ᠦᠷᠡᠵᠢᠯ ᠤᠨ ᠡᠮ᠎ᠡ ᠬᠤᠨᠢᠨ ᠤ ᠣᠷᠤᠭ᠎ᠠ ᠣᠷᠣᠬᠤ ᠦᠭᠡᠢ ᠪᠠᠶᠢᠬᠤ ᠶᠢᠨ ᠰᠢᠯᠲᠠᠭᠠᠨ
ᠨᠡᠶᠢᠲᠡᠯᠡᠭᠰᠡᠨ ᠴᠠᠭ᠄
2024/11/24
     1.ᠪᠣᠷᠳᠤᠭ᠎ᠠ ᠲᠡᠵᠢᠭᠡᠬᠦ ᠬᠡᠮᠵᠢᠶ᠎ᠡ ᠬᠦᠷᠦᠯᠴᠡᠬᠦ ᠦᠭᠡᠢ     ᠨᠠᠶᠢᠷᠠᠯᠭ᠎ᠠ ᠨᠢ ᠵᠣᠬᠢᠰ ᠦᠭᠡᠢ᠂ ᠰᠢᠮ᠎ᠡ ᠲᠡᠵᠢᠭᠡᠯ ᠳᠤᠲᠠᠭᠳᠠᠬᠤ ᠦᠶ᠎ᠡ ᠳᠤ ᠡᠮ᠎ᠡ ᠬᠤᠨᠢ ᠨᠢ ᠣᠯᠠᠩᠬᠢ ᠳᠠᠭᠠᠨ ᠡᠴᠡᠩᠬᠡᠢ ᠪᠠᠭᠤᠷᠠᠢ ᠪᠣᠯᠵᠤ᠂ ᠪᠡᠶ᠎ᠡ ᠶᠢᠨ ᠡᠯ᠎ᠡ ᠵᠦᠢᠯ ᠤᠨ ᠴᠢᠳᠠᠪᠤᠷᠢ ᠨᠢ ᠮᠠᠭᠤᠳᠠᠳᠠᠭ᠃ ᠦᠷᠡᠵᠢᠯ ᠤᠨ ᠴᠢᠳᠠᠪᠤᠷᠢ ᠨᠢ ᠰᠠᠭᠠᠳᠤᠯ ᠳᠤ ᠤᠴᠠᠷᠠᠵᠤ᠂ ᠵᠠᠷᠢᠮ ᠳᠠᠭᠠᠨ ᠣᠷᠤᠭ᠎ᠠ ᠣᠷᠣᠬᠤ ᠪᠣᠯᠪᠠᠴᠤ ᠥᠨᠳᠡᠭᠡᠪᠴᠢ ᠢᠯᠭᠠᠷᠠᠭᠤᠯᠬᠤ ᠦᠭᠡᠢ᠂ ᠡᠭᠦᠨ ᠠᠴᠠ ᠪᠣᠯᠵᠤ ᠬᠠᠭᠤᠷᠮᠠᠭ ᠣᠷᠤᠭ᠎ᠠ ᠣᠷᠣᠳᠠᠭ ᠪᠠᠶᠢᠨ᠎ᠠ᠃     2.ᠡᠮ᠎ᠡ ᠬᠤᠨᠢ ᠬᠡᠳᠦ ᠲᠠᠷᠭᠤᠨ ᠠᠴᠠ ᠪᠣᠯᠵᠤ ᠬᠡᠭᠡᠯ ᠲᠣᠭᠲᠠᠳᠠᠭ ᠦᠭᠡᠢ     ᠬᠡᠳᠦ ᠲᠠᠷᠭᠤᠨ ᠪᠣᠯᠪᠠᠯ ᠥᠭᠡᠬᠦᠨ ᠨᠡᠬᠡᠳᠡᠰᠦ ᠨᠢ ᠥᠨᠳᠡᠭᠡᠪᠴᠢ ᠶᠢᠨ ᠳᠡᠭᠡᠷ᠎ᠡ ᠲᠤᠨᠵᠤ᠂ ᠥᠨᠳᠡᠭᠡᠪᠴᠢ ᠶᠢᠨ ᠥᠭᠡᠬᠦ ᠶᠢᠨ ᠬᠤᠪᠢᠷᠠᠯᠲᠠ ᠶᠢ ᠡᠭᠦᠰᠬᠡᠨ᠎ᠡ᠃ ᠡᠮ᠎ᠡ ᠬᠤᠨᠢ ᠣᠷᠳᠣ ᠬᠤᠭᠤᠴᠠᠭ᠎ᠠ ᠪᠠᠷ ᠣᠷᠤᠭ᠎ᠠ ᠣᠷᠣᠬᠤ ᠦᠭᠡᠢ ᠪᠣᠯ ᠡᠷᠬᠡᠪᠰᠢ ᠠᠷᠠᠴᠢᠯᠠᠵᠤ ᠳᠣᠳᠣᠮᠳᠠᠭᠰᠠᠨ ᠪᠠᠶᠢᠳᠠᠯ ᠢᠶᠠᠨ ᠦᠨᠳᠦᠰᠦᠯᠡᠨ ᠲᠡᠵᠢᠭᠡᠯ ᠪᠣᠷᠳᠣᠭᠠᠨ ᠤ ᠪᠦᠷᠢᠯᠳᠦᠭᠦᠨ ᠢ ᠵᠠᠳᠠᠯᠵᠤ᠂ ᠰᠢᠯᠲᠠᠭᠠᠨ ᠢ ᠨᠢ ᠣᠯᠵᠤ᠂ ᠲᠣᠬᠢᠷᠠᠭᠤᠯᠤᠯᠲᠠ ᠬᠢᠳᠡᠭ ᠯᠡ ᠶᠤᠮ ᠪᠣᠯ ᠡᠩ ᠤᠨ ᠪᠠᠶᠢᠳᠠᠯ ᠳᠤ ᠪᠠᠰᠠ ᠡᠳᠡᠭᠡᠷᠡᠵᠦ ᠲᠠᠶᠢᠯᠤᠨ᠎ᠠ᠃ ᠪᠡᠶ᠎ᠡ ᠮᠠᠭᠤᠲᠠᠢ ᠬᠤᠨᠢ ᠶᠢ ᠠᠷᠠᠴᠢᠯᠠᠭᠰᠠᠨ ᠨᠢ ᠵᠣᠬᠢᠰ ᠦᠭᠡᠢ ᠠᠴᠠ ᠪᠣᠯᠵᠤ ᠲᠠᠷᠭᠤᠯᠠᠬᠤ ᠦᠭᠡᠢ ᠪᠠᠶᠢᠪᠠᠯ᠂ ᠲᠡᠵᠢᠭᠡᠯ ᠪᠣᠷᠳᠤᠭ᠎ᠠ ᠪᠠᠨ ᠰᠠᠶᠢᠵᠢᠷᠠᠭᠤᠯᠤᠭᠰᠠᠨ ᠤ ᠳᠠᠷᠠᠭ᠎ᠠ ᠶᠡᠷᠦ ᠨᠢ ᠬᠡᠪ ᠤᠨ ᠪᠠᠶᠢᠳᠠᠯ ᠳᠠᠭᠠᠨ ᠣᠷᠣᠳᠠᠭ᠃     3.ᠤᠷᠲᠤ ᠬᠤᠭᠤᠴᠠᠭ᠎ᠠ ᠪᠠᠷ ᠳᠠᠩ ᠭᠠᠭᠴᠠ ᠨᠣᠭᠤᠭᠠᠨ ᠲᠡᠵᠢᠭᠡᠯ ᠪᠣᠷᠳᠤᠭ᠎ᠠ ᠪᠠᠷ ᠲᠡᠵᠢᠭᠡᠭᠰᠡᠨ ᠠᠴᠠ ᠪᠤᠯᠳᠠᠭ     ᠡᠨᠡ ᠨᠢ ᠭᠦᠵᠡᠭᠡᠨ ᠤ PH ᠬᠡᠮᠵᠢᠭᠳᠡᠯ ᠢ ᠳᠣᠷᠣᠭᠰᠢᠯᠠᠭᠤᠯᠵᠤ᠂ ᠭᠦᠵᠡᠭᠡᠨ ᠤ ᠮᠢᠺᠷᠣᠪ ᠤᠨ ᠠᠵᠢᠯᠯᠠᠭ᠎ᠠ ᠳᠤ ᠠᠰᠢᠭ ᠦᠭᠡᠢ᠂ ᠡᠭᠦᠨ ᠤ ᠤᠯᠠᠮ ᠠᠴᠠ ᠤᠭᠤᠷᠠᠭ ᠳᠤᠲᠠᠭᠳᠠᠬᠤ ᠪᠤᠶᠤ ᠸᠢᠲ᠋ᠠᠮᠢᠨ ᠳᠤᠲᠠᠭᠳᠠᠬᠤ ᠠᠴᠠ ᠪᠣᠯᠵᠤ ᠬᠤᠨᠢ ᠣᠷᠤᠭ᠎ᠠ ᠣᠷᠣᠬᠤ ᠦᠭᠡᠢ ᠪᠤᠯᠵᠤ ᠮᠡᠳᠡᠨ᠎ᠡ᠂ ᠡᠮ᠎ᠡ ᠬᠤᠨᠢ ᠳᠤ ᠨᠣᠭᠤᠭᠠᠨ ᠳᠠᠷᠤᠰᠢ ᠪᠠᠷ ᠭᠤᠣᠯ ᠲᠡᠵᠢᠭᠡᠯ ᠪᠣᠯᠭᠠᠵᠤ ᠪᠠᠶᠢᠭ᠎ᠠ ᠬᠤᠨᠢ ᠲᠡᠵᠢᠭᠡᠵᠦ ᠪᠠᠶᠢᠭ᠎ᠠ ᠡᠷᠦᠭᠡ ᠳᠤ ᠰᠠᠨᠠᠭᠤᠯᠬᠤ ᠢ ᠲᠡᠵᠢᠭᠡᠯ ᠳᠤ ᠵᠠᠪᠠᠯ ᠪᠠᠭ᠎ᠠ ᠰᠤᠳᠠ ᠨᠡᠮᠡᠵᠦ᠂ ᠪᠠᠰᠠ ᠬᠠᠭᠤᠷᠠᠢ ᠡᠪᠡᠰᠦ ᠢᠳᠡᠭᠦᠯᠵᠦ᠂ ᠮᠢᠺᠷᠣᠪ ᠤᠨ ᠲᠡᠩᠴᠡᠭᠦᠷᠢ ᠶᠢ ᠪᠠᠲᠤᠯᠠᠵᠤ᠂ ᠬᠤᠨᠢᠨ ᠤ ᠤᠭᠤᠷᠠᠭ ᠪᠣᠯᠣᠨ ᠸᠢᠲ᠋ᠠᠮᠢᠨ ᠤ ᠰᠢᠩᠭᠡᠭᠡᠯᠲᠡ ᠶᠢ ᠠᠬᠢᠭᠤᠯᠬᠤ ᠬᠡᠷᠡᠭᠲᠡᠢ᠃     4.ᠬᠤᠬᠢᠷᠠᠯ ᠵᠢᠴᠢ ᠦᠷᠪᠢᠰᠦᠯ     ᠵᠠᠷᠢᠮ ᠡᠮ᠎ᠡ ᠬᠤᠨᠢ ᠨᠢ ᠳᠡᠭᠡᠷ᠎ᠡ ᠤᠳᠠᠭ᠎ᠠ ᠬᠤᠷᠠᠭᠠᠯᠠᠬᠤ ᠳᠠᠭᠠᠨ ᠰᠠᠪᠠᠨ ᠤ ᠵᠠᠮ ᠨᠢ ᠲᠠᠲᠠᠭᠳᠠᠨ ᠰᠢᠷᠬᠠᠲᠤᠭᠰᠠᠨ ᠪᠤᠶᠤ ᠬᠤᠶᠢᠲᠤᠬᠢ ᠨᠢ ᠪᠠᠭᠤᠭᠰᠠᠨ ᠦᠭᠡᠢ ᠠᠴᠠ ᠪᠣᠯᠵᠤ᠂ ᠴᠠᠭ ᠲᠤᠬᠠᠢ ᠳᠤᠨᠢ ᠡᠮᠨᠡᠨ ᠵᠠᠰᠠᠭᠰᠠᠨ ᠦᠭᠡᠢ ᠠᠴᠠ ᠰᠠᠪᠠᠨ ᠤ ᠳᠣᠲᠣᠷ ᠪᠦᠷᠬᠦᠪᠴᠢ ᠶᠢᠨ ᠦᠷᠪᠢᠰᠦᠯ᠂ ᠥᠨᠳᠡᠭᠡᠪᠴᠢ ᠶᠢᠨ ᠤᠭᠤᠲᠠᠯᠢᠭ ᠬᠠᠪᠤᠳᠠᠷ ᠢ ᠡᠭᠦᠰᠬᠡᠳᠡᠭ ᠪᠠᠶᠢᠨ᠎ᠠ᠃ ᠡᠨᠡ ᠨᠢ ᠮᠥᠨ ᠴᠦ ᠬᠤᠨᠢᠨ ᠤ ᠦᠷᠭᠦᠯᠵᠢ ᠲᠣᠬᠢᠶᠠᠯᠳᠤᠳᠠᠭ ᠬᠤᠷᠠᠭᠠᠯᠠᠬᠤ ᠦᠭᠡᠢ ᠪᠠᠶᠢᠳᠠᠭ ᠤᠨ ᠰᠢᠯᠲᠠᠭᠠᠨ ᠪᠣᠯᠣᠨ᠎ᠠ᠃ ᠡᠭᠦᠨ ᠢ ᠨᠠᠷᠢᠨ ᠬᠢᠨᠠᠮᠠᠭᠠᠢ ᠪᠠᠶᠢᠴᠠᠭᠠᠵᠤ᠂ ᠠᠷᠢᠭᠤᠳᠬᠠᠨ ᠴᠡᠪᠡᠷᠯᠡᠬᠦ ᠪᠠ ᠡᠮᠨᠡᠨ ᠵᠠᠰᠠᠬᠤ ᠬᠡᠷᠡᠭᠲᠡᠢ᠃ ᠤᠴᠢᠷ ᠰᠢᠯᠲᠠᠭᠠᠨ ᠢ ᠨᠢ ᠡᠷᠢᠵᠦ ᠣᠯᠪᠠᠯ᠂ ᠶᠡᠷᠦ ᠳᠡᠭᠡᠨ ᠪᠠᠰᠠ ᠬᠤᠷᠠᠭᠠᠯᠠᠵᠤ ᠳᠡᠶᠢᠯᠦᠨ᠎ᠡ᠃
ᠢᠷᠡᠯᠲᠡ᠄ ᠪᠤᠭᠤᠲᠤ ᠬᠤᠲᠠ ᠶᠢᠨ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ