ᠥᠪᠥᠷ ᠮᠣᠩᠭᠤᠯ ᠤᠨ ᠶᠡᠭᠡ ᠬᠢᠩᠭᠠᠨ ᠳᠠᠪᠠᠭ᠎ᠠ ᠶᠢᠨ ᠠᠷᠤ ᠬᠤᠷᠮᠣᠢ ᠶᠢᠨ ᠥᠨᠳᠥᠷ ᠬᠦᠢᠲᠡᠨ ᠭᠠᠩ ᠬᠠᠭᠤᠷᠠᠢ ᠣᠷᠣᠨ ᠤ ᠬᠠᠷ᠎ᠠ ᠬᠥᠷᠥᠰᠥᠨ ᠳᠤ ᠡᠩ ᠤᠨ | ᠲᠠᠷᠢᠶᠠᠯᠠᠭ᠎ᠠ ᠶᠢᠨ ᠨᠥᠬᠦᠴᠡᠯ ᠳᠣᠣᠷ᠎ᠠ᠂ ᠬᠠᠪᠤᠷ ᠤᠨ ᠤᠯᠠᠷᠢᠯ ᠳᠤ ᠰᠠᠯᠬᠢ ᠶᠡᠭᠡ᠂ ᠭᠠᠵᠠᠷ ᠤᠨ ᠬᠦᠷᠦᠰᠦ ᠨᠢ ᠢᠯᠡ᠂ ᠲᠠᠷᠢᠶᠠᠯᠠᠬᠤ ᠳᠠᠪᠬᠤᠷᠭ᠎ᠠ ᠶᠢᠨ ᠬᠥᠷᠥᠰᠥ | ᠰᠢᠷᠣᠢ ᠶᠢᠨ ᠶᠠᠰᠤ ᠴᠢᠨᠠᠷ ᠰᠡᠶᠢᠷᠡᠭ ᠠᠴᠠ ᠪᠣᠯᠵᠤ ᠰᠠᠯᠬᠢᠨ ᠳᠤ ᠢᠳᠡᠭᠳᠡᠵᠦ ᠡᠯᠡᠰᠦᠵᠢᠬᠦ ᠨᠢ ᠬᠦᠨᠳᠦ ᠨᠣᠴᠢᠲᠠᠢ᠂ ᠬᠠᠷ᠎ᠠ ᠬᠥᠷᠥᠰᠥᠨ ᠤ ᠳᠠᠪᠬᠤᠷᠭ᠎ᠠ ᠨᠢᠮᠭᠡᠷᠡᠬᠦ᠂ | ᠲᠠᠷᠢᠶᠠᠯᠠᠬᠤ ᠳᠠᠪᠬᠤᠷᠭ᠎ᠠ ᠭᠦᠢᠬᠡᠨ ᠪᠣᠯᠬᠤ ᠪᠠ ᠬᠥᠷᠥᠰᠥᠨ ᠤ ᠰᠢᠮ᠎ᠡ ᠲᠡᠵᠢᠭᠡᠯ ᠠᠯᠳᠠᠭᠳᠠᠬᠤ᠂ ᠬᠠᠪᠤᠷ ᠤᠨ ᠭᠠᠩ ᠬᠠᠭᠤᠷᠠᠢ᠂ ᠳᠣᠣᠷ᠎ᠠ ᠳᠤᠯᠠᠭᠠᠨ ᠵᠡᠷᠭᠡ | ᠠᠰᠠᠭᠤᠳᠠᠯ ᠳᠤ ᠴᠢᠭᠯᠡᠭᠦᠯᠦᠨ᠂ ᠪᠤᠭᠤᠳᠠᠢ ᠰᠢᠯᠢᠮᠳᠡᠭ ᠡᠭᠡᠯᠵᠢᠯᠡᠨ ᠲᠠᠷᠢᠵᠤ ᠬᠠᠭᠠᠯᠪᠤᠷᠢᠯᠠᠬᠤ ᠦᠭᠡᠢ ᠪᠠᠷ ᠡᠰᠢ ᠰᠦᠷᠡᠯ ᠢ ᠲᠠᠷᠢᠶᠠᠨ ᠭᠠᠵᠠᠷ ᠲᠤ ᠪᠤᠴᠠᠭᠠᠬᠤ | ᠮᠡᠷᠭᠡᠵᠢᠯ ᠤᠨ ᠵᠠᠭᠪᠤᠷ ᠢ ᠲᠥᠪᠯᠡᠷᠡᠭᠦᠯᠦᠨ ᠲᠠᠨᠢᠯᠴᠠᠭᠤᠯᠤᠨ᠎ᠠ᠃ | ᠭᠤᠣᠯ ᠦᠨᠳᠦᠰᠦᠯᠡᠯ ᠨᠢ᠄ ᠡᠷᠳᠡᠨᠢ ᠰᠢᠰᠢ ᠶᠢᠨ ᠡᠰᠢ ᠰᠦᠷᠡᠯ ᠢ ᠲᠠᠷᠢᠶᠠᠨ ᠭᠠᠵᠠᠷ ᠲᠤ ᠪᠤᠴᠠᠭᠠᠬᠤ ᠨᠢ ᠬᠥᠷᠥᠰᠥ ᠰᠢᠷᠣᠢ ᠶᠢᠨ ᠰᠠᠯᠬᠢᠨ ᠳᠤ ᠢᠳᠡᠭᠳᠡᠵᠦ | ᠡᠯᠡᠰᠦᠵᠢᠬᠦ ᠶᠢ ᠰᠡᠷᠭᠡᠶᠢᠯᠡᠨ ᠵᠠᠰᠠᠵᠤ᠂ ᠤᠰᠤ ᠰᠢᠷᠣᠢ ᠶᠢᠨ ᠢᠳᠡᠭᠳᠡᠯ ᠢ ᠪᠠᠭᠠᠰᠬᠠᠨ᠂ ᠬᠥᠷᠥᠰᠥ ᠰᠢᠷᠣᠢ ᠶᠢ ᠰᠢᠮᠡᠵᠢᠭᠦᠯᠵᠦ᠂ ᠬᠥᠷᠥᠰᠥ ᠰᠢᠷᠣᠢ ᠶᠢᠨ ᠤᠰᠤ | ᠬᠠᠳᠠᠭᠠᠯᠠᠵᠤ ᠭᠠᠩ ᠲᠠᠢ ᠲᠡᠮᠡᠴᠡᠬᠦ ᠴᠢᠳᠠᠪᠤᠷᠢ ᠶᠢ ᠳᠡᠭᠡᠭᠰᠢᠯᠡᠭᠦᠯᠵᠦ᠂ ᠵᠦᠢ ᠵᠣᠬᠢᠰᠲᠠᠢ ᠡᠭᠡᠯᠵᠢᠯᠡᠨ ᠲᠠᠷᠢᠬᠤ ᠪᠠ ᠬᠠᠭᠠᠯᠪᠤᠷᠢᠯᠠᠬᠤ ᠦᠭᠡᠢ ᠪᠠᠷ ᠲᠠᠷᠢᠬᠤ ᠮᠡᠷᠭᠡᠵᠢᠯ ᠢ | ᠢᠵᠢ ᠪᠦᠷᠢᠳᠦᠭᠦᠯᠦᠨ ᠬᠡᠷᠡᠭᠵᠢᠭᠦᠯᠵᠦ᠂ ᠬᠥᠷᠥᠰᠥ ᠰᠢᠷᠣᠢ ᠶᠢᠨ ᠰᠠᠯᠬᠢᠨ ᠳᠤ ᠢᠳᠡᠭᠳᠡᠵᠦ ᠡᠯᠡᠰᠦᠵᠢᠬᠦ ᠶᠢ ᠪᠦᠲᠦᠮᠵᠢᠲᠡᠶ ᠰᠡᠷᠭᠡᠶᠢᠯᠡᠨ ᠵᠠᠰᠠᠵᠤ᠂ ᠬᠥᠷᠥᠰᠥ | ᠰᠢᠷᠣᠢ ᠶᠢ ᠢᠳᠡᠭ ᠢᠳᠡᠭ ᠢᠶᠠᠷ ᠰᠢᠮᠡᠵᠢᠭᠦᠯᠦᠨ᠂ ᠬᠥᠷᠥᠰᠥ ᠰᠢᠷᠣᠢ ᠶᠢᠨ ᠭᠠᠩ ᠲᠠᠢ ᠲᠡᠮᠡᠴᠡᠬᠦ ᠴᠢᠳᠠᠪᠤᠷᠢ ᠶᠢ ᠳᠡᠭᠡᠭᠰᠢᠯᠡᠭᠦᠯᠵᠦ᠂ ᠬᠠᠷ᠎ᠠ ᠬᠥᠷᠥᠰᠥ ᠶᠢ ᠬᠠᠮᠠᠭᠠᠯᠠᠵᠤ | ᠠᠰᠢᠭᠯᠠᠬᠤ ᠶᠢ ᠬᠠᠮᠲᠤ ᠳᠤᠨᠢ ᠬᠠᠷᠠᠭᠠᠯᠵᠠᠬᠤ ᠵᠣᠷᠢᠯᠭ᠎ᠠ ᠳᠤ ᠬᠦᠷᠦᠭᠦᠯᠦᠨ᠎ᠡ᠃ ᠲᠣᠰ ᠵᠠᠭᠪᠤᠷ ᠨᠢ ᠲᠠᠷᠢᠶᠠᠨ ᠭᠠᠵᠠᠷ ᠤᠨ ᠶᠠᠰᠤ ᠴᠢᠨᠠᠷ ᠢ ᠳᠤᠮᠳᠠᠴᠢ ᠪᠠᠷ 0.2 ᠲᠠᠰ | ᠳᠡᠭᠡᠭᠰᠢᠯᠡᠭᠦᠯᠵᠦ᠂ ᠲᠠᠷᠢᠶᠠᠯᠠᠬᠤ ᠳᠠᠪᠬᠤᠷᠭ᠎ᠠ ᠶᠢᠨ ᠵᠤᠵᠠᠭᠠᠨ ᠤ ᠬᠡᠮᠵᠢᠶ᠎ᠡ ᠶᠢ 30cm ᠠᠴᠠ ᠳᠡᠭᠡᠭᠰᠢ ᠪᠣᠯᠲᠠᠯ᠎ᠠ ᠨᠡᠮᠡᠭᠳᠡᠭᠦᠯᠵᠦ᠂ ᠪᠤᠭᠤᠳᠠᠢ ᠶᠢᠨ ᠲᠥᠷᠥᠯ᠂ | ᠰᠢᠯᠢᠮᠳᠡᠭ ᠤᠨ ᠭᠠᠷᠤᠯᠲᠠ ᠶᠢ 10% ᠣᠷᠴᠢᠮ ᠢᠶᠠᠷ ᠨᠡᠮᠡᠭᠳᠡᠭᠦᠯᠦᠨ᠎ᠡ᠃ ᠲᠣᠰ ᠮᠡᠷᠭᠡᠵᠢᠯ ᠤᠨ ᠵᠠᠭᠪᠤᠷ ᠢ ᠨᠢᠭᠡᠨᠲᠡ ᠶᠠᠭᠰᠢ ᠬᠤᠲᠠ᠂ ᠬᠠᠶᠢᠯᠠᠷ ᠲᠣᠭᠤᠷᠢᠭ᠂ | ᠡᠷᠭᠦᠨ᠎ᠡ ᠬᠤᠲᠠ ᠵᠡᠷᠭᠡ ᠭᠠᠵᠠᠷ ᠣᠷᠣᠨ ᠳᠤ ᠳᠡᠯᠭᠡᠷᠡᠭᠦᠯᠦᠨ ᠵᠢᠱᠢᠶ᠎ᠡ ᠦᠵᠡᠭᠦᠯᠪᠡ᠃ | ᠮᠡᠷᠭᠡᠵᠢᠯ ᠤᠨ ᠭᠤᠣᠯᠳᠠᠯᠭ᠎ᠠ᠄ ᠬᠤᠶᠠᠷ ᠵᠢᠯ ᠢᠶᠠᠷ ᠨᠢᠭᠡ ᠦᠶᠡᠯᠡᠯ ᠤᠨ ᠬᠤᠭᠤᠴᠠᠭ᠎ᠠ ᠪᠣᠯᠭᠠᠵᠤ᠂ ᠪᠤᠭᠤᠳᠠᠢ ᠰᠢᠯᠢᠮᠳᠡᠭ ᠡᠭᠡᠯᠵᠢᠯᠡᠨ ᠲᠠᠷᠢᠵᠤ ᠬᠠᠭᠠᠯᠪᠤᠷᠢᠯᠠᠬᠤ | ᠦᠭᠡᠢ ᠪᠠᠷ ᠡᠰᠢ ᠰᠦᠷᠡᠯ ᠢ ᠲᠠᠷᠢᠶᠠᠨ ᠭᠠᠵᠠᠷ ᠲᠤ ᠪᠤᠴᠠᠭᠠᠬᠤ ᠮᠡᠷᠭᠡᠵᠢᠯ ᠢ ᠬᠡᠷᠡᠭᠵᠢᠭᠦᠯᠦᠨ᠎ᠡ᠂ ᠳᠠᠷᠤᠢ᠄ ᠨᠢᠭᠡᠳᠦᠭᠡᠷ ᠵᠢᠯ ᠳᠤ ᠪᠤᠭᠤᠳᠠᠢ ︵ᠠᠷᠪᠠᠢ︶ ᠳᠠᠷᠢᠵᠤ᠂ | ᠮᠠᠰᠢᠨ ᠢᠶᠠᠷ ᠬᠤᠷᠢᠶᠠᠵᠤ ᠭᠤᠤᠷᠰᠤ ᠶᠢ ᠨᠢ ᠦᠯᠡᠳᠡᠭᠡᠨ᠎ᠡ᠂ ᠥᠨᠳᠥᠷ ᠤᠨ ᠬᠡᠮᠵᠢᠶ᠎ᠡ ᠨᠢ 15~20cm ᠪᠠᠶᠢᠵᠤ᠂ ᠡᠰᠢ ᠰᠦᠷᠡᠯ ᠢ ᠬᠡᠮᠬᠡᠯᠦᠭᠰᠡᠨ ᠤ ᠳᠠᠷᠠᠭ᠎ᠠ | ᠭᠠᠵᠠᠷ ᠤᠨ ᠬᠦᠷᠦᠰᠦᠨ ᠲᠡᠭᠡᠷ᠎ᠡ ᠵᠢᠭᠳᠡ ᠪᠠᠷ ᠰᠠᠴᠤᠨ᠎ᠠ᠃ ᠭᠡᠬᠦ ᠳᠡᠭᠡᠨ 100% ᠢᠶᠠᠷ ᠪᠦᠷᠬᠦᠭᠦᠯᠵᠦ᠂ ᠰᠠᠴᠤᠭᠰᠠᠨ ᠨᠢᠮᠭᠡᠨ ᠵᠤᠵᠠᠭᠠᠨ ᠨᠢ ᠨᠢᠭᠡᠳᠦᠯᠲᠡᠢ ᠪᠠᠶᠢᠬᠤ | ᠬᠡᠷᠡᠭᠲᠡᠢ︔ ᠳᠠᠷᠠᠭ᠎ᠠ ᠵᠢᠯ ᠳᠤᠨᠢ ᠨᠠᠷᠬ᠎ᠠ ᠶᠢᠨ ᠭᠤᠤᠷᠰᠤ ᠶᠢ ᠬᠠᠭᠠᠯᠪᠤᠷᠢᠯᠠᠬᠤ ᠦᠭᠡᠢ ᠪᠠᠷ ᠰᠢᠯᠢᠮᠳᠡᠭ ᠲᠠᠷᠢᠵᠤ᠂ ᠨᠠᠮᠤᠷ ᠤᠨ ᠤᠯᠠᠷᠢᠯ ᠳᠤ ᠬᠠᠳᠤᠵᠤ ᠡᠭᠡᠭᠡᠬᠦ | ᠦᠶ᠎ᠡ ᠳᠤ ᠭᠤᠤᠷᠰᠤ ᠦᠯᠡᠳᠡᠭᠡᠬᠦ ᠥᠨᠳᠥᠷ ᠤᠨ ᠬᠡᠮᠵᠢᠶ᠎ᠡ ᠶᠢ ᠶᠡᠷᠦ ᠳᠡᠭᠡᠨ 20 ~ 25cm ᠣᠷᠴᠢᠮ ᠪᠠᠶᠢᠯᠭᠠᠳᠠᠭ᠃ |