ᠨᠡᠶᠢᠭᠡᠮ ᠠᠵᠤ ᠠᠬᠤᠢ ᠶᠢᠨ ᠬᠦᠭᠵᠢᠯᠲᠡ ᠶᠢ ᠳᠠᠭᠠᠯᠳᠤᠨ᠂ ᠨᠡᠶᠢᠳᠡᠮ ᠬᠡᠷᠡᠭᠯᠡᠬᠦ ᠦᠭᠡ ᠬᠡᠯᠡ ᠶᠢ ᠲᠦᠭᠡᠮᠡᠯᠵᠢᠭᠦᠯᠬᠦ ᠨᠢ ᠠᠷᠠᠳ ᠢᠷᠭᠡᠳ ᠤᠨ ᠬᠡᠪ | ᠪᠤᠯᠪᠠᠰᠤᠷᠠᠯ ᠢ ᠳᠡᠭᠡᠭᠰᠢᠯᠡᠭᠦᠯᠬᠦ ᠴᠢᠬᠤᠯᠠ ᠭᠤᠭᠴᠤᠭ᠎ᠠ ᠪᠤᠯᠪᠠ᠃ ᠡᠨᠡ ᠤᠳᠠᠭᠠᠨ ᠤ ᠨᠡᠶᠢᠳᠡᠮ ᠬᠡᠷᠡᠭᠯᠡᠬᠦ ᠦᠭᠡ ᠬᠡᠯᠡ ᠶᠢ ᠲᠦᠭᠡᠮᠡᠯᠵᠢᠭᠦᠯᠬᠦ ᠠᠵᠢᠯᠯᠠᠭ᠎ᠠ ᠨᠢ | ᠡᠳ᠋ ᠤᠨ ᠵᠠᠰᠠᠭ ᠤᠨ ᠰᠢᠰᠲ᠋ᠧᠮ ᠤᠨ ᠺᠠᠳ᠋ᠷ ᠠᠵᠢᠯᠲᠠᠳ ᠤᠨ ᠨᠡᠶᠢᠳᠡᠮ ᠬᠡᠷᠡᠭᠯᠡᠬᠦ ᠦᠭᠡ ᠬᠡᠯᠡᠨ ᠤ ᠬᠢᠷᠢ ᠬᠡᠮᠵᠢᠶ᠎ᠡ ᠶᠢ ᠳᠡᠭᠡᠭᠰᠢᠯᠡᠭᠦᠯᠬᠦ ᠶᠢᠨ ᠲᠦᠯᠦᠭᠡ ᠶᠤᠮ᠃ ᠺᠠᠳ᠋ᠷ | ᠠᠵᠢᠯᠲᠠᠳ ᠤᠨ ᠬᠠᠷᠢᠯᠴᠠᠭ᠎ᠠ ᠶᠢ ᠭᠦᠨᠵᠡᠭᠡᠶᠢᠷᠡᠭᠦᠯᠦᠨ᠂ ᠨᠡᠶᠢᠭᠡᠮ ᠤᠨ ᠤᠯᠠᠨ ᠲᠦᠮᠡᠨ ᠳᠤ ᠰᠠᠶᠢᠨ ᠰᠠᠶᠢᠬᠠᠨ ᠳᠦᠷᠢ ᠳᠦᠷᠬᠦ ᠶᠢ ᠳᠡᠯᠭᠡᠨ ᠦᠵᠡᠭᠦᠯᠪᠡ ᠃ | 10 ᠰᠠᠷ᠎ᠠ ᠶᠢᠨ 28 ᠤ ᠡᠳᠦᠷ᠂ ᠡᠷᠭᠦᠨ᠎ᠡ ᠬᠤᠲᠠ ᠶᠢᠨ ᠡᠳ᠋ ᠤᠨ ᠵᠠᠰᠠᠭ ᠤᠨ ᠲᠤᠪᠴᠢᠶ᠎ᠠ ᠨᠡᠶᠢᠳᠡᠮ ᠬᠡᠷᠡᠭᠯᠡᠬᠦ ᠦᠭᠡ ᠬᠡᠯᠡ ᠶᠢ ᠲᠦᠭᠡᠮᠡᠯᠵᠢᠭᠦᠯᠬᠦ | ᠭᠠᠷᠠᠭ ᠤᠨ ᠠᠵᠢᠯᠯᠠᠭᠠᠨ ᠤ ᠳ᠋ᠦᠩᠨᠡᠯᠲᠡ ᠶᠢᠨ ᠬᠤᠷᠠᠯ ᠬᠤᠷᠠᠯᠳᠤᠭᠤᠯᠪᠠ᠃ ᠬᠤᠷᠠᠯ ᠳᠡᠭᠡᠷ᠎ᠡ᠂ ᠡᠳ᠋ ᠤᠨ ᠵᠠᠰᠠᠭ ᠤᠨ ᠲᠤᠪᠴᠢᠶᠠᠨ ᠤ ᠳᠡᠳ᠋ ᠳᠠᠷᠤᠭ᠎ᠠ ᠵᠤᠤ ᠢ | ᠢᠯᠡᠷᠬᠡᠶᠢᠯᠡᠭᠰᠡᠨ ᠨᠢ ᠨᠡᠶᠢᠳᠡᠮ ᠬᠡᠷᠡᠭᠯᠡᠬᠦ ᠦᠭᠡ ᠬᠡᠯᠡ ᠶᠢ ᠲᠦᠭᠡᠮᠡᠯᠵᠢᠭᠦᠯᠬᠦ ᠭᠠᠷᠠᠭ ᠤᠨ ᠴᠠᠭ ᠬᠤᠭᠤᠴᠠᠭ᠎ᠠ ᠬᠡᠳᠦᠶᠢᠪᠡᠷ ᠤᠬᠤᠷᠬᠠᠨ ᠪᠤᠯᠪᠠᠴᠤ ᠮᠠᠨ ᠤ ᠲᠤᠪᠴᠢᠶ᠎ᠠ | ᠨᠡᠶᠢᠳᠡᠮ ᠬᠡᠷᠡᠭᠯᠡᠬᠦ ᠦᠭᠡ ᠬᠡᠯᠡ ᠶᠢ ᠲᠦᠭᠡᠮᠡᠯᠵᠢᠭᠦᠯᠬᠦ ᠠᠵᠢᠯᠯᠠᠭ᠎ᠠ ᠶᠢ ᠤᠷᠲᠤ ᠬᠤᠭᠤᠴᠠᠭᠠᠨ ᠤ ᠠᠵᠢᠯ ᠪᠤᠯᠭᠠᠪᠠ᠃ ᠲᠤᠭᠲᠠᠭᠰᠠᠨ ᠬᠤᠭᠤᠴᠠᠭᠠᠨ ᠤ ᠪᠤᠯᠪᠠᠰᠤᠷᠠᠯ᠂ | ᠤᠷᠤᠯᠳᠤᠭᠠᠨ ᠪᠠ ᠪᠤᠰᠤᠳ ᠠᠵᠢᠯᠯᠠᠭ᠎ᠠ ᠪᠠᠷ ᠳᠠᠮᠵᠢᠭᠤᠯᠵᠤ᠂ ᠺᠠᠳ᠋ᠷ ᠠᠵᠢᠯᠲᠠᠳ ᠤᠨ ᠨᠡᠶᠢᠳᠡᠮ ᠬᠡᠷᠡᠭᠯᠡᠬᠦ ᠦᠭᠡ ᠬᠡᠯᠡᠨ ᠤ ᠬᠢᠷᠢ ᠬᠡᠮᠵᠢᠶ᠎ᠡ ᠶᠢ ᠦᠷᠭᠦᠯᠵᠢᠯᠡᠨ | ᠳᠡᠭᠡᠭᠰᠢᠯᠡᠭᠦᠯᠦᠨ᠎ᠡ ᠭᠡᠵᠡᠢ᠃ |