ᠨᠢᠭᠡ᠂ ᠤᠰᠤᠯᠠᠯᠲᠠ | ᠪᠣᠷᠣ ᠴᠠᠷᠭᠠᠰᠤ ᠶᠢᠨ ᠦᠨᠳᠦᠰᠦ ᠨᠢ ᠬᠦᠭᠵᠢᠭᠭᠦᠢ᠂ ᠭᠦᠨ ᠳᠠᠪᠬᠤᠷᠭ᠎ᠠ ᠶᠢᠨ ᠬᠥᠷᠥᠰᠥ ᠰᠢᠷᠣᠢ ᠶᠢᠨ ᠤᠰᠤ ᠶᠢ ᠰᠢᠩᠭᠡᠬᠡᠨ ᠠᠪᠴᠤ᠂ ᠭᠠᠩ ᠳᠤ ᠲᠡᠰᠪᠦᠷᠢᠲᠡᠢ | ᠪᠠᠶᠢᠳᠠᠭ᠃ ᠡᠪᠦᠯ ᠤᠨ ᠤᠯᠠᠷᠢᠯ ᠤᠨ ᠤᠰᠤᠯᠠᠯᠲᠠ ᠶᠢᠨ ᠡᠪᠦᠯᠵᠢᠬᠦ ᠤᠰᠤ ᠪᠤᠶᠤ ᠬᠠᠪᠤᠷ ᠤᠨ ᠤᠯᠠᠷᠢᠯ ᠤᠨ ᠨᠣᠭᠤᠭᠠᠷᠠᠬᠤ ᠬᠤᠭᠤᠴᠠᠭᠠᠨ ᠳᠤ ᠤᠰᠤᠯᠠᠵᠤ᠂ ᠭᠠᠩ | ᠬᠠᠭᠰᠠᠷᠠᠭᠠᠨ ᠤ ᠦᠶ᠎ᠡ ᠳᠤ ᠤᠰᠤᠯᠠᠳᠠᠭ᠃ | ᠬᠤᠶᠠᠷ᠂ ᠡᠪᠡᠰᠦ ᠠᠷᠢᠯᠭᠠᠬᠤ ᠰᠢᠢᠳᠪᠦᠷᠢᠯᠡᠯᠲᠡ | ᠡᠪᠦᠯ ᠬᠠᠪᠤᠷ ᠤᠨ ᠤᠯᠠᠷᠢᠯ ᠳᠤ ᠡᠪᠡᠰᠦ ᠠᠷᠢᠯᠭᠠᠬᠤ ᠴᠢᠬᠤᠯᠠ ᠦᠭᠡᠢ᠃ ᠨᠢᠯᠬ᠎ᠠ ᠴᠢᠬᠢ ᠶᠢᠨ ᠡᠰᠢ ᠨᠢ 10cm ᠥᠨᠳᠥᠷ ᠪᠣᠯᠤᠭᠰᠠᠨ ᠤ ᠳᠠᠷᠠᠭ᠎ᠠ ᠡᠪᠡᠰᠦ | ᠠᠷᠢᠯᠭᠠᠬᠤ ᠠᠵᠢᠯ ᠢ ᠬᠢᠵᠦ ᠪᠣᠯᠣᠨ᠎ᠠ᠂ ᠡᠩ ᠤᠨ ᠪᠠᠶᠢᠳᠠᠯ ᠳᠤ 3~5 ᠤᠳᠠᠭ᠎ᠠ ᠡᠪᠡᠰᠦ ᠠᠷᠢᠯᠭᠠᠵᠤ᠂ ᠪᠦᠷᠢᠮᠦᠰᠦᠨ ᠴᠡᠪᠡᠷᠯᠡᠬᠦ ᠶᠢ ᠪᠠᠲᠤᠯᠠᠵᠤ᠂ ᠪᠤᠵᠠᠷ ᠡᠪᠡᠰᠦ ᠨᠢ | ᠨᠢᠯᠬ᠎ᠠ ᠴᠢᠬᠢ ᠶᠢᠨ ᠥᠰᠦᠯᠲᠡ ᠶᠢᠨ ᠪᠠᠶᠢᠳᠠᠯ ᠢ ᠨᠥᠯᠥᠭᠡᠯᠡᠬᠦ ᠠᠴᠠ ᠵᠠᠶᠢᠯᠠᠰᠬᠢᠨ᠎ᠡ᠃ | ᠭᠤᠷᠪᠠ᠂ ᠪᠣᠷᠳᠣᠭᠤᠷ ᠤᠷᠤᠭᠤᠯᠬᠤ ᠬᠠᠮᠢᠶᠠᠷᠤᠯᠲᠠ | ᠪᠣᠷᠳᠣᠭᠤᠷ ᠢ ᠰᠣᠩᠭᠤᠬᠤ ᠲᠠᠯ᠎ᠠ ᠪᠠᠷ ᠬᠤᠶᠠᠷᠴᠢ ᠠᠮᠢᠨ ᠪᠤᠶᠤ ᠲᠠᠷᠢᠶᠠᠯᠠᠩ ᠤᠨ ᠪᠣᠷᠳᠣᠭᠤᠷ ᠢ ᠬᠡᠷᠡᠭᠯᠡᠵᠦ᠂ ᠬᠠᠪᠤᠷ ᠤᠨ ᠤᠯᠠᠷᠢᠯ ᠤᠨ ᠨᠣᠭᠤᠭᠠᠷᠠᠬᠤ | ᠬᠤᠭᠤᠴᠠᠭᠠᠨ ᠳᠤ ᠠᠽᠣᠲ ᠹᠣᠰᠹᠣᠷ ᠺᠠᠯᠢ ᠶᠢᠨ ᠪᠣᠷᠳᠣᠭᠤᠷ ᠢ ᠨᠡᠮᠡᠵᠦ ᠣᠷᠣᠭᠤᠯᠵᠤ ᠪᠣᠯᠣᠨ᠎ᠠ᠃ | ᠳᠥᠷᠪᠡ᠂ ᠡᠪᠡᠳᠴᠢᠨ ᠬᠤᠷᠣᠬᠠᠢ ᠶᠢᠨ ᠬᠥᠨᠥᠭᠡᠯ ᠤᠨ ᠰᠡᠷᠭᠡᠶᠢᠯᠡᠨ ᠵᠠᠰᠠᠯᠲᠠ | ᠴᠠᠷᠭᠠᠰᠤ ᠶᠢᠨ ᠭᠤᠣᠯ ᠪᠣᠯᠬᠤ ᠡᠪᠡᠳᠴᠢᠨ ᠤ ᠬᠥᠨᠥᠭᠡᠯ ᠳᠤ ᠬᠦᠷᠡᠩ ᠲᠣᠯᠪᠣᠲᠤ ᠡᠪᠡᠳᠴᠢᠨ᠂ ᠬᠢᠷᠠᠭᠤ ᠬᠥᠭᠡᠴᠦ ᠶᠢᠨ ᠡᠪᠡᠳᠴᠢᠨ᠂ ᠴᠠᠭᠠᠨ ᠲᠣᠭᠤᠰᠣᠲᠤ | ᠡᠪᠡᠳᠴᠢᠨ ᠵᠡᠷᠭᠡ ᠪᠠᠶᠢᠳᠠᠭ᠃ ᠡᠷᠬᠡᠪᠰᠢ ᠤᠷᠢᠳᠠᠪᠠᠷ ᠬᠠᠳᠤᠬᠤ ᠪᠤᠶᠤ ᠪᠡᠯᠴᠢᠭᠡᠷᠯᠡᠭᠦᠯᠦᠨ ᠮᠠᠯᠵᠢᠵᠤ᠂ ᠲᠠᠷᠢᠶᠠᠨ ᠭᠠᠵᠠᠷ ᠤᠨ ᠬᠠᠯᠳᠠᠪᠤᠷᠢᠯᠠᠯ ᠤᠨ ᠡᠬᠢ ᠰᠤᠷᠪᠤᠯᠵᠢ | ᠬᠤᠷᠠᠮᠳᠤᠬᠤ ᠪᠠ ᠲᠡᠵᠢᠭᠡᠯ ᠡᠪᠡᠰᠦ ᠳᠠᠬᠢᠵᠤ ᠤᠷᠭᠤᠬᠤ ᠶᠢ ᠪᠠᠭᠠᠰᠬᠠᠬᠤ ᠬᠡᠷᠡᠭᠲᠡᠢ᠃ ᠺᠠᠯᠢ ᠪᠣᠷᠳᠣᠭᠤᠷ ᠣᠷᠣᠭᠤᠯᠵᠤ ᠴᠠᠷᠭᠠᠰᠤᠨ ᠤ ᠦᠨᠳᠦᠰᠦᠨ ᠤ ᠬᠡᠰᠡᠭ ᠤᠨ | ᠡᠪᠡᠳᠴᠢᠨ ᠤ ᠬᠦᠨᠦᠭᠡᠯ ᠤᠨ ᠡᠪᠡᠳᠴᠢᠨ ᠡᠭᠦᠰᠬᠦ ᠨᠤᠷᠮ᠎ᠠ ᠪᠠ ᠬᠠᠳᠤᠭᠤᠷ ᠪᠠᠺᠲ᠋ᠧᠷᠢ ᠣᠷᠣᠬᠤ ᠨᠤᠷᠮ᠎ᠠ ᠶᠢ ᠪᠠᠭᠤᠷᠠᠭᠤᠯᠵᠤ ᠪᠤᠯᠤᠨ᠋᠎ᠠ᠃ | ᠲᠠᠪᠤ᠂ ᠬᠠᠳᠤᠬᠤ ᠠᠵᠢᠯ | ᠲᠡᠵᠢᠭᠡᠯ ᠡᠪᠡᠰᠦᠨ ᠤ ᠴᠢᠨᠠᠷ ᠢ ᠪᠠᠲᠤᠯᠠᠬᠤ ᠶᠢᠨ ᠲᠤᠰᠠᠲᠠ᠂ ᠠᠩᠬᠠᠨ ᠤ ᠴᠡᠴᠡᠭᠯᠡᠬᠦ ᠬᠤᠭᠤᠴᠠᠭ᠎ᠠ ᠶᠢ ᠰᠤᠩᠭᠤᠨ ᠬᠠᠳᠤᠵᠤ ᠪᠣᠯᠤᠨ᠎ᠠ᠃ ᠶᠡᠷᠦ ᠶᠢᠨ | ᠪᠠᠶᠢᠳᠠᠯ ᠳᠤ ᠭᠤᠤᠷᠰᠤ ᠦᠯᠡᠳᠡᠭᠡᠬᠦ ᠥᠨᠳᠥᠷ ᠨᠢ 5cm᠂ ᠨᠠᠮᠤᠷ ᠤᠨ ᠤᠯᠠᠷᠢᠯ ᠤᠨ ᠬᠠᠮᠤᠭ ᠰᠡᠭᠦᠯᠴᠢ ᠶᠢᠨ ᠨᠢᠭᠡ ᠤᠳᠠᠭ᠎ᠠ ᠳᠤ ᠬᠠᠳᠤᠵᠤ ᠰᠢᠢᠳᠪᠦᠷᠢᠯᠡᠬᠦ | ᠦᠶᠡᠰ ᠭᠤᠤᠷᠰᠤ ᠶᠢ ᠨᠢ 6 ~ 8cm ᠦᠯᠡᠳᠡᠭᠡᠨ᠎ᠡ᠃ | ᠵᠢᠷᠭᠤᠭ᠎ᠠ᠂ ᠡᠪᠦᠯ ᠤᠨ ᠤᠯᠠᠷᠢᠯ ᠤᠨ ᠬᠠᠮᠢᠶᠠᠷᠤᠯᠲᠠ | ᠡᠪᠦᠯᠵᠢᠬᠦ ᠬᠠᠮᠢᠶᠠᠷᠤᠯᠲᠠ ᠳᠤ ᠡᠩ ᠲᠡᠷᠢᠭᠦᠨ ᠳᠤ ᠬᠥᠯᠳᠡᠬᠦ ᠶᠢ ᠰᠡᠷᠭᠡᠶᠢᠯᠡᠬᠦ ᠠᠵᠢᠯ ᠢ ᠰᠠᠶᠢᠲᠤᠷ ᠬᠢᠵᠦ᠂ ᠡᠪᠦᠯ ᠣᠷᠣᠬᠤ ᠠᠴᠠ ᠡᠮᠦᠨ᠎ᠡ ᠪᠣᠷᠣ ᠴᠠᠷᠭᠠᠰᠤ ᠶᠢᠨ | ᠦᠨᠳᠦᠰᠦ ᠶᠢᠨ ᠬᠡᠰᠡᠭ ᠲᠤ ᠬᠦᠷᠦᠰᠤ ᠪᠦᠷᠬᠦᠵᠦ ᠬᠠᠮᠠᠭᠠᠯᠠᠨ᠂ ᠬᠦᠷᠦᠰᠦ ᠪᠦᠷᠬᠦᠭᠦᠯᠬᠦ ᠵᠤᠵᠠᠭᠠᠨ ᠨᠢ 2 ~ 3cm ᠪᠠᠶᠢᠳᠠᠭ᠃ ᠡᠭᠦᠨ ᠤ ᠬᠠᠮᠲᠤ ᠲᠠᠷᠢᠶᠠᠨ | ᠭᠠᠵᠠᠷ ᠤᠨ ᠭᠠᠯ ᠰᠡᠷᠭᠡᠶᠢᠯᠡᠬᠦ ᠠᠵᠢᠯ ᠢ ᠰᠠᠶᠢᠲᠤᠷ ᠬᠢᠬᠦ ᠶᠢ ᠠᠩᠬᠠᠷᠴᠤ᠂ ᠬᠤᠬᠢᠷᠠᠯ ᠤᠴᠠᠷᠠᠭᠤᠯᠬᠤ ᠠᠴᠠ ᠵᠠᠶᠢᠯᠠᠰᠬᠢᠬᠦ ᠬᠡᠷᠡᠭᠲᠡᠢ᠃ |