ᠡᠷᠭᠦᠨ᠎ᠡ ᠬᠤᠲᠠ ᠶᠢᠨ ᠵᠠᠮ ᠬᠠᠷᠢᠯᠴᠠᠭ᠎ᠠ ᠲᠡᠭᠡᠭᠡᠪᠦᠷᠢ ᠶᠢᠨ ᠲᠤᠪᠴᠢᠶ᠎ᠠ
ᠨᠡᠶᠢᠲᠡᠯᠡᠭᠰᠡᠨ ᠴᠠᠭ᠄
2024/10/29
     ᠭᠤᠤᠯ ᠡᠭᠦᠷᠭᠡ ᠬᠠᠷᠢᠭᠤᠴᠠᠯᠭ᠎ᠠ :        ︵ᠨᠢᠭᠡ︶ ᠤᠯᠤᠰ᠂ ᠦᠪᠡᠷᠲᠡᠭᠡᠨ ᠵᠠᠰᠠᠬᠤ ᠤᠷᠤᠨ ᠪᠠ ᠬᠦᠯᠦᠨ ᠪᠤᠶᠢᠷ ᠬᠤᠲᠠ ᠶᠢᠨ ᠵᠠᠮ ᠬᠠᠷᠢᠯᠴᠠᠭ᠎ᠠ ᠲᠡᠭᠡᠭᠡᠪᠦᠷᠢ ᠶᠢᠨ ᠠᠵᠢᠯ ᠤᠨ ᠲᠤᠬᠠᠢ ᠬᠠᠤᠯᠢ ᠴᠠᠭᠠᠵᠠ ᠬᠠᠤᠯᠢ ᠳᠦᠷᠢᠮ ᠵᠢᠴᠢ ᠬᠠᠮᠢᠶ᠎ᠠ ᠪᠦᠬᠦᠢ ᠲᠦᠷᠦ ᠶᠢᠨ ᠪᠤᠳᠤᠯᠭ᠎ᠠ ᠶᠢ ᠲᠤᠤᠱᠯᠠᠭᠤᠯᠤᠨ ᠬᠡᠷᠡᠭᠵᠢᠭᠦᠯᠦᠨ᠎ᠡ᠃ ᠪᠦᠬᠦ ᠬᠤᠲᠠ ᠶᠢᠨ ᠵᠠᠰᠠᠮᠠᠯ ᠵᠠᠮ ᠤᠨ ᠲᠤᠬᠠᠢ ᠬᠤᠯᠪᠤᠭᠳᠠᠯ ᠪᠦᠬᠦᠢ ᠲᠦᠯᠦᠪᠵᠢᠭᠦᠯᠭᠡ ᠶᠢ ᠲᠤᠭᠲᠠᠭᠠᠵᠤ᠂ ᠬᠤᠯᠪᠤᠭᠳᠠᠯ ᠪᠦᠬᠦᠢ ᠲᠦᠷᠦ ᠶᠢᠨ ᠪᠤᠳᠤᠯᠭ᠎ᠠ᠂ ᠳᠦᠷᠢᠮ ᠪᠤᠯᠤᠨ ᠪᠠᠷᠢᠮᠵᠢᠶ᠎ᠠ ᠶᠢ ᠲᠤᠭᠤᠰᠢᠯᠠᠭᠤᠯᠬᠤ ᠮᠦᠷᠲᠡᠭᠡᠨ ᠬᠢᠨᠠᠯᠲᠠ ᠲᠠᠯᠪᠢᠨ᠎ᠠ᠃ ᠬᠤᠯᠪᠤᠭᠳᠠᠯ ᠪᠦᠬᠦᠢ ᠰᠠᠯᠠᠭ᠎ᠠ ᠮᠦᠴᠢᠷ ᠲᠠᠢ ᠬᠠᠮᠵᠢᠯᠴᠠᠵᠤ᠂ ᠶᠡᠷᠦᠩᠬᠡᠶᠢᠯᠡᠭᠰᠡᠨ ᠵᠠᠮ ᠬᠠᠷᠢᠯᠴᠠᠭ᠎ᠠ ᠲᠡᠭᠡᠭᠡᠪᠦᠷᠢ ᠶᠢᠨ ᠬᠦᠭᠵᠢᠯᠲᠡ ᠶᠢᠨ ᠲᠦᠯᠦᠪᠵᠢᠭᠦᠯᠭᠡ ᠶᠢ ᠲᠤᠭᠲᠠᠭᠠᠨ᠎ᠠ᠃ ᠡᠳ᠋ ᠪᠠᠷᠠᠭᠠᠨ ᠤ ᠭᠦᠢᠯᠭᠡᠭᠡᠨ ᠤ ᠬᠦᠭᠵᠢᠯᠲᠡ ᠶᠢᠨ ᠲᠦᠯᠦᠪᠵᠢᠭᠦᠯᠭᠡ ᠶᠢ ᠲᠤᠭᠲᠠᠭᠠᠬᠤ ᠳᠤ ᠤᠷᠤᠯᠴᠠᠨ᠎ᠠ᠃ ᠬᠤᠯᠪᠤᠭᠳᠠᠯ ᠪᠦᠬᠦᠢ ᠲᠤᠭ᠎ᠠ ᠪᠦᠷᠢᠳᠭᠡᠯ ᠪᠠ ᠵᠠᠳᠠᠯᠤᠯᠲᠠ ᠶᠢᠨ ᠠᠵᠢᠯ ᠢ ᠬᠠᠷᠢᠭᠤᠴᠠᠨ᠎ᠠ᠃         ︵ᠬᠤᠶᠠᠷ︶ ᠵᠠᠰᠠᠮᠠᠯ ᠵᠠᠮ ᠤᠨ ᠪᠦᠲᠦᠭᠡᠨ ᠪᠠᠶᠢᠭᠤᠯᠤᠯᠲᠠ ᠶᠢᠨ ᠠᠵᠢᠯ ᠢ ᠬᠢᠨᠠᠨ ᠵᠢᠯᠤᠭᠤᠳᠤᠨ᠎ᠠ᠃ ᠬᠤᠯᠪᠤᠭᠳᠠᠯ ᠪᠦᠬᠦᠢ ᠲᠤᠭᠲᠠᠮᠠᠯ ᠬᠦᠷᠦᠩᠭᠡ ᠶᠢᠨ ᠪᠡᠯᠡ ᠤᠷᠤᠭᠤᠯᠤᠯᠲᠡ ᠶᠢᠨ ᠲᠦᠷᠦᠯ ᠵᠦᠢᠯ᠂ ᠪᠡᠯᠡ ᠮᠦᠩᠭᠦ ᠵᠢᠴᠢ ᠪᠤᠰᠤᠳ ᠡᠳ᠋ ᠤᠨ ᠵᠠᠰᠠᠭ᠂ ᠭᠠᠵᠠᠷ ᠰᠢᠷᠤᠢ᠂ ᠦᠨ᠎ᠡ ᠬᠠᠩᠰᠢ᠂ ᠪᠡᠯᠡ ᠮᠦᠩᠭᠦ ᠴᠤᠭᠯᠠᠭᠤᠯᠬᠤ ᠵᠡᠷᠭᠡ ᠲᠠᠢ ᠬᠤᠯᠪᠤᠭᠳᠠᠭᠰᠠᠨ ᠰᠠᠨᠠᠭᠤᠯᠭ᠎ᠠ ᠶᠢ ᠳᠤᠷᠠᠳᠤᠨ᠎ᠠ᠃ ᠬᠤᠯᠪᠤᠭᠳᠠᠯ ᠪᠦᠬᠦᠢ ᠲᠤᠭᠲᠠᠮᠠᠯ ᠬᠦᠷᠦᠩᠭᠡ ᠶᠢᠨ ᠪᠡᠯᠡ ᠤᠷᠤᠭᠤᠯᠤᠯᠲᠡ ᠶᠢᠨ ᠲᠦᠷᠦᠯ ᠵᠦᠢᠯ ᠢ ᠬᠢᠨᠠᠨ᠎ᠠ᠃ ᠵᠠᠮ ᠬᠠᠷᠢᠯᠴᠠᠭ᠎ᠠ ᠲᠡᠭᠡᠭᠡᠪᠦᠷᠢ ᠶᠢᠨ ᠠᠵᠢᠯ ᠲᠦᠷᠦᠯ ᠤᠨ ᠮᠡᠷᠭᠡᠵᠢᠯ ᠪᠠ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃ ᠪᠦᠬᠦ ᠬᠤᠲᠠ ᠶᠢᠨ ᠵᠠᠰᠠᠮᠠᠯ ᠵᠠᠮ ᠤᠨ ᠪᠦᠲᠦᠭᠡᠨ ᠪᠠᠶᠢᠭᠤᠯᠤᠯᠲᠠ ᠶᠢᠨ ᠵᠠᠬ᠎ᠠ ᠳᠡᠯᠭᠡᠭᠦᠷ ᠤᠨ ᠬᠠᠮᠢᠶᠠᠷᠤᠯᠲᠠ ᠶᠢᠨ ᠠᠵᠢᠯ ᠢ ᠵᠢᠭᠠᠨ ᠵᠢᠯᠤᠭᠤᠳᠤᠨ᠎ᠠ᠃ ᠲᠤᠭᠲᠠᠭᠰᠠᠨ ᠡᠷᠬᠡ ᠶᠢᠨ ᠬᠢᠵᠠᠭᠠᠷ ᠶᠤᠰᠤᠭᠠᠷ᠂ ᠵᠠᠰᠠᠮᠠᠯ ᠵᠠᠮ ᠤᠨ ᠪᠦᠲᠦᠭᠡᠨ ᠪᠠᠶᠢᠭᠤᠯᠤᠯᠲᠠ ᠶᠢᠨ ᠲᠦᠷᠦᠯ ᠵᠦᠢᠯ ᠤᠨ ᠲᠦᠯᠦᠪᠯᠡᠭᠡ ᠶᠢ ᠬᠢᠨᠠᠨ ᠵᠦᠪᠰᠢᠶᠡᠷᠡᠬᠦ᠂ ᠪᠠᠷᠢᠯᠭ᠎ᠠ ᠪᠠᠷᠢᠬᠤ ᠵᠦᠪᠰᠢᠶᠡᠷᠡᠯ ᠠᠪᠬᠤ᠂ ᠪᠠᠶᠢᠭᠤᠯᠬᠤ ᠦᠨ᠎ᠡ ᠶᠢᠨ ᠲᠤᠭᠲᠠᠭᠰᠠᠨ ᠨᠤᠷᠮ᠎ᠠ᠂ ᠳᠠᠭᠠᠭᠠᠴᠢᠯᠠᠯᠲᠠ ᠵᠠᠷᠯᠠᠬᠤ ᠪᠠ ᠳᠠᠭᠠᠭᠠᠴᠢᠯᠠᠯᠲᠠ ᠬᠦᠯᠢᠶᠡᠬᠦ᠂ ᠠᠵᠢᠯ ᠦᠢᠯᠡᠰ ᠡᠷᠬᠢᠯᠡᠬᠦ ᠬᠢᠷᠢ ᠭᠡᠮ᠂ ᠴᠢᠨᠠᠷ ᠴᠢᠨᠰᠠᠭᠠᠨ ᠳᠤ ᠬᠢᠨᠠᠯᠲᠠ ᠲᠠᠯᠪᠢᠬᠤ᠂ ᠪᠠᠷᠢᠯᠭ᠎ᠠ ᠪᠠᠷᠢᠵᠤ ᠳᠠᠭᠤᠰᠤᠭᠰᠠᠨ ᠤ ᠳᠠᠷᠠᠭ᠎ᠠ ᠰᠢᠯᠭᠠᠨ ᠠᠪᠬᠤ ᠵᠡᠷᠭᠡ ᠬᠢᠨᠠᠨ ᠬᠠᠮᠢᠶᠠᠷᠬᠤ ᠠᠵᠢᠯ ᠢ ᠬᠠᠷᠢᠭᠤᠴᠠᠨ᠎ᠠ᠃ ᠪᠦᠬᠦ ᠬᠤᠲᠠ ᠶᠢᠨ ᠵᠠᠰᠠᠮᠠᠯ ᠵᠠᠮ ᠤᠨ ᠠᠵᠢᠯ ᠲᠦᠷᠦᠯ ᠤᠨ ᠤᠷᠴᠢᠨ ᠲᠤᠭᠤᠷᠢᠨ ᠢ ᠬᠠᠮᠠᠭᠠᠯᠠᠬᠤ᠂ ᠡᠨᠧᠷᠬᠢ ᠶᠢ ᠠᠷᠪᠢᠯᠠᠬᠤ᠂ ᠪᠤᠬᠢᠷᠳᠦᠯ ᠢ ᠰᠡᠷᠭᠡᠶᠢᠯᠡᠨ ᠵᠠᠰᠠᠬᠤ ᠠᠵᠢᠯ ᠢ ᠬᠢᠨᠠᠨ ᠵᠢᠯᠤᠭᠤᠳᠤᠨ᠎ᠠ᠃        ︵ᠭᠤᠷᠪᠠ︶ ᠵᠠᠰᠠᠮᠠᠯ ᠵᠠᠮ ᠢ ᠬᠠᠮᠢᠶᠠᠷᠤᠨ ᠬᠠᠮᠠᠭᠠᠯᠠᠬᠤ ᠠᠵᠢᠯ ᠢ ᠬᠢᠨᠠᠨ ᠵᠢᠯᠤᠭᠤᠳᠤᠨ᠎ᠠ᠃ ᠳᠠᠭᠠᠭᠠᠴᠠ ᠠᠴᠠ ᠬᠡᠲᠦᠷᠡᠲᠡᠯ᠎ᠡ ᠲᠡᠭᠡᠭᠡᠪᠦᠷᠢᠯᠡᠬᠦ᠂ ᠵᠠᠰᠠᠮᠠᠯ ᠵᠠᠮ  ᠲᠠᠢ ᠬᠤᠯᠪᠤᠭᠳᠠᠭᠰᠠᠨ ᠢᠨᠵᠧᠨᠧᠷᠢᠩ ᠤᠨ ᠬᠤᠯᠪᠤᠭᠳᠠᠯ ᠪᠦᠬᠦᠢ ᠲᠦᠷᠦᠯ ᠵᠦᠢᠯ ᠢ ᠬᠠᠮᠢᠶᠠᠷᠤᠨ᠎ᠠ᠃ ᠵᠠᠰᠠᠮᠠᠯ ᠵᠠᠮ ᠤᠨ ᠠᠷᠠᠴᠢᠯᠠᠭ᠎ᠠ᠂ ᠵᠠᠮ ᠤᠨ ᠶᠠᠪᠤᠳᠠᠯ᠂ ᠲᠡᠭᠡᠭᠡᠪᠦᠷᠢᠯᠡᠨ ᠡᠵᠡᠩᠨᠡᠬᠦ ᠦᠢᠯᠡᠴᠢᠯᠡᠭᠡ ᠵᠡᠷᠭᠡ ᠠᠵᠢᠯ ᠢ ᠵᠢᠯᠤᠭᠤᠳᠤᠨ᠎ᠠ᠃ ᠵᠠᠰᠠᠮᠠᠯ ᠵᠠᠮ ᠢ ᠨᠢᠭᠡᠲᠦᠯᠲᠠᠢ ᠵᠤᠬᠢᠴᠠᠭᠤᠯᠬᠤ ᠪᠠ ᠵᠠᠮ ᠤᠨ ᠲᠤᠤᠷ ᠢ ᠬᠢᠨᠠᠨ ᠬᠡᠮᠵᠢᠬᠦ ᠠᠵᠢᠯ ᠢ ᠵᠢᠯᠤᠭᠤᠳᠤᠨ᠎ᠠ᠃ ᠬᠦᠳᠡᠭᠡ ᠲᠤᠰᠬᠤᠨ ᠤ ᠵᠠᠰᠠᠮᠠᠯ ᠵᠠᠮ ᠪᠠ ᠬᠢᠯᠢ ᠶᠢᠨ ᠬᠠᠮᠠᠭᠠᠯᠠᠯᠲᠡ ᠶᠢᠨ ᠵᠠᠰᠠᠮᠠᠯ ᠵᠠᠮ ᠤᠨ ᠬᠤᠯᠪᠤᠭᠳᠠᠯ ᠪᠦᠬᠦᠢ ᠠᠵᠢᠯ ᠢ ᠬᠠᠷᠢᠭᠤᠴᠠᠨ᠎ᠠ᠃        ︵ᠳᠦᠷᠪᠡ︶ ᠵᠠᠰᠠᠮᠠᠯ ᠵᠠᠮ ᠤᠨ ᠲᠡᠭᠡᠭᠡᠪᠦᠷᠢ ᠶᠢᠨ ᠵᠠᠬ᠎ᠠ ᠳᠡᠯᠭᠡᠭᠦᠷ ᠤᠨ ᠬᠠᠮᠢᠶᠠᠷᠤᠯᠳᠠ ᠶᠢᠨ ᠠᠵᠢᠯ ᠢ ᠬᠢᠨᠠᠨ ᠵᠢᠯᠤᠭᠤᠳᠤᠨ᠎ᠠ᠃ ᠬᠤᠰᠢᠭᠤ ᠬᠤᠲᠠ ᠲᠤᠭᠤᠷᠢᠭ ᠤᠨ ᠵᠠᠮ ᠱᠤᠭᠤᠮ ᠤᠨ ᠠᠶᠠᠨᠴᠢᠳ ᠤᠨ ᠲᠡᠭᠡᠭᠡᠪᠦᠷᠢ ᠶᠢ ᠬᠠᠷᠢᠭᠤᠴᠠᠵᠤ᠂ ᠤᠯᠠᠨ ᠤᠯᠤᠰ ᠤᠨ ᠵᠠᠮ ᠱᠤᠭᠤᠮ ᠤᠨ ᠲᠡᠭᠡᠭᠡᠪᠦᠷᠢ ᠶᠢ ᠬᠠᠮᠵᠢᠯᠴᠠᠨ᠂ ᠠᠭᠠᠷ ᠤᠨ ᠠᠶᠠᠯᠠᠯ ᠤᠨ ᠠᠶᠠᠯᠠᠯ ᠨᠡᠪᠲᠡᠷᠡᠬᠦ ᠨᠦᠭᠦᠴᠡᠯ ᠢ ᠨᠦᠯᠦᠭᠡᠯᠡᠬᠦ ᠬᠦᠴᠦᠨ ᠵᠦᠢᠯ ᠢ ᠦᠨᠡᠯᠡᠬᠦ ᠵᠡᠷᠭᠡ ᠬᠠᠮᠢᠶᠠᠷᠤᠯᠲᠠ ᠶᠢᠨ ᠠᠵᠢᠯ ᠢ ᠵᠢᠯᠤᠭᠤᠳᠤᠨ᠎ᠠ᠃ ᠠᠶᠠᠨᠴᠢᠳ ᠤᠨ ᠲᠡᠭᠡᠭᠡᠪᠦᠷᠢ᠂ ᠡᠳ᠋ ᠪᠠᠷᠠᠭᠠᠨ ᠤ ᠲᠡᠭᠡᠭᠡᠪᠦᠷᠢ᠂ ᠠᠶᠠᠨᠴᠢᠨ ᠪᠠ ᠡᠳ᠋ ᠪᠠᠷᠠᠭᠠᠨ ᠤ ᠲᠡᠭᠡᠭᠡᠪᠦᠷᠢ ᠶᠢᠨ ᠦᠷᠲᠡᠭᠡᠨ ᠤ ᠡᠵᠡᠩᠨᠡᠯᠲᠡ᠂ ᠮᠠᠰᠢᠨ ᠲᠡᠷᠭᠡ ᠰᠡᠯᠪᠢᠨ ᠵᠠᠰᠠᠬᠤ᠂ ᠮᠠᠰᠢᠨ ᠲᠡᠷᠭᠡᠨ ᠤ ᠶᠡᠷᠦᠩᠬᠡᠶᠢᠯᠡᠭᠰᠡᠨ ᠴᠢᠳᠠᠪᠬᠢ ᠶᠢ ᠪᠠᠶᠢᠴᠠᠭᠠᠨ ᠬᠡᠮᠵᠢᠬᠦ᠂ ᠮᠠᠰᠢᠨ ᠲᠡᠷᠭᠡᠨ ᠤ ᠵᠢᠯᠤᠭᠤᠴᠢ ᠳᠤ ᠪᠤᠯᠪᠠᠰᠤᠷᠠᠯ ᠬᠦᠷᠲᠡᠭᠡᠬᠦ ᠵᠢᠴᠢ ᠲᠤᠬᠠᠶᠢᠯᠠᠭᠰᠠᠨ ᠠᠵᠢᠯ ᠤᠨ ᠠᠵᠢᠯᠲᠠᠳ ᠢ ᠬᠠᠮᠢᠶᠠᠷᠬᠤ ᠵᠡᠷᠭᠡ ᠠᠵᠢᠯ ᠢ ᠬᠢᠨᠠᠨ ᠵᠢᠯᠤᠭᠤᠳᠤᠨ᠎ᠠ᠃ ᠤᠯᠠᠨ ᠨᠡᠶᠢᠲᠡ ᠶᠢᠨ ᠮᠠᠰᠢᠨ ᠲᠡᠷᠭᠡ᠂ ᠳᠦᠷᠢᠶᠡᠰᠦᠨ ᠮᠠᠰᠢᠨ ᠲᠡᠷᠭᠡ᠂ ᠮᠠᠰᠢᠨ ᠲᠡᠷᠭᠡ ᠳᠦᠷᠢᠶᠡᠰᠦᠯᠡᠬᠦ᠂ ᠰᠦᠯᠵᠢᠶᠡᠨ ᠳᠡᠭᠡᠷ᠎ᠡ ᠲᠡᠷᠭᠡ ᠪᠤᠯᠵᠤᠬᠤ ᠵᠡᠷᠭᠡ ᠬᠤᠲᠠ ᠶᠢᠨ ᠠᠶᠠᠨᠴᠢᠳ ᠤᠨ ᠲᠡᠭᠡᠭᠡᠪᠦᠷᠢ ᠶᠢᠨ ᠬᠠᠮᠢᠶᠠᠷᠤᠯᠲᠠ ᠶᠢ ᠵᠢᠯᠤᠭᠤᠳᠤᠨ᠎ᠠ᠃ ᠡᠷᠬᠡ ᠶᠢᠨ ᠬᠢᠵᠠᠭᠠᠷ ᠶᠤᠰᠤᠭᠠᠷ᠂ ᠬᠦᠳᠡᠭᠡ ᠲᠤᠰᠬᠤᠨ ᠳᠤ ᠠᠶᠠᠨᠴᠢᠳ ᠤᠨ ᠲᠡᠭᠡᠭᠡᠪᠦᠷᠢ ᠶᠢᠨ ᠦᠷᠲᠡᠭᠡ ᠪᠠᠶᠢᠭᠤᠯᠬᠤ ᠪᠠᠷ ᠭᠤᠶᠤᠴᠢᠯᠠᠬᠤ᠂ ᠪᠤᠯᠤᠮᠵᠢᠲᠤ ᠰᠤᠳᠤᠯᠤᠯ ᠤᠨ ᠮᠡᠳᠡᠭᠦᠯᠦᠯᠲᠡ ᠶᠢ ᠠᠩᠬ᠎ᠠ ᠬᠢᠨᠠᠬᠤ᠂ ᠲᠦᠷᠦᠯ ᠵᠦᠢᠯ ᠢ ᠲᠤᠭᠲᠠᠭᠠᠬᠤ ᠪᠠ ᠢᠨᠵᠧᠨᠧᠷᠢᠩ ᠢ ᠪᠠᠷᠢᠵᠤ ᠳᠠᠭᠤᠰᠤᠭᠰᠠᠨ ᠤ ᠳᠠᠷᠠᠭ᠎ᠠ  ᠰᠢᠯᠭᠠᠨ ᠠᠪᠬᠤ ᠵᠡᠷᠭᠡ ᠠᠵᠢᠯ ᠢ ᠬᠠᠷᠢᠭᠤᠴᠠᠨ᠎ᠠ᠃       ︵ᠲᠠᠪᠤ︶ ᠵᠠᠰᠠᠮᠠᠯ ᠵᠠᠮ ᠤᠨ ᠠᠵᠢᠯ ᠲᠦᠷᠦᠯ ᠤᠨ ᠠᠶᠤᠯᠭᠦᠢ ᠦᠢᠯᠡᠳᠪᠦᠷᠢᠯᠡᠯ ᠪᠠ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠠᠵᠢᠯ ᠢ ᠬᠢᠨᠠᠨ ᠵᠢᠯᠤᠭᠤᠳᠤᠨ᠎ᠠ᠃ ᠵᠠᠰᠠᠮᠠᠯ ᠵᠠᠮ ᠤᠨ ᠠᠶᠤᠯᠭᠦᠢ ᠦᠢᠯᠡᠳᠪᠦᠷᠢᠯᠡᠯ ᠤᠨ ᠬᠠᠮᠢᠶᠠᠷᠤᠯᠲᠠ ᠶᠢᠨ ᠳᠦᠷᠢᠮ ᠪᠤᠯᠤᠨ ᠪᠠᠴᠢᠮ ᠪᠠᠶᠢᠳᠠᠯ ᠢ ᠠᠷᠭᠠᠴᠠᠭᠠᠬᠤ ᠲᠦᠰᠦᠪ ᠢ ᠲᠤᠭᠲᠠᠭᠠᠬᠤ ᠮᠦᠷᠲᠡᠭᠡᠨ ᠬᠢᠨᠠᠨ ᠬᠡᠷᠡᠭᠵᠢᠭᠦᠯᠦᠨ᠎ᠡ᠃ ᠬᠤᠯᠪᠤᠭᠳᠠᠯ ᠪᠦᠬᠦᠢ ᠵᠠᠮ ᠤᠨ ᠲᠤᠤᠷ ᠤᠨ ᠠᠵᠢᠯᠯᠠᠭᠠᠨ ᠤ ᠪᠠᠶᠢᠳᠠᠯ ᠢ ᠬᠢᠨᠠᠨ ᠬᠡᠮᠵᠢᠵᠦ᠂ ᠬᠤᠯᠪᠤᠭᠳᠠᠯ ᠪᠦᠬᠦᠢ ᠮᠡᠳᠡᠭᠡ ᠵᠠᠩᠭᠢ ᠶᠢ ᠨᠡᠶᠢᠲᠡᠯᠡᠨ᠎ᠡ᠃ ᠡᠷᠭᠦᠨ᠎ᠡ ᠬᠤᠲᠠ ᠶᠢᠨ ᠭᠤᠤᠯᠳᠠᠯᠭ᠎ᠠ ᠲᠠᠢ ᠡᠳ᠋ ᠪᠤᠳᠡᠰ᠂ ᠪᠠᠴᠢᠮ ᠠᠶᠠᠨᠴᠢᠳ ᠪᠠ ᠪᠠᠷᠠᠭ᠎ᠠ ᠲᠡᠭᠡᠭᠡᠪᠦᠷᠢ ᠶᠢ ᠲᠤᠬᠢᠷᠠᠭᠤᠯᠤᠨ᠎ᠠ᠃        ︵ᠵᠢᠷᠭᠤᠭ᠎ᠠ︶ ᠵᠠᠰᠠᠮᠠᠯ ᠵᠠᠮ ᠤᠨ ᠠᠵᠢᠯ ᠲᠦᠷᠦᠯ ᠤᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯ ᠢ ᠬᠢᠨᠠᠨ ᠵᠢᠯᠤᠭᠤᠳᠤᠨ᠎ᠠ᠃ ᠡᠷᠬᠡ ᠶᠢᠨ ᠬᠢᠵᠠᠭᠠᠷ ᠢᠶᠠᠨ ᠦᠨᠳᠦᠰᠦᠯᠡᠵᠦ᠂ ᠠᠵᠢᠯ ᠲᠦᠷᠦᠯ ᠤᠨ ᠵᠠᠰᠠᠭ ᠵᠠᠬᠢᠷᠭᠠᠨ ᠤ ᠬᠢᠨᠠᠨ ᠵᠦᠪᠰᠢᠶᠡᠷᠡᠬᠦ᠂ ᠵᠦᠪᠰᠢᠶᠡᠷᠡᠬᠦ ᠵᠡᠷᠭᠡ ᠠᠵᠢᠯ ᠢ ᠬᠠᠷᠢᠭᠤᠴᠠᠨ᠎ᠠ᠃ ᠬᠦᠨᠳᠦ ᠶᠡᠭᠡ ᠬᠡᠷᠡᠭ ᠢ ᠪᠠᠶᠢᠴᠠᠭᠠᠬᠤ ᠪᠠ ᠵᠠᠰᠠᠭ ᠵᠠᠬᠢᠷᠭᠠᠨ ᠤ ᠤᠷᠤᠨ ᠪᠦᠰᠡ ᠠᠯᠤᠰᠯᠠᠨ ᠬᠠᠤᠯᠢ ᠬᠡᠷᠡᠭᠵᠢᠭᠦᠯᠬᠦ ᠶᠢ ᠵᠤᠬᠢᠶᠠᠨ ᠪᠠᠶᠢᠭᠤᠯᠤᠨ᠎ᠠ᠃ ᠵᠢᠭᠠᠨ ᠲᠤᠭᠲᠠᠭᠠᠭᠰᠠᠨ ᠬᠠᠷᠢᠶᠠᠨ ᠤ ᠬᠡᠷᠡᠭ ᠢ ᠭᠦᠢᠴᠡᠳᠭᠡᠨ᠎ᠡ᠃        ︵ᠳᠤᠯᠤᠭ᠎ᠠ︶ ᠵᠠᠰᠠᠮᠠᠯ ᠵᠠᠮ ᠤᠨ ᠠᠵᠢᠯ ᠲᠦᠷᠦᠯ ᠤᠨ ᠰᠢᠨᠵᠢᠯᠡᠬᠦ ᠮᠡᠷᠭᠡᠵᠢᠯ ᠤᠨ ᠰᠢᠨ᠎ᠡ ᠶᠢ ᠡᠭᠦᠳᠬᠦ ᠪᠠ ᠳᠡᠯᠭᠡᠷᠡᠭᠦᠯᠬᠦ ᠶᠢ ᠵᠢᠭᠠᠨ ᠵᠢᠯᠤᠭᠤᠳᠤᠨ᠎ᠠ᠃ ᠮᠡᠳᠡᠭᠡ ᠵᠠᠩᠭᠢᠴᠢᠯᠠᠯᠲᠠ᠂ ᠪᠠᠷᠢᠮᠵᠢᠶᠠᠵᠢᠭᠤᠯᠤᠯᠲᠠ ᠶᠢᠨ ᠠᠵᠢᠯ ᠢ ᠵᠢᠯᠤᠭᠤᠳᠤᠨ᠎ᠠ᠃ ᠪᠦᠬᠦ ᠬᠤᠲᠠ ᠶᠢᠨ ᠵᠠᠰᠠᠮᠠᠯ ᠵᠠᠮ ᠤᠨ ᠠᠵᠢᠯ ᠲᠦᠷᠦᠯ ᠤᠨ ᠦᠭᠡᠷᠡᠴᠢᠯᠡᠯᠲᠡ ᠪᠠ ᠢᠲᠡᠭᠡᠮᠵᠢ ᠶᠢᠨ ᠰᠢᠰᠲ᠋ᠧᠮ ᠤᠨ ᠪᠦᠲᠦᠭᠡᠨ ᠪᠠᠶᠢᠭᠤᠯᠤᠯᠲᠡ ᠶᠢ ᠵᠢᠭᠠᠨ ᠵᠢᠯᠤᠭᠤᠳᠤᠨ᠎ᠠ᠃        ︵ᠨᠠᠢᠮᠠ︶ ᠠᠵᠢᠯ ᠲᠦᠷᠦᠯ ᠤᠨ ᠴᠡᠷᠢᠭ ᠠᠷᠠᠳ ᠢ ᠠᠭᠤᠰᠤᠯᠴᠠᠭᠤᠯᠬᠤ ᠠᠵᠢᠯ ᠢ ᠬᠠᠷᠢᠭᠤᠴᠠᠨ᠎ᠠ᠃ ᠬᠠᠮᠢᠶ᠎ᠠ ᠪᠦᠬᠦᠢ ᠰᠠᠯᠠᠭ᠎ᠠ ᠮᠦᠴᠢᠷ ᠲᠠᠢ ᠬᠠᠮᠵᠢᠯᠴᠠᠵᠤ᠂ ᠴᠡᠷᠢᠭ ᠤᠨ ᠶᠠᠪᠤᠳᠠᠯ ᠤᠨ ᠠᠵᠢᠯᠯᠠᠭ᠎ᠠ ᠪᠠ ᠭᠠᠮᠰᠢᠭ ᠠᠴᠠ ᠠᠪᠤᠷᠠᠬᠤ ᠳᠤ ᠵᠠᠮ ᠬᠠᠷᠢᠯᠴᠠᠭᠠᠨ ᠤ ᠪᠠᠲᠤᠯᠠᠭ᠎ᠠ ᠬᠠᠩᠭᠠᠨ᠎ᠠ᠃ ᠪᠦᠬᠦ ᠬᠤᠲᠠ ᠶᠢᠨ ᠤᠯᠤᠰ ᠤᠨ ᠪᠠᠲᠤᠯᠠᠨ ᠬᠠᠮᠠᠭᠠᠯᠠᠯᠲᠡ ᠶᠢᠨ ᠵᠠᠮ ᠬᠠᠷᠢᠯᠴᠠᠭᠠᠨ ᠤ ᠠᠵᠢᠯ ᠢ ᠬᠢᠨᠠᠨ ᠵᠢᠯᠤᠭᠤᠳᠤᠨ᠎ᠠ᠃        ︵ᠶᠢᠰᠦ︶ ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ ᠤᠷᠳᠤᠨ ᠪᠠ ᠳᠡᠭᠡᠲᠦ ᠱᠠᠲᠤᠨ ᠤ ᠲᠤᠬᠠᠶᠢᠯᠠᠭᠰᠠᠨ ᠠᠵᠢᠯ ᠤᠨ ᠰᠠᠯᠠᠭ᠎ᠠ ᠮᠦᠴᠢᠷ ᠤᠨ ᠳᠠᠭᠠᠭᠠᠯᠭᠠᠭᠰᠠᠨ ᠪᠤᠰᠤᠳ ᠠᠵᠢᠯ ᠢ ᠪᠡᠶᠡᠯᠡᠭᠦᠯᠦᠨ᠎ᠡ᠃
ᠢᠷᠡᠯᠲᠡ᠄ ᠡᠷᠭᠦᠨ᠎ᠡ ᠬᠤᠲᠠ ᠶᠢᠨ ᠠᠷᠠᠳ ᠤᠨ ᠵᠠᠰᠠᠭ ᠤᠨ ᠤᠷᠳᠤᠨ