ᠭᠤᠤᠯ ᠡᠭᠦᠷᠭᠡ ᠬᠠᠷᠢᠭᠤᠴᠠᠯᠭ᠎ᠠ᠄ | ︵ᠨᠢᠭᠡ︶ ᠤᠯᠤᠰ᠂ ᠦᠪᠡᠷᠲᠡᠭᠡᠨ ᠵᠠᠰᠠᠬᠤ ᠤᠷᠤᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠤᠬᠠᠢ ᠠᠵᠢᠯ ᠤᠨ ᠬᠠᠤᠯᠢ ᠴᠠᠭᠠᠵᠠ ᠬᠠᠤᠯᠢ | ᠳᠦᠷᠢᠮ ᠵᠢᠴᠢ ᠬᠠᠮᠢᠶ᠎ᠠ ᠪᠦᠬᠦᠢ ᠲᠦᠷᠦ ᠶᠢᠨ ᠪᠤᠳᠤᠯᠭ᠎ᠠ ᠶᠢ ᠲᠤᠭᠤᠰᠢᠯᠠᠭᠤᠯᠤᠨ ᠬᠡᠷᠡᠭᠵᠢᠭᠦᠯᠦᠨ᠎ᠡ᠃ ᠶᠠᠰᠤ ᠴᠢᠨᠠᠷ ᠢᠶᠠᠷ ᠬᠤᠲᠠ ᠪᠠᠨ ᠬᠦᠴᠦᠷᠬᠡᠭᠵᠢᠭᠦᠯᠬᠦ | ᠪᠠᠶᠢᠯᠳᠤᠬᠤ ᠪᠤᠳᠤᠯᠭ᠎ᠠ ᠂ ᠢᠳᠡᠭᠡᠨ ᠤ ᠠᠮᠤᠷ ᠲᠦᠪᠰᠢᠨ ᠤ ᠪᠠᠶᠢᠯᠳᠤᠬᠤ ᠪᠤᠳᠤᠯᠭ᠎ᠠ ᠪᠤᠯᠤᠨ ᠪᠠᠷᠢᠮᠵᠢᠶᠠᠵᠢᠭᠤᠯᠤᠭᠰᠠᠨ ᠪᠠᠶᠢᠯᠳᠤᠬᠤ ᠪᠤᠳᠤᠯᠭ᠎ᠠ ᠶᠢ ᠵᠤᠬᠢᠶᠠᠨ | ᠪᠠᠶᠢᠭᠤᠯᠤᠨ ᠬᠡᠷᠡᠭᠵᠢᠭᠦᠯᠦᠨ᠎ᠡ᠃ ᠬᠠᠮᠢᠶ᠎ᠠ ᠪᠦᠬᠦᠢ ᠲᠦᠯᠦᠪᠵᠢᠭᠦᠯᠭᠡ ᠶᠢ ᠲᠤᠭᠲᠠᠭᠠᠬᠤ ᠮᠦᠷᠲᠡᠭᠡᠨ ᠬᠡᠷᠡᠭᠵᠢᠭᠦᠯᠦᠨ᠎ᠡ᠃ ᠵᠠᠬ᠎ᠠ ᠳᠡᠯᠭᠡᠭᠦᠷ ᠤᠨ ᠡᠮᠬᠢ ᠲᠢᠭᠯᠢᠮ ᠢ | ᠳᠦᠷᠢᠮᠵᠢᠭᠦᠯᠦᠨ ᠬᠠᠮᠠᠭᠠᠯᠠᠨ᠎ᠠ᠃ ᠦᠨᠡᠨᠴᠢ ᠢᠲᠡᠭᠡᠯᠲᠠᠢ᠂ ᠲᠦᠪ ᠭᠤᠤᠯᠴᠢ ᠵᠠᠬ᠎ᠠ ᠳᠡᠯᠭᠡᠭᠦᠷ ᠤᠨ ᠤᠷᠴᠢᠨ ᠢ ᠪᠦᠷᠢᠯᠳᠦᠭᠦᠯᠦᠨ᠎ᠡ᠃ | ︵ᠬᠤᠶᠠᠷ︶ ᠡᠷᠬᠡ ᠶᠢᠨ ᠬᠢᠵᠠᠭᠠᠷ ᠲᠠᠬᠢ ᠵᠠᠬ᠎ᠠ ᠳᠡᠯᠭᠡᠭᠦᠷ ᠤᠨ ᠭᠤᠤᠯ ᠴᠤᠭᠴᠠ ᠶᠢ ᠨᠢᠭᠡᠲᠦᠯᠲᠠᠢ ᠳᠠᠩᠰᠠᠯᠠᠨ ᠲᠡᠮᠲᠡᠭᠯᠡᠬᠦ ᠶᠢ ᠬᠠᠷᠢᠭᠤᠴᠠᠨ᠎ᠠ᠃ ᠪᠦᠬᠦ | ᠬᠤᠲᠠ ᠶᠢᠨ ᠡᠯ᠎ᠡ ᠲᠦᠷᠦᠯ ᠤᠨ ᠠᠵᠤ ᠠᠬᠤᠶᠢᠯᠠᠯ᠂ ᠮᠠᠯᠴᠢᠨ ᠲᠠᠷᠢᠶᠠᠴᠢᠨ ᠤ ᠲᠤᠰᠬᠠᠶᠢᠵᠢᠭᠰᠠᠨ ᠬᠤᠷᠰᠢᠶᠠᠵᠢᠯ ᠪᠠ ᠡᠵᠡᠩᠨᠡᠯᠲᠡ ᠶᠢᠨ ᠠᠵᠢᠯᠯᠠᠭ᠎ᠠ ᠡᠷᠬᠢᠯᠡᠵᠦ | ᠪᠠᠶᠢᠭ᠎ᠠ ᠪᠠᠶᠢᠭᠤᠯᠭ᠎ᠠ ᠨᠢᠭᠡᠴᠡ ᠵᠢᠴᠢ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ ᠵᠡᠷᠭᠡ ᠵᠠᠬ᠎ᠠ ᠳᠡᠯᠭᠡᠭᠦᠷ ᠤᠨ ᠭᠤᠤᠯ ᠴᠤᠭᠴᠠ ᠶᠢ ᠳᠠᠩᠰᠠᠯᠠᠨ | ᠲᠡᠮᠲᠡᠭᠯᠡᠬᠦ ᠠᠵᠢᠯ ᠢ ᠬᠠᠮᠢᠶᠠᠷᠤᠨ᠎ᠠ᠃ ᠵᠠᠬ᠎ᠠ ᠳᠡᠯᠭᠡᠭᠦᠷ ᠤᠨ ᠭᠤᠤᠯ ᠴᠤᠭᠴᠠ ᠶᠢᠨ ᠮᠡᠳᠡᠭᠡ ᠵᠠᠩᠭᠢ ᠶᠢ ᠢᠯᠡ ᠪᠠᠷ ᠨᠡᠶᠢᠲᠡᠯᠡᠬᠦ ᠪᠠ ᠬᠠᠮᠲᠤᠪᠡᠷ ᠡᠳ᠋ᠯᠡᠬᠦ | ᠲᠤᠭᠲᠠᠴᠠ ᠶᠢ ᠪᠠᠶᠢᠭᠤᠯᠤᠨ᠎ᠠ᠃ ᠬᠠᠮᠢᠶ᠎ᠠ ᠪᠦᠬᠦᠢ ᠮᠡᠳᠡᠭᠡ ᠵᠠᠩᠭᠢ ᠶᠢ ᠬᠠᠤᠯᠢ ᠶᠤᠰᠤᠭᠠᠷ ᠢᠯᠡ ᠪᠤᠯᠭᠠᠬᠤ ᠪᠠ ᠬᠠᠮᠲᠤᠪᠠᠷ ᠡᠳ᠋ᠯᠡᠨ᠎ᠡ᠃ ᠢᠲᠡᠭᠡᠮᠵᠢ ᠶᠢᠨ ᠬᠢᠨᠠᠯᠲᠠ | ᠬᠠᠮᠢᠶᠠᠷᠤᠯᠲᠠ ᠶᠢ ᠴᠢᠩᠭᠠᠳᠬᠠᠨ᠎ᠠ᠃ ᠵᠠᠬ᠎ᠠ ᠳᠡᠯᠭᠡᠭᠦᠷ ᠤᠨ ᠭᠤᠤᠯ ᠴᠤᠭᠴᠠ ᠶᠢᠨ ᠢᠲᠡᠭᠡᠮᠵᠢ ᠶᠢᠨ ᠰᠢᠰᠲ᠋ᠧᠮ ᠤᠨ ᠪᠠᠶᠢᠭᠤᠯᠤᠯᠲᠠ ᠶᠢ ᠲᠦᠯᠬᠢᠨ ᠠᠬᠢᠭᠤᠯᠤᠨ᠎ᠠ᠃ | ︵ᠭᠤᠷᠪᠠ︶ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠠᠵᠢᠯ ᠢ ᠵᠤᠬᠢᠶᠠᠨ ᠪᠠᠶᠢᠭᠤᠯᠬᠤ ᠪᠠ | ᠦᠷᠨᠢᠭᠦᠯᠦᠨ᠎ᠡ᠃ ᠪᠦᠬᠦ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠶᠡᠷᠦᠩᠬᠡᠶᠢᠯᠡᠨ ᠬᠠᠤᠯᠢ ᠬᠡᠷᠡᠭᠵᠢᠭᠦᠯᠬᠦ ᠡᠩᠨᠡᠭᠡ ᠶᠢ ᠨᠢᠭᠡᠳᠭᠡᠬᠦ ᠪᠠ | ᠪᠦᠲᠡᠭᠡᠨ ᠪᠠᠶᠢᠭᠤᠯᠤᠨ᠎ᠠ᠃ ᠨᠢᠭᠡᠲᠦᠯᠲᠠᠢ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢ ᠬᠡᠷᠡᠭᠵᠢᠭᠦᠯᠦᠨ᠎ᠡ᠃ ᠡᠯ᠎ᠡ ᠲᠦᠷᠦᠯ ᠤᠨ ᠬᠠᠤᠯᠢ ᠶᠢ ᠵᠦᠷᠢᠴᠡᠭᠰᠡᠨ | ᠦᠢᠯᠡ ᠠᠵᠢᠯᠯᠠᠭ᠎ᠠ ᠶᠢ ᠪᠠᠶᠢᠴᠠᠭᠠᠨ ᠰᠢᠢᠳᠭᠡᠨ᠎ᠡ᠃ ᠤᠷᠤᠨ ᠪᠦᠰᠡ ᠠᠯᠤᠰᠯᠠᠭᠰᠠᠨ ᠬᠠᠤᠯᠢ ᠶᠢ ᠵᠦᠷᠢᠴᠡᠭᠰᠡᠨ ᠬᠡᠷᠡᠭ ᠢ ᠪᠠᠶᠢᠴᠠᠭᠠᠨ ᠰᠢᠢᠳᠭᠡᠬᠦ ᠶᠢ ᠬᠠᠮᠵᠢᠯᠴᠠᠨ᠎ᠠ᠃ | ᠵᠠᠬ᠎ᠠ ᠳᠡᠯᠭᠡᠭᠦᠷ ᠤᠨ ᠬᠢᠨᠠᠯᠲᠡ ᠬᠠᠮᠢᠶᠠᠷᠤᠯᠲᠠ ᠶᠢᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯᠯᠠᠭ᠎ᠠ ᠶᠢ ᠳᠦᠷᠢᠮᠵᠢᠭᠦᠯᠦᠨ᠎ᠡ᠃ | ︵ᠳᠦᠷᠪᠡ︶ ᠵᠦᠢ ᠪᠤᠰᠤ ᠦᠷᠢᠰᠦᠯᠳᠦᠭᠡᠨ ᠢ ᠡᠰᠡᠷᠭᠦᠴᠡᠬᠦ ᠬᠠᠤᠯᠢ ᠬᠡᠷᠡᠭᠵᠢᠭᠦᠯᠦᠯᠲᠡ ᠶᠢᠨ ᠠᠵᠢᠯ ᠢ ᠬᠠᠷᠢᠭᠤᠴᠠᠨ᠎ᠠ᠃ ᠳᠡᠭᠡᠲᠦ ᠱᠠᠲᠤᠨ ᠠᠴᠠ | ᠤᠯᠭᠤᠭᠰᠠᠨ ᠡᠷᠬᠡ ᠶᠢ ᠦᠨᠳᠦᠰᠦᠯᠡᠵᠦ᠂ ᠡᠵᠡᠩᠨᠡᠭᠴᠢᠳ ᠲᠦᠪᠯᠡᠷᠡᠵᠦ ᠪᠠᠶᠢᠭ᠎ᠠ ᠠᠵᠢᠯᠯᠠᠭ᠎ᠠ ᠳᠤ ᠭᠠᠭᠴᠠᠭᠠᠷ ᠡᠵᠡᠮᠰᠢᠯ ᠢ ᠡᠰᠡᠷᠭᠦᠴᠡᠬᠦ ᠪᠠᠶᠢᠴᠠᠭᠠᠯᠲᠠ ᠬᠢᠨ᠎ᠡ᠃ | ᠭᠠᠭᠴᠠᠭᠠᠷ ᠡᠵᠡᠮᠰᠢᠬᠦ ᠬᠡᠯᠡᠯᠴᠡᠭᠡᠷ᠂ ᠵᠠᠬ᠎ᠠ ᠳᠡᠯᠭᠡᠭᠦᠷ ᠢ ᠵᠠᠬᠢᠷᠬᠤ ᠪᠠᠶᠢᠷᠢ ᠰᠠᠭᠤᠷᠢ ᠪᠠᠨ ᠳᠤᠷ᠎ᠠ ᠪᠠᠷ ᠢᠶᠠᠨ ᠬᠡᠷᠡᠭᠯᠡᠬᠦ᠂ ᠵᠠᠰᠠᠭ ᠵᠠᠬᠢᠷᠭᠠᠨ ᠤ ᠡᠷᠬᠡ ᠪᠠᠨ ᠳᠤᠷ᠎ᠠ ᠪᠠᠷ | ᠬᠡᠷᠡᠭᠯᠡᠵᠦ ᠦᠷᠢᠰᠦᠯᠳᠦᠭᠡᠨ ᠢ ᠭᠠᠳᠠᠭᠤᠷᠴᠢᠯᠠᠬᠤ ᠪᠠ ᠬᠢᠵᠠᠭᠠᠷᠯᠠᠬᠤ ᠵᠢᠴᠢ ᠦᠨ᠎ᠡ ᠶᠢ ᠭᠠᠭᠴᠠᠭᠠᠷ ᠡᠵᠡᠮᠰᠢᠬᠦ ᠵᠡᠷᠭᠡ ᠭᠠᠭᠴᠠᠭᠠᠷ ᠡᠵᠡᠮᠰᠢᠯ ᠢ ᠡᠰᠡᠷᠭᠦᠴᠡᠬᠦ ᠬᠠᠤᠯᠢ | ᠬᠡᠷᠡᠭᠵᠢᠭᠦᠯᠬᠦ ᠠᠵᠢᠯ ᠢ ᠬᠠᠷᠢᠭᠤᠴᠠᠨ᠎ᠠ᠃ ᠬᠠᠤᠯᠢ ᠶᠢ ᠵᠦᠷᠢᠴᠡᠵᠦ ᠰᠢᠭᠤᠳ ᠪᠤᠷᠤᠯᠠᠭᠤᠯᠤᠭᠰᠠᠨ ᠪᠠ ᠳᠠᠮᠵᠢᠭᠤᠯᠤᠨ ᠪᠤᠷᠤᠯᠠᠭᠤᠯᠤᠭᠰᠠᠨ ᠬᠡᠷᠡᠭ ᠢ ᠪᠠᠶᠢᠴᠠᠭᠠᠨ | ᠰᠢᠢᠳᠭᠡᠨ᠎ᠡ᠃ ᠰᠢᠭᠤᠳ ᠪᠤᠷᠤᠯᠠᠭᠤᠯᠬᠤ ᠠᠵᠤ ᠠᠬᠤᠶᠢᠯᠠᠯ ᠵᠢᠴᠢ ᠪᠤᠷᠤᠯᠠᠭᠤᠯᠤᠭᠴᠢ ᠵᠢᠴᠢ ᠰᠢᠭᠤᠳ ᠪᠤᠷᠤᠯᠠᠭᠤᠯᠤᠭᠰᠠᠨ ᠠᠵᠢᠯᠯᠠᠭ᠎ᠠ ᠶᠢ ᠬᠠᠤᠯᠢ ᠶᠤᠰᠤᠭᠠᠷ ᠬᠢᠨᠠᠨ | ᠬᠠᠮᠢᠶᠠᠷᠤᠨ᠎ᠠ᠃ | ︵ᠲᠠᠪᠤ︶ ᠵᠠᠬ᠎ᠠ ᠳᠡᠯᠭᠡᠭᠦᠷ ᠤᠨ ᠡᠮᠬᠢ ᠲᠢᠭᠯᠢᠮ ᠢ ᠬᠢᠨᠠᠨ ᠬᠠᠮᠢᠶᠠᠷᠤᠨ᠎ᠠ᠃ ᠵᠠᠬ᠎ᠠ ᠳᠡᠯᠭᠡᠭᠦᠷ ᠤᠨ ᠡᠮᠬᠢ ᠲᠢᠭᠯᠢᠮ ᠢ ᠳᠦᠷᠢᠮᠵᠢᠭᠦᠯᠦᠨ ᠬᠠᠮᠠᠭᠠᠯᠠᠨ᠎ᠠ᠃ ᠵᠠᠬ᠎ᠠ | ᠳᠡᠯᠭᠡᠭᠦᠷ ᠤᠨ ᠰᠤᠯᠢᠯᠴᠠᠭ᠎ᠠ ᠵᠢᠴᠢ ᠬᠠᠮᠢᠶ᠎ᠠ ᠪᠦᠬᠦᠢ ᠦᠢᠯᠡᠴᠢᠯᠡᠭᠡ ᠶᠢ ᠬᠠᠤᠯᠢ ᠶᠤᠰᠤᠭᠠᠷ ᠬᠢᠨᠠᠨ ᠬᠠᠮᠢᠶᠠᠷᠤᠨ᠎ᠠ᠃ ᠬᠠᠤᠯᠢ ᠳᠦᠷᠢᠮ ᠢ ᠵᠦᠷᠢᠴᠡᠵᠦ ᠲᠠᠸᠠᠷ ᠤᠨ | ᠦᠨ᠎ᠡ ᠬᠠᠩᠰᠢ ᠶᠢ ᠳᠤᠷ᠎ᠠ ᠪᠠᠷ ᠢᠶᠠᠨ ᠲᠤᠭᠲᠠᠭᠠᠬᠤ ᠪᠠ ᠳᠤᠷ᠎ᠠ ᠪᠠᠷ ᠢᠶᠠᠨ ᠰᠦᠢᠳᠭᠡᠯ ᠬᠤᠷᠢᠶᠠᠬᠤ᠂ ᠵᠦᠢ ᠪᠤᠰᠤ ᠦᠷᠢᠰᠦᠯᠳᠦᠭᠡᠨ᠂ ᠲᠠᠸᠠᠷ ᠤᠨ ᠲᠡᠮᠲᠡᠭ ᠤᠨ | ᠲᠤᠰᠬᠠᠢ ᠠᠰᠢᠭ ᠲᠤ ᠬᠠᠯᠳᠠᠭᠰᠠᠨ᠂ ᠬᠤᠳᠠᠯ ᠬᠠᠭᠤᠷᠮᠠᠭ ᠲᠠᠸᠠᠷ ᠢ ᠦᠢᠯᠡᠳᠪᠦᠷᠢᠯᠡᠵᠦ ᠪᠤᠷᠤᠯᠠᠭᠤᠯᠤᠭᠰᠠᠨ ᠵᠡᠷᠭᠡ ᠠᠵᠢᠯᠯᠠᠭ᠎ᠠ ᠶᠢ ᠪᠠᠶᠢᠴᠠᠭᠠᠨ ᠰᠢᠢᠳᠭᠡᠨ᠎ᠡ᠃ ᠵᠠᠷ | ᠮᠡᠳᠡᠭᠡᠨ ᠤ ᠦᠢᠯᠡᠰ ᠤᠨ ᠬᠦᠭᠵᠢᠯᠲᠡ ᠶᠢ ᠵᠢᠯᠤᠭᠤᠳᠤᠨ᠎ᠠ᠃ ᠵᠠᠷ ᠮᠡᠳᠡᠭᠡᠨ ᠤ ᠠᠵᠢᠯᠯᠠᠭ᠎ᠠ ᠶᠢ ᠬᠢᠨᠠᠨ ᠬᠠᠮᠢᠶᠠᠷᠤᠨ᠎ᠠ᠃ ᠦᠢᠯᠡᠳᠪᠦᠷᠢᠯᠡᠯ ᠡᠵᠡᠩᠨᠡᠯᠲᠡ ᠶᠢᠨ ᠦᠨᠡᠮᠯᠡᠯ | ᠦᠭᠡᠢ ᠪᠠᠷ ᠦᠢᠯᠡᠳᠪᠦᠷᠢᠯᠡᠨ ᠡᠵᠡᠩᠨᠡᠵᠤ ᠪᠠᠶᠢᠭ᠎ᠠ ᠠᠵᠢᠯᠯᠠᠭ᠎ᠠ ᠪᠠ ᠬᠠᠮᠢᠶ᠎ᠠ ᠪᠦᠬᠦᠢ ᠭᠡᠷᠡᠴᠢ ᠦᠨᠡᠮᠯᠡᠯ ᠦᠭᠡᠢ ᠪᠠᠷ ᠦᠢᠯᠡᠳᠪᠦᠷᠢᠯᠡᠨ ᠡᠵᠡᠩᠨᠡᠵᠤ ᠪᠠᠶᠢᠭ᠎ᠠ | ᠠᠵᠢᠯᠯᠠᠭ᠎ᠠ ᠶᠢ ᠪᠠᠶᠢᠴᠠᠭᠠᠨ ᠰᠢᠢᠳᠭᠡᠨ᠎ᠡ᠃ ᠡᠷᠭᠦᠨ᠎ᠡ ᠬᠤᠲᠠ ᠶᠢᠨ ᠬᠡᠷᠡᠭᠯᠡᠭᠴᠢᠳ ᠤᠨ ᠨᠡᠶᠢᠭᠡᠮᠯᠢᠭ ᠤᠨ ᠠᠵᠢᠯ ᠢ ᠵᠢᠭᠠᠨ ᠵᠢᠯᠤᠭᠤᠳᠤᠨ᠎ᠠ᠃ | ︵ᠵᠢᠷᠭᠤᠭ᠎ᠠ︶ ᠬᠤᠷᠸ᠎ᠠ ᠶᠠᠰᠤ ᠴᠢᠨᠠᠷ ᠤᠨ ᠬᠠᠮᠢᠶᠠᠷᠤᠯᠲᠠ ᠶᠢ ᠬᠠᠷᠢᠭᠤᠴᠠᠨ᠎ᠠ᠃ ᠶᠠᠰᠤ ᠴᠢᠨᠠᠷ ᠤᠨ ᠬᠦᠭᠵᠢᠯᠲᠡ ᠶᠢᠨ ᠲᠤᠬᠠᠢ ᠳᠦᠷᠢᠮ ᠪᠠ ᠠᠷᠭ᠎ᠠ | ᠬᠡᠮᠵᠢᠶ᠎ᠡ ᠶᠢ ᠬᠡᠷᠡᠭᠵᠢᠭᠦᠯᠦᠨ᠎ᠡ᠃ ᠨᠡᠷᠡᠲᠦ ᠲᠡᠮᠲᠡᠭ ᠤᠨ ᠬᠦᠭᠵᠢᠯᠲᠡ ᠶᠢᠨ ᠪᠠᠶᠢᠯᠳᠤᠬᠤ ᠪᠤᠳᠤᠯᠭ᠎ᠠ ᠶᠢ ᠲᠦᠯᠬᠢᠨ ᠠᠬᠢᠭᠤᠯᠤᠨ᠎ᠠ ᠃ ᠶᠠᠰᠤ ᠴᠢᠨᠠᠷ ᠤᠨ ᠰᠠᠭᠤᠷᠢ | ᠲᠦᠭᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠪᠤᠯᠤᠨ ᠬᠡᠷᠡᠭᠯᠡᠯᠲᠡ ᠶᠢ ᠨᠢᠭᠡᠲᠦᠯᠲᠠᠢ ᠲᠦᠯᠦᠪᠯᠡᠨ᠎ᠡ᠃ ᠬᠠᠮᠢᠶ᠎ᠠ ᠪᠦᠬᠦᠢ ᠰᠠᠯᠠᠭ᠎ᠠ ᠮᠦᠴᠢᠷ ᠲᠠᠢ ᠬᠠᠮᠵᠢᠯᠴᠠᠵᠤ᠂ | ᠴᠢᠬᠤᠯᠠ ᠶᠡᠭᠡ ᠢᠨᠵᠧᠨᠧᠷᠢᠩ ᠤᠨ ᠲᠤᠨᠤᠭ ᠲᠦᠭᠦᠭᠡᠷᠦᠮᠵᠢ ᠶᠢᠨ ᠶᠠᠰᠤ ᠴᠢᠨᠠᠷ ᠢ ᠬᠢᠨᠠᠨ ᠬᠠᠮᠢᠶᠠᠷᠬᠤ ᠳᠦᠷᠢᠮ ᠢ ᠬᠡᠷᠡᠭᠵᠢᠭᠦᠯᠦᠨ᠎ᠡ᠃ ᠴᠢᠬᠤᠯᠠ ᠶᠡᠭᠡ ᠶᠠᠰᠤ | ᠴᠢᠨᠠᠷ ᠤᠨ ᠠᠳᠡᠯ ᠢ ᠵᠤᠬᠢᠶᠠᠨ ᠪᠠᠶᠢᠭᠤᠯᠤᠨ ᠪᠠᠶᠢᠴᠠᠭᠠᠨ᠎ᠠ᠃ ᠳᠤᠲᠠᠭᠲᠠᠯ ᠲᠠᠢ ᠪᠦᠲᠦᠭᠡᠭᠳᠡᠭᠦᠨ ᠢ ᠬᠤᠷᠢᠶᠠᠨ ᠠᠪᠬᠤ ︵ᠡᠭᠡᠭᠦᠯᠦᠨ ᠠᠪᠬᠤ︶ ᠳᠦᠷᠢᠮ ᠢ | ᠲᠤᠭᠲᠠᠭᠠᠬᠤ ᠮᠦᠷᠲᠡᠭᠡᠨ ᠨᠢᠭᠡᠲᠦᠯᠲᠠᠢ ᠬᠡᠷᠡᠭᠵᠢᠭᠦᠯᠦᠨ᠎ᠡ᠃ ᠪᠦᠲᠦᠭᠡᠭᠳᠡᠭᠦᠨ ᠤ ᠬᠠᠭᠤᠷᠮᠠᠭ ᠢ ᠰᠡᠷᠭᠡᠶᠢᠯᠡᠬᠦ ᠠᠵᠢᠯ ᠢ ᠬᠢᠨᠠᠨ ᠬᠠᠮᠢᠶᠠᠷᠤᠨ᠎ᠠ᠃ | ︵ᠳᠤᠯᠤᠭ᠎ᠠ︶ ᠪᠦᠲᠦᠭᠡᠭᠳᠡᠭᠦᠨ ᠤ ᠶᠠᠰᠤ ᠴᠢᠨᠠᠷ ᠤᠨ ᠬᠢᠨᠠᠯᠲᠠ ᠬᠠᠮᠢᠶᠠᠷᠤᠯᠲᠠ ᠶᠢ ᠬᠠᠷᠢᠭᠤᠴᠠᠨ᠎ᠠ᠃ ᠪᠦᠲᠦᠭᠡᠭᠳᠡᠭᠦᠨ ᠤ ᠶᠠᠰᠤ ᠴᠢᠨᠠᠷ ᠤᠨ ᠠᠶᠤᠯ | ᠲᠦᠭᠰᠢᠭᠦᠷᠢ ᠶᠢ ᠬᠢᠨᠠᠨ ᠪᠠᠶᠢᠴᠠᠭᠠᠬᠤ᠂ ᠬᠢᠨᠠᠨ ᠡᠵᠡᠮᠳᠡᠬᠦ ᠠᠵᠢᠯ ᠢ ᠬᠠᠮᠢᠶᠠᠷᠤᠨ᠎ᠠ᠃ ᠪᠦᠬᠦ ᠬᠤᠲᠠ ᠶᠢᠨ ᠪᠦᠲᠦᠭᠡᠭᠳᠡᠭᠦᠨ ᠤ ᠶᠠᠰᠤ ᠴᠢᠨᠠᠷ ᠢ ᠬᠢᠨᠠᠨ ᠪᠠᠶᠢᠴᠠᠭᠠᠬᠤ | ᠲᠦᠯᠦᠪᠯᠡᠭᠡ ᠶᠢ ᠨᠢᠭᠡᠲᠦᠯᠲᠠᠢ ᠲᠤᠭᠲᠠᠭᠠᠬᠤ ᠮᠦᠷᠲᠡᠭᠡᠨ ᠵᠤᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠶᠠᠰᠤ ᠴᠢᠨᠠᠷ ᠤᠨ ᠳᠡᠰ ᠬᠤᠪᠢᠶᠠᠬᠤ ᠳᠦᠷᠢᠮ᠂ ᠶᠠᠰᠤ | ᠴᠢᠨᠠᠷ ᠤᠨ ᠠᠮᠤᠷ ᠲᠦᠪᠰᠢᠨ ᠢ ᠨᠡᠬᠡᠮᠵᠢᠯᠡᠬᠦ ᠳᠦᠷᠢᠮ ᠢ ᠬᠡᠷᠡᠭᠵᠢᠭᠦᠯᠦᠨ᠎ᠡ᠃ ᠠᠵᠤ ᠦᠢᠯᠡᠳᠪᠦᠷᠢ ᠶᠢᠨ ᠪᠦᠲᠦᠭᠡᠭᠳᠡᠭᠦᠨ ᠤ ᠦᠢᠯᠡᠳᠪᠦᠷᠢᠯᠡᠯ ᠤᠨ ᠬᠠᠮᠢᠶᠠᠷᠤᠯᠲᠠ ᠪᠠ | ᠰᠢᠷᠬᠡᠭ ᠤᠨ ᠶᠠᠰᠤ ᠴᠢᠨᠠᠷ ᠢ ᠬᠢᠨᠠᠨ ᠬᠠᠮᠢᠶᠠᠷᠬᠤ ᠠᠵᠢᠯ ᠢ ᠬᠠᠷᠢᠭᠤᠴᠠᠨ᠎ᠠ᠃ | ︵ᠨᠠᠢᠮᠠ︶ ᠤᠨᠴᠠᠭᠠᠢ ᠲᠤᠨᠤᠭ ᠲᠦᠭᠦᠭᠡᠷᠦᠮᠵᠢ ᠶᠢᠨ ᠠᠮᠤᠷ ᠲᠦᠪᠰᠢᠨ ᠢ ᠬᠢᠨᠠᠨ ᠬᠠᠮᠢᠶᠠᠷᠤᠨ᠎ᠠ᠃ ᠤᠨᠴᠠᠭᠠᠢ ᠲᠤᠨᠤᠭ ᠲᠦᠭᠦᠭᠡᠷᠦᠮᠵᠢ ᠶᠢᠨ ᠠᠮᠤᠷ | ᠲᠦᠪᠰᠢᠨ ᠢ ᠬᠢᠨᠠᠨ ᠪᠠᠶᠢᠴᠠᠭᠠᠬᠤ ᠠᠵᠢᠯ ᠢ ᠶᠡᠷᠦᠩᠬᠡᠶᠢᠯᠡᠨ ᠬᠠᠮᠢᠶᠠᠷᠤᠨ᠎ᠠ᠃ ᠡᠨᠧᠷᠬᠢ ᠶᠢᠨ ᠬᠤᠷᠤᠭᠳᠠᠯ ᠶᠡᠭᠡ ᠤᠨᠴᠠᠭᠠᠢ ᠲᠤᠨᠤᠭ ᠲᠦᠭᠦᠭᠡᠷᠦᠮᠵᠢ ᠶᠢᠨ ᠡᠨᠧᠷᠬᠢ ᠶᠢ | ᠠᠷᠪᠢᠯᠠᠬᠤ ᠪᠠᠷᠢᠮᠵᠢᠶ᠎ᠠ ᠪᠠ ᠲᠤᠭᠤᠭᠠᠲᠤ ᠵᠤᠤᠬ᠎ᠠ ᠶᠢᠨ ᠤᠷᠴᠢᠨ ᠲᠤᠭᠤᠷᠢᠨ ᠢ ᠬᠠᠮᠠᠭᠠᠯᠠᠬᠤ ᠪᠠᠷᠢᠮᠵᠢᠶ᠎ᠠ ᠶᠢ ᠬᠡᠷᠡᠭᠵᠢᠭᠦᠯᠵᠦ ᠪᠠᠶᠢᠭ᠎ᠠ ᠪᠠᠶᠢᠳᠠᠯ ᠢ ᠬᠢᠨᠠᠨ ᠪᠠᠶᠢᠴᠠᠭᠠᠨ᠎ᠠ ᠃ | | ︵ᠶᠢᠰᠦ︶ ᠢᠳᠡᠭᠡᠨ ᠤ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢ ᠶᠡᠷᠦᠩᠬᠡᠶᠢᠯᠡᠨ ᠵᠤᠬᠢᠴᠠᠭᠤᠯᠤᠨ᠎ᠠ᠃ ᠢᠳᠡᠭᠡᠨ ᠤ ᠠᠮᠤᠷ ᠲᠦᠪᠰᠢᠨ ᠤ ᠲᠤᠬᠠᠢ | ᠲᠦᠷᠦ ᠶᠢᠨ ᠪᠤᠳᠤᠯᠭ᠎ᠠ ᠶᠢ ᠲᠤᠭᠤᠰᠢᠯᠠᠭᠤᠯᠤᠨ᠎ᠠ᠃ ᠢᠳᠡᠭᠡᠨ ᠤ ᠠᠮᠤᠷ ᠲᠦᠪᠰᠢᠨ ᠤ ᠪᠠᠴᠢᠮ ᠪᠠᠶᠢᠳᠠᠯ ᠢ ᠠᠷᠭᠠᠴᠠᠭᠠᠬᠤ ᠰᠢᠰᠲ᠋ᠧᠮ ᠤᠨ ᠪᠦᠲᠦᠭᠡᠨ | ᠪᠠᠶᠢᠭᠤᠯᠤᠯᠲᠠ ᠶᠢ ᠬᠠᠷᠢᠭᠤᠴᠠᠨ᠎ᠠ᠃ ᠴᠢᠬᠤᠯᠠ ᠶᠡᠭᠡ ᠢᠳᠡᠭᠡᠨ ᠤ ᠠᠳᠡᠯ ᠤᠨ ᠪᠠᠴᠢᠮ ᠪᠠᠶᠢᠳᠠᠯ ᠢ ᠠᠷᠭᠠᠴᠠᠭᠠᠬᠤ ᠪᠤᠯᠤᠨ ᠪᠠᠶᠢᠴᠠᠭᠠᠨ ᠰᠢᠢᠳᠪᠦᠷᠢᠯᠡᠬᠦ ᠠᠵᠢᠯ ᠢ | ᠵᠤᠬᠢᠶᠠᠨ ᠪᠠᠶᠢᠭᠤᠯᠤᠨ ᠦᠷᠨᠢᠭᠦᠯᠦᠨ᠎ᠡ᠃ ᠢᠳᠡᠭᠡᠨ ᠤ ᠠᠮᠤᠷ ᠲᠦᠪᠰᠢᠨ ᠤ ᠲᠤᠬᠠᠢ ᠴᠢᠬᠤᠯᠠ ᠮᠡᠳᠡᠭᠡ ᠵᠠᠩᠭᠢ ᠶᠢ ᠰᠢᠭᠤᠳ ᠮᠡᠳᠡᠭᠦᠯᠬᠦ ᠳᠦᠷᠢᠮ ᠢ | ᠨᠠᠶᠢᠳᠠᠪᠤᠷᠢᠵᠢᠭᠤᠯᠤᠨ᠎ᠠ᠃ | ︵ᠠᠷᠪᠠ︶ ᠢᠳᠡᠭᠡᠨ ᠤ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢ ᠬᠠᠷᠢᠭᠤᠴᠠᠨ᠎ᠠ᠃ ᠢᠳᠡᠭᠡᠨ ᠤ ᠦᠢᠯᠡᠳᠪᠦᠷᠢᠯᠡᠯ ᠡᠵᠡᠩᠨᠡᠯᠲᠡ ᠶᠢᠨ ᠪᠦᠬᠦ | ᠶᠠᠪᠤᠴᠠ ᠶᠢ ᠬᠢᠨᠠᠨ ᠪᠠᠶᠢᠴᠠᠭᠠᠬᠤ ᠳᠦᠷᠢᠮ ᠪᠠ ᠠᠶᠤᠯ ᠲᠦᠭᠰᠢᠭᠦᠷᠢ ᠶᠢ ᠪᠠᠶᠢᠴᠠᠭᠠᠨ ᠠᠷᠢᠯᠭᠠᠬᠤ ᠲᠤᠭᠲᠠᠴᠠ ᠶᠢ ᠪᠠᠶᠢᠭᠤᠯᠬᠤ ᠮᠦᠷᠲᠡᠭᠡᠨ ᠵᠤᠬᠢᠶᠠᠨ ᠪᠠᠶᠢᠭᠤᠯᠬᠤ | ᠬᠡᠷᠡᠭᠵᠢᠭᠦᠯᠦᠨ᠎ᠡ᠃ ᠤᠷᠤᠨ ᠪᠦᠰᠡ ᠶᠢᠨ ᠴᠢᠨᠠᠷᠲᠠᠢ᠂ ᠰᠢᠰᠲ᠋ᠧᠮ ᠤᠨ ᠴᠢᠨᠠᠷᠲᠠᠢ ᠢᠳᠡᠭᠡᠨ ᠤ ᠠᠶᠤᠯ ᠲᠦᠭᠰᠢᠭᠦᠷᠢ ᠶᠢ ᠰᠡᠷᠭᠡᠶᠢᠯᠡᠨ᠎ᠡ᠃ ᠢᠳᠡᠭᠡᠨ ᠤ ᠡᠵᠡᠩᠨᠡᠭᠴᠢ | ᠭᠤᠤᠯ ᠴᠤᠭᠴᠠ ᠶᠢᠨ ᠬᠠᠷᠢᠭᠤᠴᠠᠯᠭ᠎ᠠ ᠪᠠᠨ ᠨᠠᠶᠢᠳᠠᠪᠤᠷᠢᠵᠢᠭᠤᠯᠵᠤ᠂ ᠢᠳᠡᠭᠡᠨ ᠤ ᠠᠮᠤᠷ ᠲᠦᠪᠰᠢᠨ ᠤ ᠰᠦᠷᠴᠦ ᠨᠡᠬᠡᠮᠵᠢᠯᠡᠬᠦ ᠰᠢᠰᠲ᠋ᠧᠮ ᠢ ᠲᠡᠭᠦᠯᠳᠡᠷᠵᠢᠭᠦᠯᠦᠨ᠎ᠡ᠃ | ᠢᠳᠡᠭᠡᠨ ᠤ ᠠᠮᠤᠷ ᠲᠦᠪᠰᠢᠨ ᠢ ᠰᠤᠩᠭᠤᠨ ᠪᠠᠶᠢᠴᠠᠭᠠᠬᠤ᠂ ᠠᠶᠤᠯ ᠲᠦᠭᠰᠢᠭᠦᠷᠢ ᠶᠢ ᠬᠢᠨᠠᠨ ᠬᠡᠮᠵᠢᠬᠦ ᠪᠠ ᠰᠢᠢᠳᠪᠦᠷᠢᠯᠡᠬᠦ᠂ ᠠᠶᠤᠯ ᠲᠦᠭᠰᠢᠭᠦᠷᠢ ᠶᠢ ᠤᠷᠢᠳᠴᠢᠯᠠᠨ | ᠰᠡᠷᠡᠮᠵᠢᠯᠡᠭᠦᠯᠬᠦ᠂ ᠠᠶᠤᠯ ᠲᠦᠭᠰᠢᠭᠦᠷᠢ ᠶᠢᠨ ᠲᠤᠬᠠᠢ ᠰᠠᠨᠠᠯ ᠢᠶᠠᠨ ᠰᠤᠯᠢᠯᠴᠠᠬᠤ ᠠᠵᠢᠯ ᠢ ᠦᠷᠨᠢᠭᠦᠯᠦᠨ᠎ᠡ᠃ ᠢᠳᠡᠭᠡᠨ ᠤ ᠳᠠᠪᠤᠰᠤᠨ ᠤ ᠶᠠᠰᠤ ᠴᠢᠨᠠᠷ ᠤᠨ ᠬᠢᠨᠠᠯᠲᠠ | ᠬᠠᠮᠢᠶᠠᠷᠤᠯᠲᠠ ᠪᠤᠯᠤᠨ ᠤᠨᠴᠠᠭᠠᠢ ᠢᠳᠡᠭᠡᠨ ᠤ ᠬᠢᠨᠠᠯᠲᠠ ᠬᠠᠮᠢᠶᠠᠷᠤᠯᠲᠠ ᠵᠡᠷᠭᠡ ᠠᠵᠢᠯ ᠢ ᠬᠠᠷᠢᠭᠤᠴᠠᠨ᠎ᠠ᠃ | ︵ᠠᠷᠪᠠᠨ ᠨᠢᠭᠡ︶ ᠡᠮ ᠤᠨ ᠵᠦᠢᠯ ︵ᠬᠢᠲᠠᠳ ᠡᠮ᠂ ᠦᠨᠳᠦᠰᠦᠲᠡᠨ ᠤ ᠡᠮ︶᠂ ᠡᠮᠴᠢᠯᠡᠭᠡᠨ ᠤ ᠪᠠᠭᠠᠵᠢ ᠬᠡᠷᠡᠭᠰᠡᠯ ᠪᠠ ᠵᠠᠰᠠᠯ ᠴᠢᠮᠡᠭᠯᠡᠯ ᠤᠨ ᠡᠳ᠋ ᠤᠨ | ᠬᠢᠨᠠᠯᠲᠠ ᠬᠠᠮᠢᠶᠠᠷᠤᠯᠲᠠ ᠶᠢᠨ ᠲᠤᠬᠠᠢ ᠲᠦᠷᠦ ᠶᠢᠨ ᠪᠤᠳᠤᠯᠭ᠎ᠠ ᠪᠤᠯᠤᠨ ᠪᠠᠷᠢᠮᠵᠢᠶ᠎ᠠ ᠶᠢ ᠵᠤᠬᠢᠶᠠᠨ ᠪᠠᠶᠢᠭᠤᠯᠤᠨ ᠲᠤᠭᠤᠰᠢᠯᠠᠭᠤᠯᠤᠨ᠎ᠠ᠃ ᠬᠢᠨᠠᠯᠲᠠ ᠬᠠᠮᠢᠶᠠᠷᠤᠯᠲᠠ ᠶᠢᠨ | ᠲᠤᠬᠠᠢ ᠲᠦᠷᠦ ᠶᠢᠨ ᠪᠤᠳᠤᠯᠭ᠎ᠠ᠂ ᠲᠦᠯᠦᠪᠵᠢᠭᠦᠯᠭᠡ ᠶᠢ ᠲᠤᠭᠤᠷᠪᠢᠨ ᠲᠤᠭᠲᠠᠭᠠᠨ᠎ᠠ᠃ ᠰᠠᠯᠠᠭ᠎ᠠ ᠮᠦᠴᠢᠷ ᠤᠨ ᠬᠢᠨᠠᠯᠲᠠ ᠬᠠᠮᠢᠶᠠᠷᠤᠯᠲᠠ ᠶᠢᠨ ᠳᠦᠷᠢᠮ ᠢ | ᠲᠤᠭᠲᠠᠭᠠᠬᠤ ᠮᠦᠷᠲᠡᠭᠡᠨ ᠬᠡᠷᠡᠭᠵᠢᠭᠦᠯᠦᠨ᠎ᠡ᠃ ᠡᠮ ᠤᠨ ᠵᠦᠢᠯ᠂ ᠡᠮᠴᠢᠯᠡᠭᠡᠨ ᠤ ᠪᠠᠭᠠᠵᠢ ᠬᠡᠷᠡᠭᠰᠡᠯ ᠪᠠ ᠵᠠᠰᠠᠯ ᠴᠢᠮᠡᠭᠯᠡᠯ ᠤᠨ ᠡᠳ᠋ ᠤᠨ ᠬᠠᠮᠢᠶᠠᠷᠤᠯᠲᠠ ᠳᠤ | ᠤᠷᠤᠯᠴᠠᠨ᠎ᠠ᠃ ᠡᠮ ᠤᠨ ᠵᠦᠢᠯ᠂ ᠡᠮᠴᠢᠯᠡᠭᠡᠨ ᠤ ᠪᠠᠭᠠᠵᠢ ᠬᠡᠷᠡᠭᠰᠡᠯ ᠪᠠ ᠵᠠᠰᠠᠯ ᠴᠢᠮᠡᠭᠯᠡᠯ ᠤᠨ ᠡᠳ᠋ ᠤᠨ ᠪᠠᠷᠢᠮᠵᠢᠶ᠎ᠠ ᠪᠤᠯᠤᠨ ᠲᠦᠷᠦᠯ ᠬᠤᠪᠢᠶᠠᠬᠤ | ᠬᠠᠮᠢᠶᠠᠷᠤᠯᠲᠠ ᠶᠢᠨ ᠳᠦᠷᠢᠮ ᠢ ᠬᠡᠷᠡᠭᠵᠢᠭᠦᠯᠬᠦ ᠶᠢ ᠬᠠᠮᠵᠢᠯᠴᠠᠨ᠎ᠠ᠃ ᠬᠤᠯᠪᠤᠭᠳᠠᠯ ᠪᠦᠬᠦᠢ ᠰᠠᠯᠠᠭ᠎ᠠ ᠮᠦᠴᠢᠷ ᠲᠠᠢ ᠬᠠᠮᠵᠢᠯᠴᠠᠵᠤ᠂ ᠤᠯᠤᠰ ᠤᠨ ᠦᠨᠳᠦᠰᠦᠨ | ᠡᠮ ᠤᠨ ᠳᠦᠷᠢᠮ ᠢ ᠬᠡᠷᠡᠭᠵᠢᠭᠦᠯᠦᠨ᠎ᠡ᠃ ᠡᠮ ᠤᠨ ᠵᠦᠢᠯ᠂ ᠡᠮᠴᠢᠯᠡᠭᠡᠨ ᠤ ᠪᠠᠭᠠᠵᠢ ᠬᠡᠷᠡᠭᠰᠡᠯ ᠪᠠ ᠵᠠᠰᠠᠯ ᠴᠢᠮᠡᠭᠯᠡᠯ ᠤᠨ ᠡᠳ᠋ ᠤᠨ ᠶᠠᠰᠤ ᠴᠢᠨᠠᠷ ᠢ ᠬᠢᠨᠠᠨ | ᠬᠠᠮᠢᠶᠠᠷᠤᠨ᠎ᠠ᠃ ᠡᠮ ᠤᠨ ᠵᠦᠢᠯ᠂ ᠡᠮᠴᠢᠯᠡᠭᠡᠨ ᠤ ᠪᠠᠭᠠᠵᠢ ᠬᠡᠷᠡᠭᠰᠡᠯ ᠤᠨ ᠡᠵᠡᠩᠨᠡᠯᠲᠡ ᠶᠢᠨ ᠶᠠᠰᠤ ᠴᠢᠨᠠᠷ ᠤᠨ ᠬᠠᠮᠢᠶᠠᠷᠤᠯᠲᠠ ᠶᠢᠨ ᠳᠦᠷᠢᠮᠵᠢᠯ ᠵᠢᠴᠢ ᠡᠮᠴᠢᠯᠡᠭᠡᠨ ᠤ | ᠪᠠᠭᠠᠵᠢ ᠬᠡᠷᠡᠭᠰᠡᠯ ᠤᠨ ᠬᠡᠷᠡᠭᠯᠡᠯᠲᠡ ᠶᠢᠨ ᠶᠠᠰᠤ ᠴᠢᠨᠠᠷ ᠤᠨ ᠬᠠᠮᠢᠶᠠᠷᠤᠯᠲᠠ ᠶᠢᠨ ᠠᠷᠭ᠎ᠠ ᠶᠢ ᠬᠡᠷᠡᠭᠵᠢᠭᠦᠯᠦᠨ᠎ᠡ᠃ ᠵᠠᠰᠠᠯ ᠴᠢᠮᠡᠭᠯᠡᠯ ᠤᠨ ᠡᠳ᠋ ᠤᠨ ᠡᠵᠡᠩᠨᠡᠯᠲᠡ᠂ | ᠬᠡᠷᠡᠭᠯᠡᠯᠲᠡ ᠶᠢᠨ ᠡᠷᠡᠭᠦᠯ ᠬᠠᠮᠠᠭᠠᠯᠠᠯ ᠤᠨ ᠪᠠᠷᠢᠮᠵᠢᠶ᠎ᠠ ᠪᠠ ᠮᠡᠷᠭᠡᠵᠢᠯ ᠤᠨ ᠳᠦᠷᠢᠮᠵᠢᠯ ᠢ ᠬᠡᠷᠡᠭᠵᠢᠭᠦᠯᠦᠨ᠎ᠡ᠃ | ︵ᠠᠷᠪᠠᠨ ᠬᠤᠶᠠᠷ︶ ᠡᠮ ᠤᠨ ᠵᠦᠢᠯ᠂ ᠡᠮᠴᠢᠯᠡᠭᠡᠨ ᠤ ᠪᠠᠭᠠᠵᠢ ᠬᠡᠷᠡᠭᠰᠡᠯ ᠪᠠ ᠵᠠᠰᠠᠯ ᠴᠢᠮᠡᠭᠯᠡᠯ ᠤᠨ ᠡᠳ᠋ ᠤᠨ ᠵᠠᠬ᠎ᠠ ᠳᠡᠯᠭᠡᠭᠦᠷ ᠲᠤ ᠭᠠᠷᠤᠭᠰᠠᠨ ᠤ ᠳᠠᠷᠠᠭᠠᠬᠢ | ᠠᠶᠤᠯ ᠲᠦᠭᠰᠢᠭᠦᠷᠢ ᠶᠢᠨ ᠬᠠᠮᠢᠶᠠᠷᠤᠯᠲᠠ ᠶᠢ ᠬᠠᠷᠢᠭᠤᠴᠠᠨ᠎ᠠ᠃ ᠡᠮ ᠤᠨ ᠵᠦᠢᠯ ᠤᠨ ᠠᠰᠢᠭ ᠦᠭᠡᠢ ᠳᠤᠰᠬᠠᠯ᠂ ᠡᠮ ᠤᠨ ᠵᠦᠢᠯ ᠢ ᠳᠤᠷ᠎ᠠ ᠪᠠᠷ ᠢᠶᠠᠨ ᠬᠡᠷᠡᠭᠯᠡᠬᠦ ᠂ | ᠡᠮᠴᠢᠯᠡᠭᠡᠨ ᠤ ᠪᠠᠭᠠᠵᠢ ᠬᠡᠷᠡᠭᠰᠡᠯ ᠤᠨ ᠮᠠᠭᠤ ᠬᠡᠷᠡᠭ ᠪᠤᠯᠤᠨ ᠵᠠᠰᠠᠯ ᠴᠢᠮᠡᠭᠯᠡᠯ ᠤᠨ ᠡᠳ᠋ ᠤᠨ ᠠᠰᠢᠭ ᠦᠭᠡᠢ ᠳᠤᠰᠬᠠᠯ ᠢ ᠬᠢᠨᠠᠨ ᠬᠡᠮᠵᠢᠬᠦ᠂ ᠦᠨᠡᠯᠡᠬᠦ ᠪᠠ | ᠰᠢᠢᠳᠪᠦᠷᠢᠯᠡᠬᠦ ᠠᠵᠢᠯ ᠢ ᠬᠠᠷᠢᠭᠤᠴᠠᠨ᠎ᠠ᠃ ᠡᠮ ᠤᠨ ᠵᠦᠢᠯ᠂ ᠡᠮᠴᠢᠯᠡᠭᠡᠨ ᠤ ᠪᠠᠭᠠᠵᠢ ᠬᠡᠷᠡᠭᠰᠡᠯ ᠪᠠ ᠵᠠᠰᠠᠯ ᠴᠢᠮᠡᠭᠯᠡᠯ ᠤᠨ ᠡᠳ᠋ ᠤᠨ ᠪᠠᠴᠢᠮ ᠪᠠᠶᠢᠳᠠᠯ ᠢ | ᠠᠷᠭᠠᠴᠠᠭᠠᠬᠤ ᠬᠠᠮᠢᠶᠠᠷᠤᠯᠲᠠ ᠶᠢᠨ ᠠᠵᠢᠯ ᠢ ᠵᠢᠭᠠᠨ ᠵᠢᠯᠤᠭᠤᠳᠤᠨ᠎ᠠ᠃ | ︵ᠠᠷᠪᠠᠨ ᠭᠤᠷᠪᠠ︶ ᠡᠮ ᠤᠨ ᠵᠦᠢᠯ᠂ ᠡᠮᠴᠢᠯᠡᠭᠡᠨ ᠤ ᠪᠠᠭᠠᠵᠢ ᠬᠡᠷᠡᠭᠰᠡᠯ ᠪᠠ ᠵᠠᠰᠠᠯ ᠴᠢᠮᠡᠭᠯᠡᠯ ᠤᠨ ᠡᠳ᠋ ᠢ ᠬᠢᠨᠠᠨ ᠪᠠᠶᠢᠴᠠᠭᠠᠨ᠎ᠠ᠃ ᠪᠠᠶᠢᠴᠠᠭᠠᠬᠤ ᠳᠦᠷᠢᠮ ᠢ | ᠲᠤᠭᠲᠠᠭᠠᠨ᠎ᠠ᠃ ᠡᠮ ᠤᠨ ᠵᠦᠢᠯ᠂ ᠡᠮᠴᠢᠯᠡᠭᠡᠨ ᠤ ᠪᠠᠭᠠᠵᠢ ᠬᠡᠷᠡᠭᠰᠡᠯ ᠪᠠ ᠵᠠᠰᠠᠯ ᠴᠢᠮᠡᠭᠯᠡᠯ ᠤᠨ ᠡᠳ᠋ ᠤᠨ ᠡᠵᠡᠩᠨᠡᠯᠲᠡ᠂ ᠬᠡᠷᠡᠭᠯᠡᠯᠲᠡ ᠶᠢᠨ ᠶᠠᠪᠤᠴᠠ ᠳᠠᠬᠢ ᠬᠠᠤᠯᠢ | ᠪᠤᠰᠤ ᠠᠵᠢᠯᠯᠠᠭ᠎ᠠ ᠶᠢ ᠬᠠᠤᠯᠢ ᠶᠤᠰᠤᠭᠠᠷ ᠪᠠᠶᠢᠴᠠᠭᠠᠨ ᠰᠢᠢᠳᠭᠡᠨ᠎ᠡ᠃ ᠠᠰᠠᠭᠤᠳᠠᠯ ᠲᠠᠢ ᠪᠦᠲᠦᠭᠡᠭᠳᠡᠭᠦᠨ ᠢ ᠬᠤᠷᠢᠶᠠᠨ ᠠᠪᠬᠤ ᠪᠤᠯᠤᠨ ᠰᠢᠢᠳᠪᠦᠷᠢᠯᠡᠬᠦ ᠳᠦᠷᠢᠮ ᠢ | ᠬᠡᠷᠡᠭᠵᠢᠭᠦᠯᠦᠨ᠎ᠡ᠃ | ︵ᠠᠷᠪᠠᠨ ᠳᠦᠷᠪᠡ︶ ᠬᠡᠮᠵᠢᠯᠲᠡ ᠶᠢᠨ ᠠᠵᠢᠯ ᠢ ᠨᠢᠭᠡᠲᠦᠯᠲᠠᠢ ᠬᠠᠮᠢᠶᠠᠷᠤᠨ᠎ᠠ᠃ ᠤᠯᠤᠰ ᠤᠨ ᠬᠡᠮᠵᠢᠯᠲᠡ ᠶᠢᠨ ᠳᠦᠷᠢᠮ ᠢ ᠲᠤᠭᠤᠰᠢᠯᠠᠭᠤᠯᠤᠨ᠎ᠠ᠃ ᠬᠠᠤᠯᠢ ᠳᠤ | ᠲᠤᠭᠲᠠᠭᠠᠭᠰᠠᠨ ᠬᠡᠮᠵᠢᠯᠲᠡ ᠶᠢᠨ ᠨᠢᠭᠡᠴᠢ ᠶᠢ ᠭᠡᠷᠡᠭᠵᠢᠭᠦᠯᠦᠨ᠎ᠡ᠃ ᠬᠡᠮᠵᠢᠯᠲᠡ ᠶᠢᠨ ᠪᠠᠭᠠᠵᠢ ᠬᠡᠷᠡᠭᠰᠡᠯ ᠵᠢᠴᠢ ᠬᠡᠮᠵᠢᠶ᠎ᠡ ᠶᠢ ᠳᠠᠮᠵᠢᠭᠤᠯᠬᠤ ᠪᠠ ᠬᠠᠷᠢᠴᠠᠭᠤᠯᠬᠤ | ᠠᠵᠢᠯ ᠢ ᠬᠠᠮᠢᠶᠠᠷᠤᠨ᠎ᠠ᠃ ᠲᠠᠸᠠᠷ ᠤᠨ ᠬᠡᠮᠵᠢᠶ᠎ᠡ ᠪᠠ ᠵᠠᠬ᠎ᠠ ᠳᠡᠯᠭᠡᠭᠦᠷ ᠤᠨ ᠬᠡᠮᠵᠢᠯᠲᠡ ᠶᠢᠨ ᠠᠵᠢᠯᠯᠠᠭ᠎ᠠ ᠶᠢ ᠳᠦᠷᠢᠮᠵᠢᠭᠦᠯᠬᠦ ᠮᠦᠷᠲᠡᠭᠡᠨ ᠬᠢᠨᠠᠯᠲᠠ ᠲᠠᠯᠪᠢᠨ᠎ᠠ᠃ | ︵ᠠᠷᠪᠠᠨ ᠲᠠᠪᠤ︶ ᠪᠦᠬᠦ ᠬᠤᠲᠠ ᠶᠢᠨ ᠪᠠᠷᠢᠮᠵᠢᠶᠠᠵᠢᠭᠤᠯᠬᠤ ᠠᠵᠢᠯ ᠢ ᠨᠢᠭᠡᠲᠦᠯᠲᠠᠢ ᠬᠠᠮᠢᠶᠠᠷᠬᠤ ᠪᠠ ᠵᠢᠭᠠᠨ ᠵᠢᠯᠤᠭᠤᠳᠤᠨ᠎ᠠ᠃ ᠤᠯᠤᠰ ᠤᠨ ᠪᠠᠷᠢᠮᠵᠢᠶ᠎ᠠ᠂ | ᠠᠵᠢᠯ ᠲᠦᠷᠦᠯ ᠤᠨ ᠪᠠᠷᠢᠮᠵᠢᠶ᠎ᠠ᠂ ᠭᠠᠵᠠᠷ ᠤᠷᠤᠨ ᠤ ᠪᠠᠷᠢᠮᠵᠢᠶ᠎ᠠ ᠶᠢ ᠬᠡᠷᠡᠭᠵᠢᠭᠦᠯᠵᠦ ᠪᠠᠶᠢᠭ᠎ᠠ ᠮᠡᠳᠡᠭᠡ ᠵᠠᠩᠭᠢ ᠶᠢ ᠳᠤᠰᠬᠠᠬᠤ ᠪᠠ ᠦᠨᠡᠯᠡᠬᠦ ᠠᠵᠢᠯ ᠢ ᠦᠷᠨᠢᠭᠦᠯᠦᠨ᠎ᠡ ᠃ | ᠪᠦᠯᠬᠦᠮ ᠤᠨ ᠪᠠᠷᠢᠮᠵᠢᠶ᠎ᠠ ᠪᠠ ᠠᠵᠤ ᠠᠬᠤᠶᠢᠯᠠᠯ ᠤᠨ ᠪᠠᠷᠢᠮᠵᠢᠶ᠎ᠠ ᠶᠢ ᠲᠤᠭᠲᠠᠭᠠᠬᠤ ᠠᠵᠢᠯ ᠢ ᠬᠠᠤᠯᠢ ᠶᠤᠰᠤᠭᠠᠷ ᠵᠤᠬᠢᠴᠠᠭᠤᠯᠤᠨ ᠵᠢᠯᠤᠭᠤᠳᠬᠤ ᠪᠠ ᠬᠢᠨᠠᠯᠲᠠ | ᠲᠠᠯᠪᠢᠨ᠎ᠠ᠃ | ︵ᠠᠷᠪᠠᠨ ᠵᠢᠷᠭᠤᠭ᠎ᠠ︶ ᠰᠢᠯᠭᠠᠨ ᠬᠡᠮᠵᠢᠬᠦ ᠠᠵᠢᠯ ᠢ ᠨᠢᠭᠡᠲᠦᠯᠲᠠᠢ ᠬᠠᠮᠢᠶᠠᠷᠤᠨ᠎ᠠ᠃ ᠰᠢᠯᠭᠠᠨ ᠬᠡᠮᠵᠢᠬᠦ ᠪᠠᠶᠢᠭᠤᠯᠤᠮᠵᠢ ᠶᠢᠨ ᠦᠭᠡᠷᠡᠴᠢᠯᠡᠯᠲᠡ ᠶᠢ ᠲᠦᠯᠬᠢᠨ | ᠠᠬᠢᠭᠤᠯᠤᠨ᠎ᠠ᠃ ᠰᠢᠯᠭᠠᠨ ᠬᠡᠮᠵᠢᠬᠦ ᠵᠠᠬ᠎ᠠ ᠳᠡᠯᠭᠡᠭᠦᠷ ᠢ ᠳᠦᠷᠢᠮᠵᠢᠭᠦᠯᠦᠨ᠂ ᠰᠢᠯᠭᠠᠨ ᠬᠡᠮᠵᠢᠬᠦ ᠰᠢᠰᠲ᠋ᠧᠮ ᠢ ᠲᠡᠭᠦᠯᠳᠡᠷᠵᠢᠭᠦᠯᠦᠨ᠎ᠡ᠃ ᠰᠢᠯᠭᠠᠨ ᠬᠡᠮᠵᠢᠬᠦ ᠠᠵᠢᠯ | ᠲᠦᠷᠦᠯ ᠤᠨ ᠬᠦᠭᠵᠢᠯᠲᠡ ᠶᠢ ᠵᠤᠬᠢᠴᠠᠭᠤᠯᠤᠨ ᠵᠢᠯᠤᠭᠤᠳᠤᠨ᠎ᠠ᠃ | ︵ᠠᠷᠪᠠᠨ ᠳᠤᠯᠤᠭ᠎ᠠ︶ ᠪᠦᠬᠦ ᠬᠤᠲᠠ ᠶᠢᠨ ᠭᠡᠷᠡᠴᠢᠯᠡᠬᠦ ᠠᠵᠢᠯ ᠢ ᠨᠢᠭᠡᠲᠦᠯᠲᠠᠢ ᠬᠠᠮᠢᠶᠠᠷᠴᠤ᠂ ᠬᠢᠨᠠᠯᠲᠠ ᠲᠠᠯᠪᠢᠬᠤ ᠪᠠ ᠶᠡᠷᠦᠩᠬᠡᠶᠢᠯᠡᠨ ᠵᠤᠬᠢᠴᠠᠭᠤᠯᠤᠨ᠎ᠠ᠃ | ᠭᠡᠷᠡᠴᠢᠯᠡᠯᠲᠡ ᠶᠢᠨ ᠳᠤᠮᠳᠡᠬᠢ᠂ ᠬᠠᠤᠯᠢ ᠪᠤᠰᠤ ᠠᠵᠢᠯᠯᠠᠭ᠎ᠠ ᠶᠢ ᠪᠠᠶᠢᠴᠠᠭᠠᠨ ᠰᠢᠢᠳᠭᠡᠨ᠎ᠡ᠃ ᠶᠠᠰᠤ ᠴᠢᠨᠠᠷ ᠢ ᠰᠢᠯᠭᠠᠨ ᠪᠠᠶᠢᠴᠠᠭᠠᠬᠤ ᠪᠠᠶᠢᠭᠤᠯᠭ᠎ᠠ ᠶᠢ ᠬᠢᠨᠠᠨ | ᠬᠠᠮᠢᠶᠠᠷᠤᠨ᠎ᠠ᠃ | ︵ᠠᠷᠪᠠᠨ ᠨᠠᠢᠮᠠ︶ ᠪᠦᠬᠦ ᠬᠤᠲᠠ ᠶᠢᠨ ᠮᠡᠳᠡᠯᠭᠡ ᠶᠢᠨ ᠪᠦᠲᠦᠭᠡᠭᠳᠡᠭᠦᠨ ᠤ ᠦᠮᠴᠢᠯᠡᠯ ᠤᠨ ᠡᠷᠬᠡ ᠶᠢᠨ ᠲᠤᠬᠠᠢ ᠠᠵᠢᠯ ᠢ ᠬᠠᠷᠢᠭᠤᠴᠠᠨ᠎ᠠ᠃ ᠪᠦᠬᠦ | ᠬᠤᠲᠠ ᠶᠢᠨ ᠮᠡᠳᠡᠯᠭᠡ ᠶᠢᠨ ᠪᠦᠲᠦᠭᠡᠭᠳᠡᠭᠦᠨ ᠤ ᠦᠮᠴᠢᠯᠡᠯ ᠤᠨ ᠡᠷᠬᠡ ᠶᠢᠨ ᠲᠤᠬᠠᠢ ᠪᠠᠶᠢᠯᠳᠤᠬᠤ ᠪᠤᠳᠤᠯᠭ᠎ᠠ ᠶᠢ ᠲᠤᠭᠤᠷᠪᠢᠨ ᠲᠤᠭᠲᠠᠭᠠᠬᠤ ᠪᠠ ᠵᠤᠬᠢᠶᠠᠨ | ᠪᠠᠶᠢᠭᠤᠯᠤᠨ ᠬᠡᠷᠡᠭᠵᠢᠭᠦᠯᠦᠨ᠎ᠡ᠃ ᠮᠡᠳᠡᠯᠭᠡ ᠶᠢᠨ ᠪᠦᠲᠦᠭᠡᠭᠳᠡᠭᠦᠨ ᠤ ᠦᠮᠴᠢᠯᠡᠯ ᠤᠨ ᠡᠷᠬᠡ ᠶᠢᠨ ᠲᠤᠬᠠᠢ ᠬᠠᠮᠢᠶ᠎ᠠ ᠪᠦᠬᠦᠢ ᠳᠦᠷᠢᠮᠵᠢᠯ ᠤᠨ ᠴᠢᠨᠠᠷᠲᠠᠢ ᠪᠢᠴᠢᠭ | ᠮᠠᠲ᠋ᠧᠷᠢᠶᠠᠯ᠂ ᠲᠦᠷᠦ ᠶᠢᠨ ᠪᠤᠳᠤᠯᠭ᠎ᠠ ᠪᠠ ᠠᠷᠭ᠎ᠠ ᠬᠡᠮᠵᠢᠶ᠎ᠡ ᠶᠢ ᠲᠤᠭᠤᠷᠪᠢᠨ᠎ᠠ᠃ ᠮᠡᠳᠡᠯᠭᠡ ᠶᠢᠨ ᠪᠦᠲᠦᠭᠡᠭᠳᠡᠭᠦᠨ ᠤ ᠦᠮᠴᠢᠯᠡᠯ ᠤᠨ ᠡᠷᠬᠡ ᠪᠠᠷ ᠬᠤᠲᠠ ᠪᠠᠨ | ᠬᠦᠴᠦᠷᠬᠡᠭᠵᠢᠭᠦᠯᠬᠦ ᠪᠠᠶᠢᠭᠤᠯᠤᠯᠲᠠ ᠶᠢ ᠠᠬᠢᠭᠤᠯᠤᠨ᠎ᠠ᠃ ᠮᠡᠳᠡᠯᠭᠡ ᠶᠢᠨ ᠪᠦᠲᠦᠭᠡᠭᠳᠡᠭᠦᠨ ᠤ ᠦᠮᠴᠢᠯᠡᠯ ᠤᠨ ᠡᠷᠬᠡ ᠶᠢᠨ ᠬᠠᠮᠠᠭᠠᠯᠠᠯᠲᠠ ᠶᠢᠨ ᠰᠢᠰᠲ᠋ᠧᠮ ᠢ ᠪᠠᠶᠢᠭᠤᠯᠬᠤ | ᠲᠦᠰᠦᠪ ᠢ ᠵᠤᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠮᠡᠳᠡᠯᠭᠡ ᠶᠢᠨ ᠪᠦᠲᠦᠭᠡᠭᠳᠡᠭᠦᠨ ᠤ ᠦᠮᠴᠢᠯᠡᠯ ᠤᠨ ᠡᠷᠬᠡ ᠶᠢᠨ ᠬᠡᠷᠡᠭᠯᠡᠯᠲᠡ ᠶᠢ ᠠᠬᠢᠭᠤᠯᠤᠨ᠎ᠠ᠃ | ᠮᠡᠳᠡᠯᠭᠡ ᠶᠢᠨ ᠪᠦᠲᠦᠭᠡᠭᠳᠡᠭᠦᠨ ᠤ ᠦᠮᠴᠢᠯᠡᠯ ᠤᠨ ᠡᠷᠬᠡ ᠶᠢᠨ ᠬᠠᠮᠠᠭᠠᠯᠠᠯᠲᠠ ᠪᠠ ᠮᠡᠳᠡᠭᠡ ᠵᠠᠩᠭᠢ ᠶᠢᠨ ᠤᠯᠠᠨ ᠨᠡᠶᠢᠲᠡ ᠶᠢᠨ ᠦᠢᠯᠡᠴᠢᠯᠡᠭᠡᠨ ᠤ ᠰᠢᠰᠲ᠋ᠧᠮ ᠤᠨ | ᠪᠦᠲᠦᠭᠡᠨ ᠪᠠᠶᠢᠭᠤᠯᠤᠯᠲᠡ ᠶᠢ ᠠᠬᠢᠭᠤᠯᠤᠨ᠎ᠠ᠃ ᠪᠦᠬᠦ ᠬᠤᠲᠠ ᠶᠢᠨ ᠮᠡᠳᠡᠯᠭᠡ ᠶᠢᠨ ᠪᠦᠲᠦᠭᠡᠭᠳᠡᠭᠦᠨ ᠤ ᠦᠮᠴᠢᠯᠡᠯ ᠤᠨ ᠡᠷᠬᠡ ᠶᠢᠨ ᠲᠤᠬᠠᠢ ᠲᠤᠰᠬᠠᠢ ᠪᠡᠯᠡ | ᠮᠦᠩᠭᠦ ᠶᠢ ᠬᠠᠮᠢᠶᠠᠷᠤᠨ᠎ᠠ᠃ ᠴᠢᠬᠤᠯᠠ ᠶᠡᠭᠡ ᠮᠡᠳᠡᠯᠭᠡ ᠶᠢᠨ ᠪᠦᠲᠦᠭᠡᠭᠳᠡᠭᠦᠨ ᠤ ᠦᠮᠴᠢᠯᠡᠯ ᠤᠨ ᠡᠷᠬᠡ ᠶᠢ ᠬᠤᠪᠢᠷᠠᠭᠤᠯᠬᠤ ᠲᠦᠷᠦᠯ ᠵᠦᠢᠯ ᠢ ᠵᠤᠬᠢᠶᠠᠨ ᠪᠠᠶᠢᠭᠤᠯᠤᠨ | ᠬᠡᠷᠡᠭᠵᠢᠭᠦᠯᠦᠨ᠎ᠡ᠃ ᠮᠡᠳᠡᠯᠭᠡ ᠶᠢᠨ ᠪᠦᠲᠦᠭᠡᠭᠳᠡᠭᠦᠨ ᠤ ᠦᠮᠴᠢᠯᠡᠯ ᠤᠨ ᠡᠷᠬᠡ ᠶᠢᠨ ᠬᠤᠪᠢᠷᠠᠭᠤᠯᠤᠯᠲᠠ ᠶᠢ ᠠᠬᠢᠭᠤᠯᠤᠨ᠎ᠠ᠃ ᠲᠠᠸᠠᠷ ᠤᠨ ᠲᠡᠮᠲᠡᠭᠲᠦ ᠶᠢᠨ ᠲᠤᠰᠬᠠᠢ | ᠠᠰᠢᠭ ᠤᠨ ᠲᠤᠬᠠᠢ ᠬᠠᠤᠯᠢ ᠬᠡᠷᠡᠭᠵᠢᠭᠦᠯᠬᠦ᠂ ᠮᠡᠳᠡᠯᠭᠡ ᠶᠢᠨ ᠪᠦᠲᠦᠭᠡᠭᠳᠡᠭᠦᠨ ᠤ ᠦᠮᠴᠢᠯᠡᠯ ᠤᠨ ᠡᠷᠬᠡ ᠶᠢᠨ ᠵᠦᠷᠢᠯᠳᠦᠭᠡᠨ ᠢ ᠰᠢᠢᠳᠪᠦᠷᠢᠯᠡᠬᠦ᠂ ᠡᠷᠬᠡ ᠪᠠᠨ | ᠬᠠᠮᠠᠭᠠᠯᠠᠬᠤ ᠶᠢ ᠲᠤᠰᠠᠯᠠᠬᠤ ᠪᠤᠯᠤᠨ ᠵᠦᠷᠢᠯᠳᠦᠭᠡᠨ ᠢ ᠵᠤᠬᠢᠴᠠᠭᠤᠯᠬᠤ ᠶᠢ ᠵᠢᠭᠠᠨ ᠵᠢᠯᠤᠭᠤᠳᠤᠨ᠎ᠠ᠃ ᠮᠡᠳᠡᠯᠭᠡ ᠶᠢᠨ ᠪᠦᠲᠦᠭᠡᠭᠳᠡᠭᠦᠨ ᠤ ᠦᠮᠴᠢᠯᠡᠯ ᠤᠨ ᠡᠷᠬᠡ ᠶᠢᠨ | ᠲᠤᠬᠠᠢ ᠬᠠᠤᠯᠢ ᠪᠤᠰᠤ ᠠᠵᠢᠯᠯᠠᠭ᠎ᠠ ᠶᠢ ᠬᠠᠤᠯᠢ ᠶᠤᠰᠤᠭᠠᠷ ᠪᠠᠶᠢᠴᠠᠭᠠᠨ ᠰᠢᠢᠳᠭᠡᠨ᠎ᠡ᠃ ᠮᠡᠳᠡᠯᠭᠡ ᠶᠢᠨ ᠪᠦᠲᠦᠭᠡᠭᠳᠡᠭᠦᠨ ᠤ ᠦᠮᠴᠢᠯᠡᠯ ᠤᠨ ᠡᠷᠬᠡ ᠶᠢ ᠤᠷᠢᠳᠴᠢᠯᠡᠨ | ᠰᠡᠷᠡᠮᠵᠢᠯᠡᠭᠦᠯᠬᠦ ᠵᠡᠷᠭᠡ ᠠᠵᠢᠯ ᠢ ᠵᠢᠯᠤᠭᠤᠳᠤᠨ᠎ᠠ᠃ | ︵ᠠᠷᠪᠠ ᠶᠢᠰᠦ︶ ᠪᠠᠭ᠎ᠠ ᠪᠢᠴᠢᠯ ᠠᠵᠤ ᠠᠬᠤᠶᠢᠯᠠᠯ᠂ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ᠂ ᠲᠤᠰᠬᠠᠶᠢᠯᠠᠭᠰᠠᠨ ᠵᠠᠬ᠎ᠠ ᠳᠡᠯᠭᠡᠭᠦᠷ ᠤᠨ | ᠨᠠᠮ ᠤᠨ ᠪᠦᠲᠦᠭᠡᠨ ᠪᠠᠶᠢᠭᠤᠯᠤᠯᠲᠠ ᠶᠢᠨ ᠠᠵᠢᠯ ᠢ ᠦᠷᠨᠢᠭᠦᠯᠦᠨ᠎ᠡ ᠃ ᠨᠡᠶᠢᠲᠡ ᠶᠢᠨ ᠪᠤᠰᠤ ᠦᠮᠴᠢᠯᠡᠯ ᠤᠨ ᠠᠵᠤ ᠠᠬᠤᠢ ᠶᠢᠨ ᠵᠤᠬᠢᠶᠠᠨ ᠪᠠᠶᠢᠭᠤᠯᠤᠯᠲᠠ ᠶᠢᠨ | ᠡᠪᠯᠡᠯ ᠤᠨ ᠪᠠᠶᠢᠭᠤᠯᠤᠯᠲᠠ ᠶᠢᠨ ᠠᠵᠢᠯ ᠢ ᠦᠷᠨᠢᠭᠦᠯᠦᠨ᠎ᠡ᠃ | ︵ᠬᠤᠷᠢ︶ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠪᠤᠯᠤᠨ ᠮᠡᠳᠡᠭᠡ ᠵᠠᠩᠭᠢᠴᠢᠯᠠᠯᠲᠠ ᠶᠢᠨ ᠪᠦᠲᠦᠭᠡᠨ | ᠪᠠᠶᠢᠭᠤᠯᠤᠯᠲᠠ᠂ ᠰᠤᠨᠢᠨ ᠮᠡᠳᠡᠭᠡᠨ ᠤ ᠤᠬᠠᠭᠤᠯᠭ᠎ᠠ ᠵᠡᠷᠭᠡ ᠠᠵᠢᠯ ᠢ ᠬᠠᠷᠢᠭᠤᠴᠠᠨ᠎ᠠ᠃ | ︵ᠬᠤᠷᠢᠨ ᠨᠢᠭᠡ︶ ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ ᠤᠷᠳᠤᠨ ᠪᠠ ᠳᠡᠭᠡᠲᠦ ᠱᠠᠲᠤᠨ ᠤ ᠲᠤᠬᠠᠶᠢᠯᠠᠭᠰᠠᠨ ᠠᠵᠢᠯ ᠤᠨ ᠰᠠᠯᠠᠭ᠎ᠠ ᠮᠦᠴᠢᠷ ᠤᠨ | ᠳᠠᠭᠠᠭᠠᠯᠭᠠᠭᠰᠠᠨ ᠪᠤᠰᠤᠳ ᠠᠵᠢᠯ ᠢ ᠪᠡᠶᠡᠯᠡᠭᠦᠯᠦᠨ᠎ᠡ᠃ |