ᠮᠠᠨ ᠤ ᠬᠤᠲᠠ ᠶᠢᠨ ᠠᠷᠠᠳ ᠠᠴᠠ ᠡᠵᠡᠩᠨᠡᠭᠰᠡᠨ ᠠᠵᠤ ᠠᠬᠤᠶ ᠶᠢᠨ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠠᠵᠢᠯ ᠤᠨ ᠡᠷᠴᠢᠮ ᠢ ᠤᠯᠠᠮ ᠨᠢᠭᠡ | ᠠᠯᠬᠤᠮ ᠴᠢᠩᠭᠠᠷᠠᠭᠤᠯᠬᠤ ᠶᠢᠨ ᠲᠥᠯᠥᠭᠡ᠂ ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠶᠡᠷᠦᠩᠬᠡᠶ ᠪᠠᠶᠢᠷᠢᠯᠠᠭᠤᠯᠤᠯᠲᠠ ᠶᠣᠰᠣᠭᠠᠷ᠂ 11 | ᠰᠠᠷ᠎ᠠ ᠶᠢᠨ 18 ᠤ ᠡᠳᠦᠷ ᠂ ᠬᠤᠲᠠ ᠶᠢᠨ ᠦᠢᠯᠡᠳᠪᠦᠷᠢ ᠬᠤᠳᠠᠯᠳᠤᠭᠠᠨ ᠤ ᠬᠤᠯᠪᠣᠭ᠎ᠠ ᠬᠡᠰᠡᠭ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ | ᠲᠥᠯᠥᠭᠡᠯᠡᠭᠴᠢ ᠶᠢ ᠵᠣᠬᠢᠶᠠᠨ ᠪᠠᠶᠢᠭᠤᠯᠵᠤ᠂ ᠯᠠᠪᠳᠠᠯᠢᠨ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ᠂ ᠦᠨᠳᠦᠰᠦᠲᠡᠨ ᠤ ᠬᠡᠷᠡᠭ ᠡᠷᠭᠢᠯᠡᠬᠦ ᠵᠥᠪᠯᠡᠯ ᠵᠡᠷᠭᠡ | ᠰᠠᠯᠠᠭ᠎ᠠ ᠮᠥᠴᠢᠷ ᠲᠠᠢ ᠬᠠᠮᠲᠤᠷᠠᠨ ᠂ ᠾᠧᠨᠠᠨ ᠮᠤᠵᠢ ᠶᠢᠨ ᠫᠢᠩ ᠳ᠋ᠢᠩ ᠱᠠᠨ ᠬᠤᠲᠠ ᠳᠤ ᠤᠴᠢᠵᠤ᠂ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠬᠡᠯᠡᠯᠴᠡᠭᠡᠷ | ᠬᠢᠪᠡ᠃ | | | | | ᠲᠥᠯᠥᠭᠡᠯᠡᠭᠴᠢᠳ ᠤᠨ ᠪᠦᠯᠬᠦᠮ ᠾᠧᠨᠠᠨ ᠤ ᠱᠧᠩ ᠳ᠋ᠢᠶᠧ ᠱᠦᠷᠭᠦᠭᠦᠷ ᠤᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ᠂ ᠲᠢᠶᠠᠨ ᠱᠧᠩ ᠴᠠᠬᠢᠯᠭᠠᠨ ᠬᠦᠴᠦᠨ ᠤ | ᠬᠤᠪᠢ ᠣᠷᠣᠭᠤᠯᠤᠭᠰᠠᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠵᠢᠴᠢ ᠫᠢᠩ ᠳ᠋ᠢᠩ ᠱᠠᠨ ᠬᠤᠲᠠ ᠶᠢᠨ ᠳ᠋ᠢᠩ ᠼᠠᠨ ᠠᠵᠤ ᠦᠢᠯᠡᠳᠪᠦᠷᠢ ᠬᠤᠳᠠᠯᠳᠤᠭᠠᠨ ᠤ | ᠬᠢᠵᠠᠭᠠᠷᠲᠤ ᠺᠣᠮᠫᠠᠨᠢ ᠵᠡᠷᠭᠡ ᠲᠤᠬᠠᠶ ᠶᠢᠨ ᠭᠠᠵᠠᠷ ᠤᠨ ᠣᠯᠠᠨ ᠠᠵᠤ ᠠᠬᠤᠶᠢᠯᠠᠯ ᠢ ᠪᠠᠶᠢᠴᠠᠭᠠᠨ ᠰᠤᠳᠤᠯᠤᠭᠰᠠᠨ ᠪᠥᠭᠡᠳ ᠬᠡᠯᠡᠯᠴᠡᠭᠡᠷ ᠬᠢᠪᠡ᠃ ᠢᠯᠠᠩᠭᠤᠶ᠎ᠠ ᠥᠪᠥᠷ | ᠮᠣᠩᠭᠤᠯ ᠤᠨ ᠰᠢᠩ ᠳ᠋ᠡ ᠪᠥᠲᠥᠭᠡᠨ ᠪᠠᠶᠢᠭᠤᠯᠤᠯᠲᠠ ᠶᠢᠨ ᠬᠢᠵᠠᠭᠠᠷᠲᠤ ᠺᠣᠮᠫᠠᠨᠢ᠂ ᠡᠷᠭᠦᠨ᠎ᠡ ᠬᠤᠲᠠ ᠶᠢᠨ ᠸᠠᠨ ᠲᠢᠩ ᠵᠤᠴᠢᠳ ᠤᠨ ᠪᠠᠭᠤᠳᠠᠯ ᠪᠤᠯᠤᠨ ᠲᠤᠬᠠᠶ ᠶᠢᠨ | ᠭᠠᠵᠠᠷ ᠤᠨ ᠠᠵᠤ ᠠᠬᠤᠶᠢᠯᠠᠯ ᠲᠠᠢ ᠭᠦᠨᠵᠡᠭᠡᠶ ᠬᠠᠮᠲᠤᠷᠠᠯᠴᠠᠪᠠ᠃ ᠬᠡᠯᠡᠯᠴᠡᠭᠡᠨ ᠤ ᠳᠤᠮᠳᠠ ᠂ ᠬᠤᠶᠠᠷ ᠲᠠᠯ᠎ᠠ ᠪᠠᠷ ᠢᠶᠠᠨ ᠬᠤᠶᠠᠷ ᠭᠠᠵᠠᠷ ᠤᠷᠤᠨ ᠤ ᠠᠵᠤ | ᠠᠬᠤᠶ ᠶᠢᠨ ᠬᠥᠭᠵᠢᠯᠲᠡ ᠶᠢᠨ ᠪᠠᠶᠢᠳᠠᠯ᠂ ᠠᠵᠤ ᠦᠢᠯᠡᠰ ᠤᠨ ᠳᠠᠪᠠᠭᠤᠯᠢᠭ ᠲᠠᠯ᠎ᠠ ᠂ ᠪᠠᠯᠠ ᠣᠷᠣᠭᠤᠯᠬᠤ ᠣᠷᠴᠢᠨ ᠵᠡᠷᠭᠡ ᠶᠢ ᠭᠦᠨᠵᠡᠭᠡᠢ ᠶᠠᠷᠢᠯᠴᠠᠭᠰᠠᠨ ᠪᠥᠭᠡᠳ | ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠰᠠᠨᠠᠯ ᠤᠨ ᠪᠢᠴᠢᠭ ᠲᠤ ᠭᠠᠷ ᠤᠨ ᠥᠰᠥᠭ ᠵᠢᠷᠤᠪᠠ᠃ | | | | ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠠᠵᠢᠯᠯᠠᠭ᠎ᠠ ᠪᠠᠷ ᠳᠠᠮᠵᠢᠭᠤᠯᠤᠨ᠂ ᠬᠤᠶᠠᠷ ᠭᠠᠵᠠᠷ ᠤᠷᠤᠨ ᠤ ᠬᠠᠮᠲᠤᠷᠠᠯᠴᠠᠭ᠎ᠠ ᠶᠢ ᠤᠯᠠᠮ ᠨᠢᠭᠡ ᠠᠯᠬᠤᠮ | ᠴᠢᠩᠭᠠᠳᠬᠠᠵᠤ᠂ ᠬᠠᠮᠲᠤᠷᠠᠯᠴᠠᠭᠠᠨ ᠤ ᠬᠦᠷᠢᠶ᠎ᠡ ᠶᠢ ᠲᠠᠰᠤᠷᠠᠯᠲᠠ ᠥᠬᠡᠶ ᠥᠷᠭᠡᠳᠬᠡᠨ᠂ ᠠᠷᠠᠳ ᠠᠴᠠ ᠡᠵᠡᠩᠨᠡᠭᠰᠡᠨ ᠠᠵᠤ ᠠᠬᠤᠶ ᠶᠢᠨ ᠬᠥᠭᠵᠢᠯᠲᠡ ᠶᠢ | ᠠᠬᠢᠭᠤᠯᠬᠤ ᠳᠤ ᠨᠠᠩ ᠶᠡᠭᠡ ᠬᠤᠪᠢ ᠨᠡᠮᠡᠷᠢ ᠦᠵᠡᠭᠦᠯᠦᠨ᠎ᠡ ᠭᠡᠵᠡᠶ᠃ | |