ᠭᠤᠤᠯ ᠡᠭᠦᠷᠭᠡ ᠬᠠᠷᠢᠭᠤᠴᠠᠯᠭ᠎ᠠ᠄ | ︵ᠨᠢᠭᠡ︶ ᠤᠯᠤᠰ᠂ ᠦᠪᠡᠷᠲᠡᠭᠡᠨ ᠵᠠᠰᠠᠬᠤ ᠤᠷᠤᠨ ᠪᠠ ᠬᠦᠯᠦᠨ ᠪᠤᠶᠢᠷ ᠬᠤᠲᠠ ᠶᠢᠨ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠠᠵᠢᠯ ᠤᠨ ᠬᠠᠤᠯᠢ | ᠴᠠᠭᠠᠵᠠ ᠬᠠᠤᠯᠢ ᠳᠦᠷᠢᠮ ᠵᠢᠴᠢ ᠬᠠᠮᠢᠶ᠎ᠠ ᠪᠦᠬᠦᠢ ᠲᠦᠷᠦ ᠶᠢᠨ ᠪᠤᠳᠤᠯᠭ᠎ᠠ ᠶᠢ ᠲᠤᠭᠤᠰᠢᠯᠠᠭᠤᠯᠤᠨ ᠬᠡᠷᠡᠭᠵᠢᠭᠦᠯᠦᠨ᠎ᠡ᠃ ᠰᠤᠮᠤ ᠰᠢᠶᠠᠩ ᠪᠠᠯᠭᠠᠰᠤᠨ ︵ᠬᠡᠷᠡᠭ | ᠡᠷᠬᠢᠯᠡᠬᠦ ᠭᠠᠵᠠᠷ︶ ᠤ ᠬᠠᠮᠢᠶ᠎ᠠ ᠪᠦᠬᠦᠢ ᠠᠵᠢᠯ ᠢ ᠵᠢᠯᠤᠭᠤᠳᠤᠨ᠎ᠠ᠃ | ︵ᠬᠤᠶᠠᠷ︶ ᠪᠦᠬᠦ ᠲᠠᠯ᠎ᠠ ᠪᠠᠷ ᠬᠠᠤᠯᠢ ᠪᠠᠷ ᠬᠤᠲᠠ ᠶᠢ ᠵᠠᠰᠠᠬᠤ ᠶᠢ ᠬᠠᠷᠢᠭᠤᠴᠠᠨ᠎ᠠ᠃ ᠪᠦᠬᠦ ᠲᠠᠯ᠎ᠠ ᠪᠠᠷ ᠬᠠᠤᠯᠢ ᠪᠠᠷ ᠬᠤᠲᠠ ᠶᠢ ᠵᠠᠰᠠᠬᠤ ᠴᠢᠬᠤᠯᠠ | ᠠᠰᠠᠭᠤᠳᠠᠯ ᠤᠨ ᠲᠤᠬᠠᠢ ᠲᠦᠷᠦ ᠶᠢᠨ ᠪᠤᠳᠤᠯᠭ᠎ᠠ ᠶᠢ ᠰᠤᠳᠤᠯᠤᠨ᠎ᠠ᠃ ᠬᠠᠮᠢᠶ᠎ᠠ ᠪᠦᠬᠦᠢ ᠰᠠᠯᠠᠭ᠎ᠠ ᠮᠦᠴᠢᠷ ᠲᠠᠢ ᠬᠠᠮᠵᠢᠯᠴᠠᠵᠤ᠂ ᠪᠦᠬᠦ ᠲᠠᠯ᠎ᠠ ᠪᠠᠷ ᠬᠠᠤᠯᠢ ᠪᠠᠷ | ᠬᠤᠲᠠ ᠶᠢ ᠵᠠᠰᠠᠬᠤ ᠳᠤᠮᠳᠡ ᠪᠠ ᠤᠷᠳᠤ ᠬᠤᠭᠤᠴᠠᠭᠠᠨ ᠤ ᠲᠦᠯᠦᠪᠵᠢᠭᠦᠯᠭᠡ ᠶᠢᠨ ᠰᠠᠨᠠᠯ ᠢ ᠳᠤᠷᠠᠳᠤᠨ᠎ᠠ᠃ ᠬᠠᠮᠢᠶ᠎ᠠ ᠪᠦᠬᠦᠢ ᠰᠠᠯᠠᠭ᠎ᠠ ᠮᠦᠴᠢᠷ ᠢ ᠱᠠᠯᠠᠪᠳᠠᠭᠤᠯᠤᠨ᠂ | ᠬᠤᠲᠠ ᠶᠢᠨ ᠨᠠᠮ ᠤᠨ ᠬᠤᠷᠢᠶᠠᠨ ᠤ ᠪᠦᠬᠦ ᠲᠠᠯ᠎ᠠ ᠪᠠᠷ ᠬᠠᠤᠯᠢ ᠪᠠᠷ ᠬᠤᠲᠠ ᠶᠢ ᠵᠠᠰᠠᠬᠤ ᠵᠦᠪᠯᠡᠯ ᠤᠨ ᠰᠢᠢᠳᠪᠦᠷᠢ᠂ ᠪᠠᠶᠢᠷᠢᠯᠠᠭᠤᠯᠤᠯᠲᠠ ᠪᠠ ᠱᠠᠭᠠᠷᠳᠠᠯᠭ᠎ᠠ | ᠵᠡᠷᠭᠡ ᠶᠢ ᠲᠤᠭᠤᠰᠢᠯᠠᠭᠤᠯᠤᠨ᠎ᠠ᠃ ᠬᠠᠮᠢᠶ᠎ᠠ ᠪᠦᠬᠦᠢ ᠪᠠᠶᠢᠷᠢᠰᠢᠯᠠᠭᠤᠯᠤᠯᠲᠠ ᠶᠢ ᠬᠢᠨᠠᠨ ᠪᠠᠶᠢᠴᠠᠭᠠᠬᠤ ᠠᠵᠢᠯ ᠢ ᠬᠠᠷᠢᠭᠤᠴᠠᠨ᠎ᠠ᠃ | ︵ᠭᠤᠷᠪᠠ︶ ᠬᠠᠤᠯᠢ ᠪᠠᠷ ᠵᠠᠰᠠᠬᠤ ᠵᠠᠰᠠᠭ ᠤᠨ ᠤᠷᠳᠤᠨ ᠤ ᠪᠦᠲᠦᠭᠡᠨ ᠪᠠᠶᠢᠭᠤᠯᠤᠯᠲᠠ ᠶᠢ ᠬᠠᠷᠢᠭᠤᠴᠠᠨ᠎ᠠ᠃ ᠰᠤᠮᠤ ᠰᠢᠶᠠᠩ ᠪᠠᠯᠭᠠᠰᠤ ︵ᠬᠡᠷᠡᠭ ᠡᠷᠬᠢᠯᠡᠬᠦ | ᠭᠠᠵᠠᠷ︶᠂ ᠵᠠᠰᠠᠭ ᠤᠨ ᠤᠷᠳᠤᠨ ᠤ ᠡᠯ᠎ᠡ ᠰᠠᠯᠠᠭ᠎ᠠ ᠮᠦᠴᠢᠷ ᠤᠨ ᠬᠠᠤᠯᠢ ᠶᠤᠰᠤᠭᠠᠷ ᠵᠠᠰᠠᠭ ᠶᠠᠪᠤᠭᠤᠯᠬᠤ᠂ ᠬᠠᠤᠯᠢ ᠪᠠᠷ ᠵᠠᠰᠠᠬᠤ ᠵᠠᠰᠠᠭ ᠤᠨ ᠤᠷᠳᠤᠨ ᠢ ᠪᠦᠲᠦᠭᠡᠨ | ᠪᠠᠶᠢᠭᠤᠯᠬᠤ ᠶᠢ ᠵᠢᠭᠠᠨ ᠵᠢᠯᠤᠭᠤᠳᠬᠤ ᠪᠠ ᠬᠢᠨᠠᠯᠲᠠ ᠲᠠᠯᠪᠢᠨ᠎ᠠ᠃ ᠪᠦᠬᠦ ᠬᠤᠲᠠ ᠶᠢᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯ ᠢ ᠶᠡᠷᠦᠩᠬᠡᠶᠢᠯᠡᠨ | ᠵᠤᠬᠢᠴᠠᠭᠤᠯᠤᠨ᠎ᠠ᠃ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠳᠦᠷᠢᠮ ᠤᠨ ᠦᠭᠡᠷᠡᠴᠢᠯᠡᠯᠲᠡ ᠶᠢᠨ ᠬᠠᠮᠢᠶ᠎ᠠ ᠪᠦᠬᠦᠢ ᠠᠵᠢᠯ ᠢ ᠬᠠᠷᠢᠭᠤᠴᠠᠨ᠎ᠠ᠃ ᠵᠠᠰᠠᠭ | ᠵᠠᠬᠢᠷᠭᠠᠨ ᠤ ᠦᠢᠯᠡ ᠠᠵᠢᠯᠯᠠᠭ᠎ᠠ ᠶᠢᠨ ᠬᠠᠤᠯᠢ ᠶᠤᠰᠤᠴᠢ ᠴᠢᠨᠠᠷ ᠢ ᠬᠢᠨᠠᠨ ᠪᠠᠶᠢᠴᠠᠭᠠᠨ᠎ᠠ᠃ ᠵᠠᠰᠠᠭ ᠵᠠᠬᠢᠷᠭᠠᠨ ᠤ ᠳᠠᠬᠢᠨ ᠵᠦᠪᠯᠡᠬᠦ᠂ ᠵᠠᠰᠠᠭ ᠵᠠᠬᠢᠷᠭᠠᠨ ᠤ ᠵᠠᠷᠭᠤ ᠶᠢ | ᠬᠦᠯᠢᠶᠡᠬᠦ ᠶᠢ ᠬᠠᠷᠢᠭᠤᠴᠠᠨ᠎ᠠ᠃ ᠪᠤᠰᠤᠳ ᠵᠠᠰᠠᠭ ᠵᠠᠬᠢᠷᠭᠠᠨ ᠤ ᠳᠠᠬᠢᠨ ᠵᠦᠪᠯᠡᠬᠦ᠂ ᠵᠠᠰᠠᠭ ᠵᠠᠬᠢᠷᠭᠠᠨ ᠤ ᠵᠠᠷᠭᠤ ᠶᠢ ᠬᠦᠯᠢᠶᠡᠬᠦ ᠠᠵᠢᠯ ᠢ ᠵᠢᠭᠠᠨ ᠵᠢᠯᠤᠭᠤᠳᠬᠤ ᠪᠠ | ᠬᠢᠨᠠᠯᠲᠠ ᠲᠠᠯᠪᠢᠨ᠎ᠠ᠃ ᠰᠤᠮᠤ ᠰᠢᠶᠠᠩ ᠪᠠᠯᠭᠠᠰᠤ ︵ᠬᠡᠷᠡᠭ ᠡᠷᠬᠢᠯᠡᠬᠦ ᠭᠠᠵᠠᠷ︶᠂ ᠵᠠᠰᠠᠭ ᠤᠨ ᠤᠷᠳᠤᠨ ᠤ ᠡᠯ᠎ᠡ ᠠᠵᠢᠯᠯᠠᠬᠤ ᠰᠠᠯᠠᠭ᠎ᠠ ᠮᠦᠴᠢᠷ ᠤᠨ ᠳᠦᠷᠢᠮᠵᠢᠯ ᠤᠨ | ᠴᠢᠨᠠᠷᠲᠠᠢ ᠪᠢᠴᠢᠭ ᠮᠠᠲ᠋ᠧᠷᠢᠶᠠᠯ ᠢ ᠳᠠᠩᠰᠠᠯᠠᠬᠤ᠂ ᠬᠢᠨᠠᠨ ᠪᠠᠶᠢᠴᠠᠭᠠᠬᠤ ᠠᠵᠢᠯ ᠢ ᠬᠠᠷᠢᠭᠤᠴᠠᠨ᠎ᠠ᠃ | ︵ᠳᠦᠷᠪᠡ︶ ᠬᠠᠤᠯᠢ ᠪᠠᠷ ᠵᠠᠰᠠᠬᠤ ᠨᠡᠶᠢᠭᠡᠮ ᠤᠨ ᠪᠦᠲᠦᠭᠡᠨ ᠪᠠᠶᠢᠭᠤᠯᠤᠯᠲᠠ ᠶᠢ ᠬᠠᠷᠢᠭᠤᠴᠠᠨ᠎ᠠ᠃ ᠪᠦᠬᠦ ᠬᠤᠲᠠ ᠶᠢᠨ ᠬᠠᠤᠯᠢ ᠪᠠᠷ ᠵᠠᠰᠠᠬᠤ ᠤᠬᠠᠭᠤᠯᠤᠯ | ᠬᠦᠮᠦᠵᠢᠯ ᠤᠨ ᠲᠦᠯᠦᠪᠵᠢᠭᠦᠯᠭᠡ ᠶᠢ ᠲᠤᠭᠲᠠᠭᠠᠨ᠎ᠠ᠃ ᠬᠠᠤᠯᠢ ᠴᠠᠭᠠᠵᠠ ᠶᠢ ᠲᠦᠭᠡᠮᠡᠯᠵᠢᠭᠦᠯᠬᠦ ᠠᠵᠢᠯ ᠢ ᠵᠤᠬᠢᠶᠠᠨ ᠪᠠᠶᠢᠭᠤᠯᠤᠨ᠎ᠠ᠃ ᠠᠷᠠᠳ ᠲᠦᠮᠡᠨ ᠤ ᠬᠠᠤᠯᠢ ᠪᠠᠷ | ᠵᠠᠰᠠᠬᠤ ᠪᠦᠲᠦᠭᠡᠨ ᠪᠠᠶᠢᠭᠤᠯᠤᠯᠲᠠ ᠳᠤ ᠤᠷᠤᠯᠴᠠᠬᠤ ᠶᠢ ᠠᠬᠢᠭᠤᠯᠤᠨ᠎ᠠ᠃ ᠪᠦᠬᠦ ᠬᠤᠲᠠ ᠶᠢᠨ ᠬᠠᠤᠯᠢ ᠪᠠᠷ ᠵᠠᠰᠠᠬᠤ ᠪᠦᠲᠦᠭᠡᠨ ᠪᠠᠶᠢᠭᠤᠯᠤᠯᠲᠠ ᠶᠢᠨ ᠠᠵᠢᠯ ᠢ | ᠵᠢᠯᠤᠭᠤᠳᠤᠨ᠎ᠠ᠃ ᠡᠶᠡᠳᠡᠭᠦᠯᠬᠦ ᠠᠵᠢᠯ ᠪᠠ ᠠᠷᠠᠳ ᠤᠨ ᠬᠠᠪᠰᠤᠷᠤᠨ ᠰᠢᠭᠦᠭᠴᠢ ᠶᠢ ᠰᠤᠩᠭᠤᠨ ᠲᠤᠮᠢᠯᠠᠬᠤ ᠠᠵᠢᠯ ᠢ ᠵᠢᠯᠤᠭᠤᠳᠤᠨ᠎ᠠ᠃ ᠠᠷᠠᠳ ᠤᠨ ᠬᠢᠨᠠᠯᠲᠠ | ᠲᠠᠯᠪᠢᠭᠴᠢ ᠶᠢ ᠰᠤᠩᠭᠤᠨ ᠲᠤᠮᠢᠯᠠᠬᠤ ᠠᠵᠢᠯ ᠢ ᠬᠠᠷᠢᠭᠤᠴᠠᠨ᠎ᠠ᠃ | ︵ᠲᠠᠪᠤ︶ ᠪᠦᠬᠦ ᠬᠤᠲᠠ ᠶᠢᠨ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠦᠨᠳᠦᠰᠦᠨ ᠱᠠᠲᠤᠨ ᠤ ᠪᠦᠲᠦᠭᠡᠨ ᠪᠠᠶᠢᠭᠤᠯᠤᠯᠲᠠ ᠶᠢ ᠬᠠᠷᠢᠭᠤᠴᠠᠨ᠎ᠠ᠃ ᠬᠠᠤᠯᠢ | ᠴᠠᠭᠠᠵᠠ ᠶᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠬᠠᠮᠢᠶᠠᠷᠤᠨ᠎ᠠ᠃ ᠪᠦᠬᠦ ᠬᠤᠲᠠ ᠶᠢᠨ ᠨᠡᠶᠢᠭᠡᠮ ᠲᠤᠭᠤᠷᠢᠭ ᠤᠨ ᠵᠠᠯᠠᠷᠠᠭᠤᠯᠤᠯᠲᠠ ᠶᠢᠨ ᠠᠵᠢᠯ ᠢ | ᠬᠠᠷᠢᠭᠤᠴᠠᠨ᠎ᠠ᠃ ᠪᠦᠬᠦ ᠬᠤᠲᠠ ᠶᠢᠨ ᠡᠷᠡᠭᠦᠦ ᠶᠢᠨ ᠬᠤᠭᠤᠴᠠᠭ᠎ᠠ ᠨᠢ ᠳᠠᠭᠤᠰᠴᠤ ᠰᠤᠯᠠᠯᠠᠭᠳᠠᠭᠰᠠᠨ ᠬᠦᠮᠦᠰ ᠢ ᠬᠠᠪᠰᠤᠷᠤᠨ ᠬᠦᠮᠦᠵᠢᠭᠦᠯᠬᠦ ᠪᠠ ᠲᠦᠪᠬᠢᠨᠡᠭᠦᠯᠬᠦ | ᠠᠵᠢᠯ ᠢ ᠬᠠᠮᠢᠶᠠᠷᠤᠨ᠎ᠠ᠃ | ︵ᠵᠢᠷᠭᠤᠭ᠎ᠠ︶ ᠪᠦᠬᠦ ᠬᠤᠲᠠ ᠶᠢᠨ ᠤᠯᠠᠨ ᠨᠡᠶᠢᠲᠡ ᠶᠢᠨ ᠬᠠᠤᠯᠢ ᠴᠠᠭᠠᠵᠠ ᠶᠢᠨ ᠦᠢᠯᠡᠴᠢᠯᠡᠭᠡᠨ ᠤ ᠰᠢᠰᠲ᠋ᠧᠮ ᠤᠨ ᠪᠦᠲᠦᠭᠡᠨ ᠪᠠᠶᠢᠭᠤᠯᠤᠯᠲᠠ ᠶᠢ | ᠬᠠᠷᠢᠭᠤᠴᠠᠨ᠎ᠠ ᠃ ᠪᠦᠬᠦ ᠬᠤᠲᠠ ᠶᠢᠨ ᠤᠯᠠᠨ ᠨᠡᠶᠢᠲᠡ ᠶᠢᠨ ᠬᠠᠤᠯᠢ ᠴᠠᠭᠠᠵᠠ ᠶᠢᠨ ᠦᠢᠯᠡᠴᠢᠯᠡᠭᠡᠨ ᠤ ᠰᠢᠰᠲ᠋ᠧᠮ ᠤᠨ ᠪᠦᠲᠦᠭᠡᠨ ᠪᠠᠶᠢᠭᠤᠯᠤᠯᠲᠠ ᠶᠢᠨ | ᠲᠦᠯᠦᠪᠵᠢᠭᠦᠯᠭᠡ ᠶᠢ ᠲᠤᠭᠲᠠᠭᠠᠬᠤ ᠪᠠ ᠬᠡᠷᠡᠭᠵᠢᠭᠦᠯᠦᠨ᠎ᠡ᠃ ᠬᠤᠲᠠ ᠬᠦᠳᠡᠭᠡ᠂ ᠤᠷᠤᠨ ᠬᠡᠪᠴᠢᠶᠡᠨ ᠤ ᠬᠠᠤᠯᠢ ᠴᠠᠭᠠᠵᠠ ᠶᠢᠨ ᠦᠢᠯᠡᠴᠢᠯᠡᠭᠡᠨ ᠤ ᠡᠬᠢ ᠪᠠᠶᠠᠯᠢᠭ ᠢ | ᠨᠢᠭᠡᠲᠦᠯᠲᠠᠢ ᠲᠦᠯᠦᠪᠯᠡᠬᠦ ᠪᠠ ᠪᠠᠶᠢᠷᠢᠰᠢᠯᠠᠭᠤᠯᠤᠨᠠ᠃ ᠪᠦᠬᠦ ᠬᠤᠲᠠ ᠶᠢᠨ ᠬᠠᠤᠯᠢ ᠴᠠᠭᠠᠵᠠ ᠶᠢᠨ ᠵᠦᠪᠯᠡᠭᠴᠢ᠂ ᠬᠠᠤᠯᠢᠴᠢ᠂ ᠬᠠᠤᠯᠢ ᠴᠠᠭᠠᠵᠠ ᠶᠢᠨ ᠲᠤᠰᠠᠯᠠᠮᠵᠢ᠂ | ᠠᠯᠪᠠᠨ ᠭᠡᠷᠡᠴᠢᠯᠡᠭᠡ ᠪᠠ ᠦᠨᠳᠦᠰᠦᠨ ᠱᠠᠲᠤᠨ ᠤ ᠬᠠᠤᠯᠢ ᠴᠠᠭᠠᠵᠠ ᠶᠢᠨ ᠦᠢᠯᠡᠴᠢᠯᠡᠭᠡᠨ ᠤ ᠬᠠᠮᠢᠶᠠᠷᠤᠯᠲᠠ ᠶᠢᠨ ᠠᠵᠢᠯ ᠢ ᠵᠢᠭᠠᠨ ᠵᠢᠯᠤᠭᠤᠳᠬᠤ ᠪᠠ ᠬᠢᠨᠠᠯᠲᠠ | ᠲᠠᠯᠪᠢᠨ᠎ᠠ᠃ ᠪᠦᠬᠦ ᠬᠤᠲᠠ ᠶᠢᠨ ᠬᠠᠤᠯᠢᠴᠢ ᠶᠢᠨ ᠠᠵᠢᠯ ᠤᠨ ᠭᠠᠵᠠᠷ ᠢ ᠪᠠᠶᠢᠭᠤᠯᠬᠤ ᠵᠢᠴᠢ ᠬᠠᠤᠯᠢᠴᠢ ᠶᠢᠨ ᠠᠵᠢᠯ ᠡᠷᠬᠢᠯᠡᠬᠦ ᠶᠢ ᠬᠢᠨᠠᠨ ᠬᠠᠮᠢᠶᠠᠷᠤᠨ᠎ᠠ᠃ | ᠬᠠᠤᠯᠢᠴᠢ ᠶᠢᠨ ᠠᠵᠢᠯ ᠲᠦᠷᠦᠯ ᠤᠨ ᠨᠠᠮ ᠤᠨ ᠪᠦᠲᠦᠭᠡᠨ ᠪᠠᠶᠢᠭᠤᠯᠤᠯᠲᠠ ᠶᠢᠨ ᠠᠵᠢᠯ ᠢ ᠵᠢᠯᠤᠭᠤᠳᠤᠨ᠎ᠠ᠃ | ︵ᠳᠤᠯᠤᠭ᠎ᠠ︶ ᠪᠦᠬᠦ ᠬᠤᠲᠠ ᠶᠢᠨ ᠬᠠᠤᠯᠢ ᠴᠠᠭᠠᠵᠠ ᠶᠢᠨ ᠴᠢᠳᠠᠪᠤᠷᠢᠲᠠᠨ ᠤ ᠡᠩᠨᠡᠭᠡᠨ ᠤ ᠪᠦᠲᠦᠭᠡᠨ ᠪᠠᠶᠢᠭᠤᠯᠤᠯᠲᠠ ᠶᠢ ᠬᠠᠷᠢᠭᠤᠴᠠᠨ᠎ᠠ᠃ ᠪᠦᠬᠦ ᠬᠤᠲᠠ ᠶᠢᠨ | ᠬᠠᠤᠯᠢ ᠴᠠᠭᠠᠵᠠ ᠶᠢᠨ ᠴᠢᠳᠠᠪᠤᠷᠢᠲᠠᠨ ᠤ ᠡᠩᠨᠡᠭᠡᠨ ᠤ ᠪᠦᠲᠦᠭᠡᠨ ᠪᠠᠶᠢᠭᠤᠯᠤᠯᠲᠠ ᠶᠢᠨ ᠬᠠᠮᠢᠶ᠎ᠠ ᠪᠦᠬᠦᠢ ᠠᠵᠢᠯ ᠢ ᠲᠦᠯᠦᠪᠯᠡᠬᠦ᠂ ᠵᠤᠬᠢᠴᠠᠭᠤᠯᠬᠤ ᠪᠠ ᠵᠢᠯᠤᠭᠤᠳᠤᠨ᠎ᠠ᠃ | ᠪᠦᠬᠦ ᠬᠤᠲᠠ ᠶᠢᠨ ᠬᠠᠤᠯᠢ ᠴᠠᠭᠠᠵᠠ ᠶᠢᠨ ᠠᠵᠢᠯ ᠮᠡᠷᠭᠡᠵᠢᠯ ᠤᠨ ᠬᠦᠮᠦᠰ ᠤᠨ ᠠᠵᠢᠯ ᠳᠤ ᠭᠠᠷᠬᠤ ᠠᠴᠠ ᠡᠮᠦᠨᠡᠬᠢ ᠪᠤᠯᠪᠠᠰᠤᠷᠠᠯ ᠤᠨ ᠠᠵᠢᠯ ᠢ ᠬᠠᠷᠢᠭᠤᠴᠠᠨ᠎ᠠ᠃ | ᠪᠦᠬᠦ ᠬᠤᠲᠠ ᠶᠢᠨ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠡᠩᠨᠡᠭᠡᠨ ᠤ ᠪᠦᠲᠦᠭᠡᠨ ᠪᠠᠶᠢᠭᠤᠯᠤᠯᠲᠠ ᠶᠢ ᠵᠢᠯᠤᠭᠤᠳᠬᠤ ᠪᠠ ᠬᠢᠨᠠᠯᠲᠠ ᠲᠠᠯᠪᠢᠨ᠎ᠠ ᠃ ᠪᠦᠬᠦ | ᠬᠤᠲᠠ ᠶᠢᠨ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠰᠢᠰᠲ᠋ᠧᠮ ᠤᠨ ᠴᠠᠭᠳᠠᠭᠠᠨ ᠤ ᠶᠠᠪᠤᠳᠠᠯ ᠤᠨ ᠬᠠᠮᠢᠶᠠᠷᠤᠯᠲᠠ ᠪᠠ ᠬᠢᠨᠠᠨ ᠪᠠᠶᠢᠴᠠᠭᠠᠯᠲᠠ ᠵᠡᠷᠭᠡ ᠡᠩᠨᠡᠭᠡᠨ ᠤ | ᠪᠦᠲᠦᠭᠡᠨ ᠪᠠᠶᠢᠭᠤᠯᠤᠯᠲᠠ ᠶᠢᠨ ᠠᠵᠢᠯ ᠢ ᠬᠠᠷᠢᠭᠤᠴᠠᠨ᠎ᠠ᠃ | ︵ᠨᠠᠢᠮᠠ︶ ᠪᠦᠬᠦ ᠬᠤᠲᠠ ᠶᠢᠨ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠰᠢᠰᠲ᠋ᠧᠮ ᠤᠨ ᠡᠳ᠋ ᠤᠨ ᠶᠠᠪᠤᠳᠠᠯ ᠤᠨ ᠪᠠᠲᠤᠯᠠᠭ᠎ᠠ ᠶᠢᠨ ᠠᠵᠢᠯ ᠢ ᠬᠠᠷᠢᠭᠤᠴᠠᠨ᠎ᠠ᠃ | ᠪᠦᠬᠦ ᠬᠤᠲᠠ ᠶᠢᠨ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠰᠢᠰᠲ᠋ᠧᠮ ᠤᠨ ᠴᠠᠭᠳᠠᠭᠠᠨ ᠤ ᠲᠡᠷᠭᠡ ᠶᠢᠨ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃ ᠪᠦᠬᠦ | ᠬᠤᠲᠠ ᠶᠢᠨ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠰᠢᠰᠲ᠋ᠧᠮ ᠤᠨ ᠡᠳ᠋ ᠤᠨ ᠶᠠᠪᠤᠳᠠᠯ᠂ ᠲᠤᠨᠤᠭ ᠲᠦᠭᠦᠭᠡᠷᠦᠮᠵᠢ᠂ ᠲᠠᠯᠠᠪᠤᠷ ᠵᠡᠷᠭᠡ ᠪᠠᠲᠤᠯᠠᠭ᠎ᠠ ᠶᠢᠨ ᠠᠵᠢᠯ ᠢ | ᠵᠢᠭᠠᠨ ᠵᠢᠯᠤᠭᠤᠳᠬᠤ ᠪᠠ ᠬᠢᠨᠠᠯᠲᠠ ᠲᠠᠯᠪᠢᠨ᠎ᠠ᠃ | ︵ᠶᠢᠰᠦ︶ ᠪᠦᠬᠦ ᠬᠤᠲᠠ ᠶᠢᠨ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠮᠡᠳᠡᠭᠡ ᠵᠠᠩᠭᠢᠴᠢᠯᠠᠯᠲᠠ ᠶᠢᠨ ᠠᠵᠢᠯ ᠢ ᠲᠦᠯᠦᠪᠯᠡᠬᠦ᠂ ᠬᠡᠷᠡᠭᠵᠢᠭᠦᠯᠬᠦ ᠪᠠ | ᠵᠢᠯᠤᠭᠤᠳᠤᠨ᠎ᠠ᠃ ᠪᠦᠬᠦ ᠬᠤᠲᠠ ᠶᠢᠨ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠰᠢᠰᠲ᠋ᠧᠮ ᠤᠨ ᠪᠠᠴᠢᠮ ᠪᠠᠶᠢᠳᠠᠯ ᠢ ᠠᠷᠭᠠᠴᠠᠭᠠᠬᠤ᠂ ᠶᠠᠷᠢᠶ᠎ᠠ ᠬᠡᠯᠡᠯᠴᠡᠭᠡᠨ ᠤ | ᠪᠠᠶᠢᠳᠠᠯ ᠢ ᠰᠢᠢᠳᠪᠦᠷᠢᠯᠡᠬᠦ᠂ ᠶᠡᠷᠦᠩᠬᠡᠶᠢᠯᠡᠨ ᠵᠤᠬᠢᠴᠠᠭᠤᠯᠬᠤ ᠠᠵᠢᠯ ᠢ ᠬᠠᠷᠢᠭᠤᠴᠠᠨ᠎ᠠ᠃ | ︵ᠠᠷᠪᠠ︶ ᠭᠠᠳᠠᠭᠠᠲᠤ ᠲᠠᠢ ᠬᠤᠯᠪᠤᠭᠳᠠᠭᠰᠠᠨ ᠬᠠᠤᠯᠢ ᠶᠢᠨ ᠶᠠᠪᠤᠳᠠᠯ ᠤᠨ ᠰᠤᠯᠢᠯᠴᠠᠭ᠎ᠠ ᠪᠠ ᠬᠠᠮᠲᠤᠷᠠᠯᠴᠠᠭ᠎ᠠ ᠶᠢ ᠬᠠᠷᠢᠭᠤᠴᠠᠨ᠎ᠠ᠃ ᠭᠠᠳᠠᠭᠠᠲᠤ ᠲᠠᠢ | ᠬᠤᠯᠪᠤᠭᠳᠠᠭᠰᠠᠨ ᠬᠠᠤᠯᠢ ᠴᠠᠭᠠᠵᠠ ᠶᠢᠨ ᠦᠢᠯᠡᠴᠢᠯᠡᠭᠡᠨ ᠤ ᠠᠵᠢᠯ ᠢ ᠵᠤᠬᠢᠴᠠᠭᠤᠯᠤᠨ᠎ᠠ᠃ | ︵ᠠᠷᠪᠠᠨ ᠨᠢᠭᠡ︶ ᠲᠤᠮᠢᠯᠠᠭᠰᠠᠨ ᠪᠠᠶᠢᠭᠤᠯᠭ᠎ᠠ ᠶᠢ ᠬᠠᠮᠢᠶᠠᠷᠤᠨ᠎ᠠ᠃ ᠳᠤᠯᠤᠭᠠᠨ ᠬᠠᠤᠯᠢ ᠴᠠᠭᠠᠵᠠ ᠶᠢᠨ ᠭᠠᠵᠠᠷ ᠢ ᠬᠠᠮᠢᠶᠠᠷᠬᠤ ᠪᠠ ᠵᠢᠯᠤᠭᠤᠳᠤᠨ᠎ᠠ᠃ | ︵ᠠᠷᠪᠠᠨ ᠬᠤᠶᠠᠷ︶ ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ ᠤᠷᠳᠤᠨ ᠪᠠ ᠳᠡᠭᠡᠲᠦ ᠱᠠᠲᠤᠨ ᠤ ᠲᠤᠬᠠᠶᠢᠯᠠᠭᠰᠠᠨ ᠠᠵᠢᠯ ᠤᠨ ᠰᠠᠯᠠᠭ᠎ᠠ ᠮᠦᠴᠢᠷ ᠤᠨ | ᠳᠠᠭᠠᠭᠠᠯᠭᠠᠭᠰᠠᠨ ᠪᠤᠰᠤᠳ ᠠᠵᠢᠯ ᠢ ᠪᠡᠶᠡᠯᠡᠭᠦᠯᠦᠨ᠎ᠡ᠃ |