ᠡᠷᠭᠦᠨ᠎ᠡ ᠬᠤᠲᠠ ᠶᠢᠨ ᠡᠳ᠋ ᠤᠨ ᠵᠠᠰᠠᠭ ᠤᠨ ᠲᠤᠪᠴᠢᠶ᠎ᠠ
ᠨᠡᠶᠢᠲᠡᠯᠡᠭᠰᠡᠨ ᠴᠠᠭ᠄
2024/10/29
     ᠭᠤᠤᠯ ᠡᠭᠦᠷᠭᠡ ᠬᠠᠷᠢᠭᠤᠴᠠᠯᠭ᠎ᠠ᠄         ︵ᠨᠢᠭᠡ︶ ᠤᠯᠤᠰ᠂ ᠦᠪᠡᠷᠲᠡᠭᠡᠨ ᠵᠠᠰᠠᠬᠤ ᠤᠷᠤᠨ ᠪᠠ ᠬᠦᠯᠦᠨ ᠪᠤᠶᠢᠷ ᠬᠤᠲᠠ ᠶᠢᠨ ᠡᠳ᠋ ᠤᠨ ᠵᠠᠰᠠᠭ ᠭᠠᠶᠢᠯᠢ ᠶᠢᠨ ᠠᠵᠢᠯ ᠤᠨ ᠲᠤᠬᠠᠢ ᠬᠠᠤᠯᠢ ᠴᠠᠭᠠᠵᠠ ᠬᠠᠤᠯᠢ ᠳᠦᠷᠢᠮ ᠵᠢᠴᠢ ᠬᠠᠮᠢᠶ᠎ᠠ ᠪᠦᠬᠦᠢ ᠲᠦᠷᠦ ᠶᠢᠨ ᠪᠤᠳᠤᠯᠭ᠎ᠠ ᠶᠢ ᠲᠤᠭᠤᠰᠢᠯᠠᠭᠤᠯᠤᠨ ᠬᠡᠷᠡᠭᠵᠢᠭᠦᠯᠦᠨ᠎ᠡ᠃ ᠡᠷᠭᠦᠨ᠎ᠡ ᠬᠤᠲᠠ ᠶᠢᠨ ᠡᠳ᠋ ᠤᠨ ᠵᠠᠰᠠᠭ ᠭᠠᠶᠢᠯᠢ ᠶᠢᠨ ᠬᠦᠭᠵᠢᠯᠲᠡ ᠶᠢᠨ ᠪᠠᠶᠢᠯᠳᠤᠬᠤ ᠪᠤᠳᠤᠯᠭ᠎ᠠ᠂ ᠲᠦᠯᠦᠪᠵᠢᠭᠦᠯᠭᠡ ᠪᠤᠯᠤᠨ ᠦᠭᠡᠷᠡᠴᠢᠯᠡᠯᠲᠡ ᠶᠢᠨ ᠲᠦᠰᠦᠪ ᠢ ᠲᠤᠭᠲᠠᠭᠠᠬᠤ ᠪᠠ ᠵᠤᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠬᠤᠷᠸ᠎ᠠ ᠠᠵᠤ ᠠᠬᠤᠢ ᠶᠢᠨ ᠪᠠᠶᠢᠳᠠᠯ ᠢ ᠵᠠᠳᠠᠯᠤᠨ ᠰᠤᠳᠤᠯᠤᠨ᠎ᠠ᠃ ᠪᠦᠬᠦ ᠬᠤᠲᠠ ᠶᠢᠨ ᠡᠳ᠋ ᠤᠨ ᠵᠠᠰᠠᠭ ᠤᠨ ᠤᠷᠤᠯᠭ᠎ᠠ ᠵᠠᠷᠤᠯᠭ᠎ᠠ ᠶᠢᠨ ᠵᠢᠱᠢᠭᠰᠡᠨ ᠬᠠᠷᠠᠯᠲᠠ ᠶᠢ ᠰᠢᠨᠵᠢᠯᠡᠬᠦ ᠤᠬᠠᠭᠠᠨᠴᠢ᠂ ᠵᠤᠬᠢᠰᠲᠠᠢ ᠲᠤᠭᠲᠠᠭᠠᠨ᠎ᠠ᠃ ᠡᠳ᠋ ᠤᠨ ᠵᠠᠰᠠᠭ ᠭᠠᠶᠢᠯᠢ ᠶᠢᠨ ᠲᠦᠷᠦ ᠶᠢᠨ ᠪᠤᠳᠤᠯᠭ᠎ᠠ ᠶᠢ ᠬᠡᠷᠡᠭᠯᠡᠨ ᠂ ᠬᠤᠷᠸ᠎ᠠ ᠲᠤᠬᠢᠷᠠᠭᠤᠯᠭ᠎ᠠ ᠪᠠ ᠶᠡᠷᠦᠩᠬᠡᠶᠢᠯᠡᠨ ᠲᠡᠩᠴᠡᠭᠦᠷᠢᠰᠢᠭᠦᠯᠬᠦ ᠲᠦᠰᠦᠪ ᠢ ᠬᠡᠷᠡᠭᠵᠢᠭᠦᠯᠬᠦ ᠠᠷᠭ᠎ᠠ ᠬᠡᠮᠵᠢᠶ᠎ᠡ ᠵᠦᠪᠯᠡᠯᠭᠡ ᠶᠢ ᠳᠤᠷᠠᠳᠤᠨ᠎ᠠ᠃ ᠡᠳ᠋ ᠤᠨ ᠵᠠᠰᠠᠭ ᠤᠨ ᠠᠵᠢᠯᠯᠠᠭᠠᠨ ᠤ ᠪᠠᠶᠢᠳᠠᠯ ᠢ ᠰᠤᠳᠤᠯᠤᠨ᠂ ᠡᠷᠭᠦᠨ᠎ᠡ ᠬᠤᠲᠠ ᠶᠢᠨ ᠡᠳ᠋ ᠤᠨ ᠵᠠᠰᠠᠭ ᠤᠨ ᠬᠠᠮᠢᠶᠠᠷᠤᠯᠲᠠ ᠶᠢᠨ ᠳᠦᠷᠢᠮ ᠢ ᠵᠤᠬᠢᠶᠠᠨ ᠪᠠᠶᠢᠭᠤᠯᠵᠤ᠂ ᠲᠦᠰᠦᠪ ᠤᠨ ᠬᠠᠮᠢᠶᠠᠷᠤᠯᠲᠠ ᠶᠢᠨ ᠬᠠᠮᠢᠶ᠎ᠠ ᠪᠦᠬᠦᠢ ᠳᠦᠷᠢᠮ ᠢ ᠲᠤᠭᠲᠠᠭᠠᠨ᠎ᠠ᠃         ︵ᠬᠤᠶᠠᠷ︶ ᠡᠷᠭᠦᠨ᠎ᠡ ᠬᠤᠲᠠ ᠶᠢᠨ ᠲᠤᠰ ᠱᠠᠲᠤᠨ ᠤ ᠡᠯ᠎ᠡ ᠲᠦᠷᠦᠯ ᠤᠨ ᠡᠳ᠋ ᠤᠨ ᠵᠠᠰᠠᠭ ᠤᠨ ᠤᠷᠤᠯᠭ᠎ᠠ ᠵᠠᠷᠤᠯᠭ᠎ᠠ ᠶᠢ ᠬᠠᠮᠢᠶᠠᠷᠤᠨ᠎ᠠ᠃ ᠪᠦᠬᠦ ᠬᠤᠲᠠ ᠶᠢᠨ ᠤᠨ ᠤ ᠲᠦᠰᠦᠪ ᠪᠠ ᠲᠦᠰᠦᠪ ᠤᠨ ᠭᠦᠢᠴᠡᠳᠭᠡᠯ ᠤᠨ ᠡᠬᠡ ᠨᠤᠤᠷᠠᠭ ᠢ ᠨᠠᠶᠢᠷᠠᠭᠤᠯᠬᠤ ᠪᠠ ᠵᠤᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠪᠦᠬᠦ ᠬᠤᠲᠠ ᠶᠢᠨ ᠵᠠᠰᠠᠭ ᠤᠨ ᠤᠷᠳᠤᠨ ᠤ ᠴᠢᠨᠠᠷᠲᠠᠢ ᠰᠠᠭᠤᠷᠢ ᠮᠦᠩᠭᠦᠨ ᠤ ᠲᠦᠰᠦᠪ ᠪᠠ ᠲᠦᠰᠦᠪ ᠤᠨ ᠭᠦᠢᠴᠡᠳᠭᠡᠯ ᠤᠨ ᠡᠬᠡ ᠨᠤᠤᠷᠠᠭ ᠢ ᠬᠢᠨᠠᠨ ᠬᠠᠷᠭᠤᠭᠤᠯᠬᠤ ᠪᠠ ᠡᠮᠬᠢᠯᠡᠨ ᠨᠠᠶᠢᠷᠠᠭᠤᠯᠤᠨ᠎ᠠ᠃ ᠬᠤᠲᠠ ᠶᠢᠨ ᠱᠠᠲᠤᠨ ᠤ ᠵᠠᠷᠤᠳᠠᠯ ᠤᠨ ᠪᠠᠷᠢᠮᠵᠢᠶ᠎ᠠ ᠪᠠ ᠲᠤᠭᠲᠠᠭᠰᠠᠨ ᠨᠤᠷᠮ᠎ᠠ ᠶᠢ ᠲᠤᠭᠲᠠᠭᠠᠨ᠎ᠠ᠃ ᠰᠠᠯᠠᠭ᠎ᠠ ᠮᠦᠴᠢᠷ ︵ᠪᠠᠶᠢᠭᠤᠯᠭ᠎ᠠ ᠨᠢᠭᠡᠴᠡ︶ ᠤᠨ ᠤᠨ ᠤ ᠲᠦᠰᠦᠪ ᠪᠠ ᠲᠦᠰᠦᠪ ᠤᠨ ᠭᠦᠢᠴᠡᠳᠭᠡᠯ ᠢ ᠬᠢᠨᠠᠨ ᠵᠦᠪᠰᠢᠶᠡᠷᠡᠨ᠎ᠡ᠃ ᠬᠤᠲᠠ ᠶᠢᠨ ᠵᠠᠰᠠᠭ ᠤᠨ ᠤᠷᠳᠤᠨ ᠤ ᠨᠠᠶᠢᠳᠠᠯᠭ᠎ᠠ ᠪᠠᠷ ᠬᠤᠲᠠ ᠶᠢᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠵᠢᠴᠢ ᠲᠡᠭᠦᠨ ᠤ ᠪᠠᠶᠢᠩᠭᠤ ᠶᠢᠨ ᠬᠤᠷᠢᠶᠠᠨ ᠳᠤ ᠡᠳ᠋ ᠤᠨ ᠵᠠᠰᠠᠭ ᠤᠨ ᠲᠦᠰᠦᠪ ᠪᠠ ᠲᠦᠰᠦᠪ ᠤᠨ ᠭᠦᠢᠴᠡᠳᠭᠡᠯ ᠵᠡᠷᠭᠡ ᠪᠠᠶᠢᠳᠠᠯ ᠢ ᠮᠡᠳᠡᠭᠦᠯᠦᠨ᠎ᠡ᠃ ᠵᠠᠰᠠᠭ ᠤᠨ ᠤᠷᠳᠤᠨ ᠤ ᠪᠡᠯᠡ ᠤᠷᠤᠭᠤᠯᠤᠯᠲᠡ ᠶᠢᠨ ᠰᠠᠭᠤᠷᠢ ᠮᠦᠩᠭᠦᠨ ᠤ ᠬᠤᠲᠠ ᠶᠢᠨ ᠡᠳ᠋ ᠤᠨ ᠵᠠᠰᠠᠭ ᠠᠴᠠ ᠪᠡᠯᠡ ᠭᠠᠷᠭᠠᠭᠰᠠᠨ ᠡᠳ᠋ ᠬᠦᠷᠦᠩᠭᠡ ᠶᠢᠨ ᠬᠠᠮᠢᠶᠠᠷᠤᠯᠲᠠ ᠶᠢ ᠬᠠᠷᠢᠭᠤᠴᠠᠨ᠎ᠠ᠃ ᠬᠤᠲᠠ ᠶᠢᠨ ᠱᠠᠲᠤᠨ ᠤ ᠲᠦᠰᠦᠪ ᠪᠠ ᠲᠦᠰᠦᠪ ᠤᠨ ᠭᠦᠢᠴᠡᠳᠭᠡᠯ ᠢ ᠢᠯᠡ ᠪᠤᠯᠭᠠᠬᠤ ᠶᠢ ᠬᠠᠷᠢᠭᠤᠴᠠᠨ᠎ᠠ᠃ ᠡᠷᠭᠦᠨ᠎ᠡ ᠬᠤᠲᠠ ᠶᠢᠨ ᠡᠳ᠋ ᠤᠨ ᠵᠠᠰᠠᠭ ᠤᠨ ᠵᠢᠯ ᠤᠨ ᠡᠴᠦᠰ ᠤᠨ ᠳ᠋ᠦᠩᠨᠡᠨ ᠪᠤᠳᠤᠬᠤ ᠶᠠᠪᠤᠳᠠᠯ ᠢ ᠭᠦᠢᠴᠡᠳᠭᠡᠨ᠎ᠡ᠃         ︵ᠭᠤᠷᠪᠠ︶ ᠠᠵᠢᠯ ᠤᠨ ᠬᠤᠪᠢᠶᠠᠷᠢᠯᠠᠯ ᠶᠤᠰᠤᠭᠠᠷ᠂ ᠵᠠᠰᠠᠭ ᠤᠨ ᠤᠷᠳᠤᠨ ᠤ ᠭᠠᠶᠢᠯᠢ ᠶᠢᠨ ᠪᠤᠰᠤ ᠤᠷᠤᠯᠭ᠎ᠠ ᠶᠢ ᠬᠠᠮᠢᠶᠠᠷᠤᠨ᠎ᠠ᠃ ᠵᠠᠰᠠᠭ ᠤᠨ ᠤᠷᠳᠤᠨ ᠤ ᠴᠢᠨᠠᠷᠲᠠᠢ ᠰᠠᠭᠤᠷᠢ ᠮᠦᠩᠭᠦ ᠶᠢ ᠬᠠᠮᠢᠶᠠᠷᠤᠨ᠎ᠠ᠃ ᠲᠤᠭᠲᠠᠭᠠᠯ ᠶᠤᠰᠤᠭᠠᠷ᠂ ᠵᠠᠰᠠᠭ ᠵᠠᠬᠢᠷᠭᠠᠨ ᠠᠵᠢᠯ ᠦᠢᠯᠡᠰ ᠤᠨ ᠴᠢᠨᠠᠷᠲᠠᠢ ᠰᠦᠢᠳᠭᠡᠯ ᠬᠤᠷᠢᠶᠠᠬᠤ ᠶᠢ ᠬᠠᠮᠢᠶᠠᠷᠤᠨ᠎ᠠ ᠃ ᠡᠳ᠋ ᠤᠨ ᠵᠠᠰᠠᠭ ᠪᠠ ᠫᠢᠶᠤᠤ ᠪᠠᠷᠢᠮᠳᠠ ᠶᠢ ᠬᠠᠮᠢᠶᠠᠷᠤᠨ᠎ᠠ᠃ ᠠᠰᠠᠷᠠᠮᠵᠢ ᠶᠢᠨ ᠰᠤᠭᠤᠯᠤᠭ᠎ᠠ ᠶᠢᠨ ᠬᠠᠮᠢᠶᠠᠷᠤᠯᠲᠠ ᠶᠢᠨ ᠬᠠᠮᠢᠶ᠎ᠠ ᠪᠦᠬᠦᠢ ᠠᠷᠭ᠎ᠠ ᠶᠢ ᠬᠡᠷᠡᠭᠵᠢᠭᠦᠯᠦᠨ᠎ᠡ᠃ ᠠᠰᠠᠷᠠᠮᠵᠢ ᠶᠢᠨ ᠰᠤᠭᠤᠯᠤᠭ᠎ᠠ ᠶᠢᠨ ᠵᠠᠬ᠎ᠠ ᠳᠡᠯᠭᠡᠭᠦᠷ ᠢ ᠬᠢᠨᠠᠨ ᠬᠠᠮᠢᠶᠠᠷᠤᠨ᠎ᠠ᠃ ᠲᠤᠭᠲᠠᠭᠠᠯ ᠢ ᠦᠨᠳᠦᠰᠦᠯᠡᠵᠦ᠂ ᠠᠰᠠᠷᠠᠮᠵᠢ ᠶᠢᠨ ᠰᠤᠭᠤᠯᠤᠭ᠎ᠠ ᠶᠢᠨ ᠪᠡᠯᠡ ᠮᠦᠩᠭᠦ ᠶᠢ ᠬᠠᠮᠢᠶᠠᠷᠤᠨ᠎ᠠ᠃        ︵ᠳᠦᠷᠪᠡ︶ ᠤᠯᠤᠰ ᠤᠨ ᠬᠦᠮᠦᠷᠭᠡ ᠶᠢ ᠬᠠᠮᠢᠶᠠᠷᠤᠨ᠎ᠠ᠃ ᠪᠦᠬᠦ ᠬᠤᠲᠠ ᠶᠢᠨ ᠤᠯᠤᠰ ᠤᠨ ᠬᠦᠮᠦᠷᠭᠡ ᠶᠢᠨ ᠬᠠᠮᠢᠶᠠᠷᠤᠯᠲᠠ ᠶᠢᠨ ᠳᠦᠷᠢᠮ᠂ ᠤᠯᠤᠰ ᠤᠨ ᠬᠦᠮᠦᠷᠭᠡ ᠶᠢᠨ ᠨᠢᠭᠡᠲᠦᠯᠲᠠᠢ ᠤᠷᠤᠯᠭ᠎ᠠ ᠵᠠᠷᠤᠯᠭ᠎ᠠ ᠶᠢᠨ ᠳᠦᠷᠢᠮ ᠢ ᠵᠤᠬᠢᠶᠠᠨ ᠪᠠᠶᠢᠭᠤᠯᠤᠨ ᠲᠤᠭᠲᠠᠭᠠᠨ᠎ᠠ᠃ ᠪᠦᠬᠦ ᠬᠤᠲᠠ ᠶᠢᠨ ᠤᠯᠤᠰ ᠤᠨ ᠬᠦᠮᠦᠷᠭᠡ ᠶᠢᠨ ᠲᠤᠬᠠᠶᠢᠯᠠᠭᠰᠠᠨ ᠠᠵᠢᠯ ᠢ ᠵᠢᠭᠠᠨ ᠵᠢᠯᠤᠭᠤᠳᠬᠤ ᠪᠠ ᠬᠢᠨᠠᠯᠲᠠ ᠲᠠᠯᠪᠢᠨ᠎ᠠ᠃ ᠤᠯᠤᠰ ᠤᠨ ᠬᠦᠮᠦᠷᠭᠡ ᠶᠢᠨ ᠪᠡᠯᠡᠨ ᠵᠤᠭᠤᠰᠤᠨ ᠤ ᠬᠠᠮᠢᠶᠠᠷᠤᠯᠲᠠ ᠶᠢᠨ ᠠᠵᠢᠯ ᠢ ᠦᠷᠨᠢᠭᠦᠯᠦᠨ᠎ᠡ᠃ ᠵᠠᠰᠠᠭ ᠤᠨ ᠤᠷᠳᠤᠨ ᠤ ᠡᠳ᠋ ᠤᠨ ᠶᠠᠪᠤᠳᠠᠯ ᠤᠨ ᠮᠡᠳᠡᠭᠦᠯᠦᠯᠲᠡ ᠶᠢ ᠵᠤᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠵᠠᠰᠠᠭ ᠤᠨ ᠤᠷᠳᠤᠨ ᠤ ᠬᠤᠳᠠᠯᠳᠤᠨ ᠠᠪᠬᠤ ᠳᠦᠷᠢᠮ ᠢ ᠬᠡᠷᠡᠭᠵᠢᠭᠦᠯᠬᠦ ᠪᠠ ᠬᠢᠨᠠᠨ ᠬᠠᠮᠢᠶᠠᠷᠤᠨ᠎ᠠ᠃         ︵ᠲᠠᠪᠤ︶ ᠵᠠᠰᠠᠭ ᠤᠨ ᠤᠷᠳᠤᠨ ᠤ ᠴᠢᠨᠠᠷᠲᠠᠢ ᠦᠷᠢ ᠦᠭᠴᠡᠭᠡᠨ ᠤ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃ ᠪᠦᠬᠦ ᠬᠤᠲᠠ ᠶᠢᠨ ᠵᠠᠰᠠᠭ ᠤᠨ ᠤᠷᠳᠤᠨ ᠤ ᠴᠢᠨᠠᠷᠲᠠᠢ ᠦᠷᠢ ᠦᠭᠴᠡᠭᠡᠨ ᠤ ᠬᠠᠮᠢᠶᠠᠷᠤᠯᠲᠠ ᠶᠢᠨ ᠳᠦᠷᠢᠮ ᠪᠠ ᠠᠷᠭ᠎ᠠ ᠶᠢ ᠬᠠᠤᠯᠢ ᠶᠤᠰᠤᠭᠠᠷ ᠲᠤᠭᠲᠠᠭᠠᠨ᠎ᠠ᠃ ᠵᠠᠰᠠᠭ ᠤᠨ ᠤᠷᠳᠤᠨ ᠤ ᠴᠢᠨᠠᠷᠲᠠᠢ ᠦᠷᠢ ᠦᠭᠴᠡᠭᠡᠨ ᠤ ᠠᠶᠤᠯ ᠲᠦᠭᠰᠢᠭᠦᠷᠢ ᠶᠢ ᠬᠠᠮᠢᠶᠠᠷᠤᠨ ᠡᠵᠡᠮᠳᠡᠬᠦ ᠪᠠ ᠬᠢᠵᠠᠭᠠᠷᠯᠠᠨ ᠬᠠᠮᠢᠶᠠᠷᠤᠨ᠎ᠠ᠃ ᠵᠠᠰᠠᠭ ᠤᠨ ᠤᠷᠳᠤᠨ ᠤ ᠭᠠᠳᠠᠭᠠᠲᠤ ᠦᠷᠢ ᠦᠭᠴᠡᠭᠡᠨ ᠤ ᠬᠤᠯᠪᠤᠭᠳᠠᠯ ᠪᠦᠬᠦᠢ ᠠᠵᠢᠯ ᠢ ᠨᠢᠭᠡᠲᠦᠯᠲᠠᠢ ᠬᠠᠮᠢᠶᠠᠷᠤᠨ᠎ᠠ᠃         ︵ᠵᠢᠷᠭᠤᠭ᠎ᠠ︶ ᠵᠠᠰᠠᠭ ᠵᠠᠬᠢᠷᠭᠠᠨ ᠠᠵᠢᠯ ᠦᠢᠯᠡᠰ ᠤᠨ ᠨᠢᠭᠡᠴᠡ ᠶᠢᠨ ᠤᠯᠤᠰ ᠤᠨ ᠦᠮᠴᠢᠯᠡᠯᠲᠤ ᠡᠳ᠋ ᠬᠦᠷᠦᠩᠭᠡ ᠶᠢᠨ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃ ᠵᠠᠰᠠᠭ ᠵᠠᠬᠢᠷᠭᠠᠨ ᠠᠵᠢᠯ ᠦᠢᠯᠡᠰ ᠤᠨ ᠨᠢᠭᠡᠴᠡ ᠶᠢᠨ ᠤᠯᠤᠰ ᠤᠨ ᠦᠮᠴᠢᠯᠡᠯᠲᠤ ᠡᠳ᠋ ᠬᠦᠷᠦᠩᠭᠡ ᠶᠢᠨ ᠬᠠᠮᠢᠶᠠᠷᠤᠯᠲᠠ ᠶᠢᠨ ᠪᠠᠶᠢᠳᠠᠯ ᠤᠨ ᠮᠡᠳᠡᠭᠦᠯᠦᠯᠲᠡ ᠶᠢ ᠨᠠᠶᠢᠷᠠᠭᠤᠯᠤᠨ᠎ᠠ᠃ ᠬᠤᠲᠠ ᠶᠢᠨ ᠵᠠᠰᠠᠭ ᠤᠨ ᠤᠷᠳᠤᠨ ᠠᠴᠠ ᠤᠯᠭᠤᠭᠰᠠᠨ ᠡᠷᠬᠡ ᠶᠢ ᠦᠨᠳᠦᠰᠦᠯᠡᠵᠦ᠂ ᠡᠷᠭᠦᠨ᠎ᠡ ᠬᠤᠲᠠ ᠶᠢᠨ ᠲᠤᠰ ᠱᠠᠲᠤᠨ ᠤ ᠤᠯᠤᠰ ᠤᠨ ᠦᠮᠴᠢᠯᠡᠯᠲᠤ ᠮᠦᠩᠭᠦᠨ ᠭᠦᠢᠯᠭᠡᠭᠡᠨ ᠤ ᠪᠡᠯᠡ ᠮᠦᠩᠭᠦᠨ ᠤ ᠪᠡᠯᠡ ᠤᠷᠤᠭᠤᠯᠤᠭᠴᠢ ᠶᠢᠨ ᠲᠤᠰᠢᠶᠠᠯ ᠬᠠᠷᠢᠭᠤᠴᠠᠯᠭ᠎ᠠ ᠶᠢ ᠨᠢᠭᠡᠲᠦᠯᠲᠠᠢ ᠭᠦᠢᠴᠡᠳᠭᠡᠨ᠎ᠡ᠃ ᠤᠯᠤᠰ ᠤᠨ ᠦᠮᠴᠢᠯᠡᠯᠲᠤ ᠮᠦᠩᠭᠦᠨ ᠭᠦᠢᠯᠭᠡᠭᠡᠨ ᠤ ᠪᠡᠯᠡ ᠮᠦᠩᠭᠦᠨ ᠤ ᠮᠡᠳᠡᠭᠦᠯᠬᠦ ᠳᠦᠷᠢᠮ ᠢ ᠪᠠᠶᠢᠭᠤᠯᠤᠨ᠎ᠠ᠃ ᠤᠯᠤᠰ ᠤᠨ ᠦᠮᠴᠢᠯᠡᠯᠲᠤ ᠮᠦᠩᠭᠦᠨ ᠭᠦᠢᠯᠭᠡᠭᠡᠨ ᠤ ᠪᠡᠯᠡ ᠮᠦᠩᠭᠦᠨ ᠤ ᠬᠠᠮᠢᠶᠠᠷᠤᠯᠲᠠ ᠶᠢᠨ ᠳᠦᠷᠢᠮ᠂ ᠡᠳ᠋ ᠤᠨ ᠵᠠᠰᠠᠭ ᠪᠠ ᠮᠦᠩᠭᠦᠨ ᠭᠦᠢᠯᠭᠡᠭᠡᠨ ᠤ ᠬᠠᠮᠵᠢᠯᠴᠠᠭᠠᠨ ᠤ ᠬᠤᠯᠪᠤᠭᠳᠠᠯ ᠪᠦᠬᠦᠢ ᠲᠦᠷᠦ ᠶᠢᠨ ᠪᠤᠳᠤᠯᠭ᠎ᠠ ᠶᠢ ᠲᠤᠭᠲᠠᠭᠠᠨ᠎ᠠ᠃ ᠵᠠᠰᠠᠭ ᠤᠨ ᠤᠷᠳᠤᠨ ᠪᠠ ᠨᠡᠶᠢᠭᠡᠮ ᠤᠨ ᠪᠡᠯᠡ ᠮᠦᠩᠭᠦᠨ ᠤ ᠬᠠᠮᠲᠤᠷᠠᠨ ᠬᠠᠮᠢᠶᠠᠷᠬᠤ ᠠᠵᠢᠯ ᠢ ᠬᠠᠷᠢᠭᠤᠴᠠᠨ᠎ᠠ᠃ ᠵᠠᠰᠠᠭ ᠵᠠᠬᠢᠷᠭᠠᠨ ᠠᠵᠢᠯ ᠦᠢᠯᠡᠰ ᠤᠨ ᠨᠢᠭᠡᠴᠡ ᠶᠢᠨ ᠤᠯᠤᠰ ᠤᠨ ᠦᠮᠴᠢᠯᠡᠯᠲᠤ ᠡᠳ᠋ ᠬᠦᠷᠦᠩᠭᠡ ᠶᠢᠨ ᠬᠠᠮᠢᠶᠠᠷᠤᠯᠲᠠ ᠶᠢᠨ ᠳᠦᠷᠢᠮ ᠲᠤᠭᠲᠠᠭᠠᠯ ᠢ ᠲᠤᠭᠲᠠᠭᠠᠬᠤ ᠪᠠ ᠵᠤᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠡᠷᠭᠦᠨ᠎ᠡ ᠬᠤᠲᠠ ᠶᠢᠨ ᠲᠤᠰ ᠱᠠᠲᠤᠨ ᠤ ᠵᠠᠰᠠᠭ ᠵᠠᠬᠢᠷᠭᠠᠨ ᠠᠵᠢᠯ ᠦᠢᠯᠡᠰ ᠤᠨ ᠨᠢᠭᠡᠴᠡ ᠶᠢᠨ ᠤᠯᠤᠰ ᠤᠨ ᠦᠮᠴᠢᠯᠡᠯᠲᠤ ᠡᠳ᠋ ᠬᠦᠷᠦᠩᠭᠡ ᠶᠢ ᠲᠤᠭᠲᠠᠭᠠᠯ ᠶᠤᠰᠤᠭᠠᠷ ᠬᠠᠮᠢᠶᠠᠷᠤᠨ᠎ᠠ᠃         ︵ᠳᠤᠯᠤᠭ᠎ᠠ︶ ᠡᠷᠭᠦᠨ᠎ᠡ ᠬᠤᠲᠠ ᠶᠢᠨ ᠲᠤᠰ ᠱᠠᠲᠤᠨ ᠤ ᠤᠯᠤᠰ ᠤᠨ ᠦᠮᠴᠢᠯᠡᠯᠲᠤ ᠡᠳ᠋ ᠬᠦᠷᠦᠩᠭᠡ ᠶᠢᠨ ᠡᠵᠡᠩᠨᠡᠯᠲᠡ ᠶᠢᠨ ᠲᠦᠰᠦᠪ ᠪᠠ ᠲᠦᠰᠦᠪ ᠤᠨ ᠭᠦᠢᠴᠡᠳᠭᠡᠯ ᠤᠨ ᠠᠵᠢᠯ ᠢ ᠬᠠᠷᠢᠭᠤᠴᠠᠨ᠎ᠠ᠃ ᠡᠷᠭᠦᠨ᠎ᠡ ᠬᠤᠲᠠ ᠶᠢᠨ ᠲᠤᠰ ᠱᠠᠲᠤᠨ ᠤ ᠤᠯᠤᠰ ᠤᠨ ᠦᠮᠴᠢᠯᠡᠯᠲᠤ ᠡᠳ᠋ ᠬᠦᠷᠦᠩᠭᠡ ᠶᠢᠨ ᠡᠵᠡᠩᠨᠡᠯᠲᠡ ᠶᠢᠨ ᠲᠦᠰᠦᠪ ᠪᠠ ᠲᠦᠰᠦᠪ ᠤᠨ ᠭᠦᠢᠴᠡᠳᠭᠡᠯ ᠤᠨ ᠡᠬᠡ ᠨᠤᠤᠷᠠᠭ ᠢ ᠬᠢᠨᠠᠨ ᠬᠠᠷᠭᠤᠭᠤᠯᠬᠤ ᠪᠠ ᠡᠮᠬᠢᠯᠡᠨ ᠨᠠᠶᠢᠷᠠᠭᠤᠯᠤᠨ᠎ᠠ᠃ ᠤᠯᠤᠰ ᠤᠨ ᠦᠮᠴᠢᠯᠡᠯᠲᠤ ᠡᠳ᠋ ᠬᠦᠷᠦᠩᠭᠡ ᠶᠢᠨ ᠡᠵᠡᠩᠨᠡᠯᠲᠡ ᠶᠢᠨ ᠲᠦᠰᠦᠪ ᠤᠨ ᠳᠦᠷᠢᠮ ᠪᠠ ᠠᠷᠭ᠎ᠠ ᠶᠢ ᠵᠤᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠬᠠᠮᠢᠶ᠎ᠠ ᠪᠦᠬᠦᠢ ᠰᠠᠯᠠᠭ᠎ᠠ ᠮᠦᠴᠢᠷ ᠲᠠᠢ ᠬᠠᠮᠵᠢᠯᠴᠠᠵᠤ᠂ ᠬᠤᠲᠠ ᠶᠢᠨ ᠲᠤᠰ ᠱᠠᠲᠤᠨ ᠤ ᠠᠵᠤ ᠠᠬᠤᠶᠢᠯᠠᠯ ᠤᠨ ᠤᠯᠤᠰ ᠤᠨ ᠦᠮᠴᠢᠯᠡᠯᠲᠤ ᠡᠳ᠋ ᠬᠦᠷᠦᠩᠭᠡ ᠶᠢᠨ ᠠᠰᠢᠭ ᠤᠷᠤᠯᠭ᠎ᠠ ᠶᠢ ᠬᠤᠷᠢᠶᠠᠨ ᠠᠪᠤᠨ᠎ᠠ᠃          ︵ᠨᠠᠢᠮᠠ︶ ᠨᠡᠶᠢᠭᠡᠮ ᠤᠨ ᠳᠠᠭᠠᠳᠬᠠᠯ ᠤᠨ ᠰᠠᠭᠤᠷᠢ ᠮᠦᠩᠭᠦᠨ ᠤ ᠲᠦᠰᠦᠪ ᠪᠠ ᠲᠦᠰᠦᠪ ᠤᠨ ᠭᠦᠢᠴᠡᠳᠭᠡᠯ ᠤᠨ ᠠᠵᠢᠯ ᠢ ᠬᠠᠷᠢᠭᠤᠴᠠᠨ᠎ᠠ᠃ ᠡᠷᠭᠦᠨ᠎ᠡ ᠬᠤᠲᠠ ᠶᠢᠨ ᠨᠡᠶᠢᠭᠡᠮ ᠤᠨ ᠳᠠᠭᠠᠳᠬᠠᠯ ᠤᠨ ᠰᠠᠭᠤᠷᠢ ᠮᠦᠩᠭᠦᠨ ᠤ ᠲᠦᠰᠦᠪ ᠪᠠ ᠲᠦᠰᠦᠪ ᠤᠨ ᠭᠦᠢᠴᠡᠳᠭᠡᠯ ᠤᠨ ᠡᠬᠡ ᠨᠤᠤᠷᠠᠭ ᠢ ᠬᠢᠨᠠᠨ ᠬᠠᠷᠭᠤᠭᠤᠯᠬᠤ ᠪᠠ ᠡᠮᠬᠢᠯᠡᠨ ᠨᠠᠶᠢᠷᠠᠭᠤᠯᠤᠨ᠎ᠠ᠃ ᠬᠤᠯᠪᠤᠭᠳᠠᠯ ᠪᠦᠬᠦᠢ ᠰᠠᠯᠠᠭ᠎ᠠ ᠮᠦᠴᠢᠷ ᠲᠠᠢ ᠬᠠᠮᠵᠢᠯᠴᠠᠵᠤ᠂ ᠬᠠᠮᠢᠶ᠎ᠠ ᠪᠦᠬᠦᠢ ᠪᠡᠯᠡ ᠮᠦᠩᠭᠦᠨ ︵ᠰᠠᠭᠤᠷᠢ ᠮᠦᠩᠭᠦᠨ︶  ᠤ ᠡᠳ᠋ ᠤᠨ ᠶᠠᠪᠤᠳᠠᠯ ᠤᠨ ᠬᠠᠮᠢᠶᠠᠷᠤᠯᠲᠠ ᠶᠢᠨ ᠳᠦᠷᠢᠮ ᠢ ᠲᠤᠭᠲᠠᠭᠠᠨ᠎ᠠ᠃ ᠨᠡᠶᠢᠭᠡᠮ ᠤᠨ ᠳᠠᠭᠠᠳᠬᠠᠯ ᠤᠨ ᠰᠠᠭᠤᠷᠢ ᠮᠦᠩᠭᠦᠨ ᠤ ᠡᠳ᠋ ᠤᠨ ᠵᠠᠰᠠᠭ ᠤᠨ ᠬᠢᠨᠠᠯᠲᠠ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃         ︵ᠶᠢᠰᠦ︶ ᠡᠳ᠋ ᠤᠨ ᠵᠠᠰᠠᠭ ᠤᠨ ᠪᠡᠯᠡ ᠤᠷᠤᠭᠤᠯᠤᠯᠲᠡ ᠶᠢᠨ ᠪᠡᠯᠡ ᠮᠦᠩᠭᠦᠨ ᠤ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃ ᠡᠷᠭᠦᠨ᠎ᠡ ᠬᠤᠲᠠ ᠶᠢᠨ ᠡᠳ᠋ ᠤᠨ ᠵᠠᠰᠠᠭ ᠤᠨ ᠠᠵᠤ ᠠᠬᠤᠢ ᠶᠢᠨ ᠬᠦᠭᠵᠢᠯᠲᠡ ᠶᠢᠨ ᠵᠠᠷᠤᠯᠭ᠎ᠠ᠂ ᠤᠯᠤᠰ᠂ ᠦᠪᠡᠷᠲᠡᠭᠡᠨ ᠵᠠᠰᠠᠬᠤ ᠤᠷᠤᠨ᠂ ᠬᠦᠯᠦᠨ ᠪᠤᠶᠢᠷ ᠬᠤᠲᠠ ᠪᠠ ᠡᠷᠭᠦᠨ᠎ᠡ ᠬᠤᠲᠠ ᠶᠢᠨ ᠵᠠᠰᠠᠭ ᠤᠨ ᠤᠷᠳᠤᠨ ᠤ ᠴᠢᠨᠠᠷᠲᠠᠢ ᠪᠡᠯᠡ ᠤᠷᠤᠭᠤᠯᠤᠯᠲᠡ ᠶᠢᠨ ᠲᠦᠷᠦᠯ ᠵᠦᠢᠯ ᠤᠨ ᠡᠳ᠋ ᠤᠨ ᠵᠠᠰᠠᠭ ᠠᠴᠠ ᠵᠤᠭᠤᠰ ᠰᠢᠯᠵᠢᠭᠦᠯᠦᠨ ᠦᠭᠬᠦ ᠶᠢ ᠭᠦᠢᠴᠡᠳᠭᠡᠬᠦ ᠪᠠ ᠬᠢᠨᠠᠯᠲᠠ ᠲᠠᠯᠪᠢᠨ᠎ᠠ᠃ ᠡᠷᠭᠦᠨ᠎ᠡ ᠬᠤᠲᠠ ᠶᠢᠨ ᠰᠠᠭᠤᠷᠢ ᠪᠦᠲᠦᠭᠡᠨ ᠪᠠᠶᠢᠭᠤᠯᠤᠯᠲᠠ ᠶᠢᠨ ᠪᠡᠯᠡ ᠤᠷᠤᠭᠤᠯᠤᠯᠲᠡ ᠶᠢᠨ ᠬᠠᠮᠢᠶ᠎ᠠ ᠪᠦᠬᠦᠢ ᠲᠦᠷᠦ ᠶᠢᠨ ᠪᠤᠳᠤᠯᠭ᠎ᠠ ᠶᠢ ᠬᠡᠷᠡᠭᠵᠢᠭᠦᠯᠬᠦ ᠳᠤ ᠤᠷᠤᠯᠴᠠᠨ᠎ᠠ᠃ ᠰᠠᠭᠤᠷᠢ ᠪᠦᠲᠦᠭᠡᠨ ᠪᠠᠶᠢᠭᠤᠯᠤᠯᠲᠠ ᠶᠢᠨ ᠡᠳ᠋ ᠤᠨ ᠶᠠᠪᠤᠳᠠᠯ ᠤᠨ ᠳᠦᠷᠢᠮ ᠢ ᠲᠤᠭᠤᠰᠢᠯᠠᠭᠤᠯᠤᠨ ᠨᠠᠶᠢᠳᠠᠪᠤᠷᠢᠵᠢᠭᠤᠯᠤᠨ᠎ᠠ᠃        ︵ᠠᠷᠪᠠ︶ ᠪᠦᠬᠦ ᠬᠤᠲᠠ ᠶᠢᠨ ᠨᠢᠭᠲᠠᠯᠠᠨ ᠪᠤᠳᠤᠬᠤ ᠠᠵᠢᠯ ᠢ ᠬᠠᠷᠢᠭᠤᠴᠠᠨ᠎ᠠ᠃ ᠨᠢᠭᠲᠠᠯᠠᠨ ᠪᠤᠳᠤᠬᠤ ᠦᠢᠯᠡ ᠠᠵᠢᠯᠯᠠᠭ᠎ᠠ ᠳᠤ ᠬᠢᠨᠠᠯᠲᠠ ᠲᠠᠯᠪᠢᠬᠤ ᠪᠠ ᠳᠦᠷᠢᠮᠵᠢᠭᠦᠯᠦᠨ᠎ᠡ᠃ ᠤᠯᠤᠰ ᠪᠠ ᠦᠪᠡᠷᠲᠡᠭᠡᠨ ᠵᠠᠰᠠᠬᠤ ᠤᠷᠤᠨ ᠤ ᠨᠢᠭᠲᠠᠯᠠᠨ ᠪᠤᠳᠤᠬᠤ ᠬᠠᠤᠯᠢ ᠳᠦᠷᠢᠮ ᠢ ᠲᠤᠤᠱᠯᠠᠭᠤᠯᠤᠨ ᠨᠠᠶᠢᠳᠠᠪᠤᠷᠢᠵᠢᠭᠤᠯᠤᠨ᠎ᠠ᠃ ᠪᠦᠬᠦ ᠬᠤᠲᠠ ᠶᠢᠨ ᠡᠳ᠋ ᠤᠨ ᠵᠠᠰᠠᠭ᠂ ᠡᠳ᠋ ᠤᠨ ᠶᠠᠪᠤᠳᠠᠯ᠂ ᠨᠢᠭᠲᠠᠯᠠᠨ ᠪᠤᠳᠤᠬᠤ ᠬᠠᠮᠢᠶᠠᠷᠤᠯᠲᠠ ᠶᠢᠨ ᠳᠦᠷᠢᠮ ᠲᠤᠭᠲᠠᠭᠠᠯ ᠢ ᠬᠡᠷᠡᠭᠵᠢᠭᠦᠯᠬᠦ ᠳᠤ ᠬᠢᠨᠠᠯᠲᠠ ᠲᠠᠯᠪᠢᠨ᠎ᠠ᠃ ᠦᠪᠡᠷᠲᠡᠭᠡᠨ ᠵᠠᠰᠠᠬᠤ ᠤᠷᠤᠨ ᠢ ᠬᠠᠪᠰᠤᠷᠴᠤ᠂ ᠪᠦᠬᠦ ᠬᠤᠲᠠ ᠶᠢᠨ ᠳᠠᠩᠰᠠᠯᠠᠭᠤᠯᠤᠭᠰᠠᠨ ᠨᠢᠭᠲᠠᠯᠠᠨ ᠪᠤᠳᠤᠭᠴᠢ ᠪᠤᠯᠤᠨ ᠨᠢᠭᠲᠠᠯᠠᠨ ᠪᠤᠳᠤᠭᠴᠢ ᠶᠢᠨ ᠬᠡᠷᠡᠭ ᠡᠷᠬᠢᠯᠡᠬᠦ ᠭᠠᠵᠠᠷ ᠵᠢᠴᠢ ᠡᠳ᠋ ᠬᠦᠷᠦᠩᠭᠡ ᠶᠢᠨ ᠦᠨᠡᠯᠡᠯᠲᠡ ᠶᠢᠨ ᠬᠤᠯᠪᠤᠭᠳᠠᠯ ᠪᠦᠬᠦᠢ ᠠᠵᠢᠯ ᠢ ᠵᠢᠭᠠᠨ ᠵᠢᠯᠤᠭᠤᠳᠤᠨ᠎ᠠ᠃         ︵ᠠᠷᠪᠠᠨ ᠨᠢᠭᠡ︶ ᠡᠳ᠋ ᠤᠨ ᠵᠠᠰᠠᠭ ᠭᠠᠶᠢᠯᠢ ᠶᠢᠨ ᠲᠤᠬᠠᠢ ᠬᠠᠤᠯᠢ ᠳᠦᠷᠢᠮ ᠪᠠ ᠲᠦᠷᠦ ᠶᠢᠨ ᠪᠤᠳᠤᠯᠭ᠎ᠠ ᠶᠢ ᠬᠡᠷᠡᠭᠵᠢᠭᠦᠯᠵᠦ ᠪᠠᠶᠢᠭ᠎ᠠ ᠪᠠᠶᠢᠳᠠᠯ ᠢ ᠬᠢᠨᠠᠨ ᠪᠠᠶᠢᠴᠠᠭᠠᠨ᠎ᠠ᠃ ᠡᠳ᠋ ᠤᠨ ᠵᠠᠰᠠᠭ ᠤᠨ ᠤᠷᠤᠯᠭ᠎ᠠ ᠵᠠᠷᠤᠯᠭ᠎ᠠ ᠶᠢᠨ ᠬᠠᠮᠢᠶᠠᠷᠤᠯᠲᠠ ᠳᠤ ᠤᠷᠤᠰᠢᠵᠦ ᠪᠠᠶᠢᠭ᠎ᠠ ᠬᠦᠨᠳᠦ ᠶᠡᠭᠡ ᠠᠰᠠᠭᠤᠳᠠᠯ ᠢ ᠳᠤᠰᠬᠠᠨ᠎ᠠ᠃ ᠳᠤᠲᠤᠭᠠᠲᠤ ᠶᠢᠨ ᠡᠵᠡᠮᠳᠡᠯ ᠢ ᠱᠠᠯᠠᠪᠳᠠᠭᠤᠯᠤᠨ ᠵᠢᠯᠤᠭᠤᠳᠬᠤ ᠪᠠ ᠳᠦᠷᠢᠮᠵᠢᠭᠦᠯᠦᠨ᠎ᠡ᠃ ᠡᠳ᠋ ᠤᠨ ᠵᠠᠰᠠᠭ ᠤᠨ ᠬᠠᠮᠢᠶᠠᠷᠤᠯᠲᠠ ᠶᠢ ᠴᠢᠩᠭᠠᠳᠬᠠᠬᠤ ᠲᠦᠷᠦ ᠶᠢᠨ ᠪᠤᠳᠤᠯᠭ᠎ᠠ ᠪᠤᠯᠤᠨ ᠰᠠᠨᠠᠭᠤᠯᠭ᠎ᠠ ᠶᠢ ᠳᠤᠷᠠᠳᠤᠨ᠎ᠠ᠃ ᠲᠦᠰᠦᠪ ᠪᠠ ᠦᠷ᠎ᠡ ᠪᠦᠲᠦᠮᠵᠢ ᠶᠢᠨ ᠬᠠᠮᠢᠶᠠᠷᠤᠯᠲᠠ ᠶᠢᠨ ᠬᠤᠯᠪᠤᠭᠳᠠᠯ ᠪᠦᠬᠦᠢ ᠠᠵᠢᠯ ᠢ ᠵᠤᠬᠢᠶᠠᠨ ᠪᠠᠶᠢᠭᠤᠯᠤᠨ ᠦᠷᠨᠢᠭᠦᠯᠦᠨ᠎ᠡ᠃         ︵ᠠᠷᠪᠠᠨ ᠬᠤᠶᠠᠷ︶ ᠵᠠᠰᠠᠭ ᠵᠠᠬᠢᠷᠭᠠᠨ ᠠᠵᠢᠯ ᠦᠢᠯᠡᠰ ᠤᠨ ᠨᠢᠭᠡᠴᠡ ᠶᠢᠨ ᠤᠯᠤᠰ ᠤᠨ ᠦᠮᠴᠢᠯᠡᠯᠲᠤ ᠡᠳ᠋ ᠬᠦᠷᠦᠩᠭᠡ ᠶᠢᠨ ᠬᠢᠨᠠᠯᠲᠠ ᠬᠠᠮᠢᠶᠠᠷᠤᠯᠲᠠ ᠶᠢᠨ ᠳᠦᠷᠢᠮ ᠢ ᠲᠤᠭᠲᠠᠭᠠᠵᠤ᠂ ᠤᠯᠤᠰ ᠤᠨ ᠦᠮᠴᠢᠯᠡᠯᠲᠤ ᠠᠵᠤ ᠠᠬᠤᠶᠢᠯᠠᠯ ᠤᠨ ᠦᠭᠡᠷᠡᠴᠢᠯᠡᠯᠲᠡ ᠶᠢᠨ ᠲᠦᠷᠦ ᠶᠢᠨ ᠪᠤᠳᠤᠯᠭ᠎ᠠ ᠶᠢᠨ ᠳᠤᠮᠳᠡᠬᠢ ᠡᠳ᠋ ᠤᠨ ᠵᠠᠰᠠᠭ᠂ ᠡᠳ᠋ ᠤᠨ ᠶᠠᠪᠤᠳᠠᠯ ᠢ ᠬᠢᠨᠠᠨ ᠬᠠᠮᠢᠶᠠᠷᠬᠤ ᠵᠡᠷᠭᠡ ᠬᠤᠯᠪᠤᠭᠳᠠᠯ ᠪᠦᠬᠦᠢ ᠠᠵᠢᠯ ᠢ ᠬᠠᠷᠢᠭᠤᠴᠠᠨ᠎ᠠ᠃ ᠡᠷᠭᠦᠨ᠎ᠡ ᠬᠤᠲᠠ ᠶᠢᠨ ᠲᠤᠰ ᠱᠠᠲᠤᠨ ᠤ ᠤᠯᠤᠰ ᠤᠨ ᠦᠮᠴᠢᠯᠡᠯᠲᠤ ᠪᠡᠯᠡ ᠮᠦᠩᠭᠦᠨ ᠤ ᠡᠵᠡᠩᠨᠡᠯᠲᠡ ᠶᠢᠨ ᠲᠦᠰᠦᠪ ᠤᠨ ᠳᠦᠷᠢᠮ ᠢ ᠲᠤᠭᠲᠠᠭᠠᠨ᠎ᠠ᠃ ᠪᠦᠬᠦ ᠬᠤᠲᠠ ᠶᠢᠨ ᠤᠯᠤᠰ ᠤᠨ ᠦᠮᠴᠢᠯᠡᠯᠲᠤ ᠪᠡᠯᠡ ᠮᠦᠩᠭᠦᠨ ᠤ ᠡᠵᠡᠩᠨᠡᠯᠲᠡ ᠶᠢᠨ ᠲᠦᠰᠦᠪ ᠤᠨ ᠳᠦᠷᠢᠮ ᠢ ᠬᠡᠷᠡᠭᠵᠢᠭᠦᠯᠬᠦ ᠶᠢ ᠵᠢᠯᠤᠭᠤᠳᠤᠨ᠎ᠠ᠃ ᠡᠷᠭᠦᠨ᠎ᠡ ᠬᠤᠲᠠ ᠶᠢᠨ ᠲᠤᠰ ᠱᠠᠲᠤᠨ ᠤ ᠰᠢᠭᠤᠳ ᠬᠠᠷᠢᠶ᠎ᠠ ᠤᠯᠤᠰ ᠤᠨ ᠦᠮᠴᠢᠯᠡᠯᠲᠤ ᠠᠵᠤ ᠠᠬᠤᠶᠢᠯᠠᠯ ᠤᠨ ᠤᠯᠤᠰ ᠠᠴᠠ ᠦᠮᠴᠢᠯᠡᠵᠦ ᠪᠠᠶᠢᠭ᠎ᠠ ᠪᠡᠯᠡ ᠮᠦᠩᠭᠦᠨ ᠤ ᠡᠵᠡᠩᠨᠡᠯᠲᠡ ᠶᠢᠨ ᠲᠦᠰᠦᠪ ᠤᠨ ᠳᠦᠷᠢᠮ ᠢ ᠬᠡᠷᠡᠭᠵᠢᠭᠦᠯᠦᠨ᠎ᠡ᠃ ᠤᠯᠤᠰ ᠤᠨ ᠦᠮᠴᠢᠯᠡᠯᠲᠤ ᠪᠡᠯᠡ ᠮᠦᠩᠭᠦᠨ ᠤ ᠡᠵᠡᠩᠨᠡᠯᠲᠡ ᠶᠢᠨ ᠲᠦᠰᠦᠪ ᠤᠨ ᠡᠬᠡ ᠨᠤᠤᠷᠠᠭ ᠢ ᠨᠠᠶᠢᠷᠠᠭᠤᠯᠤᠨ᠂ ᠳᠡᠭᠡᠭᠰᠢ ᠮᠡᠳᠡᠭᠦᠯᠦᠨ᠎ᠡ᠃ ᠤᠯᠤᠰ ᠤᠨ ᠦᠮᠴᠢᠯᠡᠯᠲᠤ ᠪᠡᠯᠡ ᠮᠦᠩᠭᠦᠨ ᠤ ᠠᠰᠢᠭ ᠤᠷᠤᠯᠭ᠎ᠠ ᠶᠢ ᠬᠤᠷᠢᠶᠠᠨ ᠠᠪᠬᠤ ᠶᠢ ᠬᠢᠨᠠᠨ᠎ᠠ᠃ ᠠᠵᠤ ᠠᠬᠤᠶᠢᠯᠠᠯ ᠤᠨ ᠤᠯᠤᠰ ᠤᠨ ᠦᠮᠴᠢᠯᠡᠯᠲᠤ ᠡᠳ᠋ ᠬᠦᠷᠦᠩᠭᠡ ᠶᠢ ᠬᠢᠨᠠᠨ ᠬᠠᠮᠢᠶᠠᠷᠬᠤ᠂ ᠤᠯᠤᠰ ᠤᠨ ᠦᠮᠴᠢᠯᠡᠯᠲᠤ ᠠᠵᠤ ᠠᠬᠤᠶᠢᠯᠠᠯ ᠤᠨ ᠦᠭᠡᠷᠡᠴᠢᠯᠡᠯᠲᠡ ᠶᠢᠨ ᠲᠦᠷᠦ ᠶᠢᠨ ᠪᠤᠳᠤᠯᠭ᠎ᠠ ᠶᠢ ᠲᠤᠭᠲᠠᠭᠠᠬᠤ ᠪᠠ ᠲᠤᠭᠤᠰᠢᠯᠠᠭᠤᠯᠤᠨ᠎ᠠ᠃ ᠪᠡᠯᠡ ᠭᠠᠷᠭᠠᠭᠰᠠᠨ ᠠᠵᠤ ᠠᠬᠤᠶᠢᠯᠠᠯ ᠢ ᠵᠤᠬᠢᠶᠠᠨ ᠪᠠᠶᠢᠭᠤᠯᠵᠤ᠂ ᠤᠯᠤᠰ ᠦᠮᠴᠢᠯᠡᠯᠲᠤ ᠪᠡᠯᠡ ᠮᠦᠩᠭᠦᠨ ᠤ ᠠᠰᠢᠭ ᠤᠷᠤᠯᠭ᠎ᠠ ᠶᠢ ᠳᠡᠭᠡᠭᠰᠢ ᠲᠤᠰᠢᠶᠠᠨ᠎ᠠ᠃ ᠡᠷᠭᠦᠨ᠎ᠡ ᠬᠤᠲᠠ ᠶᠢᠨ ᠲᠤᠰ ᠱᠠᠲᠤᠨ ᠤ ᠤᠯᠤᠰ ᠤᠨ ᠦᠮᠴᠢᠯᠡᠯᠲᠤ ᠪᠡᠯᠡ ᠮᠦᠩᠭᠦᠨ ᠤ ᠡᠵᠡᠩᠨᠡᠯᠲᠡ ᠶᠢᠨ ᠲᠦᠰᠦᠪ ᠤᠨ ᠬᠠᠮᠢᠶ᠎ᠠ ᠪᠦᠬᠦᠢ ᠬᠠᠮᠢᠶᠠᠷᠤᠯᠲᠠ ᠶᠢᠨ ᠳᠦᠷᠢᠮ ᠪᠠ ᠠᠷᠭ᠎ᠠ ᠶᠢ ᠰᠤᠳᠤᠯᠤᠨ ᠲᠤᠭᠲᠠᠭᠠᠬᠤ ᠳᠤ ᠤᠷᠤᠯᠴᠠᠨ᠎ᠠ᠃ ᠬᠠᠮᠢᠶ᠎ᠠ ᠪᠦᠬᠦᠢ ᠲᠤᠭᠲᠠᠭᠠᠯ ᠶᠤᠰᠤᠭᠠᠷ᠂ ᠪᠡᠯᠡ ᠭᠠᠷᠭᠠᠭᠰᠠᠨ ᠠᠵᠤ ᠠᠬᠤᠶᠢᠯᠠᠯ ᠤᠨ ᠤᠯᠤᠰ ᠤᠨ ᠦᠮᠴᠢᠯᠡᠯᠲᠤ ᠪᠡᠯᠡ ᠮᠦᠩᠭᠦᠨ ᠤ ᠡᠵᠡᠩᠨᠡᠯᠲᠡ ᠶᠢᠨ ᠲᠦᠰᠦᠪ ᠪᠠ ᠲᠦᠰᠦᠪ ᠤᠨ ᠭᠦᠢᠴᠡᠳᠭᠡᠯ ᠢ ᠨᠠᠶᠢᠷᠠᠭᠤᠯᠤᠨ ᠮᠡᠳᠡᠭᠦᠯᠬᠦ ᠠᠵᠢᠯ ᠢ ᠬᠠᠷᠢᠭᠤᠴᠠᠨ᠎ᠠ᠃         ︵ᠠᠷᠪᠠᠨ ᠭᠤᠷᠪᠠ︶ ᠤᠯᠤᠰ᠂ ᠦᠪᠡᠷᠲᠡᠭᠡᠨ ᠵᠠᠰᠠᠬᠤ ᠤᠷᠤᠨ ᠪᠠ ᠬᠦᠯᠦᠨ ᠪᠤᠶᠢᠷ ᠬᠤᠲᠠ ᠶᠢᠨ ᠮᠦᠩᠭᠦᠨ ᠭᠦᠢᠯᠭᠡᠭᠡᠨ ᠤ ᠠᠵᠢᠯ ᠤᠨ ᠲᠤᠬᠠᠢ ᠬᠠᠤᠯᠢ ᠴᠠᠭᠠᠵᠠ ᠬᠠᠤᠯᠢ ᠳᠦᠷᠢᠮ ᠵᠢᠴᠢ ᠬᠠᠮᠢᠶ᠎ᠠ ᠪᠦᠬᠦᠢ ᠲᠦᠷᠦ ᠶᠢᠨ ᠪᠤᠳᠤᠯᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠤᠨ᠎ᠠ᠃ ᠪᠦᠬᠦ ᠬᠤᠲᠠ ᠶᠢᠨ ᠮᠦᠩᠭᠦᠨ ᠭᠦᠢᠯᠭᠡᠭᠡᠨ ᠤ ᠬᠠᠨᠳᠤᠰᠢ ᠪᠠ ᠮᠦᠩᠭᠦᠨ ᠭᠦᠢᠯᠭᠡᠭᠡᠨ ᠤ ᠠᠵᠢᠯᠯᠠᠭᠠᠨ ᠤ ᠪᠠᠶᠢᠳᠠᠯ ᠢ ᠰᠤᠳᠤᠯᠤᠨ ᠵᠠᠳᠠᠯᠤᠨ᠎ᠠ᠃ ᠪᠦᠬᠦ ᠬᠤᠲᠠ ᠶᠢᠨ ᠮᠦᠩᠭᠦᠨ ᠭᠦᠢᠯᠭᠡᠭᠡᠨ ᠤ ᠦᠢᠯᠡᠰ ᠤᠨ ᠬᠦᠭᠵᠢᠯᠲᠡ ᠶᠢᠨ ᠶᠡᠷᠦᠩᠬᠡᠢ ᠲᠦᠯᠦᠪᠵᠢᠭᠦᠯᠭᠡ ᠪᠤᠯᠤᠨ ᠲᠦᠷᠦ ᠶᠢᠨ ᠪᠤᠳᠤᠯᠭ᠎ᠠ ᠠᠷᠭ᠎ᠠ ᠬᠡᠮᠵᠢᠶ᠎ᠡ ᠶᠢ ᠲᠤᠭᠲᠠᠭᠠᠬᠤ ᠮᠦᠷᠲᠡᠭᠡᠨ ᠵᠤᠬᠢᠶᠠᠨ ᠪᠠᠶᠢᠭᠤᠯᠤᠨ ᠬᠡᠷᠡᠭᠵᠢᠭᠦᠯᠦᠨ᠎ᠡ᠃         ︵ᠠᠷᠪᠠᠨ ᠳᠦᠷᠪᠡ︶ ᠤᠷᠤᠨ ᠨᠤᠲᠤᠭ ᠤᠨ ᠮᠦᠩᠭᠦᠨ ᠭᠦᠢᠯᠭᠡᠭᠡᠨ ᠤ ᠰᠢᠰᠲ᠋ᠧᠮ ᠢ ᠪᠠᠶᠢᠭᠤᠯᠤᠨ ᠲᠡᠭᠦᠯᠳᠡᠷᠵᠢᠭᠦᠯᠦᠨ᠎ᠡ᠃ ᠬᠠᠮᠢᠶ᠎ᠠ ᠪᠦᠬᠦᠢ ᠰᠠᠯᠠᠭ᠎ᠠ ᠮᠦᠴᠢᠷ  ᠲᠠᠢ ᠬᠠᠮᠵᠢᠯᠴᠠᠵᠤ᠂ ᠪᠦᠬᠦ ᠬᠤᠲᠠ ᠶᠢᠨ ᠮᠦᠩᠭᠦᠨ ᠭᠦᠢᠯᠭᠡᠭᠡᠨ ᠤ ᠦᠢᠯᠡᠰ ᠤᠨ ᠬᠦᠭᠵᠢᠯᠲᠡ ᠳᠤ ᠵᠤᠬᠢᠴᠠᠩᠭᠤᠢ ᠦᠢᠯᠡᠴᠢᠯᠡᠨ᠎ᠡ᠃ ᠤᠷᠤᠨ ᠨᠤᠲᠤᠭ ᠤᠨ ᠮᠦᠩᠭᠦᠨ ᠭᠦᠢᠯᠭᠡᠭᠡᠨ ᠤ ᠦᠢᠯᠡᠰ ᠤᠨ ᠦᠭᠡᠷᠡᠴᠢᠯᠡᠯᠲᠡ ᠶᠢ ᠭᠦᠨᠵᠡᠭᠡᠶᠢᠷᠡᠭᠦᠯᠬᠦ ᠪᠠ ᠰᠢᠨ᠎ᠡ ᠶᠢ ᠡᠭᠦᠳᠴᠦ ᠬᠦᠭᠵᠢᠭᠦᠯᠦᠨ᠎ᠡ᠃ ᠮᠦᠩᠭᠦᠨ ᠭᠦᠢᠯᠭᠡᠭᠡᠨ ᠤ ᠦᠢᠯᠡᠴᠢᠯᠡᠭᠡᠨ ᠤ ᠪᠤᠲᠠᠲᠤ ᠴᠤᠭᠴᠠ ᠶᠢᠨ ᠠᠵᠤ ᠠᠬᠤᠢ ᠶᠢᠨ ᠴᠢᠳᠠᠪᠬᠢ ᠶᠢ ᠴᠢᠩᠭᠠᠳᠬᠠᠨ᠎ᠠ᠃ ᠮᠦᠩᠭᠦᠨ ᠭᠦᠢᠯᠭᠡᠭᠡᠨ ᠤ ᠬᠤᠳᠠᠯᠳᠤᠭ᠎ᠠ ᠡᠵᠡᠩᠨᠡᠬᠦ ᠤᠷᠴᠢᠨ ᠢ ᠰᠢᠯᠢᠳᠡᠭᠵᠢᠭᠦᠯᠦᠨ᠎ᠡ᠃        ︵ᠠᠷᠪᠠᠨ ᠲᠠᠪᠤ︶ ᠪᠦᠬᠦ ᠬᠤᠲᠠ ᠶᠢᠨ ᠲᠦᠭᠡᠮᠡᠯ ᠬᠦᠷᠲᠡᠭᠡᠬᠦ ᠮᠦᠩᠭᠦᠨ ᠭᠦᠢᠯᠭᠡᠭᠡᠨ ᠤ ᠰᠢᠰᠲ᠋ᠧᠮ ᠤᠨ ᠪᠦᠲᠦᠭᠡᠨ ᠪᠠᠶᠢᠭᠤᠯᠤᠯᠲᠠ ᠶᠢ ᠲᠦᠯᠬᠢᠨ ᠠᠬᠢᠭᠤᠯᠤᠨ᠎ᠠ᠃《 ᠬᠦᠳᠡᠭᠡ ᠲᠤᠰᠬᠤᠨ ᠲᠠᠷᠢᠶᠠᠯᠠᠩ ᠲᠠᠷᠢᠶᠠᠴᠢᠨ ᠪᠠ ᠮᠠᠯᠵᠢᠬᠤ ᠤᠷᠤᠨ ᠮᠠᠯ ᠠᠵᠤ ᠠᠬᠤᠢ ᠮᠠᠯᠴᠢᠨ 》᠂《 ᠪᠠᠭ᠎ᠠ ᠪᠢᠴᠢᠯ ᠠᠵᠤ ᠠᠬᠤᠶᠢᠯᠠᠯ》 ᠤᠨ ᠮᠦᠩᠭᠦᠨ ᠭᠦᠢᠯᠭᠡᠭᠡᠨ ᠤ ᠦᠢᠯᠡᠴᠢᠯᠡᠭᠡᠨ ᠤ ᠰᠢᠰᠲ᠋ᠧᠮ ᠢ ᠪᠠᠶᠢᠭᠤᠯᠤᠨ ᠬᠦᠭᠵᠢᠭᠦᠯᠦᠨ᠎ᠡ᠃         ︵ᠠᠷᠪᠠᠨ ᠵᠢᠷᠭᠤᠭ᠎ᠠ︶ ᠤᠯᠠᠨ ᠳᠡᠰ ᠳᠠᠪᠬᠤᠷᠭ᠎ᠠ ᠶᠢᠨ ᠪᠡᠯᠡ ᠮᠦᠩᠭᠦᠨ ᠤ ᠵᠠᠭ᠎ᠠ ᠳᠡᠯᠭᠡᠭᠦᠷ ᠤᠨ ᠬᠦᠭᠵᠢᠯᠲᠡ ᠶᠢ ᠠᠬᠢᠭᠤᠯᠤᠨ᠎ᠠ᠃ ᠪᠦᠬᠦ ᠬᠤᠲᠠ ᠶᠢᠨ ᠠᠵᠤ ᠠᠬᠤᠶᠢᠯᠠᠯ ᠤᠨ ᠪᠡᠯᠡ ᠮᠦᠩᠭᠦ ᠴᠤᠭᠯᠠᠭᠤᠯᠬᠤ ᠠᠵᠢᠯ ᠢ ᠵᠢᠯᠤᠭᠤᠳᠤᠨ᠎ᠠ᠃ ᠠᠵᠤ ᠠᠬᠤᠶᠢᠯᠠᠯ ᠤᠨ ᠵᠠᠬ᠎ᠠ ᠳᠡᠯᠭᠡᠭᠦᠷ ᠲᠤ ᠭᠠᠷᠬᠤ ᠫᠠᠶᠢᠰᠠ ᠡᠯᠭᠦᠬᠦ᠂ ᠵᠢᠭᠡᠯᠡᠯᠭᠡ ᠶᠢᠨ ᠲᠡᠮᠲᠡᠭᠲᠦ ᠲᠠᠷᠬᠠᠭᠠᠨ ᠪᠡᠯᠡ ᠮᠦᠩᠭᠦ ᠴᠤᠭᠯᠠᠭᠤᠯᠬᠤ᠂ ᠬᠤᠳᠠᠯᠳᠤᠨ ᠠᠪᠴᠤ ᠳᠠᠬᠢᠨ ᠪᠦᠯᠦᠭᠯᠡᠬᠦ᠂ ᠳᠠᠬᠢᠨ ᠪᠡᠯᠡ ᠴᠤᠭᠯᠠᠭᠤᠯᠬᠤ ᠵᠡᠷᠭᠡ ᠠᠵᠢᠯ ᠢ ᠵᠤᠬᠢᠴᠠᠭᠤᠯᠤᠨ᠎ᠠ᠃ ᠦᠢᠯᠡᠰ ᠪᠤᠰᠬᠠᠬᠤ ᠪᠡᠯᠡ ᠤᠷᠤᠭᠤᠯᠤᠯᠲᠡ ᠶᠢᠨ ᠰᠠᠭᠤᠷᠢ ᠮᠦᠩᠭᠦ᠂ ᠰᠲ᠋ᠤᠺ ᠤᠨ ᠡᠷᠬᠡ ᠪᠠᠷ ᠢᠶᠠᠨ ᠪᠡᠯᠡ ᠤᠷᠤᠭᠤᠯᠬᠤ ᠰᠠᠭᠤᠷᠢ ᠮᠦᠩᠭᠦ ᠶᠢ ᠳᠦᠷᠢᠮᠵᠢᠭᠦᠯᠦᠨ ᠬᠦᠭᠵᠢᠭᠦᠯᠦᠨ᠎ᠡ ᠃         ︵ᠠᠷᠪᠠᠨ ᠳᠤᠯᠤᠭ᠎ᠠ︶ ᠪᠠᠭ᠎ᠠ ᠲᠤᠭᠠᠨ ᠤ ᠵᠢᠭᠡᠯᠡᠯᠭᠡ ᠶᠢᠨ ᠺᠤᠮᠫᠠᠨᠢ᠂ ᠪᠡᠯᠡ ᠴᠤᠭᠯᠠᠭᠤᠯᠬᠤ ᠳᠠᠭᠠᠭᠠᠯᠲᠠᠲᠤ ᠺᠤᠮᠫᠠᠨᠢ᠂ ᠤᠷᠤᠨ ᠪᠦᠰᠡ ᠶᠢᠨ ᠴᠢᠨᠠᠷᠲᠠᠢ ᠰᠲ᠋ᠤᠺ ᠤᠨ ᠡᠷᠬᠡ ᠶᠢᠨ ᠵᠠᠬ᠎ᠠ ᠳᠡᠯᠭᠡᠭᠦᠷ᠂ ᠳᠠᠨᠵᠢ ᠶᠢᠨ ᠠᠷᠠᠯᠵᠢᠶ᠎ᠠ᠂ ᠪᠡᠯᠡ ᠴᠤᠭᠯᠠᠭᠤᠯᠬᠤ ᠳᠦᠷᠢᠶᠡᠰᠦᠯᠡᠬᠦ ᠺᠤᠮᠫᠠᠨᠢ᠂ ᠬᠤᠳᠠᠯᠳᠤᠭᠠᠨ ᠤ ᠪᠠᠲᠤᠯᠠᠵᠤ ᠠᠬᠤᠶᠢᠯᠠᠬᠤ ᠺᠤᠮᠫᠠᠨᠢ᠂ ᠤᠷᠤᠨ ᠨᠤᠲᠤᠭ ᠤᠨ ᠮᠦᠩᠭᠦᠨ ᠭᠦᠢᠯᠭᠡᠭᠡᠨ ᠤ ᠡᠳ᠋ ᠬᠦᠷᠦᠩᠭᠡ ᠶᠢᠨ ᠬᠠᠮᠢᠶᠠᠷᠤᠯᠲᠠ ᠶᠢᠨ ᠺᠤᠮᠫᠠᠨᠢ ᠶᠢ ᠨᠠᠶᠢᠳᠠᠯᠭ᠎ᠠ ᠶᠤᠰᠤᠭᠠᠷ ᠬᠢᠨᠠᠨ ᠬᠠᠮᠢᠶᠠᠷᠤᠨ᠎ᠠ᠃         ︵ᠠᠷᠪᠠᠨ ᠨᠠᠢᠮᠠ︶ ᠡᠷᠬᠡ ᠠᠰᠢᠭ ᠤᠨ ᠬᠡᠯᠪᠡᠷᠢ ᠪᠠ ᠭᠡᠷ᠎ᠡ ᠶᠢᠨ ᠬᠡᠯᠪᠡᠷᠢ ᠶᠢᠨ ᠰᠤᠯᠢᠯᠴᠠᠭᠠᠨ ᠤ ᠲᠠᠯᠠᠪᠤᠷ ᠢ ᠨᠠᠶᠢᠳᠠᠯᠭ᠎ᠠ ᠶᠤᠰᠤᠭᠠᠷ ᠬᠢᠨᠠᠨ ᠬᠠᠮᠢᠶᠠᠷᠤᠨ᠎ᠠ᠃ ᠰᠦᠯᠵᠢᠶᠡᠨ ᠤ ᠵᠢᠭᠡᠯᠡᠯᠭᠡ ᠶᠢᠨ ᠮᠡᠳᠡᠭᠡ ᠵᠠᠩᠭᠢ ᠶᠢᠨ ᠵᠠᠭᠤᠴᠢ ᠪᠠᠶᠢᠭᠤᠯᠭ᠎ᠠ ᠶᠢ ᠨᠠᠶᠢᠳᠠᠯᠭ᠎ᠠ ᠶᠤᠰᠤᠭᠠᠷ ᠬᠢᠨᠠᠨ ᠬᠠᠮᠢᠶᠠᠷᠤᠨ᠎ᠠ᠃ ᠪᠡᠯᠡ ᠤᠷᠤᠭᠤᠯᠤᠯᠲᠡ ᠶᠢᠨ ᠺᠤᠮᠫᠠᠨᠢ᠂ ᠮᠠᠯᠴᠢᠨ ᠲᠠᠷᠢᠶᠠᠴᠢᠨ ᠤ ᠲᠤᠰᠬᠠᠶᠢᠵᠢᠭᠰᠠᠨ ᠬᠤᠷᠰᠢᠶᠠᠵᠢᠯ᠂ ᠨᠡᠶᠢᠭᠡᠮ ᠨᠡᠶᠢᠲᠡ ᠪᠠᠷ ᠢᠶᠠᠨ ᠪᠡᠯᠡ ᠴᠤᠭᠯᠠᠭᠤᠯᠬᠤ ᠪᠠᠶᠢᠭᠤᠯᠭ᠎ᠠ ᠶᠢ ᠨᠠᠶᠢᠳᠠᠯᠭ᠎ᠠ ᠶᠤᠰᠤᠭᠠᠷ ᠬᠢᠨᠠᠨ ᠬᠠᠮᠢᠶᠠᠷᠬᠤ ᠪᠠᠨ ᠴᠢᠩᠭᠠᠳᠬᠠᠨ᠎ᠠ᠃         ︵ᠠᠷᠪᠠᠨ ᠶᠢᠰᠦ︶ ᠮᠦᠩᠭᠦᠨ ᠭᠦᠢᠯᠭᠡᠭᠡᠨ ᠤ ᠭᠠᠳᠠᠭᠠᠲᠤ ᠬᠠᠮᠲᠤᠷᠠᠯᠴᠠᠭ᠎ᠠ ᠶᠢ ᠬᠠᠷᠢᠭᠤᠴᠠᠨ᠎ᠠ᠃ ᠮᠦᠩᠭᠦᠨ ᠭᠦᠢᠯᠭᠡᠭᠡᠨ ᠤ ᠤᠷᠤᠨ ᠪᠦᠰᠡ ᠶᠢᠨ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠦᠨ᠎ᠡ᠃ ᠤᠷᠤᠨ ᠨᠤᠲᠤᠭ ᠤᠨ ᠠᠷᠠᠳ ᠤᠨ ᠵᠠᠰᠠᠭ ᠤᠨ ᠤᠷᠳᠤᠨ ᠪᠤᠯᠤᠨ ᠮᠦᠩᠭᠦᠨ ᠭᠦᠢᠯᠭᠡᠭᠡᠨ ᠤ ᠪᠠᠶᠢᠭᠤᠯᠭ᠎ᠠ ᠶᠢᠨ ᠬᠤᠭᠤᠷᠤᠨᠳᠡᠬᠢ ᠪᠠᠶᠢᠯᠳᠤᠬᠤ ᠪᠤᠳᠤᠯᠭ᠎ᠠ ᠶᠢᠨ ᠬᠠᠮᠲᠤᠷᠠᠯᠴᠠᠭ᠎ᠠ ᠶᠢ ᠨᠢᠭᠡᠲᠦᠯᠲᠡᠢ ᠵᠤᠬᠢᠴᠠᠭᠤᠯᠤᠨ᠎ᠠ᠃ ᠮᠦᠩᠭᠦᠨ ᠭᠦᠢᠯᠭᠡᠭᠡᠨ ᠤ ᠰᠢᠰᠲ᠋ᠧᠮ ᠤᠨ ᠴᠢᠳᠠᠪᠤᠷᠢᠲᠠᠨ ᠤ ᠡᠩᠨᠡᠭᠡ ᠶᠢᠨ ᠪᠦᠲᠦᠭᠡᠨ ᠪᠠᠶᠢᠭᠤᠯᠤᠯᠲᠠ ᠶᠢ ᠠᠬᠢᠭᠤᠯᠤᠨ᠎ᠠ᠃         ︵ᠬᠤᠷᠢ︶ ᠤᠷᠤᠨ ᠨᠤᠲᠤᠭ ᠤᠨ ᠮᠦᠩᠭᠦᠨ ᠭᠦᠢᠯᠭᠡᠭᠡᠨ ᠤ ᠠᠶᠤᠯ ᠲᠦᠭᠰᠢᠭᠦᠷᠢ ᠶᠢ ᠰᠡᠷᠭᠡᠶᠢᠯᠡᠨ ᠰᠢᠢᠳᠪᠦᠷᠢᠯᠡᠬᠦ ᠲᠤᠭᠲᠠᠴᠠ ᠶᠢ ᠲᠡᠭᠦᠯᠳᠡᠷᠵᠢᠭᠦᠯᠦᠨ᠎ᠡ᠃ ᠭᠠᠵᠠᠷ ᠤᠷᠤᠨ ᠤ ᠬᠠᠷᠢᠶᠠᠯᠠᠯ ᠤᠨ ᠠᠶᠤᠯ ᠲᠦᠭᠰᠢᠭᠦᠷᠢ ᠶᠢ ᠰᠢᠢᠳᠪᠦᠷᠢᠯᠡᠬᠦ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠨ᠎ᠠ᠃ ᠤᠷᠤᠨ ᠨᠤᠲᠤᠭ ᠤᠨ ᠮᠦᠩᠭᠦᠨ ᠭᠦᠢᠯᠭᠡᠭᠡᠨ ᠤ ᠲᠤᠭᠲᠠᠭᠤᠨ ᠪᠤᠯᠤᠨ ᠠᠮᠤᠷ ᠲᠦᠪᠰᠢᠨ ᠢ ᠬᠠᠮᠠᠭᠠᠯᠠᠨ᠎ᠠ᠃ ᠬᠠᠤᠯᠢ ᠪᠤᠰᠤ ᠪᠠᠷ ᠪᠡᠯᠡ ᠮᠦᠩᠭᠦ ᠴᠤᠭᠯᠠᠭᠤᠯᠬᠤ ᠶᠢ ᠰᠡᠷᠭᠡᠶᠢᠯᠡᠬᠦ ᠪᠠ ᠰᠢᠢᠳᠪᠦᠷᠢᠯᠡᠬᠦ ᠠᠵᠢᠯ ᠢ ᠲᠤᠯᠤᠭᠠᠶᠢᠯᠠᠨ ᠦᠷᠨᠢᠭᠦᠯᠦᠨ᠎ᠡ᠃ ᠤᠷᠤᠨ ᠨᠤᠲᠤᠭ ᠤᠨ ᠮᠦᠩᠭᠦᠨ ᠭᠦᠢᠯᠭᠡᠭᠡᠨ ᠤ ᠰᠠᠭᠤᠷᠢ ᠲᠤᠭ᠎ᠠ ᠪᠠᠷᠢᠮᠳᠠ ᠪᠤᠯᠤᠨ ᠮᠡᠳᠡᠭᠡ ᠵᠠᠩᠭᠢ ᠶᠢᠨ ᠰᠢᠰᠲ᠋ᠧᠮ ᠤᠨ ᠪᠠᠶᠢᠭᠤᠯᠤᠯᠲᠡ ᠪᠠ ᠬᠠᠮᠢᠶᠠᠷᠤᠯᠲᠠ ᠶᠢ ᠬᠠᠷᠢᠭᠤᠴᠠᠨ᠎ᠠ᠃         ︵ᠬᠤᠷᠢᠨ ᠨᠢᠭᠡ︶ ᠲᠦᠪ ᠤᠨ ᠮᠠᠨ ᠤ ᠬᠤᠲᠠ ᠳᠤ ᠰᠠᠭᠤᠭ᠎ᠠ ᠮᠦᠩᠭᠦᠨ ᠭᠦᠢᠯᠭᠡᠭᠡᠨ ᠤ ᠬᠠᠮᠢᠶᠠᠷᠤᠯᠳᠠ ᠶᠢᠨ ᠰᠠᠯᠠᠭ᠎ᠠ ᠮᠦᠴᠢᠷ ᠪᠤᠯᠤᠨ ᠬᠤᠲᠠ ᠶᠢᠨ ᠮᠦᠩᠭᠦᠨ ᠭᠦᠢᠯᠭᠡᠭᠡᠨ ᠤ ᠪᠠᠶᠢᠭᠤᠯᠭ᠎ᠠ ᠶᠢ ᠵᠤᠬᠢᠴᠠᠭᠤᠯᠤᠨ᠎ᠠ᠃ ᠤᠷᠤᠨ ᠨᠤᠲᠤᠭ ᠤᠨ ᠭᠠᠵᠠᠷ ᠤᠷᠤᠨ ᠤ ᠬᠠᠷᠢᠶᠠᠯᠠᠯ ᠤᠨ ᠠᠶᠤᠯ ᠲᠦᠭᠰᠢᠭᠦᠷᠢ ᠶᠢ ᠰᠢᠢᠳᠪᠦᠷᠢᠯᠡᠬᠦ ᠬᠠᠷᠢᠭᠤᠴᠠᠯᠭ᠎ᠠ ᠪᠠ ᠬᠤᠯᠪᠤᠭᠳᠠᠯ ᠪᠦᠬᠦᠢ ᠠᠵᠢᠯ ᠢ ᠲᠤᠭᠤᠰᠢᠯᠠᠭᠤᠯᠬᠤ ᠶᠢ ᠬᠠᠤᠯᠢ ᠲᠤᠭᠲᠠᠭᠠᠯ ᠶᠤᠰᠤᠭᠠᠷ ᠵᠢᠯᠤᠭᠤᠳᠤᠨ᠎ᠠ᠃ ᠬᠠᠮᠢᠶ᠎ᠠ ᠪᠦᠬᠦᠢ ᠮᠦᠩᠭᠦᠨ ᠭᠦᠢᠯᠭᠡᠭᠡᠨ ᠤ ᠦᠪᠡᠷ ᠢᠶᠠᠨ ᠬᠠᠮᠢᠶᠠᠷᠴᠤ ᠪᠠᠶᠢᠭ᠎ᠠ ᠵᠤᠬᠢᠶᠠᠨ ᠪᠠᠶᠢᠭᠤᠯᠤᠯᠲᠡ ᠶᠢ ᠳᠦᠷᠢᠮᠵᠢᠭᠦᠯᠦᠨ ᠬᠦᠭᠵᠢᠭᠦᠯᠬᠦ ᠶᠢ ᠵᠢᠯᠤᠭᠤᠳᠤᠨ᠎ᠠ᠃         ︵ᠬᠤᠷᠢᠨ ᠬᠤᠶᠠᠷ︶ ᠤᠯᠤᠰ᠂ ᠦᠪᠡᠷᠲᠡᠭᠡᠨ ᠵᠠᠰᠠᠬᠤ ᠤᠷᠤᠨ ᠪᠠ ᠬᠦᠯᠦᠨ ᠪᠤᠶᠢᠷ ᠬᠤᠲᠠ ᠶᠢᠨ ᠤᠯᠤᠰ ᠤᠨ ᠦᠮᠴᠢᠯᠡᠯᠲᠤ ᠡᠳ᠋ ᠬᠦᠷᠦᠩᠭᠡ ᠶᠢᠨ ᠬᠢᠨᠠᠯᠲᠠ ᠬᠠᠮᠢᠶᠠᠷᠤᠯᠲᠠ ᠶᠢᠨ ᠠᠵᠢᠯ ᠤᠨ ᠲᠤᠬᠠᠢ ᠬᠠᠤᠯᠢ ᠴᠠᠭᠠᠵᠠ ᠬᠠᠤᠯᠢ ᠳᠦᠷᠢᠮ ᠵᠢᠴᠢ ᠬᠠᠮᠢᠶ᠎ᠠ ᠪᠦᠬᠦᠢ ᠲᠦᠷᠦ ᠶᠢᠨ ᠪᠤᠳᠤᠯᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠤᠨ᠎ᠠ᠃ ᠡᠷᠭᠦᠨ᠎ᠡ ᠬᠤᠲᠠ ᠶᠢᠨ ᠤᠯᠤᠰ ᠤᠨ ᠦᠮᠴᠢᠯᠡᠯᠲᠤ ᠡᠳ᠋ ᠬᠦᠷᠦᠩᠭᠡ ᠶᠢᠨ ᠬᠠᠮᠢᠶᠠᠷᠤᠯᠲᠠ ᠶᠢᠨ ᠬᠠᠮᠢᠶ᠎ᠠ ᠪᠦᠬᠦᠢ ᠳᠦᠷᠢᠮ ᠢ ᠲᠤᠭᠲᠠᠭᠠᠨ᠎ᠠ᠃ ᠠᠵᠤ ᠠᠬᠤᠶᠢᠯᠠᠯ ᠤᠨ ᠤᠯᠤᠰ ᠤᠨ ᠦᠮᠴᠢᠯᠡᠯᠲᠤ ᠡᠳ᠋ ᠬᠦᠷᠦᠩᠭᠡ ᠶᠢᠨ ᠦᠨᠳᠦᠰᠦᠨ ᠬᠠᠮᠢᠶᠠᠷᠤᠯᠲᠠ ᠶᠢ ᠬᠠᠷᠢᠭᠤᠴᠠᠨ᠎ᠠ᠃         ︵ᠬᠤᠷᠢᠨ ᠭᠤᠷᠪᠠ︶ ᠡᠷᠭᠦᠨ᠎ᠡ ᠬᠤᠲᠠ ᠶᠢᠨ ᠲᠤᠰ ᠱᠠᠲᠤᠨ ᠤ ᠤᠯᠤᠰ ᠤᠨ ᠦᠮᠴᠢᠯᠡᠯᠲᠤ ᠡᠳ᠋ ᠬᠦᠷᠦᠩᠭᠡ ᠶᠢᠨ ᠬᠢᠨᠠᠯᠲᠠ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃ ᠬᠤᠲᠠ ᠶᠢᠨ ᠵᠠᠰᠠᠭ ᠤᠨ ᠤᠷᠳᠤᠨ ᠠᠴᠠ ᠤᠯᠭᠤᠭᠰᠠᠨ ᠡᠷᠬᠡ ᠶᠢ ᠦᠨᠳᠦᠰᠦᠯᠡᠵᠦ᠂ ᠪᠡᠯᠡ ᠭᠠᠷᠭᠠᠭᠴᠢ ᠶᠢᠨ ᠲᠤᠰᠢᠶᠠᠯ ᠬᠠᠷᠢᠭᠤᠴᠠᠯᠭ᠎ᠠ ᠶᠢ ᠭᠦᠢᠴᠡᠳᠭᠡᠨ᠎ᠡ᠃ ᠡᠷᠭᠦᠨ᠎ᠡ ᠬᠤᠲᠠ ᠶᠢᠨ ᠲᠤᠰ ᠱᠠᠲᠤᠨ ᠤ ᠠᠵᠤ ᠠᠬᠤᠶᠢᠯᠠᠯ ︵ᠮᠦᠩᠭᠦᠨ ᠭᠦᠢᠯᠭᠡᠭᠡᠨ ᠤ ᠪᠤᠰᠤ ᠠᠵᠤ ᠠᠬᠤᠶᠢᠯᠠᠯ︶ ᠳᠠᠬᠢ ᠤᠯᠤᠰ ᠤᠨ ᠦᠮᠴᠢᠯᠡᠯᠲᠤ ᠡᠳ᠋ ᠬᠦᠷᠦᠩᠭᠡ ᠶᠢ ᠬᠢᠨᠠᠨ ᠬᠠᠮᠢᠶᠠᠷᠤᠨ᠎ᠠ᠃         ︵ᠬᠤᠷᠢᠨ ᠳᠦᠷᠪᠡ︶ ᠬᠢᠨᠠᠨ ᠬᠠᠮᠢᠶᠠᠷᠴᠤ ᠪᠠᠶᠢᠭ᠎ᠠ ᠠᠵᠤ ᠠᠬᠤᠶᠢᠯᠠᠯ ᠳᠠᠬᠢ ᠤᠯᠤᠰ ᠤᠨ ᠦᠮᠴᠢᠯᠡᠯᠲᠤ ᠡᠳ᠋ ᠬᠦᠷᠦᠩᠭᠡ ᠶᠢᠨ ᠪᠠᠲᠤᠯᠠᠭᠠᠲᠤ ᠦᠷᠲᠡᠭ ᠪᠠ ᠨᠡᠮᠡᠭᠳᠡᠯ ᠦᠷᠲᠡᠭ ᠲᠤ ᠬᠢᠨᠠᠯᠲᠠ ᠲᠠᠯᠪᠢᠨ᠎ᠠ᠃ ᠤᠯᠤᠰ ᠤᠨ ᠦᠮᠴᠢᠯᠡᠯᠲᠤ ᠡᠳ᠋ ᠬᠦᠷᠦᠩᠭᠡ ᠶᠢᠨ ᠪᠠᠲᠤᠯᠠᠭᠠᠲᠤ ᠦᠷᠲᠡᠭ ᠪᠠ ᠨᠡᠮᠡᠭᠳᠡᠯ ᠦᠷᠲᠡᠭ ᠤᠨ ᠭᠦᠢᠴᠡᠳᠭᠡᠯ ᠲᠤᠭᠠᠨ ᠤ ᠰᠢᠰᠲ᠋ᠧᠮ ᠢ ᠪᠠᠶᠢᠭᠤᠯᠤᠨ ᠲᠡᠭᠦᠯᠳᠡᠷᠵᠢᠭᠦᠯᠦᠨ᠎ᠡ᠃ ᠬᠢᠨᠠᠨ ᠰᠢᠯᠭᠠᠬᠤ ᠪᠠᠷᠢᠮᠵᠢᠶ᠎ᠠ ᠪᠠ ᠠᠷᠭ᠎ᠠ ᠬᠡᠮᠵᠢᠶ᠎ᠡ ᠶᠢ ᠲᠤᠭᠲᠠᠭᠠᠨ᠎ᠠ᠃ ᠬᠢᠨᠠᠨ ᠬᠠᠮᠢᠶᠠᠷᠴᠤ ᠪᠠᠶᠢᠭ᠎ᠠ ᠠᠵᠤ ᠠᠬᠤᠶᠢᠯᠠᠯ ᠳᠠᠬᠢ ᠤᠯᠤᠰ ᠤᠨ ᠦᠮᠴᠢᠯᠡᠯᠲᠤ ᠡᠳ᠋ ᠬᠦᠷᠦᠩᠭᠡ ᠶᠢᠨ ᠪᠠᠲᠤᠯᠠᠭᠠᠲᠤ ᠦᠷᠲᠡᠭ ᠪᠠ ᠨᠡᠮᠡᠭᠳᠡᠯ ᠦᠷᠲᠡᠭ ᠤᠨ ᠪᠠᠶᠢᠳᠠᠯ ᠢ ᠪᠦᠷᠢᠳᠭᠡᠬᠦ ᠪᠠ ᠲᠤᠯᠭᠠᠨ ᠪᠤᠳᠤᠬᠤ ᠪᠠᠷ ᠳᠠᠮᠵᠢᠭᠤᠯᠵᠤ ᠬᠢᠨᠠᠨ ᠬᠠᠮᠢᠶᠠᠷᠤᠨ᠎ᠠ᠃ ᠬᠢᠨᠠᠨ ᠬᠠᠮᠢᠶᠠᠷᠴᠤ ᠪᠠᠶᠢᠭ᠎ᠠ ᠠᠵᠤ ᠠᠬᠤᠶᠢᠯᠠᠯ ᠤᠨ ᠤᠷᠤᠯᠭ᠎ᠠ ᠶᠢᠨ ᠬᠤᠪᠢᠶᠠᠷᠢᠯᠠᠯᠲᠠ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃ ᠬᠢᠨᠠᠨ ᠬᠠᠮᠢᠶᠠᠷᠴᠤ ᠪᠠᠶᠢᠭ᠎ᠠ ᠠᠵᠤ ᠠᠬᠤᠶᠢᠯᠠᠯ ᠤᠨ ᠬᠠᠷᠢᠭᠤᠴᠠᠯᠭᠠᠲᠠᠳ ᠤᠨ ᠤᠷᠤᠯᠭ᠎ᠠ ᠶᠢᠨ ᠬᠤᠪᠢᠶᠠᠷᠢᠯᠠᠯᠲᠠ ᠶᠢᠨ ᠲᠦᠷᠦ ᠶᠢᠨ ᠪᠤᠳᠤᠯᠭ᠎ᠠ ᠶᠢ ᠲᠤᠭᠲᠠᠭᠠᠬᠤ ᠮᠦᠷᠲᠡᠭᠡᠨ ᠵᠤᠬᠢᠶᠠᠨ ᠪᠠᠶᠢᠭᠤᠯᠤᠨ ᠬᠡᠷᠡᠭᠵᠢᠭᠦᠯᠦᠨ᠎ᠡ᠃         ︵ᠬᠤᠷᠢᠨ ᠲᠠᠪᠤ︶ ᠤᠯᠤᠰ ᠤᠨ ᠦᠮᠴᠢᠯᠡᠯᠲᠤ ᠠᠵᠤ ᠠᠬᠤᠶᠢᠯᠠᠯ ᠤᠨ ᠦᠭᠡᠷᠡᠴᠢᠯᠡᠯᠲᠡ ᠬᠢᠬᠦ ᠪᠠ ᠳᠠᠬᠢᠨ ᠪᠦᠯᠦᠭᠯᠡᠬᠦ ᠶᠢ ᠵᠢᠯᠤᠭᠤᠳᠤᠨ᠎ᠠ᠃ ᠰᠢᠨ᠎ᠡ ᠡᠨᠧᠷᠬᠢ ᠰᠢᠨ᠎ᠡ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠠᠵᠤ ᠠᠬᠤᠶᠢᠯᠠᠯ ᠢ ᠪᠠᠶᠢᠭᠤᠯᠤᠨ ᠬᠦᠭᠵᠢᠭᠦᠯᠦᠨ᠎ᠡ᠃ ᠤᠯᠤᠰ ᠤᠨ ᠲᠤᠳᠤᠭᠠᠳᠤ ᠪᠠ ᠤᠯᠤᠰ ᠤᠨ ᠭᠠᠳᠠᠭᠠᠲᠤ ᠳᠤ ᠦᠷᠢᠰᠦᠯᠳᠦᠬᠦ ᠬᠦᠴᠦᠨ ᠲᠠᠢ ᠲᠤᠮᠤ ᠠᠵᠤ ᠠᠬᠤᠶᠢᠯᠠᠯ ᠢ ᠬᠦᠭᠵᠢᠭᠦᠯᠬᠦ ᠲᠦᠷᠦ ᠶᠢᠨ ᠪᠤᠳᠤᠯᠭ᠎ᠠ ᠪᠠ ᠠᠷᠭ᠎ᠠ ᠬᠡᠮᠵᠢᠶ᠎ᠡ ᠶᠢ ᠬᠡᠷᠡᠭᠵᠢᠭᠦᠯᠦᠨ᠎ᠡ᠃ ᠳᠤᠮᠳᠡᠳᠤ ᠤᠯᠤᠰ ᠤᠨ ᠤᠨᠴᠠᠯᠢᠭ ᠲᠠᠢ ᠤᠳᠤᠬᠢᠴᠢᠯᠠᠭᠰᠠᠨ ᠠᠵᠤ ᠠᠬᠤᠶᠢᠯᠠᠯ ᠤᠨ ᠳᠦᠷᠢᠮ ᠢ ᠪᠠᠶᠢᠭᠤᠯᠤᠨ᠎ᠠ᠃ ᠺᠤᠮᠫᠠᠨᠢ ᠶᠢᠨ ᠵᠠᠰᠠᠯᠲᠠ ᠶᠢᠨ ᠪᠦᠲᠦᠴᠡ ᠶᠢ ᠲᠡᠭᠦᠯᠳᠡᠷᠵᠢᠭᠦᠯᠦᠨ᠎ᠡ᠃ ᠪᠦᠬᠦ ᠬᠤᠲᠠ ᠶᠢᠨ ᠤᠯᠤᠰ ᠤᠨ ᠦᠮᠴᠢᠯᠡᠯᠲᠤ ᠠᠵᠤ ᠠᠬᠤᠢ ᠶᠢᠨ ᠪᠠᠶᠢᠷᠢᠯᠠᠭᠤᠯᠤᠯᠲᠠ ᠪᠠ ᠪᠦᠲᠦᠴᠡ ᠶᠢ ᠲᠤᠬᠢᠷᠠᠭᠤᠯᠤᠨ᠎ᠠ ᠃         ︵ᠬᠤᠷᠢᠨ ᠵᠢᠷᠭᠤᠭ᠎ᠠ︶ ᠬᠠᠮᠢᠶᠠᠷᠤᠯᠳᠠ ᠶᠢᠨ ᠡᠷᠬᠡ ᠶᠢᠨ ᠬᠢᠵᠠᠭᠠᠷ ᠢ ᠦᠨᠳᠦᠰᠦᠯᠡᠵᠦ᠂ ᠬᠠᠤᠯᠢ ᠳᠤ ᠲᠤᠭᠲᠠᠭᠠᠭᠰᠠᠨ ᠵᠢᠷᠤᠮ ᠢᠶᠠᠷ ᠳᠠᠮᠵᠢᠭᠤᠯᠤᠨ᠂  ᠬᠢᠨᠠᠨ ᠬᠠᠮᠢᠶᠠᠷᠴᠤ ᠪᠠᠶᠢᠭ᠎ᠠ ᠠᠵᠤ ᠠᠬᠤᠶᠢᠯᠠᠯ ᠤᠨ ᠬᠠᠷᠢᠭᠤᠴᠠᠯᠭᠠᠲᠠᠳ ᠢ ᠲᠤᠰᠢᠶᠠᠯ ᠳᠤ ᠲᠤᠮᠢᠯᠠᠬᠤ ᠪᠠ ᠲᠤᠰᠢᠶᠠᠯ ᠠᠴᠠ ᠨᠢ ᠪᠠᠭᠤᠯᠭᠠᠬᠤ᠂ ᠰᠢᠯᠭᠠᠨ ᠬᠢᠨᠠᠨ᠎ᠠ᠃ ᠬᠦᠮᠦᠨ ᠰᠤᠩᠭᠤᠬᠤ ᠬᠦᠮᠦᠨ ᠬᠡᠷᠡᠭᠯᠡᠬᠦ ᠲᠤᠭᠲᠠᠴᠠ ᠶᠢ ᠪᠦᠷᠢᠨᠰᠢᠭᠦᠯᠦᠨ᠎ᠡ᠃ ᠡᠵᠡᠩᠨᠡᠭᠴᠢᠳ ᠢ ᠵᠤᠷᠢᠭᠵᠢᠭᠤᠯᠬᠤ ᠪᠠ ᠬᠢᠵᠠᠭᠠᠷᠯᠠᠬᠤ ᠲᠤᠭᠲᠠᠴᠠ ᠶᠢ ᠲᠡᠭᠦᠯᠳᠡᠷᠵᠢᠭᠦᠯᠦᠨ᠎ᠡ᠃         ︵ᠬᠤᠷᠢᠨ ᠳᠤᠯᠤᠭ᠎ᠠ︶ ᠬᠢᠨᠠᠨ ᠬᠠᠮᠢᠶᠠᠷᠴᠤ ᠪᠠᠶᠢᠭ᠎ᠠ ᠠᠵᠤ ᠠᠬᠤᠶᠢᠯᠠᠯ ᠢ ᠵᠤᠬᠢᠶᠠᠨ ᠪᠠᠶᠢᠭᠤᠯᠵᠤ᠂ ᠤᠯᠤᠰ ᠤᠨ ᠦᠮᠴᠢᠯᠡᠯᠲᠤ ᠪᠡᠯᠡ ᠮᠦᠩᠭᠦᠨ ᠤ ᠠᠰᠢᠭ ᠤᠷᠤᠯᠭ᠎ᠠ ᠶᠢ ᠬᠤᠷᠢᠶᠠᠨ ᠠᠪᠴᠤ᠂ ᠳᠡᠭᠡᠭᠰᠢ ᠲᠤᠰᠢᠶᠠᠨ᠎ᠠ᠃ ᠡᠷᠭᠦᠨ᠎ᠡ ᠬᠤᠲᠠ ᠶᠢᠨ ᠲᠤᠰ ᠱᠠᠲᠤᠨ ᠤ ᠤᠯᠤᠰ ᠤᠨ ᠦᠮᠴᠢᠯᠡᠯᠲᠤ ᠪᠡᠯᠡ ᠮᠦᠩᠭᠦᠨ ᠤ ᠡᠵᠡᠩᠨᠡᠯᠲᠡ ᠶᠢᠨ ᠲᠦᠰᠦᠪ ᠤᠨ ᠬᠠᠮᠢᠶ᠎ᠠ ᠪᠦᠬᠦᠢ ᠬᠠᠮᠢᠶᠠᠷᠤᠯᠲᠠ ᠶᠢᠨ ᠳᠦᠷᠢᠮ ᠪᠠ ᠠᠷᠭ᠎ᠠ ᠶᠢ ᠲᠤᠭᠲᠠᠭᠠᠬᠤ ᠳᠤ ᠤᠷᠤᠯᠴᠠᠨ᠎ᠠ᠃ ᠤᠯᠤᠰ ᠤᠨ ᠦᠮᠴᠢᠯᠡᠯᠲᠤ ᠪᠡᠯᠡ ᠮᠦᠩᠭᠦᠨ ᠤ ᠡᠵᠡᠩᠨᠡᠯᠲᠡ ᠶᠢᠨ ᠲᠦᠰᠦᠪ  ᠪᠠ ᠲᠦᠰᠦᠪ ᠤᠨ ᠭᠦᠢᠴᠡᠳᠭᠡᠯ ᠢ ᠲᠤᠭᠲᠠᠭᠠᠬᠤ ᠪᠤᠯᠤᠨ ᠬᠡᠷᠡᠭᠵᠢᠭᠦᠯᠬᠦ ᠵᠡᠷᠭᠡ ᠠᠵᠢᠯ ᠢ ᠲᠤᠭᠲᠠᠭᠠᠯ ᠶᠤᠰᠤᠭᠠᠷ ᠬᠠᠷᠢᠭᠤᠴᠠᠨ᠎ᠠ᠃         ︵ᠬᠤᠷᠢᠨ ᠨᠠᠢᠮᠠ︶ ᠬᠢᠨᠠᠨ ᠬᠠᠮᠢᠶᠠᠷᠴᠤ ᠪᠠᠶᠢᠭ᠎ᠠ ᠠᠵᠤ ᠠᠬᠤᠶᠢᠯᠠᠯ ᠤᠨ ᠤᠯᠤᠰ ᠤᠨ ᠦᠮᠴᠢᠯᠡᠯᠲᠤ ᠵᠢᠴᠢ ᠤᠯᠤᠰ ᠠᠴᠠ ᠬᠤᠪᠢ ᠡᠵᠡᠮᠳᠡᠵᠦ ᠪᠠᠶᠢᠭ᠎ᠠ᠂ ᠪᠡᠯᠡ ᠤᠷᠤᠭᠤᠯᠤᠭᠰᠠᠨ ᠠᠵᠤ ᠠᠬᠤᠶᠢᠯᠠᠯ ᠤᠨ ᠤᠯᠤᠰ ᠦᠮᠴᠢᠯᠡᠯᠲᠤ ᠡᠳ᠋ ᠬᠦᠷᠦᠩᠭᠡ ᠶᠢᠨ ᠡᠷᠬᠡ ᠶᠢᠨ ᠬᠠᠷᠢᠶᠠᠯᠠᠯ ᠢ ᠬᠤᠪᠢᠷᠠᠭᠤᠯᠤᠨ ᠰᠢᠢᠳᠪᠦᠷᠢᠯᠡᠬᠦ ᠵᠡᠷᠭᠡ ᠶᠢ ᠬᠠᠤᠯᠢ ᠶᠤᠰᠤᠭᠠᠷ ᠬᠢᠨᠠᠨ ᠬᠠᠮᠢᠶᠠᠷᠤᠨ᠎ᠠ᠃         ︵ᠬᠤᠷᠢᠨ ᠶᠢᠰᠦ︶ ᠪᠡᠯᠡ ᠭᠠᠷᠭᠠᠭᠴᠢ ᠶᠢᠨ ᠲᠤᠰᠢᠶᠠᠯ ᠬᠠᠷᠢᠭᠤᠴᠠᠯᠭ᠎ᠠ ᠪᠠᠨ ᠦᠨᠳᠦᠰᠦᠯᠡᠵᠦ᠂ ᠬᠢᠨᠠᠨ ᠬᠠᠮᠢᠶᠠᠷᠴᠤ ᠪᠠᠶᠢᠭ᠎ᠠ ᠠᠵᠤ ᠠᠬᠤᠶᠢᠯᠠᠯ ᠤᠨ ᠤᠯᠤᠰ ᠂ ᠦᠪᠡᠷᠲᠡᠭᠡᠨ ᠵᠠᠰᠠᠬᠤ ᠤᠷᠤᠨ᠂ ᠬᠦᠯᠦᠨ ᠪᠤᠶᠢᠷ ᠬᠤᠲᠠ ᠪᠠ ᠡᠷᠭᠦᠨ᠎ᠡ ᠬᠤᠲᠠ ᠶᠢᠨ ᠠᠮᠤᠷ ᠲᠦᠪᠰᠢᠨ ᠦᠢᠯᠡᠳᠪᠦᠷᠢᠯᠡᠯ ᠬᠢᠬᠦ᠂ ᠪᠠᠴᠢᠮ ᠪᠠᠶᠢᠳᠠᠯ ᠢ ᠠᠷᠭᠠᠴᠠᠭᠠᠬᠤ᠂ ᠡᠨᠧᠷᠬᠢ ᠶᠢ ᠠᠷᠪᠢᠯᠠᠨ ᠬᠤᠷᠤᠭᠳᠠᠯ ᠢ ᠪᠠᠭᠠᠰᠬᠠᠬᠤ ᠪᠠ ᠤᠷᠴᠢᠨ ᠲᠤᠭᠤᠷᠢᠨ ᠢ ᠬᠠᠮᠠᠭᠠᠯᠠᠬᠤ ᠵᠡᠷᠭᠡ ᠲᠠᠯ᠎ᠠ ᠶᠢᠨ ᠲᠦᠷᠦ ᠶᠢᠨ ᠪᠤᠳᠤᠯᠭ᠎ᠠ ᠵᠢᠴᠢ ᠬᠠᠮᠢᠶ᠎ᠠ ᠪᠦᠬᠦᠢ ᠬᠠᠤᠯᠢ ᠴᠠᠭᠠᠵᠠ ᠬᠠᠤᠯᠢ ᠳᠦᠷᠢᠮ᠂ ᠪᠠᠷᠢᠮᠵᠢᠶ᠎ᠠ ᠵᠡᠷᠭᠡ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢ ᠱᠠᠯᠠᠪᠳᠠᠭᠤᠯᠤᠨ ᠪᠠᠶᠢᠴᠠᠭᠠᠨ᠎ᠠ᠃         ︵ᠭᠤᠴᠢ︶ ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ ᠤᠷᠳᠤᠨ ᠪᠠ ᠳᠡᠭᠡᠲᠦ ᠱᠠᠲᠤᠨ ᠤ ᠲᠤᠬᠠᠶᠢᠯᠠᠭᠰᠠᠨ ᠠᠵᠢᠯ ᠤᠨ ᠰᠠᠯᠠᠭ᠎ᠠ ᠮᠦᠴᠢᠷ ᠤᠨ ᠳᠠᠭᠠᠭᠠᠯᠭᠠᠭᠰᠠᠨ ᠪᠤᠰᠤᠳ ᠠᠵᠢᠯ ᠢ ᠪᠡᠶᠡᠯᠡᠭᠦᠯᠦᠨ᠎ᠡ᠃
ᠢᠷᠡᠯᠲᠡ᠄ ᠡᠷᠭᠦᠨ᠎ᠡ ᠬᠤᠲᠠ ᠶᠢᠨ ᠠᠷᠠᠳ ᠤᠨ ᠵᠠᠰᠠᠭ ᠤᠨ ᠤᠷᠳᠤᠨ