦᠩᠬᠡᠶᠢᠯᠡᠭᠰᠡᠨ ᠦᠨᠡᠯᠡᠯᠲᠡ ᠵᠡᠷᠭᠡ ᠠᠵᠢᠯ ᠢ ᠬᠠᠷᠢᠭᠤᠴᠠᠨ᠎ᠠ᠃ ᠦᠨᠳᠦᠰᠦᠲᠡᠨ ᠤ ᠶᠠᠪᠤᠳᠠᠯ ᠳᠤ | ᠦᠢᠯᠡᠴᠢᠯᠡᠬᠦ ᠰᠢᠰᠲ᠋ᠧᠮ ᠪᠠ ᠦᠨᠳᠦᠰᠦᠲᠡᠨ ᠤ ᠶᠠᠪᠤᠳᠠᠯ ᠤᠨ ᠮᠡᠳᠡᠭᠡ ᠵᠠᠩᠭᠢᠴᠢᠯᠠᠯᠲᠠ ᠶᠢᠨ ᠪᠦᠲᠦᠭᠡᠨ ᠪᠠᠶᠢᠭᠤᠯᠤᠯᠲᠠ ᠶᠢ ᠲᠦᠯᠬᠢᠨ ᠠᠬᠢᠭᠤᠯᠤᠨ᠎ᠠ᠃ | ︵ᠳᠦᠷᠪᠡ︶ ᠴᠦᠬᠡᠨ ᠲᠤᠭᠠᠲᠤ ᠦᠨᠳᠦᠰᠦᠲᠡᠨ ᠤ ᠨᠡᠶᠢᠭᠡᠮ ᠤᠨ ᠦᠢᠯᠡᠰ ᠤᠨ ᠬᠦᠭᠵᠢᠯᠲᠡ ᠶᠢᠨ ᠬᠤᠯᠪᠤᠭᠳᠠᠯ ᠪᠦᠬᠦᠢ ᠠᠵᠢᠯ ᠢ ᠬᠠᠷᠢᠭᠤᠴᠠᠨ᠎ᠠ᠃ ᠴᠦᠬᠡᠨ | ᠲᠤᠭᠠᠲᠤ ᠦᠨᠳᠦᠰᠦᠲᠡᠨ ᠪᠤᠯᠤᠨ ᠴᠦᠬᠡᠨ ᠲᠤᠭᠠᠲᠤ ᠦᠨᠳᠦᠰᠦᠲᠡᠨ ᠲᠦᠪᠯᠡᠷᠡᠨ ᠰᠠᠭᠤᠷᠢᠰᠢᠵᠤ ᠪᠠᠶᠢᠭ᠎ᠠ ᠭᠠᠵᠠᠷ ᠤᠷᠤᠨ ᠤ ᠰᠤᠷᠭᠠᠨ ᠬᠦᠮᠦᠵᠢᠯ᠂ ᠰᠤᠶᠤᠯ ᠂ | ᠪᠡᠶ᠎ᠡ ᠶᠢᠨ ᠲᠠᠮᠢᠷ᠂ ᠡᠷᠡᠭᠦᠯ ᠬᠠᠮᠠᠭᠠᠯᠠᠯ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠵᠡᠷᠭᠡ ᠨᠡᠶᠢᠭᠡᠮ ᠤᠨ ᠦᠢᠯᠡᠰ ᠤᠨ ᠲᠤᠬᠠᠢ ᠤᠨᠴᠠᠭᠠᠢ ᠲᠦᠷᠦ ᠶᠢᠨ | ᠪᠤᠳᠤᠯᠭ᠎ᠠ ᠶᠢᠨ ᠰᠠᠨᠠᠭᠤᠯᠭ᠎ᠠ ᠶᠢ ᠰᠤᠳᠤᠯᠤᠨ ᠳᠤᠷᠠᠳᠤᠨ᠎ᠠ᠃ ᠬᠠᠮᠢᠶ᠎ᠠ ᠪᠦᠬᠦᠢ ᠰᠠᠯᠠᠭ᠎ᠠ ᠮᠦᠴᠢᠷ ᠲᠠᠢ ᠬᠠᠮᠵᠢᠯᠴᠠᠵᠤ᠂ ᠦᠨᠳᠦᠰᠦᠲᠡᠨ ᠤ ᠴᠢᠬᠤᠯᠠ ᠶᠡᠭᠡ | ᠰᠤᠶᠤᠯ ᠤᠨ ᠠᠵᠢᠯᠯᠠᠭ᠎ᠠ᠂ ᠪᠠᠶᠠᠷ ᠤᠨ ᠶᠤᠰᠤᠯᠠᠯ ᠪᠤᠯᠤᠨ ᠴᠦᠬᠡᠨ ᠲᠤᠭᠠᠲᠤ ᠦᠨᠳᠦᠰᠦᠲᠡᠨ ᠤ ᠤᠯᠠᠮᠵᠢᠯᠠᠯᠲᠤ ᠪᠡᠶ᠎ᠡ ᠶᠢᠨ ᠲᠠᠮᠢᠷ ᠤᠨ ᠬᠦᠳᠡᠯᠭᠡᠭᠡᠨ ᠢ ᠡᠷᠬᠢᠯᠡᠨ᠎ᠡ᠃ | | ︵ᠲᠠᠪᠤ︶ ᠴᠦᠬᠡᠨ ᠲᠤᠭᠠᠲᠤ ᠦᠨᠳᠦᠰᠦᠲᠡᠨ ᠤ ᠦᠭᠡ ᠬᠡᠯᠡ ᠦᠰᠦᠭ ᠪᠢᠴᠢᠭ ᠤᠨ ᠬᠤᠯᠪᠤᠭᠳᠠᠯ ᠪᠦᠬᠦᠢ ᠠᠵᠢᠯ ᠢ ᠬᠠᠷᠢᠭᠤᠴᠠᠨ᠎ᠠ᠃ ᠴᠦᠬᠡᠨ ᠲᠤᠭᠠᠲᠤ | ᠦᠨᠳᠦᠰᠦᠲᠡᠨ ᠤ ᠦᠭᠡ ᠬᠡᠯᠡ ᠦᠰᠦᠭ ᠪᠢᠴᠢᠭ ᠤᠨ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃ ᠴᠦᠬᠡᠨ ᠲᠤᠭᠠᠲᠤ ᠦᠨᠳᠦᠰᠦᠲᠡᠨ ᠤ ᠦᠭᠡ ᠬᠡᠯᠡ ᠦᠰᠦᠭ | ᠪᠢᠴᠢᠭ ᠤᠨ ᠰᠤᠷᠭᠠᠨ ᠬᠦᠮᠦᠵᠢᠯ᠂ ᠤᠷᠴᠢᠭᠤᠯᠭ᠎ᠠ᠂ ᠬᠡᠪᠯᠡᠯ ᠵᠢᠴᠢ ᠷᠠᠳᠢᠤ᠋ ᠲᠧᠯᠸᠢᠰ ᠤᠨ ᠪᠦᠲᠦᠭᠡᠯ᠂ ᠦᠨᠳᠦᠰᠦᠲᠡᠨ ᠤ ᠡᠷᠲᠡᠨ ᠤ ᠨᠤᠮ ᠪᠢᠴᠢᠭ ᠢ ᠴᠤᠭᠯᠠᠭᠤᠯᠬᠤ ᠂ | ᠡᠮᠬᠢᠯᠡᠬᠦ ᠪᠠ ᠬᠡᠪᠯᠡᠬᠦ ᠠᠵᠢᠯ ᠢ ᠵᠢᠭᠠᠨ ᠵᠢᠯᠤᠭᠤᠳᠤᠨ᠎ᠠ᠃ | ︵ᠵᠢᠷᠭᠤᠭ᠎ᠠ︶ ᠦᠨᠳᠦᠰᠦᠲᠡᠨ ᠤ ᠠᠵᠢᠯ ᠤᠨ ᠬᠦᠷᠢᠶ᠎ᠡ ᠬᠡᠪᠴᠢᠶᠡᠨ ᠤ ᠭᠠᠳᠠᠭᠠᠲᠤ ᠲᠠᠢ ᠬᠠᠷᠢᠯᠴᠠᠬᠤ ᠬᠤᠯᠪᠤᠭᠳᠠᠯ ᠪᠦᠬᠦᠢ ᠠᠵᠢᠯ ᠢ ᠬᠠᠷᠢᠭᠤᠴᠠᠨ᠎ᠠ᠃ | ᠦᠨᠳᠦᠰᠦᠲᠡᠨ ᠤ ᠠᠵᠢᠯ ᠤᠨ ᠬᠦᠷᠢᠶ᠎ᠡ ᠬᠡᠪᠴᠢᠶᠡᠨ ᠤ ᠭᠠᠳᠠᠭᠠᠲᠤ ᠲᠠᠢ ᠬᠠᠷᠢᠯᠴᠠᠬᠤ ᠬᠠᠮᠢᠶ᠎ᠠ ᠪᠦᠬᠦᠢ ᠠᠵᠢᠯ ᠪᠤᠯᠤᠨ ᠰᠢᠶᠠᠩᠭᠠᠩ ᠤᠤᠮᠧᠨ ᠲᠠᠶᠢᠸᠠᠨ ᠯᠤᠭ᠎ᠠ ᠶᠢᠨ | ᠬᠠᠷᠢᠯᠴᠠᠭ᠎ᠠ ᠶᠢ ᠵᠤᠬᠢᠴᠠᠭᠤᠯᠤᠨ᠎ᠠ᠃ ᠦᠨᠳᠦᠰᠦᠲᠡᠨ ᠤ ᠶᠠᠪᠤᠳᠠᠯ ᠲᠠᠢ ᠬᠤᠯᠪᠤᠭᠳᠠᠭᠰᠠᠨ ᠭᠠᠳᠠᠭᠠᠲᠤ ᠯᠤᠭ᠎ᠠ ᠶᠢᠨ ᠤᠬᠠᠭᠤᠯᠭ᠎ᠠ ᠶᠢᠨ ᠠᠵᠢᠯ ᠳᠤ ᠤᠷᠤᠯᠴᠠᠨ᠎ᠠ᠃ | ︵ᠳᠤᠯᠤᠭ᠎ᠠ︶ ᠴᠦᠬᠡᠨ ᠲᠤᠭᠠᠲᠤ ᠦᠨᠳᠦᠰᠦᠲᠡᠨ ᠤ ᠴᠢᠳᠠᠪᠤᠷᠢᠲᠠᠨ ᠢ ᠬᠦᠮᠦᠵᠢᠭᠦᠯᠬᠦ ᠪᠤᠯᠤᠨ ᠺᠠᠳ᠋ᠷ ᠤᠨ ᠡᠩᠨᠡᠭᠡᠨ ᠤ ᠪᠦᠲᠦᠭᠡᠨ ᠪᠠᠶᠢᠭᠤᠯᠤᠯᠲᠠ ᠶᠢᠨ | ᠬᠤᠯᠪᠤᠭᠳᠠᠯ ᠪᠦᠬᠦᠢ ᠠᠵᠢᠯ ᠢ ᠬᠠᠷᠢᠭᠤᠴᠠᠨ᠎ᠠ᠃ ᠴᠦᠬᠡᠨ ᠲᠤᠭᠠᠲᠤ ᠦᠨᠳᠦᠰᠦᠲᠡᠨ ᠤ ᠴᠢᠳᠠᠪᠤᠷᠢᠲᠠᠨ ᠤ ᠡᠩᠨᠡᠭᠡᠨ ᠤ ᠪᠦᠲᠦᠭᠡᠨ ᠪᠠᠶᠢᠭᠤᠯᠤᠯᠲᠠ ᠶᠢᠨ | ᠲᠦᠯᠦᠪᠯᠡᠭᠡ ᠶᠢ ᠲᠤᠭᠲᠠᠭᠠᠬᠤ ᠳᠤ ᠤᠷᠤᠯᠴᠠᠨ᠎ᠠ᠃ ᠴᠦᠬᠡᠨ ᠲᠤᠭᠠᠲᠤ ᠦᠨᠳᠦᠰᠦᠲᠡᠨ ᠤ ᠺᠠᠳ᠋ᠷ ᠲᠠᠢ ᠬᠠᠷᠢᠯᠴᠠᠨ᠎ᠠ᠃ ᠬᠠᠮᠢᠶ᠎ᠠ ᠪᠦᠬᠦᠢ ᠰᠠᠯᠠᠭ᠎ᠠ ᠮᠦᠴᠢᠷ ᠲᠠᠢ | ᠬᠠᠮᠵᠢᠯᠴᠠᠵᠤ᠂ ᠴᠦᠬᠡᠨ ᠲᠤᠭᠠᠲᠤ ᠦᠨᠳᠦᠰᠦᠲᠡᠨ ᠤ ᠺᠠᠳ᠋ᠷ ᠢ ᠬᠦᠮᠦᠵᠢᠭᠦᠯᠦᠨ ᠬᠡᠷᠡᠭᠯᠡᠬᠦ ᠠᠵᠢᠯ ᠢ ᠰᠠᠶᠢᠲᠤᠷ ᠪᠡᠶᠡᠯᠡᠭᠦᠯᠦᠨ᠎ᠡ᠃ | ︵ᠨᠠᠢᠮᠠ︶ ᠬᠤᠲᠠ ᠶᠢᠨ ᠨᠠᠮ ᠤᠨ ᠬᠤᠷᠢᠶ᠎ᠠ ᠵᠠᠰᠠᠭ ᠤᠨ ᠤᠷᠳᠤᠨ ᠪᠠ ᠳᠡᠭᠡᠳᠦ ᠱᠠᠲᠤᠨ ᠤ ᠲᠤᠬᠠᠶᠢᠯᠠᠭᠰᠠᠨ ᠠᠵᠢᠯ ᠤᠨ ᠰᠠᠯᠠᠭ᠎ᠠ ᠮᠦᠴᠢᠷ ᠤᠨ | ᠳᠠᠭᠠᠭᠠᠯᠭᠠᠭᠰᠠᠨ ᠪᠤᠰᠤᠳ ᠠᠵᠢᠯ ᠢ ᠪᠡᠶᠡᠯᠡᠭᠦᠯᠦᠨ᠎ᠡ᠃ |