ᠳᠡᠭᠡᠳᠦ ᠱᠠᠲᠤᠨ ᠤ ᠵᠠᠬᠢᠳᠠᠯ ᠰᠤᠷᠪᠤᠯᠵᠢᠯᠠᠭ᠎ᠠ ᠶᠢᠨ ᠠᠵᠢᠯ ᠤᠨ ᠰᠢᠢᠳᠪᠦᠷᠢᠲᠦ ᠪᠠᠶᠢᠷᠢᠯᠠᠭᠤᠯᠤᠯᠲᠠ ᠶᠢ ᠭᠦᠨᠵᠡᠭᠡᠶ ᠲᠤᠤᠱᠯᠠᠭᠤᠯᠤᠨ ᠨᠠᠶᠢᠳᠠᠪᠤᠷᠢᠵᠢᠭᠤᠯᠵᠤ᠂ | ᠵᠠᠬᠢᠳᠠᠯ ᠰᠤᠷᠪᠤᠯᠵᠢᠯᠠᠭ᠎ᠠ ᠶᠢᠨ ᠠᠵᠢᠯ ᠢ ᠦᠨᠡᠨ ᠬᠦ ᠰᠠᠶᠢᠲᠤᠷ ᠬᠢᠬᠦ ᠶᠢᠨ ᠲᠥᠯᠥᠭᠡ᠂ 11 ᠰᠠᠷ᠎ᠠ ᠶᠢᠨ 15 ᠤ ᠡᠳᠦᠷ ᠂ ᠡᠷᠭᠦᠨ᠎ᠡ ᠬᠤᠲᠠ ᠶᠢᠨ ᠶᠡᠷᠦᠩᠬᠡᠶ | ᠠᠵᠢᠯᠴᠢᠨ ᠤ ᠡᠪᠯᠡᠯ ᠵᠠᠬᠢᠳᠠᠯ ᠰᠤᠷᠪᠤᠯᠵᠢᠯᠠᠭ᠎ᠠ ᠶᠢᠨ ᠠᠵᠢᠯ ᠤᠨ ᠬᠤᠷᠠᠯ ᠬᠤᠷᠠᠯᠳᠤᠭᠤᠯᠵᠤ᠂ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠡᠯ᠎ᠡ | ᠲᠠᠰᠤᠭ ᠤᠨ ᠬᠠᠷᠢᠭᠤᠴᠠᠯᠭᠠᠲᠠᠳ ᠤᠷᠤᠯᠴᠠᠪᠠ᠃ | | | | ᠬᠤᠷᠠᠯ ᠠᠴᠠ ᠠᠵᠢᠯᠴᠢᠨ ᠤ ᠦᠢᠯᠡᠴᠢᠯᠡᠭᠡᠨ ᠤ ᠲᠥᠪ ᠤᠨ 2024 ᠣᠨ ᠤ ᠵᠠᠬᠢᠳᠠᠯ ᠰᠤᠷᠪᠤᠯᠵᠢᠯᠠᠭ᠎ᠠ ᠶᠢᠨ ᠠᠵᠢᠯ ᠤᠨ ᠬᠠᠷᠢᠭᠤ ᠮᠡᠳᠡᠭᠦᠯᠦᠯᠲᠡ ᠶᠢ | ᠰᠣᠨᠣᠰᠴᠤ᠂ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠪᠠᠶᠢᠩᠭᠤ ᠶᠢᠨ ᠳᠡᠳ᠋ ᠲᠡᠷᠢᠭᠦᠯᠡᠭᠴᠢ ᠵᠢᠶᠠᠩ ᠬᠤᠸᠠᠨ ᠮᠢᠨ 2024 ᠣᠨ ᠤ ᠵᠠᠬᠢᠳᠠᠯ | ᠰᠤᠷᠪᠤᠯᠵᠢᠯᠠᠭ᠎ᠠ ᠶᠢᠨ ᠠᠵᠢᠯ ᠢ ᠬᠤᠷᠢᠶᠠᠩᠭᠤᠶᠢᠯᠠᠭᠰᠠᠨ ᠪᠥᠭᠡᠳ 2025 ᠣᠨ ᠤ ᠵᠠᠬᠢᠳᠠᠯ ᠰᠤᠷᠪᠤᠯᠵᠢᠯᠠᠭ᠎ᠠ ᠶᠢᠨ ᠠᠵᠢᠯ ᠢ ᠪᠠᠶᠢᠷᠢᠯᠠᠭᠤᠯᠪᠠ᠃ | ᠬᠤᠷᠠᠯ ᠠᠴᠠ ᠱᠠᠭᠠᠷᠳᠠᠭᠰᠠᠨ ᠨᠢ ᠨᠢᠭᠡ ᠳᠤ᠂ ᠰᠤᠷᠤᠯᠴᠠᠯᠭ᠎ᠠ ᠪᠠᠨ ᠴᠢᠩᠭᠠᠳᠬᠠᠵᠤ᠂ ᠬᠤᠯᠪᠣᠭᠳᠠᠯ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠲᠦᠷᠦ ᠶᠢᠨ | ᠪᠤᠳᠤᠯᠭ᠎ᠠ ᠶᠢ ᠰᠠᠶᠢᠲᠤᠷ ᠡᠵᠡᠮᠰᠢᠨ ᠬᠡᠷᠡᠭᠯᠡᠨ᠎ᠡ᠃ ᠬᠤᠶᠠᠷ ᠲᠤ ᠂ ᠬᠠᠷᠢᠭᠤᠴᠠᠯᠭ᠎ᠠ ᠪᠠᠨ ᠲᠤᠳᠤᠷᠬᠠᠶᠢᠯᠠᠨ᠂ ᠰᠤᠷᠪᠤᠯᠵᠢᠯᠠᠬᠤ ᠪᠠᠷ ᠢᠷᠡᠭᠰᠡᠨ ᠠᠵᠢᠯᠲᠠᠨ ᠠᠵᠢᠯᠴᠢᠨ ᠢ | ᠳᠠᠩᠰᠠᠯᠠᠬᠤ᠂ ᠤᠴᠢᠷ ᠶᠠᠪᠤᠳᠠᠯ ᠢ ᠰᠢᠢᠳᠪᠦᠷᠢᠯᠡᠬᠦ᠂ ᠬᠠᠷᠢᠭᠤᠯᠲᠠ ᠥᠭᠬᠦ ᠵᠡᠷᠭᠡ ᠠᠵᠢᠯ ᠢ ᠰᠠᠶᠢᠲᠤᠷ ᠬᠢᠨ᠎ᠡ᠃ ᠭᠤᠷᠪᠠ ᠳᠤ᠂ ᠵᠠᠩᠭᠢᠯᠠᠭ᠎ᠠ ᠶᠢᠨ ᠬᠤᠭᠤᠴᠠᠭᠠᠨ ᠳᠤ | ᠵᠠᠬᠢᠳᠠᠯ ᠰᠤᠷᠪᠤᠯᠵᠢᠯᠠᠭ᠎ᠠ ᠂ ᠲᠣᠭᠲᠠᠭᠤᠨ ᠢ ᠬᠠᠮᠠᠭᠠᠯᠠᠬᠤ ᠠᠵᠢᠯ ᠢ ᠰᠠᠶᠢᠲᠤᠷ ᠬᠢᠨ᠎ᠡ᠃ ᠲᠦᠷᠪᠡ ᠳᠤ ᠂ ᠦᠵᠡᠯ ᠰᠠᠨᠠᠭ᠎ᠠ ᠲᠠᠨᠢᠯᠲᠠ ᠪᠠᠨ ᠤᠯᠠᠮ ᠨᠢᠭᠡ ᠠᠯᠬᠤᠮ | ᠳᠡᠭᠡᠭᠰᠢᠯᠡᠭᠦᠯᠵᠦ᠂ ᠠᠵᠢᠯᠳᠠᠨ ᠠᠵᠢᠯᠴᠢᠨ ᠢ ᠢᠳᠡᠪᠬᠢᠲᠡᠶ ᠪᠠᠷ ᠬᠥᠲᠥᠯᠥᠨ ᠵᠢᠯᠣᠭᠤᠳᠴᠤ ᠂ ᠬᠠᠤᠯᠢ ᠶᠣᠰᠣᠨ ᠤ ᠠᠷᠭ᠎ᠠ ᠵᠠᠮ ᠢᠶᠠᠷ ᠥᠪᠡᠷ ᠤᠨ ᠡᠷᠬᠡ ᠠᠰᠢᠭ ᠢᠶᠠᠨ | ᠬᠠᠮᠠᠭᠠᠯᠠᠬᠤ ᠶᠢ ᠰᠠᠨᠠᠭᠤᠯᠤᠨ᠎ᠠ ᠃ ᠬᠠᠤᠯᠢ ᠴᠠᠭᠠᠵᠠ ᠶᠢᠨ ᠲᠤᠰᠠᠯᠠᠮᠵᠢ ᠶᠢᠨ ᠨᠥᠬᠦᠴᠡᠯ ᠳᠤ ᠨᠡᠶᠢᠴᠡᠬᠦ ᠦᠶ᠎ᠡ ᠳᠤ᠂ ᠴᠠᠭ ᠲᠤᠬᠠᠶ ᠳᠤ ᠨᠢ ᠬᠠᠤᠯᠢ ᠴᠠᠭᠠᠵᠠ ᠶᠢᠨ | ᠲᠤᠰᠠᠯᠠᠮᠵᠢ ᠬᠠᠩᠭᠠᠨ᠎ᠠ᠃ ᠡᠭᠦᠨ ᠤ ᠬᠠᠮᠲᠤ ᠂ ᠴᠠᠭ ᠢᠮᠠᠭᠲᠠ ᠮᠥᠷᠳᠡᠨ ᠪᠠᠶᠢᠴᠠᠭᠠᠨ᠎ᠠ᠃ ᠠᠵᠢᠯᠳᠠᠨ ᠠᠵᠢᠯᠴᠢᠨ ᠬᠠᠤᠯᠢ ᠶᠣᠰᠣᠭᠠᠷ ᠡᠷᠬᠡ ᠪᠠᠨ ᠬᠠᠮᠠᠭᠠᠯᠠᠬᠤ ᠳᠤ | ᠪᠠᠲᠤᠯᠠᠭ᠎ᠠ ᠪᠤᠯᠤᠨ᠎ᠠ ᠭᠡᠵᠡᠢ ᠃ |