ᠭᠤᠤᠯ ᠡᠭᠦᠷᠭᠡ ᠬᠠᠷᠢᠭᠤᠴᠠᠯᠭ᠎ᠠ᠄ | ︵ᠨᠢᠭᠡ︶ ᠤᠯᠤᠰ᠂ ᠦᠪᠡᠷᠲᠡᠭᠡᠨ ᠵᠠᠰᠠᠬᠤ ᠤᠷᠤᠨ᠂ ᠬᠦᠯᠦᠨ ᠪᠤᠶᠢᠷ ᠬᠤᠲᠠ ᠶᠢᠨ ᠬᠦᠭᠵᠢᠭᠦᠯᠦᠯᠲᠡ ᠪᠠ ᠦᠭᠡᠷᠡᠴᠢᠯᠡᠯᠲᠡ ᠶᠢᠨ ᠬᠠᠤᠯᠢ ᠴᠠᠭᠠᠵᠠ ᠬᠠᠤᠯᠢ | ᠳᠦᠷᠢᠮ ᠵᠢᠴᠢ ᠬᠠᠮᠢᠶ᠎ᠠ ᠪᠦᠬᠦᠢ ᠲᠦᠷᠦ ᠶᠢᠨ ᠪᠤᠳᠤᠯᠭ᠎ᠠ ᠶᠢ ᠲᠤᠭᠤᠰᠢᠯᠠᠭᠤᠯᠤᠨ ᠬᠡᠷᠡᠭᠵᠢᠭᠦᠯᠦᠨ᠎ᠡ᠃ ᠤᠯᠤᠰ ᠠᠷᠠᠳ ᠤᠨ ᠠᠵᠤ ᠠᠬᠤᠢ ᠪᠤᠯᠤᠨ ᠨᠡᠶᠢᠭᠡᠮ ᠤᠨ | ᠬᠦᠭᠵᠢᠯᠲᠡ ᠶᠢᠨ ᠪᠠᠶᠢᠯᠳᠤᠬᠤ ᠪᠤᠳᠤᠯᠭ᠎ᠠ᠂ ᠳᠤᠮᠳᠠ ᠤᠷᠲᠤ ᠬᠤᠭᠤᠴᠠᠭᠠᠨ ᠤ ᠲᠦᠯᠦᠪᠵᠢᠭᠦᠯᠭᠡ ᠪᠤᠯᠤᠨ ᠤᠨ ᠤ ᠲᠦᠯᠦᠪᠯᠡᠭᠡ ᠶᠢ ᠲᠤᠭᠲᠠᠭᠠᠬᠤ ᠪᠠ ᠵᠤᠬᠢᠶᠠᠨ | ᠪᠠᠶᠢᠭᠤᠯᠤᠨ ᠬᠡᠷᠡᠭᠵᠢᠭᠦᠯᠦᠨ᠎ᠡ᠃ ᠪᠦᠬᠦ ᠬᠤᠲᠠ ᠶᠢᠨ ᠲᠦᠯᠦᠪᠵᠢᠭᠦᠯᠭᠡ ᠶᠢᠨ ᠰᠢᠰᠲ᠋ᠧᠮ ᠢ ᠪᠠᠶᠢᠭᠤᠯᠤᠨ᠎ᠠ᠃ ᠤᠷᠤᠨ ᠪᠦᠰᠡ ᠶᠢᠨ ᠴᠢᠨᠠᠷᠲᠠᠢ ᠶᠡᠷᠦᠩᠬᠡᠶᠢᠯᠡᠭᠰᠡᠨ | ᠲᠦᠯᠦᠪᠵᠢᠭᠦᠯᠭᠡ᠂ ᠴᠢᠬᠤᠯᠠ ᠲᠤᠰᠬᠠᠢ ᠲᠦᠷᠦᠯ ᠤᠨ ᠲᠦᠯᠦᠪᠵᠢᠭᠦᠯᠭᠡ᠂ ᠤᠷᠤᠨ ᠪᠦᠰᠡ ᠶᠢᠨ ᠲᠦᠯᠦᠪᠵᠢᠭᠦᠯᠭᠡ᠂ ᠤᠷᠤᠨ ᠵᠠᠢ ᠶᠢᠨ ᠲᠦᠯᠦᠪᠵᠢᠭᠦᠯᠭᠡ ᠪᠤᠯᠤᠨ | ᠪᠦᠬᠦ ᠬᠤᠲᠠ ᠶᠢᠨ ᠲᠦᠯᠦᠪᠵᠢᠭᠦᠯᠭᠡ ᠶᠢ ᠨᠢᠭᠡᠲᠦᠯᠲᠠᠢ ᠲᠦᠯᠦᠪᠯᠡᠨ ᠵᠤᠯᠭᠠᠭᠤᠯᠬᠤ ᠶᠢ ᠬᠠᠷᠢᠭᠤᠴᠠᠨ᠎ᠠ᠃ ᠨᠡᠶᠢᠭᠡᠮ᠂ ᠠᠵᠤ ᠠᠬᠤᠢ᠂ ᠠᠮᠢ ᠠᠬᠤᠢ᠂ ᠰᠤᠶᠤᠯ | ᠵᠡᠷᠭᠡ ᠶᠢᠨ ᠬᠦᠨᠳᠦ ᠶᠡᠭᠡ ᠵᠦᠢᠯ ᠪᠤᠯᠤᠨ ᠠᠰᠠᠭᠤᠳᠠᠯ ᠢ ᠰᠤᠳᠤᠯᠵᠤ᠂ ᠲᠦᠰᠦᠪ ᠳᠤᠷᠠᠳᠤᠨ᠎ᠠ᠃ ᠤᠯᠤᠰ ᠠᠷᠠᠳ ᠤᠨ ᠨᠡᠶᠢᠭᠡᠮ ᠠᠵᠤ ᠠᠬᠤᠢ ᠶᠢᠨ ᠬᠦᠭᠵᠢᠯᠲᠡ ᠂ | ᠠᠵᠤ ᠠᠬᠤᠢ ᠶᠢᠨ ᠪᠠᠶᠢᠭᠤᠯᠤᠮᠵᠢ ᠶᠢᠨ ᠦᠭᠡᠷᠡᠴᠢᠯᠡᠯᠲᠡ ᠪᠤᠯᠤᠨ ᠭᠠᠳᠠᠭᠠᠲᠤ ᠨᠡᠭᠡᠭᠡᠯᠲᠡ ᠶᠢᠨ ᠲᠤᠬᠠᠢ ᠮᠡᠳᠡᠭᠦᠯᠦᠯᠲᠡ᠂ ᠲᠦᠰᠦᠯ ᠵᠢᠴᠢ ᠳᠦᠷᠢᠮᠵᠢᠯ ᠤᠨ ᠴᠢᠨᠠᠷᠲᠠᠢ | ᠪᠢᠴᠢᠭ ᠮᠠᠲ᠋ᠧᠷᠢᠶᠠᠯ ᠢ ᠲᠤᠭᠤᠷᠪᠢᠨ᠎ᠠ᠃ | ︵ᠬᠤᠶᠠᠷ︶ ᠤᠳᠤ ᠦᠶ᠎ᠡ ᠶᠢᠨ ᠠᠵᠤ ᠠᠬᠤᠢ ᠶᠢᠨ ᠰᠢᠰᠲ᠋ᠧᠮ ᠢ ᠪᠠᠶᠢᠭᠤᠯᠬᠤ ᠶᠢ ᠲᠦᠷᠭᠡᠳᠭᠡᠵᠤ᠂ ᠴᠢᠨᠠᠷᠯᠢᠭ ᠬᠦᠭᠵᠢᠯᠲᠡ ᠶᠢᠨ ᠶᠡᠷᠦᠩᠬᠡᠢ ᠬᠠᠷᠠᠯᠲᠠ᠂ | ᠬᠦᠨᠳᠦ ᠶᠡᠭᠡ ᠡᠭᠦᠷᠭᠡ ᠵᠢᠴᠢ ᠬᠠᠮᠢᠶ᠎ᠠ ᠪᠦᠬᠦᠢ ᠠᠵᠢᠯ ᠢ ᠠᠬᠢᠭᠤᠯᠤᠨ᠎ᠠ᠃ ᠬᠦᠨᠳᠦ ᠴᠢᠬᠤᠯᠠ ᠪᠠᠶᠢᠯᠳᠤᠬᠤ ᠪᠤᠳᠤᠯᠭ᠎ᠠ ᠶᠢᠨ ᠲᠦᠯᠦᠪᠵᠢᠭᠦᠯᠭᠡ᠂ ᠬᠦᠨᠳᠦ ᠶᠡᠭᠡ | ᠲᠦᠷᠦ ᠶᠢᠨ ᠪᠤᠳᠤᠯᠭ᠎ᠠ᠂ ᠴᠢᠬᠤᠯᠠ ᠲᠦᠷᠦᠯ ᠵᠦᠢᠯ ᠵᠢᠴᠢ ᠲᠦᠪ ᠤᠨ ᠡᠳ᠋ ᠤᠨ ᠵᠠᠰᠠᠭ ᠤᠨ ᠲᠦᠰᠦᠪ ᠤᠨ ᠪᠡᠯᠡ ᠤᠷᠤᠭᠤᠯᠤᠯᠲᠡ ᠶᠢ ᠬᠢᠨᠠᠨ ᠦᠨᠡᠯᠡᠬᠦ ᠪᠤᠯᠤᠨ | ᠬᠢᠨᠠᠨ ᠬᠠᠮᠢᠶᠠᠷᠬᠤ ᠶᠢ ᠨᠢᠭᠡᠲᠦᠯᠲᠠᠢ ᠲᠦᠯᠦᠪᠯᠡᠵᠦ᠂ ᠬᠠᠮᠢᠶ᠎ᠠ ᠪᠦᠬᠦᠢ ᠲᠤᠬᠢᠷᠠᠭᠤᠯᠬᠤ ᠵᠦᠪᠯᠡᠯᠭᠡ ᠶᠢ ᠳᠤᠷᠠᠳᠤᠨ᠎ᠠ᠃ | ︵ᠭᠤᠷᠪᠠ︶ ᠤᠯᠤᠰ ᠠᠷᠠᠳ ᠤᠨ ᠨᠡᠶᠢᠭᠡᠮ ᠠᠵᠤ ᠠᠬᠤᠢ ᠶᠢᠨ ᠬᠦᠭᠵᠢᠯᠲᠡ ᠶᠢᠨ ᠭᠤᠤᠯ ᠬᠠᠷᠠᠯᠲᠠ ᠶᠢ ᠨᠢᠭᠡᠲᠦᠯᠲᠠᠢ ᠳᠤᠷᠠᠳᠤᠨ᠎ᠠ᠃ ᠠᠵᠤ ᠠᠬᠤᠢ ᠶᠢᠨ | ᠠᠵᠢᠯᠯᠠᠭ᠎ᠠ᠂ ᠶᠡᠷᠦᠩᠬᠡᠢ ᠬᠡᠮᠵᠢᠶᠡᠨ ᠤ ᠲᠡᠩᠴᠡᠭᠦᠷᠢ᠂ ᠠᠵᠤ ᠠᠬᠤᠢ ᠶᠢᠨ ᠠᠮᠤᠷ ᠲᠦᠪᠰᠢᠨ ᠪᠤᠯᠤᠨ ᠠᠵᠤ ᠦᠢᠯᠡᠰ ᠤᠨ ᠠᠮᠤᠷ ᠲᠦᠪᠰᠢᠨ ᠵᠡᠷᠭᠡ ᠬᠦᠨᠲᠦ ᠶᠡᠭᠡ | ᠠᠰᠠᠭᠤᠳᠠᠯ ᠢ ᠰᠤᠳᠤᠯᠤᠨ᠎ᠠ᠃ ᠬᠤᠷᠸ᠎ᠠ ᠠᠵᠤ ᠠᠬᠤᠢ ᠪᠤᠯᠤᠨ ᠨᠡᠶᠢᠭᠡᠮ ᠤᠨ ᠬᠦᠭᠵᠢᠯᠲᠡ ᠶᠢᠨ ᠪᠠᠶᠢᠳᠠᠯ ᠢ ᠤᠷᠢᠳᠴᠢᠯᠡᠨ ᠬᠡᠮᠵᠢᠬᠦ ᠪᠠ ᠤᠷᠢᠳᠴᠢᠯᠡᠨ | ᠰᠡᠷᠡᠮᠵᠢᠯᠡᠭᠦᠯᠵᠦ᠂ ᠬᠤᠷᠸ᠎ᠠ ᠲᠤᠬᠢᠷᠠᠭᠤᠯᠭ᠎ᠠ ᠶᠢᠨ ᠲᠦᠷᠦ ᠶᠢᠨ ᠪᠤᠳᠤᠯᠭ᠎ᠠ ᠵᠦᠪᠯᠡᠯᠭᠡ ᠶᠢ ᠳᠤᠷᠠᠳᠤᠨ᠎ᠠ᠃ ᠬᠤᠷᠸ᠎ᠠ ᠠᠵᠤ ᠠᠬᠤᠢ ᠶᠢᠨ ᠲᠦᠷᠦ ᠶᠢᠨ ᠪᠤᠳᠤᠯᠭ᠎ᠠ ᠶᠢ | ᠶᠡᠷᠦᠩᠬᠡᠶᠢᠯᠡᠨ ᠲᠤᠬᠢᠷᠠᠭᠤᠯᠤᠨ᠎ᠠ᠃ ᠬᠤᠷᠸ᠎ᠠ ᠠᠵᠤ ᠠᠬᠤᠢ ᠶᠢᠨ ᠠᠷᠭ᠎ᠠ ᠬᠡᠮᠵᠢᠶ᠎ᠡ ᠶᠢ ᠰᠤᠳᠤᠯᠤᠨ᠂ ᠠᠵᠤ ᠠᠬᠤᠢ ᠶᠢᠨ ᠠᠵᠢᠯᠯᠠᠭ᠎ᠠ ᠶᠢ ᠲᠤᠬᠢᠷᠠᠭᠤᠯᠤᠨ᠎ᠠ᠃ | ᠳᠡᠭᠡᠲᠦ ᠱᠠᠲᠤᠨ ᠤ ᠦᠨ᠎ᠡ ᠶᠢ ᠲᠤᠬᠢᠷᠠᠭᠤᠯᠬᠤ ᠬᠠᠷᠠᠯᠲᠠ ᠶᠢ ᠲᠤᠤᠱᠯᠠᠭᠤᠯᠵᠤ᠂ ᠦᠨ᠎ᠡ ᠶᠢᠨ ᠲᠤᠬᠠᠢ ᠲᠦᠷᠦ ᠶᠢᠨ ᠪᠤᠳᠤᠯᠭ᠎ᠠ ᠶᠢ ᠲᠤᠭᠲᠠᠭᠠᠬᠤ ᠪᠠ ᠵᠤᠬᠢᠶᠠᠨ | ᠪᠠᠶᠢᠭᠤᠯᠵᠤ ᠬᠡᠷᠡᠭᠵᠢᠭᠦᠯᠦᠨ᠎ᠡ᠃ ᠬᠠᠮᠢᠶᠠᠷᠤᠯᠲᠠ ᠶᠢᠨ ᠡᠷᠬᠡ ᠶᠢᠨ ᠬᠢᠵᠠᠭᠠᠷ ᠶᠤᠰᠤᠭᠠᠷ᠂ ᠴᠢᠬᠤᠯᠠ ᠲᠠᠸᠠᠷ᠂ ᠦᠢᠯᠡᠴᠢᠯᠡᠭᠡᠨ ᠤ ᠦᠨ᠎ᠡ ᠪᠤᠯᠤᠨ ᠴᠢᠬᠤᠯᠠ | ᠰᠦᠢᠳᠭᠡᠯ ᠬᠤᠷᠢᠶᠠᠬᠤ ᠪᠠᠷᠢᠮᠵᠢᠶ᠎ᠠ ᠶᠢ ᠲᠤᠭᠲᠠᠭᠠᠬᠤ᠂ ᠲᠤᠬᠢᠷᠠᠭᠤᠯᠬᠤ ᠪᠠ ᠳᠡᠭᠡᠭᠰᠢ ᠮᠡᠳᠡᠭᠦᠯᠦᠨ᠎ᠡ᠃ ᠡᠳ᠋ ᠤᠨ ᠵᠠᠰᠠᠭ ᠤᠨ ᠲᠦᠷᠦ ᠶᠢᠨ ᠪᠤᠳᠤᠯᠭ᠎ᠠ᠂ | ᠵᠤᠭᠤᠰᠤᠨ ᠤ ᠲᠦᠷᠦ ᠶᠢᠨ ᠪᠤᠳᠤᠯᠭ᠎ᠠ ᠪᠤᠯᠤᠨ ᠭᠠᠵᠠᠷ ᠰᠢᠷᠦᠢ ᠶᠢᠨ ᠲᠦᠷᠦ ᠶᠢᠨ ᠪᠤᠳᠤᠯᠭ᠎ᠠ ᠶᠢ ᠲᠤᠭᠤᠰᠢᠯᠠᠭᠤᠯᠤᠨ᠎ᠠ᠃ | ︵ᠳᠦᠷᠪᠡ︶ ᠪᠦᠬᠦ ᠬᠤᠲᠠ ᠶᠢᠨ ᠠᠵᠤ ᠠᠬᠤᠢ ᠶᠢᠨ ᠪᠠᠶᠢᠭᠤᠯᠤᠮᠵᠢ ᠶᠢᠨ ᠦᠭᠡᠷᠡᠴᠢᠯᠡᠯᠲᠡ ᠶᠢᠨ ᠲᠤᠬᠠᠢ ᠠᠵᠢᠯ ᠢ ᠠᠬᠢᠭᠤᠯᠬᠤ ᠪᠠ ᠶᠡᠷᠦᠩᠬᠡᠶᠢᠯᠡᠨ | ᠵᠤᠬᠢᠴᠠᠭᠤᠯᠤᠨ᠎ᠠ᠃ ᠬᠠᠮᠢᠶ᠎ᠠ ᠪᠦᠬᠦᠢ ᠦᠭᠡᠷᠡᠴᠢᠯᠡᠯᠲᠡ ᠶᠢᠨ ᠰᠠᠨᠠᠯ ᠢ ᠳᠤᠷᠠᠳᠤᠨ᠎ᠠ᠃ ᠬᠠᠩᠭᠠᠯᠭ᠎ᠠ ᠬᠡᠷᠡᠭᠴᠡᠭᠡᠨ ᠤ ᠪᠦᠲᠦᠴᠡ ᠶᠢᠨ ᠴᠢᠨᠠᠷᠲᠠᠢ ᠦᠭᠡᠷᠡᠴᠢᠯᠡᠯᠲᠡ ᠶᠢᠨ | ᠬᠠᠮᠢᠶ᠎ᠠ ᠪᠦᠬᠦᠢ ᠠᠵᠢᠯ ᠢ ᠠᠬᠢᠭᠤᠯᠤᠨ᠎ᠠ᠃ ᠦᠮᠴᠢᠯᠡᠯ ᠤᠨ ᠳᠦᠷᠢᠮ ᠪᠤᠯᠤᠨ ᠡᠯᠧᠮᠧᠨ᠋ᠲ ᠤᠨ ᠵᠠᠬ᠎ᠠ ᠳᠡᠯᠭᠡᠭᠦᠷᠴᠢᠯᠡᠭᠰᠡᠨ ᠦᠭᠡᠷᠡᠴᠢᠯᠡᠯᠲᠡ ᠶᠢ ᠨᠢᠭᠡᠲᠦᠯᠲᠠᠢ | ᠵᠤᠬᠢᠴᠠᠭᠤᠯᠤᠨ᠎ᠠ᠃ ᠦᠨᠳᠦᠰᠦᠨ ᠠᠵᠤ ᠠᠬᠤᠢ ᠶᠢᠨ ᠪᠠᠶᠢᠭᠤᠯᠤᠮᠵᠢ ᠶᠢ ᠲᠡᠭᠦᠯᠳᠡᠷᠵᠢᠭᠦᠯᠵᠤ᠂ ᠤᠳᠤ ᠦᠶ᠎ᠡ ᠶᠢᠨ ᠵᠠᠬ᠎ᠠ ᠳᠡᠯᠭᠡᠭᠦᠷ ᠤᠨ ᠰᠢᠰᠲ᠋ᠧᠮ ᠤᠨ ᠪᠦᠲᠦᠭᠡᠨ | ᠪᠠᠶᠢᠭᠤᠯᠤᠯᠲᠠ ᠶᠢ ᠠᠬᠢᠭᠤᠯᠤᠨ᠎ᠠ᠃ ᠬᠠᠮᠢᠶ᠎ᠠ ᠪᠦᠬᠦᠢ ᠰᠠᠯᠠᠭ᠎ᠠ ᠮᠦᠴᠢᠷ ᠲᠠᠢ ᠬᠠᠮᠵᠢᠯᠴᠠᠵᠤ᠂ ᠵᠠᠬ᠎ᠠ ᠳᠡᠯᠭᠡᠭᠦᠷ ᠲᠤ ᠤᠷᠤᠬᠤ ᠶᠢ ᠵᠦᠪᠰᠢᠶᠡᠷᠡᠬᠦ ᠨᠠᠵᠠᠭᠠᠢ | ᠳᠠᠩᠰᠠ ᠶᠢᠨ ᠳᠦᠷᠢᠮ ᠢ ᠬᠡᠷᠡᠭᠵᠢᠭᠦᠯᠦᠨ᠎ᠡ᠃ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ ᠬᠦᠭᠵᠢᠯᠲᠡ ᠶᠢ ᠠᠬᠢᠭᠤᠯᠤᠨ᠎ᠠ᠃ ᠬᠠᠮᠢᠶ᠎ᠠ ᠪᠦᠬᠦᠢ ᠰᠠᠯᠠᠭ᠎ᠠ | ᠮᠦᠴᠢᠷ ᠲᠠᠢ ᠬᠠᠮᠵᠢᠯᠴᠠᠨ᠂ ᠬᠤᠳᠠᠯᠳᠤᠭ᠎ᠠ ᠡᠵᠡᠩᠨᠡᠬᠦ ᠤᠷᠴᠢᠨ ᠢ ᠰᠢᠯᠢᠳᠡᠭᠵᠢᠭᠦᠯᠬᠦ ᠲᠦᠷᠦ ᠶᠢᠨ ᠪᠤᠳᠤᠯᠭ᠎ᠠ ᠠᠷᠭ᠎ᠠ ᠬᠡᠮᠵᠢᠶ᠎ᠡ ᠶᠢ ᠰᠤᠳᠤᠯᠤᠨ ᠲᠤᠭᠲᠠᠭᠠᠨ᠎ᠠ᠃ | ︵ᠲᠠᠪᠤ︶ ᠪᠦᠬᠦ ᠬᠤᠲᠠ ᠶᠢᠨ ᠭᠠᠳᠠᠭᠠᠲᠤ ᠪᠡᠯᠡ ᠪᠠ ᠬᠢᠯᠢ ᠶᠢᠨ ᠭᠠᠳᠠᠨᠠᠬᠢ ᠪᠡᠯᠡ ᠤᠷᠤᠭᠤᠯᠤᠯᠲᠡ ᠶᠢ ᠠᠰᠢᠭᠯᠠᠬᠤ ᠲᠦᠯᠦᠪᠵᠢᠭᠦᠯᠭᠡ᠂ ᠪᠠᠶᠢᠷᠢᠯᠠᠭᠤᠯᠤᠯᠲᠡ᠂ | ᠲᠦᠷᠦᠯ ᠵᠦᠢᠯ ᠪᠤᠯᠤᠨ ᠪᠦᠲᠦᠴᠡ ᠶᠢ ᠰᠢᠯᠢᠳᠡᠭᠵᠢᠭᠦᠯᠬᠦ ᠬᠠᠷᠠᠯᠲᠠ ᠵᠢᠴᠢ ᠲᠦᠷᠦ ᠶᠢᠨ ᠪᠤᠳᠤᠯᠭ᠎ᠠ ᠵᠦᠪᠯᠡᠯᠭᠡ ᠶᠢ ᠰᠤᠳᠤᠯᠤᠨ ᠳᠤᠷᠠᠳᠤᠨ᠎ᠠ᠃《 ᠨᠢᠭᠡ ᠪᠦᠰᠡ | ᠨᠢᠭᠡ ᠵᠠᠮ 》 ᠤᠨ ᠪᠦᠲᠦᠭᠡᠨ ᠪᠠᠶᠢᠭᠤᠯᠤᠯᠲᠠ ᠶᠢ ᠬᠡᠷᠡᠭᠵᠢᠭᠦᠯᠦᠨ᠎ᠡ᠃ ᠭᠠᠳᠠᠭᠰᠢ ᠭᠠᠷᠬᠤ ︵ᠭᠠᠳᠠᠭᠠᠲᠤ ᠲᠠᠢ ᠬᠠᠷᠢᠯᠴᠠᠬᠤ︶ ᠲᠤᠬᠠᠢ ᠠᠵᠢᠯ ᠢ ᠨᠢᠭᠡᠲᠦᠯᠲᠠᠢ | ᠵᠤᠬᠢᠴᠠᠭᠤᠯᠤᠨ᠎ᠠ᠃ ᠬᠠᠮᠢᠶ᠎ᠠ ᠪᠦᠬᠦᠢ ᠰᠠᠯᠠᠭ᠎ᠠ ᠮᠦᠴᠢᠷ ᠲᠠᠢ ᠬᠠᠮᠵᠢᠯᠴᠠᠵᠤ᠂ ᠭᠠᠳᠠᠭᠠᠲᠤ ᠶᠢᠨ ᠬᠤᠳᠠᠯᠳᠤᠭᠠᠴᠢᠨ ᠤ ᠪᠡᠯᠡ ᠤᠷᠤᠭᠤᠯᠤᠯᠲᠡ ᠶᠢ ᠵᠦᠪᠰᠢᠶᠡᠷᠡᠬᠦ | ᠨᠠᠵᠠᠭᠠᠢ ᠳᠠᠩᠰᠠ ᠶᠢ ᠳᠤᠷᠠᠳᠤᠨ᠎ᠠ᠃ ᠬᠠᠮᠢᠶ᠎ᠠ ᠪᠦᠬᠦᠢ ᠰᠠᠯᠠᠭ᠎ᠠ ᠮᠦᠴᠢᠷ ᠲᠤ ᠪᠦᠬᠦ ᠬᠤᠲᠠ ᠶᠢᠨ ᠭᠠᠳᠠᠭᠠᠲᠤ ᠦᠷᠢ ᠶᠢᠨ ᠪᠠᠶᠢᠳᠠᠯ ᠤᠨ ᠵᠠᠳᠠᠯᠤᠯᠲᠠ ᠪᠤᠯᠤᠨ | ᠮᠡᠳᠡᠭᠦᠯᠦᠯᠲᠡ ᠶᠢ ᠳᠤᠷᠠᠳᠤᠨ᠎ᠠ᠃ | ︵ᠵᠢᠷᠭᠤᠭ᠎ᠠ︶ ᠪᠦᠬᠦ ᠬᠤᠲᠠ ᠶᠢᠨ ᠨᠡᠶᠢᠭᠡᠮ ᠤᠨ ᠲᠤᠭᠲᠠᠮᠠᠯ ᠬᠦᠷᠦᠩᠭᠡ ᠶᠢᠨ ᠪᠡᠯᠡ ᠤᠷᠤᠭᠤᠯᠤᠯᠲᠡ ᠶᠢ ᠶᠡᠷᠦᠩᠬᠡᠶᠢᠯᠡᠨ ᠬᠠᠮᠢᠶᠠᠷᠬᠤ ᠶᠢ ᠬᠠᠷᠢᠭᠤᠴᠠᠨ᠎ᠠ᠃ | ᠪᠦᠬᠦ ᠨᠡᠶᠢᠭᠡᠮ ᠤᠨ ᠲᠤᠭᠲᠠᠮᠠᠯ ᠬᠦᠷᠦᠩᠭᠡ ᠶᠢᠨ ᠪᠡᠯᠡ ᠤᠷᠤᠭᠤᠯᠤᠯᠲᠡ ᠶᠢᠨ ᠶᠡᠷᠦᠩᠬᠡᠢ ᠬᠡᠮᠵᠢᠶ᠎ᠡ ᠪᠤᠯᠤᠨ ᠪᠡᠯᠡ ᠤᠷᠤᠭᠤᠯᠤᠯᠲᠡ ᠶᠢᠨ ᠪᠦᠲᠦᠴᠡ ᠶᠢ ᠲᠤᠬᠢᠷᠠᠭᠤᠯᠬᠤ | ᠬᠠᠷᠠᠯᠲᠠ᠂ ᠲᠦᠷᠦ ᠶᠢᠨ ᠪᠤᠳᠤᠯᠭ᠎ᠠ᠂ ᠠᠷᠭ᠎ᠠ ᠬᠡᠮᠵᠢᠶ᠎ᠡ ᠶᠢ ᠲᠤᠭᠲᠠᠭᠠᠨ᠎ᠠ᠃ ᠲᠦᠰᠦᠪ ᠤᠨ ᠡᠳ᠋ ᠤᠨ ᠵᠠᠰᠠᠭ ᠤᠨ ᠴᠢᠨᠠᠷᠲᠠᠢ ᠪᠦᠲᠦᠭᠡᠨ ᠪᠠᠶᠢᠭᠤᠯᠤᠯᠲᠠ ᠶᠢᠨ ᠪᠡᠯᠡ | ᠮᠦᠩᠭᠦ ᠶᠢ ᠲᠤᠬᠢᠷᠠᠭᠤᠯᠤᠨ᠎ᠠ᠃ ᠡᠷᠬᠡ ᠶᠢᠨ ᠬᠢᠵᠠᠭᠠᠷ ᠶᠤᠰᠤᠭᠠᠷ ᠬᠦᠨᠳᠦ ᠶᠡᠭᠡ ᠲᠦᠷᠦᠯ ᠵᠦᠢᠯ ᠢ ᠬᠢᠨᠠᠨ ᠬᠠᠷᠭᠤᠭᠤᠯᠬᠤ ᠪᠠ ᠬᠢᠨᠠᠨ ᠵᠦᠪᠰᠢᠶᠡᠷᠡᠨ᠎ᠡ᠃ ᠬᠦᠨᠲᠦ | ᠴᠢᠬᠤᠯᠠ ᠪᠦᠲᠦᠭᠡᠨ ᠪᠠᠶᠢᠭᠤᠯᠤᠯᠲᠠ ᠶᠢᠨ ᠲᠦᠷᠦᠯ ᠵᠦᠢᠯ ᠪᠤᠯᠤᠨ ᠦᠢᠯᠡᠳᠪᠦᠷᠢᠯᠡᠯ ᠤᠨ ᠬᠦᠴᠦᠨ ᠤ ᠪᠠᠶᠢᠷᠢᠰᠢᠯᠠᠭᠤᠯᠤᠯᠲᠠ ᠶᠢ ᠨᠢᠭᠡᠲᠦᠯᠲᠠᠢ ᠲᠦᠯᠦᠪᠯᠡᠨ᠎ᠡ ᠃ | ᠴᠢᠬᠤᠯᠠ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠪᠤᠯᠤᠨ ᠲᠦᠷᠦᠯ ᠵᠦᠢᠯ ᠤᠨ ᠬᠦᠮᠦᠷᠭᠡ ᠶᠢ ᠪᠦᠲᠦᠭᠡᠨ ᠪᠠᠶᠢᠭᠤᠯᠬᠤ ᠶᠢ ᠵᠤᠬᠢᠶᠠᠨ ᠪᠠᠶᠢᠭᠤᠯᠤᠨ᠎ᠠ ᠃ | ᠠᠷᠠᠳ ᠤᠨ ᠪᠡᠯᠡ ᠤᠷᠤᠭᠤᠯᠤᠯᠲᠡ ᠶᠢ ᠵᠤᠷᠢᠭᠵᠢᠭᠤᠯᠬᠤ ᠲᠦᠷᠦ ᠶᠢᠨ ᠪᠤᠳᠤᠯᠭ᠎ᠠ ᠠᠷᠭ᠎ᠠ ᠬᠡᠮᠵᠢᠶ᠎ᠡ ᠶᠢ ᠲᠤᠭᠲᠠᠭᠠᠬᠤ ᠪᠠ ᠲᠤᠭᠤᠰᠢᠯᠠᠭᠤᠯᠤᠨ᠎ᠠ᠃ ᠭᠠᠳᠠᠭᠠᠲᠤ | ᠵᠢᠭᠡᠯᠡᠯᠭᠡ ᠶᠢᠨ ᠪᠦᠲᠦᠭᠡᠨ ᠪᠠᠶᠢᠭᠤᠯᠤᠯᠲᠠ ᠶᠢᠨ ᠪᠡᠯᠡ ᠮᠦᠩᠭᠦᠨ ᠤ ᠬᠡᠷᠡᠭᠯᠡᠯᠲᠡ ᠶᠢ ᠵᠢᠭᠠᠨ ᠵᠢᠯᠤᠭᠤᠳᠬᠤ ᠪᠠ ᠬᠢᠨᠠᠨ᠎ᠠ᠃ ᠬᠤᠲᠠ ᠶᠢᠨ ᠳᠡᠰ ᠤᠨ ᠵᠠᠰᠠᠭ ᠤᠨ | ᠤᠷᠳᠤᠨ ᠤ ᠴᠢᠨᠠᠷᠲᠠᠢ ᠪᠡᠯᠡ ᠤᠷᠤᠭᠤᠯᠬᠤ ᠲᠦᠷᠦᠯ ᠵᠦᠢᠯ ᠤᠨ ᠲᠦᠯᠦᠪᠵᠢᠭᠦᠯᠭᠡ ᠶᠢ ᠨᠢᠭᠡᠲᠦᠯᠲᠠᠢ ᠳᠤᠷᠠᠳᠤᠨ᠎ᠠ᠃ ᠢᠨᠵᠧᠨᠧᠷᠢᠩ ᠤᠨ ᠵᠦᠪᠯᠡᠯᠭᠡ ᠦᠭᠬᠦ | ᠦᠢᠯᠡᠰ ᠤᠨ ᠬᠦᠭᠵᠢᠯᠲᠡ ᠶᠢ ᠵᠢᠯᠤᠭᠤᠳᠤᠨ᠎ᠠ᠃ | ︵ᠳᠤᠯᠤᠭ᠎ᠠ︶ ᠤᠷᠤᠨ ᠪᠦᠰᠡ ᠶᠢᠨ ᠵᠤᠬᠢᠴᠠᠩᠭᠤᠢ ᠬᠦᠭᠵᠢᠯᠲᠡ ᠶᠢᠨ ᠪᠠᠶᠢᠯᠳᠤᠬᠤ ᠪᠤᠳᠤᠯᠭ᠎ᠠ ᠶᠢ ᠲᠤᠭᠤᠰᠢᠯᠠᠭᠤᠯᠤᠨ᠎ᠠ᠃ ᠤᠷᠤᠨ ᠪᠦᠰᠡ ᠶᠢᠨ | ᠬᠡᠷᠡᠭᠵᠢᠭᠦᠯᠬᠦ ᠲᠦᠰᠦᠪ ᠪᠤᠯᠤᠨ ᠲᠦᠷᠦ ᠶᠢᠨ ᠪᠤᠳᠤᠯᠭ᠎ᠠ ᠶᠢ ᠲᠤᠭᠲᠠᠭᠠᠨ᠎ᠠ᠃ ᠤᠷᠤᠨ ᠪᠦᠰᠡ ᠶᠢᠨ ᠵᠤᠬᠢᠴᠠᠩᠭᠤᠢ ᠬᠦᠭᠵᠢᠯᠲᠡ ᠶᠢᠨ ᠠᠵᠢᠯᠯᠠᠬᠤ ᠲᠤᠭᠲᠠᠴᠠ ᠶᠢ | ᠪᠠᠶᠢᠭᠤᠯᠤᠨ᠎ᠠ᠃ ᠬᠦᠨᠳᠦ ᠴᠢᠬᠤᠯᠠ ᠵᠦᠢᠯ ᠪᠤᠯᠤᠨ ᠠᠵᠢᠯ ᠲᠦᠷᠦᠯ ᠤᠨ ᠰᠢᠰᠲ᠋ᠧᠮ ᠢᠶᠠᠷ ᠳᠡᠮᠵᠢᠬᠦ ᠠᠵᠢᠯ ᠢ ᠵᠤᠬᠢᠴᠠᠭᠤᠯᠤᠨ ᠲᠤᠭᠤᠰᠢᠯᠠᠭᠤᠯᠤᠨ᠎ᠠ᠃ ᠤᠯᠤᠰ᠂ | ᠦᠪᠡᠷᠲᠡᠭᠡᠨ ᠵᠠᠰᠠᠬᠤ ᠤᠷᠤᠨ ᠤ ᠬᠤᠪᠢᠰᠬᠠᠯ ᠤᠨ ᠬᠠᠭᠤᠴᠢᠨ ᠰᠠᠭᠤᠷᠢᠨ ᠭᠠᠵᠠᠷ᠂ ᠴᠦᠬᠡᠨ ᠲᠤᠭᠠᠲᠤ ᠦᠨᠳᠦᠰᠦᠲᠡᠨ ᠤ ᠤᠷᠤᠨ᠂ ᠬᠢᠯᠢ ᠬᠢᠵᠠᠭᠠᠷ ᠤᠷᠤᠨ᠂ | ᠶᠠᠳᠠᠭᠤ ᠬᠦᠴᠢᠷᠳᠡᠯᠲᠠᠢ ᠤᠷᠤᠨ ᠵᠢᠴᠢ ᠪᠤᠰᠤᠳ ᠤᠨᠴᠠᠭᠠᠢ ᠬᠦᠴᠢᠷᠳᠡᠯᠲᠡᠢ ᠭᠠᠵᠠᠷ ᠤᠷᠤᠨ ᠤ ᠬᠦᠭᠵᠢᠯᠲᠡ ᠶᠢᠨ ᠲᠦᠯᠦᠪᠵᠢᠭᠦᠯᠭᠡ ᠪᠤᠯᠤᠨ ᠲᠦᠷᠦ ᠶᠢᠨ | ᠪᠤᠳᠤᠯᠭ᠎ᠠ ᠶᠢ ᠨᠠᠶᠢᠳᠠᠪᠤᠷᠢᠵᠢᠭᠤᠯᠤᠨ᠎ᠠ᠃ ᠤᠨᠳᠤᠤ ᠭᠠᠵᠠᠷ ᠨᠡᠭᠦᠯᠭᠡᠵᠦ ᠶᠠᠳᠠᠭᠤ ᠶᠢ ᠲᠡᠳᠭᠦᠭᠦ ᠲᠦᠷᠦ ᠶᠢᠨ ᠪᠤᠳᠤᠯᠭ᠎ᠠ ᠶᠢ ᠨᠠᠶᠢᠳᠠᠪᠤᠷᠢᠵᠢᠭᠤᠯᠤᠨ᠎ᠠ᠃ ᠬᠤᠲᠠ | ᠬᠦᠳᠡᠭᠡ ᠶᠢᠨ ᠠᠭᠤᠰᠤᠯᠴᠠᠯ ᠪᠤᠯᠤᠨ ᠰᠢᠨ᠎ᠡ ᠬᠡᠯᠪᠡᠷᠢ ᠶᠢᠨ ᠬᠤᠲᠠ ᠪᠠᠯᠭᠠᠰᠤᠵᠢᠯᠲᠠ ᠶᠢᠨ ᠲᠦᠯᠦᠪᠵᠢᠭᠦᠯᠭᠡ ᠶᠢ ᠲᠤᠭᠲᠠᠭᠠᠬᠤ ᠪᠠ ᠲᠤᠤᠱᠯᠠᠭᠤᠯᠤᠨ᠎ᠠ᠃ | ︵ᠨᠠᠢᠮᠠ︶ ᠶᠡᠷᠦᠩᠬᠡᠶᠢᠯᠡᠭᠰᠡᠨ ᠴᠢᠨᠠᠷᠲᠠᠢ ᠠᠵᠤ ᠦᠢᠯᠡᠰ ᠤᠨ ᠲᠦᠷᠦ ᠶᠢᠨ ᠪᠤᠳᠤᠯᠭ᠎ᠠ ᠶᠢ ᠲᠤᠭᠲᠠᠭᠠᠨ᠎ᠠ᠃ ᠨᠢᠭᠡᠳᠦᠭᠡᠷ ᠠᠵᠤ ᠦᠢᠯᠡᠰ᠂ ᠬᠤᠶᠠᠳᠤᠭᠠᠷ ᠠᠵᠤ | ᠦᠢᠯᠡᠰ ᠪᠤᠯᠤᠨ ᠭᠤᠷᠪᠠᠳᠤᠭᠠᠷ ᠠᠵᠤ ᠦᠢᠯᠡᠰ ᠤᠨ ᠬᠦᠭᠵᠢᠯᠲᠡ ᠶᠢᠨ ᠬᠦᠨᠳᠦ ᠴᠢᠬᠤᠯᠠ ᠠᠰᠠᠭᠤᠳᠠᠯ ᠢ ᠨᠢᠭᠡᠲᠦᠯᠲᠠᠢ ᠵᠤᠬᠢᠴᠠᠭᠤᠯᠤᠨ᠎ᠠ᠃ ᠲᠡᠷᠡ ᠮᠦᠷᠲᠡᠭᠡᠨ | ᠬᠠᠮᠢᠶ᠎ᠠ ᠪᠦᠬᠦᠢ ᠬᠦᠭᠵᠢᠯᠲᠡ ᠶᠢᠨ ᠲᠦᠯᠦᠪᠵᠢᠭᠦᠯᠭᠡ ᠪᠤᠯᠤᠨ ᠬᠦᠨᠳᠦ ᠴᠢᠬᠤᠯᠠ ᠲᠦᠷᠦ ᠶᠢᠨ ᠪᠤᠳᠤᠯᠭ᠎ᠠ ᠶᠢ ᠰᠠᠶᠢᠲᠤᠷ ᠵᠤᠯᠭᠠᠭᠤᠯᠤᠨ᠎ᠠ᠃ ᠪᠦᠬᠦ ᠬᠤᠲᠠ ᠶᠢᠨ | ᠦᠢᠯᠡᠴᠢᠯᠡᠭᠡᠨ ᠤ ᠦᠢᠯᠡᠰ᠂ ᠤᠳᠤ ᠦᠶ᠎ᠡ ᠶᠢᠨ ᠡᠳ᠋ ᠪᠠᠷᠠᠭᠠᠨ ᠤ ᠭᠦᠢᠯᠭᠡᠭᠡᠨ ᠤ ᠦᠢᠯᠡᠰ ᠤᠨ ᠬᠦᠭᠵᠢᠯᠲᠡ ᠶᠢᠨ ᠲᠦᠯᠦᠪᠵᠢᠭᠦᠯᠭᠡ ᠪᠤᠯᠤᠨ ᠲᠦᠷᠦ ᠶᠢᠨ ᠪᠤᠳᠤᠯᠭ᠎ᠠ | ᠠᠷᠭ᠎ᠠ ᠬᠡᠮᠵᠢᠶ᠎ᠡ ᠶᠢ ᠲᠤᠭᠲᠠᠭᠠᠬᠤ ᠪᠠ ᠨᠠᠶᠢᠳᠠᠪᠤᠷᠢᠵᠢᠭᠤᠯᠤᠨ᠎ᠠ᠃ ᠬᠠᠮᠢᠶ᠎ᠠ ᠪᠦᠬᠦᠢ ᠬᠦᠨᠳᠦ ᠴᠢᠬᠤᠯᠠ ᠠᠰᠠᠭᠤᠳᠠᠯ ᠢ ᠵᠤᠬᠢᠴᠠᠭᠤᠯᠤᠨ ᠰᠢᠢᠳᠪᠦᠷᠢᠯᠡᠨ᠎ᠡ᠃ ᠰᠠᠭᠤᠷᠢ | ᠲᠦᠭᠦᠭᠡᠷᠦᠮᠵᠢ ᠶᠢᠨ ᠬᠦᠭᠵᠢᠯᠲᠡ ᠶᠢ ᠠᠬᠢᠭᠤᠯᠵᠤ᠂ ᠲᠦᠯᠦᠪᠵᠢᠭᠦᠯᠭᠡ᠂ ᠲᠦᠰᠦᠪ᠂ ᠲᠦᠷᠦ ᠶᠢᠨ ᠪᠤᠳᠤᠯᠭ᠎ᠠ ᠠᠷᠭ᠎ᠠ ᠬᠡᠮᠵᠢᠶ᠎ᠡ ᠶᠢ ᠰᠤᠳᠤᠯᠤᠨ ᠲᠤᠭᠲᠠᠭᠠᠨ᠎ᠠ᠃ | ᠬᠡᠷᠡᠭᠯᠡᠭᠡᠨ ᠤ ᠪᠠᠶᠢᠳᠠᠯ ᠢ ᠶᠡᠷᠦᠩᠬᠡᠶᠢᠯᠡᠨ ᠰᠤᠳᠤᠯᠵᠤ᠂ ᠬᠡᠷᠡᠭᠯᠡᠭᠡ ᠶᠢ ᠠᠬᠢᠭᠤᠯᠬᠤ ᠶᠡᠷᠦᠩᠬᠡᠶᠢᠯᠡᠭᠰᠡᠨ ᠴᠢᠨᠠᠷᠲᠠᠢ ᠲᠦᠷᠦ ᠶᠢᠨ ᠪᠤᠳᠤᠯᠭ᠎ᠠ ᠠᠷᠭ᠎ᠠ ᠬᠡᠮᠵᠢᠶ᠎ᠡ ᠶᠢ | ᠲᠤᠭᠲᠠᠭᠠᠨ ᠬᠡᠷᠡᠭᠵᠢᠭᠦᠯᠦᠨ᠎ᠡ᠃ | ︵ᠶᠢᠰᠦ︶ ᠰᠢᠨ᠎ᠡ ᠶᠢ ᠡᠭᠦᠳᠬᠦ ᠬᠦᠭᠵᠢᠯᠲᠡ ᠶᠢᠨ ᠪᠠᠶᠢᠯᠳᠤᠬᠤ ᠪᠤᠳᠤᠯᠭ᠎ᠠ ᠶᠢ ᠬᠡᠷᠡᠭᠵᠢᠭᠦᠯᠦᠨ᠎ᠡ᠃ ᠬᠠᠮᠢᠶ᠎ᠠ ᠪᠦᠬᠦᠢ ᠰᠠᠯᠠᠭ᠎ᠠ ᠮᠦᠴᠢᠷ ᠲᠠᠢ ᠬᠠᠮᠵᠢᠯᠴᠠᠵᠤ᠂ | ᠰᠢᠨ᠎ᠡ ᠶᠢ ᠡᠭᠦᠳᠬᠦ ᠪᠠ ᠳᠡᠭᠡᠲᠦ ᠰᠢᠨ᠎ᠡ ᠮᠡᠷᠭᠡᠵᠢᠯ ᠤᠨ ᠬᠦᠭᠵᠢᠯᠲᠡ ᠶᠢᠨ ᠲᠦᠯᠦᠪᠵᠢᠭᠦᠯᠭᠡ᠂ ᠲᠦᠷᠦ ᠶᠢᠨ ᠪᠤᠳᠤᠯᠭ᠎ᠠ ᠪᠤᠯᠤᠨ ᠠᠷᠭ᠎ᠠ ᠬᠡᠮᠵᠢᠶ᠎ᠡ ᠶᠢ ᠲᠤᠭᠲᠠᠭᠠᠨ᠎ᠠ᠃ | ᠰᠢᠨ᠎ᠡ ᠶᠢ ᠡᠭᠦᠳᠬᠦ ᠬᠦᠭᠵᠢᠯᠲᠡ ᠶᠢᠨ ᠲᠦᠷᠦ ᠶᠢᠨ ᠪᠤᠳᠤᠯᠭ᠎ᠠ ᠪᠤᠯᠤᠨ ᠵᠦᠪᠯᠡᠯᠭᠡ ᠶᠢ ᠳᠤᠷᠠᠳᠤᠨ᠎ᠠ᠃ ᠬᠠᠮᠢᠶ᠎ᠠ ᠪᠦᠬᠦᠢ ᠰᠠᠯᠠᠭ᠎ᠠ ᠮᠦᠴᠢᠷ ᠲᠠᠢ ᠬᠠᠮᠲᠤᠷᠠᠨ᠂ ᠪᠦᠬᠦ | ᠬᠤᠲᠠ ᠶᠢᠨ ᠬᠦᠨᠳᠦ ᠶᠡᠭᠡ ᠰᠢᠨᠵᠢᠯᠡᠬᠦ ᠮᠡᠷᠭᠡᠵᠢᠯ ᠤᠨ ᠰᠠᠭᠤᠷᠢ ᠲᠦᠭᠦᠭᠡᠷᠦᠮᠵᠢ ᠶᠢ ᠲᠦᠯᠦᠪᠯᠡᠨ᠎ᠡ᠃ ᠪᠠᠶᠢᠯᠳᠤᠬᠤ ᠪᠤᠳᠤᠯᠭ᠎ᠠ ᠶᠢᠨ ᠴᠢᠨᠠᠷᠲᠠᠢ ᠰᠢᠨ᠎ᠡ ᠪᠠᠷ ᠪᠤᠢ | ᠪᠤᠯᠤᠭᠰᠠᠨ ᠠᠵᠤ ᠦᠢᠯᠡᠰ ᠤᠨ ᠬᠦᠭᠵᠢᠯᠲᠡ ᠶᠢᠨ ᠲᠦᠯᠦᠪᠵᠢᠭᠦᠯᠭᠡ ᠶᠢ ᠲᠤᠭᠲᠠᠭᠠᠵᠤ᠂ ᠲᠦᠷᠦ ᠶᠢᠨ ᠪᠤᠳᠤᠯᠭ᠎ᠠ ᠠᠷᠭ᠎ᠠ ᠬᠡᠮᠵᠢᠶ᠎ᠡ ᠰᠠᠨᠠᠯ ᠢ ᠳᠤᠷᠠᠳᠤᠨ᠎ᠠ᠃ ᠠᠵᠤ | ᠦᠢᠯᠡᠰ ᠤᠨ ᠳᠡᠰ ᠳᠡᠪᠰᠢᠬᠦ᠂ ᠬᠦᠨᠳᠦ ᠶᠡᠭᠡ ᠮᠡᠷᠭᠡᠵᠢᠯ ᠲᠦᠭᠦᠭᠡᠷᠦᠮᠵᠢ ᠶᠢᠨ ᠬᠡᠷᠡᠭᠯᠡᠯᠲᠡ ᠵᠡᠷᠭᠡ ᠶᠢᠨ ᠠᠰᠠᠭᠤᠳᠠᠯ ᠢ ᠵᠤᠬᠢᠴᠠᠭᠤᠯᠤᠨ᠎ᠠ᠃ | ︵ᠠᠷᠪᠠ︶ ᠠᠵᠤ ᠠᠬᠤᠢ ᠶᠢᠨ ᠠᠮᠤᠷ ᠲᠦᠪᠰᠢᠨ᠂ ᠠᠮᠢ ᠠᠬᠤᠢ ᠶᠢᠨ ᠠᠮᠤᠷ ᠲᠦᠪᠰᠢᠨ᠂ ᠡᠬᠢ ᠪᠠᠶᠠᠯᠢᠭ ᠤᠨ ᠠᠮᠤᠷ ᠲᠦᠪᠰᠢᠨ᠂ ᠰᠢᠨᠵᠢᠯᠡᠬᠦ | ᠮᠡᠷᠭᠡᠵᠢᠯ ᠤᠨ ᠠᠮᠤᠷ ᠲᠦᠪᠰᠢᠨ᠂ ᠨᠡᠶᠢᠭᠡᠮ ᠤᠨ ᠠᠮᠤᠷ ᠲᠦᠪᠰᠢᠨ ᠵᠡᠷᠭᠡ ᠶᠢ ᠮᠦᠷᠳᠡᠨ ᠨᠤᠲᠠᠯᠠᠵᠤ᠂ ᠬᠠᠮᠢᠶ᠎ᠠ ᠪᠦᠬᠦᠢ ᠰᠠᠨᠠᠯ ᠢ ᠳᠤᠷᠠᠳᠤᠨ᠎ᠠ᠃ ᠠᠵᠤ ᠠᠬᠤᠢ᠂ | ᠠᠮᠢ ᠠᠬᠤᠢ᠂ ᠡᠬᠢ ᠪᠠᠶᠠᠯᠢᠭ ᠵᠡᠷᠭᠡ ᠴᠢᠬᠤᠯᠠ ᠬᠦᠷᠢᠶ᠎ᠡ ᠬᠡᠪᠴᠢᠶᠡᠨ ᠤ ᠤᠯᠤᠰ ᠤᠨ ᠠᠮᠤᠷ ᠲᠦᠪᠰᠢᠨ ᠤ ᠠᠵᠢᠯ ᠢ ᠵᠤᠬᠢᠴᠠᠭᠤᠯᠤᠨ ᠬᠦᠭᠵᠢᠭᠦᠯᠬᠦ ᠰᠠᠨᠠᠯ ᠢ | ᠳᠤᠷᠠᠳᠤᠨ᠎ᠠ᠃ ᠴᠢᠬᠤᠯᠠ ᠠᠵᠤ ᠦᠢᠯᠡᠳᠪᠦᠷᠢ ᠶᠢᠨ ᠪᠦᠲᠦᠭᠡᠭᠳᠡᠭᠦᠨ᠂ ᠲᠠᠷᠢᠶᠠᠯᠠᠩ ᠤᠨ ᠪᠦᠲᠦᠭᠡᠭᠳᠡᠭᠦᠨ ᠪᠤᠯᠤᠨ ᠲᠠᠸᠠᠷ ᠤᠨ ᠭᠠᠳᠠᠭᠠᠲᠤ ᠠᠴᠠ ᠤᠷᠤᠭᠤᠯᠵᠤ | ᠭᠠᠷᠭᠠᠬᠤ ᠶᠡᠷᠦᠩᠬᠡᠢ ᠬᠡᠮᠵᠢᠶᠡᠨ ᠤ ᠲᠦᠯᠦᠪᠵᠢᠭᠦᠯᠭᠡ ᠶᠢ ᠲᠤᠭᠤᠰᠢᠯᠠᠭᠤᠯᠤᠨ᠎ᠠ᠃ ᠠᠵᠤ ᠠᠬᠤᠢ ᠶᠢᠨ ᠪᠠᠶᠢᠳᠠᠯ ᠵᠢᠴᠢ ᠭᠠᠳᠠᠭᠠᠲᠤ ᠠᠴᠠ ᠤᠷᠤᠭᠤᠯᠵᠤ ᠭᠠᠷᠭᠠᠬᠤ | ᠶᠡᠷᠦᠩᠬᠡᠢ ᠬᠡᠮᠵᠢᠶ᠎ᠡ ᠶᠢ ᠦᠨᠳᠦᠰᠦᠯᠡᠨ᠂ ᠬᠠᠮᠢᠶ᠎ᠠ ᠪᠦᠬᠦᠢ ᠰᠠᠯᠠᠭ᠎ᠠ ᠮᠦᠴᠢᠷ ᠲᠠᠢ ᠬᠠᠮᠲᠤᠷᠠᠨ᠂ ᠨᠦᠬᠡᠴᠡ ᠪᠤᠳᠡᠰ ᠤᠨ ᠶᠡᠷᠦᠩᠬᠡᠢ ᠲᠦᠯᠦᠪᠵᠢᠭᠦᠯᠭᠡ᠂ ᠲᠦᠷᠦᠯ | ᠵᠦᠢᠯ ᠢ ᠲᠤᠭᠲᠠᠭᠠᠨ᠎ᠠ᠃ | ︵ᠠᠷᠪᠠᠨ ᠨᠢᠭᠡ︶ ᠪᠦᠬᠦ ᠬᠤᠲᠠ ᠶᠢᠨ ᠨᠡᠶᠢᠭᠡᠮ ᠤᠨ ᠬᠦᠭᠵᠢᠯᠲᠡ ᠪᠤᠯᠤᠨ ᠤᠯᠤᠰ ᠠᠷᠠᠳ ᠤᠨ ᠠᠵᠤ ᠠᠬᠤᠢ ᠶᠢᠨ ᠬᠦᠭᠵᠢᠯᠲᠡ ᠶᠢᠨ ᠲᠦᠷᠦ ᠶᠢᠨ | ᠪᠤᠳᠤᠯᠭ᠎ᠠ ᠶᠢ ᠵᠤᠯᠭᠠᠭᠤᠯᠬᠤ ᠶᠢ ᠬᠠᠷᠢᠭᠤᠴᠠᠵᠤ᠂ ᠬᠠᠮᠢᠶ᠎ᠠ ᠪᠦᠬᠦᠢ ᠬᠦᠨᠳᠦ ᠴᠢᠬᠤᠯᠠ ᠠᠰᠠᠭᠤᠳᠠᠯ ᠢ ᠵᠤᠬᠢᠴᠠᠭᠤᠯᠤᠨ᠎ᠠ᠃ ᠨᠡᠶᠢᠭᠡᠮ ᠤᠨ ᠬᠦᠭᠵᠢᠯᠲᠡ ᠶᠢᠨ | ᠪᠠᠶᠢᠯᠳᠤᠬᠤ ᠪᠤᠳᠤᠯᠭ᠎ᠠ᠂ ᠶᠡᠷᠦᠩᠬᠡᠢ ᠲᠦᠯᠦᠪᠵᠢᠭᠦᠯᠭᠡ ᠶᠢ ᠲᠤᠭᠲᠠᠭᠠᠨ᠎ᠠ᠃ ᠦᠨᠳᠦᠰᠦᠨ ᠤᠯᠠᠨ ᠨᠡᠶᠢᠲᠡ ᠶᠢᠨ ᠦᠢᠯᠡᠴᠢᠯᠡᠭᠡᠨ ᠤ ᠰᠢᠰᠲ᠋ᠧᠮ ᠤᠨ ᠪᠦᠲᠦᠭᠡᠨ | ᠪᠠᠶᠢᠭᠤᠯᠤᠯᠲᠠ ᠪᠠ ᠤᠷᠤᠯᠭ᠎ᠠ ᠶᠢᠨ ᠬᠤᠪᠢᠶᠠᠷᠢᠯᠠᠯᠲᠠ ᠶᠢᠨ ᠳᠦᠷᠢᠮ ᠤᠨ ᠦᠭᠡᠷᠡᠴᠢᠯᠡᠯᠲᠡ ᠶᠢ ᠨᠢᠭᠡᠲᠦᠯᠲᠠᠢ ᠠᠬᠢᠭᠤᠯᠤᠨ᠎ᠠ᠃ ᠠᠵᠢᠯ ᠤᠯᠭᠤᠯᠲᠡ ᠶᠢ ᠠᠬᠢᠭᠤᠯᠬᠤ᠂ | ᠨᠡᠶᠢᠭᠡᠮ ᠤᠨ ᠪᠠᠲᠤᠯᠠᠭ᠎ᠠ ᠶᠢ ᠲᠡᠭᠦᠯᠳᠡᠷᠵᠢᠭᠦᠯᠬᠦ ᠪᠤᠯᠤᠨ ᠠᠵᠤ ᠠᠬᠤᠢ ᠶᠢ ᠵᠤᠬᠢᠴᠠᠩᠭᠤᠢ ᠬᠦᠭᠵᠢᠭᠦᠯᠬᠦ ᠲᠦᠷᠦ ᠶᠢᠨ ᠪᠤᠳᠤᠯᠭ᠎ᠠ ᠰᠠᠨᠠᠯ ᠢ ᠳᠤᠷᠠᠳᠤᠨ᠎ᠠ᠃ ᠬᠠᠮᠢᠶ᠎ᠠ | ᠪᠦᠬᠦᠢ ᠰᠠᠯᠠᠭ᠎ᠠ ᠮᠦᠴᠢᠷ ᠲᠠᠢ ᠬᠠᠮᠵᠢᠯᠴᠠᠵᠤ᠂ ᠨᠡᠶᠢᠭᠡᠮ ᠤᠨ ᠢᠲᠡᠭᠡᠮᠵᠢ ᠶᠢᠨ ᠰᠢᠰᠲ᠋ᠧᠮ ᠢ ᠪᠠᠶᠢᠭᠤᠯᠤᠨ᠎ᠠ᠃ | ︵ᠠᠷᠪᠠᠨ ᠬᠤᠶᠠᠷ︶ ᠦᠷᠭᠦᠯᠵᠢᠯᠡᠬᠦᠶᠢᠴᠡ ᠬᠦᠭᠵᠢᠯᠲᠡ ᠶᠢᠨ ᠪᠠᠶᠢᠯᠳᠤᠬᠤ ᠪᠤᠳᠤᠯᠭ᠎ᠠ ᠶᠢ ᠬᠡᠷᠡᠭᠵᠢᠭᠦᠯᠦᠨ᠎ᠡ᠃ ᠠᠮᠢ ᠠᠬᠤᠢ ᠶᠢᠨ ᠪᠤᠯᠪᠠᠰᠤᠨ ᠤ ᠪᠦᠲᠦᠭᠡᠨ | ᠪᠠᠶᠢᠭᠤᠯᠤᠯᠲᠠ ᠪᠤᠯᠤᠨ ᠦᠭᠡᠷᠡᠴᠢᠯᠡᠯᠲᠡ ᠶᠢ ᠠᠬᠢᠭᠤᠯᠤᠨ᠎ᠠ᠃ ᠠᠮᠢ ᠠᠬᠤᠢ ᠶᠢᠨ ᠤᠷᠴᠢᠨ ᠲᠤᠭᠤᠷᠢᠨ ᠢ ᠰᠡᠷᠭᠦᠭᠡᠬᠦ᠂ ᠡᠬᠢ ᠪᠠᠶᠠᠯᠢᠭ ᠢ ᠠᠷᠪᠢᠯᠠᠬᠤ ᠪᠠ | ᠶᠡᠷᠦᠩᠬᠡᠶᠢᠯᠡᠨ ᠠᠰᠢᠭᠯᠠᠬᠤ ᠵᠡᠷᠭᠡ ᠠᠵᠢᠯ ᠢ ᠵᠤᠬᠢᠴᠠᠭᠤᠯᠤᠨ᠎ᠠ᠃ ᠲᠠᠷᠢᠶᠠᠯᠠᠩ ᠮᠠᠯ ᠠᠵᠤ ᠠᠬᠤᠢ ᠪᠤᠯᠤᠨ ᠬᠦᠳᠡᠭᠡ ᠲᠤᠰᠬᠤᠨ ᠮᠠᠯᠵᠢᠬᠤ ᠤᠷᠤᠨ ᠤ ᠨᠡᠶᠢᠭᠡᠮ ᠠᠵᠤ | ᠠᠬᠤᠢ ᠶᠢᠨ ᠬᠦᠭᠵᠢᠯᠲᠡ ᠶᠢᠨ ᠬᠦᠨᠳᠦ ᠴᠢᠬᠤᠯᠠ ᠠᠰᠠᠭᠤᠳᠠᠯ ᠢ ᠪᠠᠶᠢᠴᠠᠭᠠᠨ ᠰᠤᠳᠤᠯᠤᠨ᠎ᠠ᠃ ᠠᠮᠢ ᠠᠬᠤᠢ ᠶᠢ ᠬᠠᠮᠠᠭᠠᠯᠠᠬᠤ ᠨᠦᠬᠦᠪᠤᠷᠢ ᠶᠢᠨ ᠲᠤᠭᠲᠠᠴᠠ ᠶᠢᠨ | ᠲᠦᠷᠦ ᠶᠢᠨ ᠪᠤᠳᠤᠯᠭ᠎ᠠ ᠠᠷᠭ᠎ᠠ ᠬᠡᠮᠵᠢᠶ᠎ᠡ ᠶᠢ ᠳᠤᠷᠠᠳᠤᠨ᠎ᠠ᠃ ᠤᠷᠴᠢᠨ ᠲᠤᠭᠤᠷᠢᠨ ᠢ ᠬᠠᠮᠠᠭᠠᠯᠠᠬᠤ ᠠᠵᠤ ᠦᠢᠯᠡᠰ ᠪᠤᠯᠤᠨ ᠪᠤᠬᠢᠷᠳᠤᠯ ᠦᠭᠡᠢ ᠦᠢᠯᠡᠳᠪᠦᠷᠢᠯᠡᠯ ᠢ | ᠠᠬᠢᠭᠤᠯᠬᠤ ᠬᠠᠮᠢᠶ᠎ᠠ ᠪᠦᠬᠦᠢ ᠠᠵᠢᠯ ᠢ ᠶᠡᠷᠦᠩᠬᠡᠶᠢᠯᠡᠨ ᠵᠤᠬᠢᠴᠠᠭᠤᠯᠤᠨ᠎ᠠ᠃ ᠡᠨᠧᠷᠬᠢ ᠶᠢᠨ ᠬᠡᠷᠡᠭᠯᠡᠭᠡ ᠶᠢ ᠡᠵᠡᠮᠳᠡᠬᠦ ᠬᠠᠷᠠᠯᠲᠠ᠂ ᠡᠭᠦᠷᠭᠡ ᠶᠢ ᠳᠤᠷᠠᠳᠬᠤ ᠮᠦᠷᠲᠡᠭᠡᠨ | ᠬᠡᠷᠡᠭᠵᠢᠭᠦᠯᠦᠨ᠎ᠡ᠃ | ︵ᠠᠷᠪᠠᠨ ᠭᠤᠷᠪᠠ︶ ᠬᠠᠮᠢᠶ᠎ᠠ ᠪᠦᠬᠦᠢ ᠰᠠᠯᠠᠭ᠎ᠠ ᠮᠦᠴᠢᠷ ᠲᠠᠢ ᠬᠠᠮᠲᠤᠷᠠᠨ᠂ ᠠᠵᠤ ᠠᠬᠤᠢ ᠶᠢᠨ ᠪᠦᠲᠦᠭᠡᠨ ᠪᠠᠶᠢᠭᠤᠯᠤᠯᠲᠡ ᠪᠤᠯᠤᠨ ᠤᠯᠤᠰ ᠤᠨ ᠪᠠᠲᠤᠯᠠᠨ | ᠬᠠᠮᠠᠭᠠᠯᠠᠯᠲᠠ ᠶᠢᠨ ᠬᠦᠭᠵᠢᠯᠲᠡ ᠶᠢᠨ ᠪᠠᠶᠢᠯᠳᠤᠬᠤ ᠪᠤᠳᠤᠯᠭ᠎ᠠ ᠪᠠ ᠲᠦᠯᠦᠪᠵᠢᠭᠦᠯᠭᠡ ᠶᠢ ᠬᠡᠷᠡᠭᠵᠢᠭᠦᠯᠦᠨ᠎ᠡ᠃ ᠬᠠᠮᠢᠶ᠎ᠠ ᠪᠦᠬᠦᠢ ᠬᠦᠨᠳᠦ ᠴᠢᠬᠤᠯᠠ ᠠᠰᠠᠭᠤᠳᠠᠯ ᠢ | ᠵᠤᠬᠢᠴᠠᠭᠤᠯᠤᠨ᠎ᠠ᠃ ᠴᠡᠷᠢᠭ ᠠᠷᠠᠳ ᠠᠭᠤᠰᠤᠯᠴᠠᠨ ᠬᠦᠭᠵᠢᠬᠦ ᠪᠠᠶᠢᠯᠳᠤᠬᠤ ᠪᠤᠳᠤᠯᠭ᠎ᠠ ᠶᠢ ᠬᠡᠷᠡᠭᠵᠢᠭᠦᠯᠦᠨ᠎ᠡ᠃ ᠤᠯᠤᠰ ᠠᠷᠠᠳ ᠤᠨ ᠠᠵᠤ ᠠᠬᠤᠢ ᠶᠢᠨ | ᠳᠠᠶᠢᠴᠢᠯᠠᠯᠲᠠ ᠶᠢᠨ ᠲᠦᠷᠦ ᠶᠢᠨ ᠪᠤᠳᠤᠯᠭ᠎ᠠ᠂ ᠲᠦᠯᠦᠪᠵᠢᠭᠦᠯᠭᠡ᠂ ᠲᠦᠯᠦᠪᠯᠡᠭᠡ ᠶᠢ ᠲᠤᠭᠤᠰᠢᠯᠠᠭᠤᠯᠤᠨ ᠬᠡᠷᠡᠭᠵᠢᠭᠦᠯᠦᠨ᠎ᠡ᠃ ᠤᠯᠤᠰ ᠠᠷᠠᠳ ᠤᠨ ᠠᠵᠤ | ᠠᠬᠤᠢ ᠶᠢᠨ ᠳᠠᠶᠢᠴᠢᠯᠠᠯᠲᠠ ᠶᠢᠨ ᠬᠠᠮᠢᠶ᠎ᠠ ᠪᠦᠬᠦᠢ ᠠᠵᠢᠯ ᠢ ᠵᠤᠬᠢᠴᠠᠭᠤᠯᠤᠨ᠎ᠠ᠃ | ︵ᠠᠷᠪᠠᠨ ᠳᠦᠷᠪᠡ︶ ᠤᠳᠤ ᠦᠶ᠎ᠡ ᠶᠢᠨ ᠡᠨᠧᠷᠬᠢ ᠶᠢᠨ ᠠᠵᠤ ᠠᠬᠤᠢ ᠶᠢᠨ ᠬᠦᠭᠵᠢᠯᠲᠡ ᠶᠢᠨ ᠪᠠᠶᠢᠯᠳᠤᠬᠤ ᠪᠤᠳᠤᠯᠭ᠎ᠠ ᠪᠤᠯᠤᠨ ᠲᠦᠷᠦ ᠶᠢᠨ ᠪᠤᠳᠤᠯᠭ᠎ᠠ | ᠵᠦᠪᠯᠡᠯᠭᠡ ᠶᠢ ᠰᠤᠳᠤᠯᠤᠨ ᠳᠤᠷᠠᠳᠤᠨ᠎ᠠ᠃ ᠡᠨᠧᠷᠬᠢ ᠶᠢᠨ ᠬᠦᠭᠵᠢᠯᠲᠡ ᠶᠢᠨ ᠲᠦᠯᠦᠪᠯᠡᠭᠡ ᠪᠤᠯᠤᠨ ᠲᠦᠯᠦᠪᠵᠢᠭᠦᠯᠭᠡ ᠶᠢ ᠲᠤᠭᠤᠰᠢᠯᠠᠭᠤᠯᠤᠨ ᠬᠡᠷᠡᠭᠵᠢᠭᠦᠯᠦᠨ᠎ᠡ᠃ | ᠡᠨᠧᠷᠬᠢ ᠶᠢᠨ ᠳᠦᠷᠢᠮ ᠤᠨ ᠦᠭᠡᠷᠡᠴᠢᠯᠡᠯᠲᠡ ᠶᠢ ᠠᠬᠢᠭᠤᠯᠵᠤ᠂ ᠬᠠᠮᠢᠶ᠎ᠠ ᠪᠦᠬᠦᠢ ᠦᠭᠡᠷᠡᠴᠢᠯᠡᠯᠲᠡ ᠶᠢᠨ ᠲᠦᠰᠦᠪ ᠢ ᠲᠤᠭᠲᠠᠭᠠᠨ᠎ᠠ᠃ ᠡᠨᠧᠷᠬᠢ ᠶᠢᠨ ᠬᠦᠭᠵᠢᠯᠲᠡ | ᠪᠠ ᠦᠭᠡᠷᠡᠴᠢᠯᠡᠯᠲᠡ ᠳᠤᠮᠳᠡᠬᠢ ᠬᠦᠨᠳᠦ ᠶᠡᠭᠡ ᠠᠰᠠᠭᠤᠳᠠᠯ ᠢ ᠵᠤᠬᠢᠴᠠᠭᠤᠯᠤᠨ᠎ᠠ᠃ ᠪᠦᠬᠦ ᠬᠤᠲᠠ ᠶᠢᠨ ᠡᠨᠧᠷᠬᠢ ᠶᠢᠨ ᠨᠡᠭᠡᠭᠡᠯᠲᠡ ᠪᠠ ᠬᠠᠮᠢᠶᠠᠷᠤᠯᠲᠠ ᠶᠢ | ᠬᠠᠷᠢᠭᠤᠴᠠᠨ᠎ᠠ᠃ ᠡᠨᠧᠷᠬᠢ ᠶᠢᠨ ᠵᠠᠬ᠎ᠠ ᠳᠡᠯᠭᠡᠭᠦᠷ ᠤᠨ ᠡᠮᠬᠢ ᠲᠢᠭᠯᠢᠮ ᠢ ᠳᠦᠷᠢᠮᠵᠢᠭᠦᠯᠦᠨ ᠬᠠᠮᠠᠭᠠᠯᠠᠨ᠎ᠠ᠃ ᠡᠨᠧᠷᠬᠢ ᠶᠢᠨ ᠰᠤᠷᠪᠤᠯᠵᠢ ᠲᠠᠢ ᠬᠠᠮᠢᠶ᠎ᠠ ᠪᠦᠬᠦᠢ ᠡᠬᠢ | ᠪᠠᠶᠠᠯᠢᠭ᠂ ᠡᠳ᠋ ᠤᠨ ᠵᠠᠰᠠᠭ ᠤᠨ ᠭᠠᠶᠢᠯᠢ᠂ ᠤᠷᠴᠢᠨ ᠲᠤᠭᠤᠷᠢᠨ ᠢ ᠬᠠᠮᠠᠭᠠᠯᠠᠬᠤ ᠵᠡᠷᠭᠡ ᠲᠦᠷᠦ ᠶᠢᠨ ᠪᠤᠳᠤᠯᠭ᠎ᠠ ᠶᠢ ᠲᠤᠭᠲᠠᠭᠠᠬᠤ ᠳᠤ ᠤᠷᠤᠯᠴᠠᠨ᠎ᠠ᠃ | ᠲᠤᠭᠲᠠᠭᠰᠠᠨ ᠡᠷᠬᠡ ᠶᠢᠨ ᠬᠢᠵᠠᠭᠠᠷ ᠶᠤᠰᠤᠭᠠᠷ᠂ ᠪᠦᠬᠦ ᠬᠤᠲᠠ ᠶᠢᠨ ᠡᠨᠧᠷᠬᠢ ᠶᠢᠨ ᠰᠤᠷᠪᠤᠯᠵᠢ ᠶᠢᠨ ᠲᠤᠭᠲᠠᠮᠠᠯ ᠬᠦᠷᠦᠩᠭᠡ ᠶᠢᠨ ᠪᠡᠯᠡ ᠤᠷᠤᠭᠤᠯᠤᠭᠰᠠᠨ ᠲᠦᠷᠦᠯ | ᠵᠦᠢᠯ ᠢ ᠳᠠᠩᠰᠠᠯᠠᠬᠤ᠂ ᠬᠢᠨᠠᠨ ᠬᠠᠷᠭᠤᠭᠤᠯᠬᠤ ᠪᠠ ᠬᠢᠨᠡᠨ ᠵᠦᠪᠰᠢᠶᠡᠷᠡᠨ᠎ᠡ᠃ ᠪᠦᠬᠦ ᠬᠤᠲᠠ ᠶᠢᠨ ᠡᠨᠧᠷᠬᠢ ᠶᠢᠨ ᠰᠤᠷᠪᠤᠯᠵᠢ ᠶᠢᠨ ᠭᠠᠳᠠᠭᠠᠲᠤ ᠲᠠᠢ | ᠬᠠᠮᠲᠤᠷᠠᠯᠴᠠᠬᠤ ᠶᠢ ᠬᠠᠷᠢᠭᠤᠴᠠᠨ᠎ᠠ᠃ ᠭᠠᠵᠠᠷ ᠤᠷᠤᠨ ᠤ ᠬᠤᠭᠤᠷᠤᠨᠳᠡᠬᠢ ᠪᠤᠯᠤᠨ ᠬᠢᠯᠢ ᠶᠢᠨ ᠭᠠᠳᠠᠨᠠᠬᠢ ᠡᠨᠧᠷᠬᠢ ᠶᠢ ᠨᠡᠭᠡᠭᠡᠨ ᠠᠰᠢᠭᠯᠠᠬᠤ ᠠᠵᠢᠯ ᠢ | ᠵᠤᠬᠢᠴᠠᠭᠤᠯᠤᠨ᠎ᠠ᠃ | ︵ᠠᠷᠪᠠᠨ ᠲᠠᠪᠤ︶ ᠪᠦᠬᠦ ᠬᠤᠲᠠ ᠶᠢᠨ ᠨᠡᠭᠦᠷᠡᠰᠦ᠂ ᠴᠠᠬᠢᠯᠭᠠᠨ ᠬᠦᠴᠦ᠂ ᠰᠢᠨ᠎ᠡ ᠡᠨᠧᠷᠬᠢ ᠪᠤᠯᠤᠨ ᠳᠠᠬᠢᠨ ᠡᠭᠦᠰᠴᠦ ᠪᠤᠯᠬᠤ ᠡᠨᠧᠷᠬᠢ ᠶᠢ ᠬᠠᠷᠢᠭᠤᠴᠠᠨ᠎ᠠ ᠃ | ᠴᠢᠯᠠᠭᠤᠨ ᠲᠤᠰᠤ ᠪᠤᠯᠪᠠᠰᠤᠷᠠᠭᠤᠯᠬᠤ᠂ ᠨᠡᠭᠦᠷᠡᠰᠦᠨ ᠠᠴᠠ ᠪᠤᠯᠪᠠᠰᠤᠷᠠᠭᠤᠯᠤᠭᠰᠠᠨ ᠲᠦᠯᠡᠰᠢ ᠪᠤᠯᠤᠨ ᠲᠦᠯᠡᠰᠢᠨ ᠤ ᠡᠲ᠋ᠢᠯ ᠠᠯᠺᠤᠤᠯ ᠵᠡᠷᠭᠡ ᠠᠵᠢᠯ ᠲᠦᠷᠦᠯ ᠤᠨ | ᠬᠦᠭᠵᠢᠯᠲᠡ ᠶᠢ ᠲᠦᠯᠦᠪᠯᠡᠬᠦ ᠪᠠ ᠬᠠᠮᠢᠶᠠᠷᠤᠨ᠎ᠠ᠃ ᠬᠦᠳᠡᠭᠡ ᠲᠤᠰᠬᠤᠨ ᠮᠠᠯᠵᠢᠬᠤ ᠤᠷᠤᠨ ᠤ ᠡᠨᠧᠷᠬᠢ ᠶᠢᠨ ᠬᠦᠭᠵᠢᠯᠲᠡ ᠶᠢᠨ ᠠᠵᠢᠯ ᠢ ᠵᠤᠬᠢᠴᠠᠭᠤᠯᠤᠨ | ᠵᠢᠯᠤᠭᠤᠳᠤᠨ᠎ᠠ ᠃ ᠡᠨᠧᠷᠬᠢ ᠶᠢᠨ ᠬᠦᠨᠳᠦ ᠶᠡᠭᠡ ᠲᠤᠨᠤᠭ ᠲᠦᠭᠦᠭᠡᠷᠦᠮᠵᠢ ᠮᠡᠷᠭᠡᠵᠢᠯ ᠢ ᠰᠤᠳᠤᠯᠤᠨ ᠨᠡᠭᠡᠭᠡᠬᠦ ᠵᠢᠴᠢ ᠬᠠᠮᠢᠶ᠎ᠠ ᠪᠦᠬᠦᠢ ᠬᠦᠨᠳᠦ ᠴᠢᠬᠤᠯᠠ ᠰᠢᠨᠵᠢᠯᠡᠬᠦ | ᠮᠡᠷᠭᠡᠵᠢᠯ ᠤᠨ ᠰᠤᠳᠤᠯᠭᠠᠨ ᠤ ᠲᠦᠷᠦᠯ ᠵᠦᠢᠯ ᠢ ᠠᠬᠢᠭᠤᠯᠤᠨ᠎ᠠ᠃ ᠡᠨᠧᠷᠬᠢ ᠶᠢᠨ ᠰᠢᠨᠵᠢᠯᠡᠬᠦ ᠮᠡᠷᠭᠡᠵᠢᠯ ᠤᠨ ᠳᠠᠪᠰᠢᠯᠲᠠ ᠶᠢ ᠵᠢᠭᠠᠨ ᠵᠢᠯᠤᠭᠤᠳᠴᠤ᠂ ᠲᠦᠭᠦᠷ | ᠲᠦᠭᠦᠭᠡᠷᠦᠮᠵᠢ ᠶᠢ ᠭᠠᠳᠠᠭᠠᠲᠤ ᠠᠴᠠ ᠤᠷᠤᠭᠤᠯᠤᠨ᠂ ᠰᠤᠳᠤᠯᠤᠨ ᠬᠡᠷᠡᠭᠯᠡᠵᠦ ᠰᠢᠨ᠎ᠡ ᠶᠢ ᠡᠭᠦᠳᠦᠨ᠎ᠡ᠃ ᠬᠠᠮᠢᠶ᠎ᠠ ᠪᠦᠬᠦᠢ ᠬᠦᠨᠳᠦ ᠴᠢᠬᠤᠯᠠ ᠳᠠᠭᠤᠷᠢᠶᠠᠯ | ᠢᠨᠵᠧᠨᠧᠷᠢᠩ ᠪᠤᠯᠤᠨ ᠰᠢᠨ᠎ᠡ ᠪᠦᠲᠦᠭᠡᠭᠳᠡᠭᠦᠨ᠂ ᠰᠢᠨ᠎ᠡ ᠮᠡᠷᠭᠡᠵᠢᠯ᠂ ᠰᠢᠨ᠎ᠡ ᠲᠦᠭᠦᠭᠡᠷᠦᠮᠵᠢ ᠶᠢᠨ ᠬᠡᠷᠡᠭᠯᠡᠯᠲᠡ ᠶᠢ ᠵᠤᠬᠢᠴᠠᠭᠤᠯᠤᠨ᠎ᠠ᠃ ᠡᠨᠧᠷᠬᠢ ᠶᠢᠨ ᠠᠵᠢᠯ | ᠲᠦᠷᠦᠯ ᠤᠨ ᠡᠨᠧᠷᠬᠢ ᠶᠢ ᠠᠷᠪᠢᠯᠠᠬᠤ ᠪᠤᠯᠤᠨ ᠡᠨᠧᠷᠬᠢ ᠶᠢ ᠶᠡᠷᠦᠩᠬᠡᠶᠢᠯᠡᠨ ᠠᠰᠢᠭᠯᠠᠬᠤ ᠶᠢ ᠬᠠᠷᠢᠭᠤᠴᠠᠨ᠎ᠠ᠃ ᠡᠨᠧᠷᠬᠢ ᠶᠢᠨ ᠬᠡᠷᠡᠭᠯᠡᠭᠡᠨ ᠤ ᠶᠡᠷᠦᠩᠬᠡᠢ ᠬᠡᠮᠵᠢᠶ᠎ᠡ ᠶᠢ | ᠡᠵᠡᠮᠳᠡᠬᠦ ᠬᠠᠷᠠᠯᠲᠠ ᠶᠢ ᠰᠤᠳᠤᠯᠬᠤ ᠳᠤ ᠤᠷᠤᠯᠴᠠᠨ᠎ᠠ᠃ ᠡᠨᠧᠷᠬᠢ ᠶᠢᠨ ᠬᠡᠷᠡᠭᠯᠡᠭᠡᠨ ᠤ ᠶᠡᠷᠦᠩᠬᠡᠢ ᠬᠡᠮᠵᠢᠶ᠎ᠡ ᠶᠢ ᠡᠵᠡᠮᠳᠡᠬᠦ ᠬᠠᠮᠢᠶ᠎ᠠ ᠪᠦᠬᠦᠢ ᠠᠵᠢᠯ ᠢ ᠵᠤᠬᠢᠴᠠᠭᠤᠯᠤᠨ | ᠵᠢᠯᠤᠭᠤᠳᠤᠨ᠎ᠠ᠃ ᠡᠨᠧᠷᠬᠢ ᠶᠢᠨ ᠦᠢᠯᠡᠳᠪᠦᠷᠢᠯᠡᠯ ᠤᠨ ᠪᠦᠲᠦᠭᠡᠨ ᠪᠠᠶᠢᠭᠤᠯᠤᠯᠲᠡ ᠪᠤᠯᠤᠨ ᠬᠠᠩᠭᠠᠯᠭ᠎ᠠ ᠬᠡᠷᠡᠭᠴᠡᠭᠡᠨ ᠤ ᠲᠡᠩᠴᠡᠭᠦᠷᠢ ᠶᠢ ᠵᠤᠯᠭᠠᠭᠤᠯᠤᠨ᠎ᠠ᠃ | ᠨᠡᠭᠦᠷᠡᠰᠦᠨ ᠠᠭᠤᠷᠬᠠᠢ ᠶᠢᠨ ᠭᠠᠯ ᠭᠠᠷᠤᠭᠰᠠᠨ ᠤᠷᠤᠨ᠂ ᠬᠤᠭᠤᠰᠤᠨ ᠤᠷᠤᠨ᠂ ᠳᠤᠷᠤᠭᠰᠢ ᠰᠠᠭᠤᠭᠳᠠᠭᠰᠠᠨ ᠤᠷᠤᠨ ᠵᠡᠷᠭᠡ ᠶᠢ ᠶᠡᠷᠦᠩᠬᠡᠶᠢᠯᠡᠨ ᠵᠠᠰᠠᠬᠤ ᠠᠵᠢᠯ ᠢ | ᠨᠢᠭᠡᠲᠦᠯᠲᠠᠢ ᠲᠦᠯᠦᠪᠯᠡᠨ᠎ᠡ᠃ | ︵ᠠᠷᠪᠠᠨ ᠵᠢᠷᠭᠤᠭ᠎ᠠ︶ ᠪᠦᠬᠦ ᠬᠤᠲᠠ ᠶᠢᠨ ᠴᠢᠯᠠᠭᠤᠨ ᠲᠤᠰᠤ᠂ ᠪᠠᠶᠢᠭᠠᠯᠢ ᠶᠢᠨ ᠰᠢᠲᠠᠮᠠᠬᠠᠢ ᠬᠡᠢ ᠶᠢ ᠳᠠᠮᠵᠢᠭᠤᠯᠬᠤ ᠬᠤᠭᠤᠯᠠᠢ ᠶᠢᠨ ᠠᠶᠤᠯᠭᠦᠢ | ᠦᠢᠯᠡᠳᠪᠦᠷᠢᠯᠡᠯ ᠢ ᠬᠢᠨᠠᠨ ᠬᠠᠮᠢᠶᠠᠷᠬᠤ᠂ ᠪᠠᠶᠢᠴᠠᠭᠠᠬᠤ᠂ ᠲᠤᠰᠬᠠᠢ ᠴᠡᠭᠴᠡᠯᠡᠬᠦ ᠠᠵᠢᠯ ᠢ ᠬᠠᠷᠢᠭᠤᠴᠠᠨ᠎ᠠ᠃ ᠴᠢᠯᠠᠭᠤᠨ ᠲᠤᠰᠤ᠂ ᠪᠠᠶᠢᠭᠠᠯᠢ ᠶᠢᠨ ᠰᠢᠲᠠᠮᠠᠬᠠᠢ ᠬᠡᠢ ᠶᠢ | ᠳᠠᠮᠵᠢᠭᠤᠯᠬᠤ ᠬᠤᠭᠤᠯᠠᠢ ᠶᠢᠨ ᠤᠨᠴᠠᠭᠠᠢ ᠶᠡᠭᠡ ᠠᠳᠡᠯ ᠢ ᠠᠪᠤᠷᠠᠨ ᠲᠤᠰᠠᠯᠠᠬᠤ᠂ ᠪᠠᠶᠢᠴᠠᠭᠠᠨ ᠰᠢᠢᠳᠪᠦᠷᠢᠯᠡᠬᠦ ᠵᠡᠷᠭᠡ ᠠᠵᠢᠯ ᠢ ᠵᠤᠬᠢᠴᠠᠭᠤᠯᠤᠨ᠎ᠠ᠃ ᠡᠨᠧᠷᠬᠢ ᠶᠢᠨ | ᠰᠤᠷᠪᠤᠯᠵᠢ ᠶᠢᠨ ᠤᠷᠢᠳᠴᠢᠯᠠᠨ ᠬᠡᠮᠵᠢᠬᠦ ᠤᠷᠢᠳᠴᠢᠯᠡᠨ ᠰᠡᠷᠡᠮᠵᠢᠯᠡᠭᠦᠯᠬᠦ᠂ ᠮᠡᠳᠡᠭᠡ ᠵᠠᠩᠭᠢ ᠶᠢ ᠨᠡᠶᠢᠲᠡᠯᠡᠬᠦ᠂ ᠡᠨᠧᠷᠬᠢ ᠶᠢᠨ ᠠᠵᠢᠯᠯᠠᠭ᠎ᠠ ᠶᠢ ᠲᠤᠬᠢᠷᠠᠭᠤᠯᠬᠤ ᠪᠤᠯᠤᠨ | ᠪᠠᠴᠢᠮ ᠪᠠᠶᠢᠳᠠᠯ ᠢ ᠠᠷᠭᠠᠴᠠᠭᠠᠬᠤ ᠪᠠᠲᠤᠯᠠᠭ᠎ᠠ ᠶᠢ ᠬᠠᠷᠢᠭᠤᠴᠠᠨ᠎ᠠ᠃ | ︵ᠠᠷᠪᠠᠨ ᠳᠤᠯᠤᠭ᠎ᠠ︶ ᠤᠷᠤᠨ ᠪᠦᠰᠡ ᠶᠢᠨ ᠬᠤᠭᠤᠷᠤᠨᠳᠡᠬᠢ᠂ ᠠᠵᠤ ᠦᠢᠯᠡᠰ ᠤᠨ ᠬᠤᠭᠤᠷᠤᠨᠳᠡᠬᠢ ᠵᠤᠬᠢᠴᠠᠩᠭᠤᠢ ᠬᠦᠭᠵᠢᠯᠲᠡ ᠪᠤᠯᠤᠨ | ᠬᠠᠮᠲᠤᠷᠠᠯᠴᠠᠭ᠎ᠠ ᠶᠢ ᠨᠢᠭᠡᠲᠦᠯᠲᠠᠢ ᠠᠬᠢᠭᠤᠯᠤᠨ᠎ᠠ᠃ ᠤᠷᠤᠨ ᠪᠦᠰᠡ ᠶᠢᠨ ᠠᠵᠤ ᠠᠬᠤᠢ ᠶᠢᠨ ᠬᠠᠮᠵᠢᠯᠴᠠᠭ᠎ᠠ ᠶᠢ ᠰᠤᠳᠤᠯᠤᠨ᠎ᠠ᠃ ᠪᠠᠷᠠᠭᠤᠨ ᠤᠷᠤᠨ ᠢ ᠶᠡᠭᠡ ᠪᠠᠷ | ᠨᠡᠭᠡᠭᠡᠨ ᠬᠦᠭᠵᠢᠭᠦᠯᠬᠦ᠂ ᠵᠡᠭᠦᠨ ᠬᠤᠶᠢᠲᠦ ᠤᠷᠤᠨ ᠢ ᠮᠠᠨᠳᠤᠭᠤᠯᠬᠤ ᠵᠡᠷᠭᠡ ᠬᠠᠭᠤᠴᠢᠨ ᠠᠵᠤ ᠦᠢᠯᠡᠳᠪᠦᠷᠢ ᠶᠢᠨ ᠰᠠᠭᠤᠷᠢᠨ ᠭᠠᠵᠠᠷ ᠤᠨ ᠲᠦᠯᠦᠪᠵᠢᠭᠦᠯᠭᠡ ᠪᠤᠯᠤᠨ | ᠲᠦᠷᠦ ᠶᠢᠨ ᠪᠤᠳᠤᠯᠭ᠎ᠠ ᠠᠷᠭ᠎ᠠ ᠬᠡᠮᠵᠢᠶ᠎ᠡ ᠶᠢ ᠲᠤᠤᠱᠯᠠᠭᠤᠯᠤᠨ᠎ᠠ᠃ ᠬᠢᠯᠢ ᠬᠢᠵᠠᠭᠠᠷ ᠤᠨ ᠠᠵᠤ ᠠᠬᠤᠢ ᠶᠢᠨ ᠬᠠᠮᠲᠤᠷᠠᠯᠴᠠᠭᠠᠨ ᠤ ᠤᠷᠤᠨ ᠢ ᠲᠦᠯᠦᠪᠯᠡᠬᠦ ᠪᠤᠯᠤᠨ | ᠬᠦᠭᠵᠢᠭᠦᠯᠬᠦ ᠠᠵᠢᠯ ᠢ ᠶᠡᠷᠦᠩᠬᠡᠶᠢᠯᠡᠨ ᠵᠤᠬᠢᠴᠠᠭᠤᠯᠤᠨ᠎ᠠ᠃ ᠤᠷᠤᠨ ᠪᠦᠰᠡ ᠶᠢᠨ ᠠᠵᠤ ᠠᠬᠤᠢ ᠶᠢᠨ ᠬᠠᠮᠲᠤᠷᠠᠯᠴᠠᠭᠠᠨ ᠤ ᠲᠦᠷᠦ ᠶᠢᠨ ᠪᠤᠳᠤᠯᠭ᠎ᠠ ᠵᠦᠪᠯᠡᠯᠭᠡ | ᠪᠤᠯᠤᠨ ᠠᠷᠭ᠎ᠠ ᠬᠡᠮᠵᠢᠶ᠎ᠡ ᠶᠢ ᠲᠤᠭᠲᠠᠭᠠᠨ᠎ᠠ᠃ ᠪᠦᠬᠦ ᠬᠤᠲᠠ ᠶᠢᠨ ᠤᠯᠤᠰ ᠤᠨ ᠳᠤᠲᠤᠭᠠᠲᠤ ᠪᠠ ᠭᠠᠳᠠᠭᠠᠲᠤ ᠯᠤᠭ᠎ᠠ ᠶᠢᠨ ᠠᠵᠤ ᠠᠬᠤᠢ ᠶᠢᠨ ᠬᠠᠮᠲᠤᠷᠠᠯᠴᠠᠭᠠᠨ ᠤ | ᠬᠡᠯᠡᠯᠴᠡᠭᠡᠷ ᠢ ᠨᠢᠭᠡᠲᠦᠯᠲᠠᠢ ᠳᠤᠷᠠᠳᠤᠨ᠎ᠠ᠃ ᠪᠦᠬᠦ ᠬᠤᠲᠠ ᠶᠢᠨ ᠪᠡᠯᠡ ᠤᠷᠤᠭᠤᠯᠬᠤ ᠠᠵᠢᠯᠯᠠᠭ᠎ᠠ ᠶᠢ ᠵᠤᠬᠢᠶᠠᠨ ᠪᠠᠶᠢᠭᠤᠯᠤᠨ᠎ᠠ᠃ ᠤᠯᠠᠨ ᠤᠯᠤᠰ ᠤᠨ | ᠬᠤᠭᠤᠷᠤᠨᠳᠡᠬᠢ ᠠᠵᠤ ᠠᠬᠤᠢ ᠶᠢᠨ ᠬᠠᠮᠲᠤᠷᠠᠯᠴᠠᠭ᠎ᠠ ᠰᠤᠯᠢᠯᠴᠠᠭᠠᠨ ᠳᠤ ᠤᠷᠤᠯᠴᠠᠨ᠎ᠠ᠃ ᠴᠢᠬᠤᠯᠠ ᠭᠠᠵᠠᠷ ᠤᠷᠤᠨ ᠢ ᠨᠡᠭᠡᠭᠡᠨ ᠬᠦᠭᠵᠢᠭᠦᠯᠬᠦ ᠶᠢ ᠠᠬᠢᠭᠤᠯᠤᠨ᠎ᠠ᠃ | ︵ᠠᠷᠪᠠᠨ ᠨᠠᠢᠮᠠ︶ ᠬᠠᠭᠤᠴᠢᠨ ᠠᠵᠤ ᠦᠢᠯᠡᠳᠪᠦᠷᠢ ᠶᠢᠨ ᠬᠤᠲᠠ ᠵᠢᠴᠢ ᠬᠤᠲᠠ ᠶᠢᠨ ᠬᠠᠭᠤᠴᠢᠨ ᠠᠵᠤ ᠦᠢᠯᠡᠳᠪᠦᠷᠢ ᠶᠢᠨ ᠤᠷᠤᠨ ᠤ ᠲᠤᠬᠢᠷᠠᠭᠤᠯᠤᠯᠲᠠ᠂ | ᠡᠬᠢ ᠪᠠᠶᠠᠯᠢᠭ ᠤᠨ ᠬᠡᠯᠪᠡᠷᠢ ᠶᠢᠨ ᠭᠠᠵᠠᠷ ᠤᠷᠤᠨ ᠤ ᠠᠵᠤ ᠠᠬᠤᠢ ᠶᠢᠨ ᠬᠡᠯᠪᠡᠷᠢ ᠶᠢᠨ ᠬᠤᠪᠢᠷᠠᠯᠲᠠ ᠪᠤᠯᠤᠨ ᠨᠡᠭᠦᠷᠡᠰᠦ ᠮᠠᠯᠲᠠᠭᠰᠠᠨ ᠤᠷᠤᠨ ᠤ ᠳᠤᠷᠤᠭᠰᠢ | ᠰᠠᠭᠤᠭᠳᠠᠭᠰᠠᠨ ᠬᠡᠰᠡᠭ ᠵᠢᠴᠢ ᠠᠭᠤᠷᠬᠠᠢ ᠶᠢᠨ ᠤᠷᠤᠨ ᠠᠴᠠ ᠲᠤᠰᠠᠭᠠᠷᠯᠠᠭᠰᠠᠨ ᠤᠷᠤᠨ ᠤ ᠶᠡᠷᠦᠩᠬᠡᠶᠢᠯᠡᠭᠰᠡᠨ ᠵᠠᠰᠠᠯᠲᠠ ᠶᠢ ᠨᠢᠭᠡᠲᠦᠯᠲᠠᠢ ᠠᠬᠢᠭᠤᠯᠤᠨ᠎ᠠ ᠃ ᠤᠷᠤᠨ | ᠪᠦᠰᠡ ᠶᠢᠨ ᠴᠢᠨᠠᠷᠲᠠᠢ ᠭᠠᠵᠠᠷ ᠤᠷᠤᠨ ᠤ ᠬᠦᠭᠵᠢᠯᠲᠡ ᠶᠢᠨ ᠶᠡᠷᠦᠩᠬᠡᠢ ᠲᠦᠯᠦᠪᠵᠢᠭᠦᠯᠭᠡ᠂ ᠬᠡᠷᠡᠭᠵᠢᠭᠦᠯᠬᠦ ᠲᠦᠰᠦᠪ ᠢ ᠲᠤᠭᠲᠠᠭᠠᠨ᠎ᠠ᠃ ᠭᠠᠵᠠᠷ ᠰᠢᠷᠤᠢ ᠶᠢ | ᠵᠠᠰᠠᠬᠤ᠂ ᠨᠡᠭᠡᠭᠡᠨ ᠠᠰᠢᠭᠯᠠᠬᠤ ᠪᠤᠯᠤᠨ ᠬᠠᠮᠠᠭᠠᠯᠠᠬᠤ ᠲᠦᠷᠦ ᠶᠢᠨ ᠪᠤᠳᠤᠯᠭ᠎ᠠ ᠶᠢ ᠵᠤᠬᠢᠴᠠᠭᠤᠯᠤᠨ᠎ᠠ᠃ ᠤᠰᠤᠨ ᠤ ᠡᠬᠢ ᠪᠠᠶᠠᠯᠢᠭ ᠢ ᠠᠷᠪᠢᠯᠠᠬᠤ ᠪᠠ ᠲᠡᠩᠴᠡᠭᠦᠯᠬᠦ᠂ | ᠭᠠᠵᠠᠷ ᠰᠢᠷᠤᠢ ᠪᠤᠯᠤᠨ ᠠᠭᠤᠷᠬᠠᠢ ᠶᠢᠨ ᠡᠬᠢ ᠪᠠᠶᠠᠯᠢᠭ ᠢ ᠨᠡᠭᠡᠭᠡᠨ ᠠᠰᠢᠭᠯᠠᠬᠤ ᠲᠦᠯᠦᠪᠵᠢᠭᠦᠯᠭᠡ ᠪᠠ ᠲᠦᠯᠦᠪᠯᠡᠭᠡ ᠶᠢ ᠲᠤᠭᠲᠠᠭᠠᠬᠤ ᠳᠤ ᠤᠷᠤᠯᠴᠠᠨ᠎ᠠ᠃ | ᠴᠢᠬᠤᠯᠠ ᠰᠠᠪᠠ ᠭᠠᠵᠠᠷ ᠢ ᠶᠡᠷᠦᠩᠬᠡᠶᠢᠯᠡᠨ ᠵᠠᠰᠠᠬᠤ ᠪᠠ ᠰᠠᠪᠠ ᠭᠠᠵᠠᠷ ᠤᠨ ᠠᠵᠤ ᠠᠬᠤᠢ ᠶᠢᠨ ᠬᠦᠭᠵᠢᠯᠲᠡ ᠶᠢ ᠠᠬᠢᠭᠤᠯᠤᠨ᠎ᠠ᠃ | ︵ᠠᠷᠪᠠᠨ ᠶᠢᠰᠦ︶ ᠤᠯᠤᠰ᠂ ᠦᠪᠡᠷᠲᠡᠭᠡᠨ ᠵᠠᠰᠠᠬᠤ ᠤᠷᠤᠨ᠂ ᠬᠦᠯᠦᠨ ᠪᠤᠶᠢᠷ ᠬᠤᠲᠠ ᠶᠢᠨ ᠨᠦᠬᠡᠴᠡᠯᠡᠬᠦ ᠶᠡᠷᠦᠩᠬᠡᠢ ᠴᠤᠭᠴᠠ ᠶᠢᠨ ᠬᠦᠭᠵᠢᠯᠲᠡ ᠶᠢᠨ | ᠲᠦᠯᠦᠪᠵᠢᠭᠦᠯᠭᠡ ᠪᠤᠯᠤᠨ ᠲᠦᠷᠦᠯ ᠵᠦᠢᠯ ᠤᠨ ᠭᠠᠷᠴᠠᠭ ᠢ ᠦᠨᠳᠦᠰᠦᠯᠡᠵᠦ᠂ ᠪᠦᠬᠦ ᠬᠤᠲᠠ ᠶᠢᠨ ᠪᠠᠴᠢᠮ ᠪᠠᠶᠢᠳᠠᠯ ᠢ ᠠᠷᠭᠠᠴᠠᠭᠠᠬᠤ ᠨᠦᠬᠡᠴᠡ ᠡᠳ᠋ ᠪᠤᠳᠡᠰ ᠢ | ᠬᠠᠳᠠᠭᠠᠯᠠᠬᠤ᠂ ᠰᠤᠯᠢᠬᠤ ᠲᠦᠯᠦᠪᠯᠡᠭᠡ ᠶᠢ ᠳᠤᠷᠠᠳᠴᠤ᠂ ᠲᠦᠰᠦᠪ᠂ ᠠᠷᠭ᠎ᠠ ᠶᠢ ᠲᠤᠭᠲᠠᠭᠠᠨ᠎ᠠ᠃ ᠲᠡᠷᠡ ᠮᠦᠷᠲᠡᠭᠡᠨ ᠵᠤᠬᠢᠶᠠᠨ ᠪᠠᠶᠢᠭᠤᠯᠤᠨ ᠬᠡᠷᠡᠭᠵᠢᠭᠦᠯᠬᠦ ᠪᠠ | ᠡᠳᠦᠷ ᠳᠤᠲᠤᠮ ᠬᠠᠮᠢᠶᠠᠷᠤᠨ᠎ᠠ᠃ ᠠᠮᠤ ᠪᠤᠳᠠᠭᠠᠨ ᠤ ᠭᠦᠢᠯᠭᠡᠭᠡᠨ ᠤ ᠬᠤᠷᠸ᠎ᠠ ᠲᠤᠬᠢᠷᠠᠭᠤᠯᠭ᠎ᠠ ᠶᠢᠨ ᠪᠤᠲᠠᠲᠠᠢ ᠠᠵᠢᠯ ᠢ ᠬᠠᠷᠢᠭᠤᠴᠠᠵᠤ᠂ ᠠᠮᠤ ᠪᠤᠳᠠᠭ᠎ᠠ ᠪᠠ | ᠨᠦᠬᠡᠴᠡ ᠡᠳ᠋ ᠪᠤᠳᠡᠰ ᠤᠨ ᠬᠠᠩᠭᠠᠯᠭ᠎ᠠ ᠬᠡᠷᠡᠭᠴᠡᠭᠡᠨ ᠤ ᠬᠤᠪᠢᠷᠠᠯᠲᠠ ᠶᠢ ᠬᠢᠨᠠᠨ ᠬᠡᠮᠵᠢᠨ᠎ᠡ᠃ ᠠᠮᠤ ᠪᠤᠳᠠᠭᠠᠨ ᠤ ᠭᠦᠢᠯᠭᠡᠭᠡ ᠪᠤᠯᠤᠨ ᠡᠳ᠋ ᠪᠤᠳᠡᠰ ᠤᠨ | ᠨᠦᠬᠡᠴᠡ ᠶᠢᠨ ᠳᠦᠷᠢᠮ ᠤᠨ ᠦᠭᠡᠷᠡᠴᠢᠯᠡᠯᠲᠡ ᠶᠢᠨ ᠲᠦᠰᠦᠪ ᠢ ᠲᠤᠭᠲᠠᠭᠠᠬᠤ ᠮᠦᠷᠲᠡᠭᠡᠨ ᠬᠡᠷᠡᠭᠵᠢᠭᠦᠯᠦᠨ᠎ᠡ᠃ ᠠᠮᠤ ᠪᠤᠳᠠᠭ᠎ᠠ ᠪᠠ ᠡᠳ᠋ ᠪᠤᠳᠡᠰ ᠤᠨ ᠨᠦᠬᠡᠴᠡ ᠶᠢᠨ | ᠭᠠᠳᠠᠭᠠᠲᠤ ᠯᠤᠭ᠎ᠠ ᠶᠢᠨ ᠬᠠᠮᠲᠤᠷᠠᠯᠴᠠᠭ᠎ᠠ ᠪᠤᠯᠤᠨ ᠰᠤᠯᠢᠯᠴᠠᠭ᠎ᠠ ᠶᠢ ᠦᠷᠨᠢᠭᠦᠯᠦᠨ᠎ᠡ᠃ | ︵ᠬᠤᠷᠢ︶ ᠠᠮᠤ ᠪᠤᠳᠠᠭ᠎ᠠ᠂ ᠢᠳᠡᠭᠡᠨ ᠤ ᠲᠤᠰᠤ᠂ ᠡᠮ ᠪᠤᠯᠤᠨ ᠭᠠᠮᠰᠢᠭ ᠠᠴᠠ ᠠᠪᠤᠷᠠᠬᠤ ᠵᠡᠷᠭᠡ ᠬᠠᠮᠢᠶ᠎ᠠ ᠪᠦᠬᠦᠢ ᠡᠳ᠋ ᠪᠤᠳᠡᠰ ᠢ ᠨᠦᠬᠡᠴᠡᠯᠡᠬᠦ ᠵᠠᠰᠠᠭ | ᠵᠠᠬᠢᠷᠭᠠᠨ ᠤ ᠬᠠᠮᠢᠶᠠᠷᠤᠯᠲᠠ ᠶᠢ ᠬᠠᠷᠢᠭᠤᠴᠠᠨ᠎ᠠ᠃ ᠠᠮᠤ ᠪᠤᠳᠠᠭ᠎ᠠ ᠪᠠ ᠡᠳ᠋ ᠪᠤᠳᠡᠰ ᠢ ᠬᠠᠳᠠᠭᠠᠯᠠᠬᠤ ᠬᠠᠮᠢᠶ᠎ᠠ ᠪᠦᠬᠦᠢ ᠮᠡᠷᠭᠡᠵᠢᠯ ᠤᠨ ᠪᠠᠷᠢᠮᠵᠢᠶ᠎ᠠ ᠪᠤᠯᠤᠨ ᠳᠦᠷᠢᠮᠵᠢᠯ | ᠢ ᠬᠡᠷᠡᠭᠵᠢᠭᠦᠯᠦᠨ᠎ᠡ᠃ ᠲᠦᠷᠦ ᠶᠢᠨ ᠪᠤᠳᠤᠯᠭ᠎ᠠ ᠶᠢᠨ ᠴᠢᠨᠠᠷᠲᠠᠢ ᠠᠮᠤ ᠪᠤᠳᠠᠭ᠎ᠠ ᠪᠤᠯᠤᠨ ᠴᠡᠷᠢᠭ ᠤᠨ ᠠᠮᠤ ᠶᠢᠨ ᠬᠠᠩᠭᠠᠯᠭ᠎ᠠ ᠪᠠ ᠬᠠᠮᠢᠶᠠᠷᠤᠯᠳᠠ ᠶᠢ ᠬᠠᠷᠢᠭᠤᠴᠠᠨ᠎ᠠ᠃ | ᠪᠦᠬᠦ ᠬᠤᠲᠠ ᠶᠢᠨ ᠨᠦᠬᠡᠴᠡᠯᠡᠬᠦ ᠲᠦᠯᠦᠪᠵᠢᠭᠦᠯᠭᠡ ᠶᠢ ᠦᠨᠳᠦᠰᠦᠯᠡᠵᠦ᠂ ᠠᠮᠤ ᠪᠤᠳᠠᠭ᠎ᠠ ᠪᠠ ᠡᠳ᠋ ᠪᠤᠳᠡᠰ ᠢ ᠨᠦᠬᠡᠴᠡᠯᠡᠬᠦ ᠰᠠᠭᠤᠷᠢ ᠲᠦᠭᠦᠭᠡᠷᠦᠮᠵᠢ ᠶᠢᠨ ᠲᠦᠷᠦᠯ | ᠵᠦᠢᠯ ᠤᠨ ᠪᠦᠲᠦᠭᠡᠨ ᠪᠠᠶᠢᠭᠤᠯᠤᠯᠲᠠ ᠪᠠ ᠬᠠᠮᠢᠶᠠᠷᠤᠯᠲᠠ ᠶᠢ ᠵᠤᠬᠢᠶᠠᠨ ᠪᠠᠶᠢᠭᠤᠯᠤᠨ᠎ᠠ᠃ ᠨᠦᠬᠡᠴᠡ ᠰᠠᠭᠤᠷᠢ ᠲᠦᠭᠦᠭᠡᠷᠦᠮᠵᠢ ᠪᠠ ᠠᠮᠤ ᠪᠤᠳᠠᠭ᠎ᠠ ᠭᠦᠢᠯᠭᠡᠭᠡᠯᠡᠬᠦ | ᠲᠦᠭᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢᠨ ᠲᠦᠯᠦᠪᠵᠢᠭᠦᠯᠭᠡ ᠶᠢ ᠲᠤᠭᠲᠠᠭᠠᠬᠤ ᠮᠦᠷᠲᠡᠭᠡᠨ ᠬᠡᠷᠡᠭᠵᠢᠭᠦᠯᠦᠨ᠎ᠡ᠃ ᠠᠮᠤ ᠪᠤᠳᠠᠭᠠᠨ ᠤ ᠭᠦᠢᠯᠭᠡᠭᠡᠨ ᠤ ᠠᠵᠢᠯ | ᠲᠦᠷᠦᠯ ᠤᠨ ᠬᠠᠮᠢᠶᠠᠷᠤᠯᠳᠠ ᠪᠤᠯᠤᠨ ᠠᠮᠤ ᠪᠤᠳᠠᠭᠠᠨ ᠤ ᠵᠠᠬ᠎ᠠ ᠳᠡᠯᠭᠡᠭᠦᠷ ᠤᠨ ᠰᠢᠰᠲ᠋ᠧᠮ ᠤᠨ ᠪᠦᠲᠦᠭᠡᠨ ᠪᠠᠶᠢᠭᠤᠯᠤᠯᠲᠠ ᠶᠢ ᠬᠠᠷᠢᠭᠤᠴᠠᠨ᠎ᠠ᠃ ᠠᠵᠢᠯ ᠲᠦᠷᠦᠯ ᠤᠨ | ᠬᠦᠭᠵᠢᠯᠲᠡ ᠶᠢᠨ ᠲᠦᠯᠦᠪᠵᠢᠭᠦᠯᠭᠡ ᠪᠤᠯᠤᠨ ᠲᠦᠷᠦ ᠶᠢᠨ ᠪᠤᠳᠤᠯᠭ᠎ᠠ ᠶᠢ ᠲᠤᠭᠲᠠᠭᠠᠨ᠎ᠠ᠃ ᠡᠳ᠋ ᠪᠤᠳᠡᠰ ᠤᠨ ᠬᠠᠳᠠᠭᠠᠯᠠᠯᠲᠠ ᠶᠢᠨ ᠪᠠᠷᠢᠮᠵᠢᠶ᠎ᠠ᠂ ᠠᠮᠤ ᠪᠤᠳᠠᠭᠠᠨ ᠤ | ᠴᠢᠨᠠᠷ ᠴᠢᠨᠰᠠᠭᠠᠨ ᠤ ᠪᠠᠷᠢᠮᠵᠢᠶ᠎ᠠ ᠶᠢ ᠲᠤᠭᠤᠰᠢᠯᠠᠭᠤᠯᠤᠨ᠎ᠠ᠃ ᠬᠠᠮᠢᠶ᠎ᠠ ᠪᠦᠬᠦᠢ ᠮᠡᠷᠭᠡᠵᠢᠯ ᠤᠨ ᠳᠦᠷᠢᠮᠵᠢᠯ ᠢ ᠬᠡᠷᠡᠭᠵᠢᠭᠦᠯᠦᠨ᠎ᠡ᠃ | ︵ᠬᠤᠷᠢᠨ ᠨᠢᠭᠡ︶ ᠠᠮᠤ ᠪᠤᠳᠠᠭᠠᠨ ᠤ ᠭᠦᠢᠯᠭᠡᠭᠡ ᠶᠢ ᠬᠢᠨᠠᠨ ᠪᠠᠶᠢᠴᠠᠭᠠᠬᠤ ᠳᠦᠷᠢᠮ ᠢ ᠬᠡᠷᠡᠭᠵᠢᠭᠦᠯᠦᠨ᠎ᠡ᠃ ᠬᠠᠤᠯᠢ ᠠᠴᠠ ᠵᠦᠷᠢᠴᠡᠭᠰᠡᠨ ᠠᠵᠢᠯᠯᠠᠭ᠎ᠠ ᠶᠢ | ᠬᠠᠤᠯᠢ ᠶᠤᠰᠤᠭᠠᠷ ᠪᠠᠶᠢᠴᠠᠭᠠᠨ ᠰᠢᠳᠭᠡᠨ᠎ᠡ᠃ ᠠᠮᠤ ᠪᠤᠳᠠᠭ᠎ᠠ ᠶᠢ ᠬᠤᠳᠠᠯᠳᠤᠨ ᠠᠪᠬᠤ᠂ ᠬᠠᠳᠠᠭᠠᠯᠠᠬᠤ᠂ ᠲᠡᠭᠡᠭᠡᠪᠦᠷᠢᠯᠡᠬᠦ ᠶᠠᠪᠤᠴᠠ ᠳᠤ ᠠᠮᠤ ᠪᠤᠳᠠᠭᠠᠨ ᠤ ᠴᠢᠨᠠᠷ | ᠴᠢᠨᠰᠠᠭᠠᠨ ᠤ ᠠᠮᠤᠷ ᠲᠦᠪᠰᠢᠨ᠂ ᠬᠠᠷ᠎ᠠ ᠪᠤᠳᠠᠭᠠᠨ ᠤ ᠡᠷᠡᠭᠦᠯ ᠬᠠᠮᠠᠭᠠᠯᠠᠯ ᠤᠨ ᠬᠢᠨᠠᠯᠲᠠ ᠬᠠᠮᠢᠶᠠᠷᠤᠯᠲᠠ ᠵᠢᠴᠢ ᠠᠮᠤ ᠪᠤᠳᠠᠭᠠᠨ ᠤ ᠴᠢᠨᠠᠷ ᠴᠢᠨᠰᠠᠭᠠᠨ ᠤ ᠠᠳᠡᠯ | ᠪᠤᠯᠤᠨ ᠵᠠᠭᠤᠷᠠᠯᠳᠤᠭᠠᠨ ᠢ ᠪᠠᠶᠢᠴᠠᠭᠠᠨ᠎ᠠ᠃ ᠠᠮᠤ ᠪᠤᠳᠠᠭᠠᠨ ᠤ ᠭᠦᠢᠯᠭᠡᠭᠡᠨ ᠤ ᠠᠵᠢᠯ ᠲᠦᠷᠦᠯ ᠤᠨ ᠠᠶᠤᠯᠭᠦᠢ ᠦᠢᠯᠡᠳᠪᠦᠷᠢᠯᠡᠯ ᠤᠨ ᠬᠢᠨᠠᠯᠲᠠ ᠬᠠᠮᠢᠶᠠᠷᠤᠯᠲᠠ ᠶᠢ | ᠬᠠᠷᠢᠭᠤᠴᠠᠨ᠎ᠠ᠃ ᠠᠮᠤ ᠪᠤᠳᠠᠭ᠎ᠠ᠂ ᠡᠮ ᠪᠠ ᠭᠠᠮᠰᠢᠭ ᠠᠴᠠ ᠠᠪᠤᠷᠠᠬᠤ ᠪᠤᠳᠡᠰ ᠢ ᠨᠦᠬᠡᠴᠡᠯᠡᠵᠦ ᠪᠠᠶᠢᠭ᠎ᠠ ᠪᠠᠶᠢᠭᠤᠯᠭ᠎ᠠ ᠨᠢᠭᠡᠴᠡ ᠶᠢᠨ ᠠᠶᠤᠯᠭᠦᠢ ᠦᠢᠯᠡᠳᠪᠦᠷᠢᠯᠡᠯ ᠢ | ᠬᠢᠨᠠᠨ ᠬᠠᠮᠢᠶᠠᠷᠬᠤ ᠬᠠᠷᠢᠭᠤᠴᠠᠯᠭ᠎ᠠ ᠶᠢ ᠡᠭᠦᠷᠭᠡᠯᠡᠨ᠎ᠡ᠃ ᠬᠠᠮᠢᠶ᠎ᠠ ᠪᠦᠬᠦᠢ ᠰᠠᠯᠠᠭ᠎ᠠ ᠮᠦᠴᠢᠷ ᠲᠠᠢ ᠬᠠᠮᠵᠢᠯᠴᠠᠵᠤ᠂ ᠠᠮᠤ ᠪᠤᠳᠠᠭᠠᠨ ᠤ ᠠᠵᠤ ᠦᠢᠯᠡᠰ ᠤᠨ | ᠬᠦᠭᠵᠢᠯᠲᠡ ᠶᠢ ᠠᠬᠢᠭᠤᠯᠤᠨ᠎ᠠ᠃ | ︵ᠬᠤᠷᠢᠨ ᠬᠤᠶᠠᠷ︶ ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ ᠤᠷᠳᠤᠨ ᠪᠠ ᠳᠡᠭᠡᠲᠦ ᠱᠠᠲᠤᠨ ᠤ ᠲᠤᠬᠠᠶᠢᠯᠠᠭᠰᠠᠨ ᠠᠵᠢᠯ ᠤᠨ ᠰᠠᠯᠠᠭ᠎ᠠ ᠮᠦᠴᠢᠷ ᠤᠨ | ᠳᠠᠭᠠᠭᠠᠯᠭᠠᠭᠰᠠᠨ ᠪᠤᠰᠤᠳ ᠠᠵᠢᠯ ᠢ ᠪᠡᠶᠡᠯᠡᠭᠦᠯᠦᠨ᠎ᠡ᠃ |