ᠡᠷᠭᠦᠨ᠎ᠡ ᠬᠤᠲᠠ ᠶᠢᠨ ᠰᠤᠷᠭᠠᠨ ᠬᠥᠮᠦᠵᠢᠯ ᠪᠠ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠣᠪᠴᠢᠶ᠎ᠠ ᠰᠤᠷᠭᠠᠭᠤᠯᠢ ᠶᠢᠨ ᠬᠦᠷᠢᠶᠡᠨ ᠤ ᠢᠳᠡᠭᠡᠨ ᠤ ᠠᠮᠤᠷ ᠲᠦᠪᠰᠢᠨ ᠪᠠ ᠬᠤᠭᠤᠯᠠᠨ ᠤ ᠵᠠᠷᠤᠳᠠᠯ᠂ ᠰᠤᠷᠭᠠᠭᠤᠯᠢ ᠶᠢᠨ ᠬᠠᠮᠠᠭᠠᠯᠠᠯᠲᠠ ᠶᠢᠨ ᠪᠠᠶᠢᠷᠢᠯᠠᠭᠤᠯᠤᠯᠲᠠ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/11/25
     11 ᠳ᠋ᠦ᠋ᠭᠡᠷ ᠰᠠᠷ᠎ᠠ ᠶᠢᠨ 20 ᠤ ᠡᠳᠦᠷ᠂ ᠡᠷᠭᠦᠨ᠎ᠡ ᠬᠤᠲᠠ ᠶᠢᠨ ᠰᠤᠷᠭᠠᠨ ᠬᠥᠮᠦᠵᠢᠯ ᠪᠠ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠣᠪᠴᠢᠶ᠎ᠠ ᠰᠤᠷᠭᠠᠭᠤᠯᠢ ᠶᠢᠨ ᠬᠦᠷᠢᠶᠡᠨ ᠤ ᠢᠳᠡᠭᠡᠨ ᠤ ᠠᠮᠤᠷ ᠲᠦᠪᠰᠢᠨ ᠪᠠ ᠬᠤᠭᠤᠯᠠᠨ ᠤ ᠵᠠᠷᠤᠳᠠᠯ᠂ ᠰᠤᠷᠭᠠᠭᠤᠯᠢ ᠶᠢᠨ ᠬᠠᠮᠠᠭᠠᠯᠠᠯᠲᠠ ᠶᠢᠨ ᠪᠠᠶᠢᠷᠢᠯᠠᠭᠤᠯᠤᠯᠲᠠ ᠶᠢᠨ ᠬᠤᠷᠠᠯ ᠬᠤᠷᠠᠯᠳᠤᠭᠤᠯᠪᠠ ᠃ ᠲᠤᠰ ᠬᠤᠷᠠᠯ ᠢ ᠮᠠᠨ ᠤ ᠲᠣᠪᠴᠢᠶᠠᠨ ᠤ ᠳᠠᠷᠤᠭ᠎ᠠ ᠸᠠᠩ ᠢᠦᠶ ᡁᠢ ᠡᠷᠭᠢᠯᠡᠵᠦ᠂ ᠲᠣᠪᠴᠢᠶᠠᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ ᠪᠣᠯᠤᠨ ᠡᠯ᠎ᠡ ᠳᠤᠮᠳᠠ ᠪᠠᠭ᠎ᠠ ᠰᠤᠷᠭᠠᠭᠤᠯᠢ ᠶᠢᠨ ᠵᠠᠬᠢᠷᠤᠯ ᠣᠷᠣᠯᠴᠠᠪᠠ᠃    ᠬᠤᠷᠠᠯ ᠳᠡᠭᠡᠷ᠎ᠡ᠂ ᠸᠠᠩ ᠢᠦᠶ ᡁᠢ ᠱᠠᠭᠠᠷᠳᠠᠭᠰᠠᠨ  ᠨᠢ ᠡᠯ᠎ᠡ ᠰᠤᠷᠭᠠᠭᠤᠯᠢ ︵ ᠴᠡᠴᠡᠷᠯᠢᠭ︶ ᠶᠢᠨ ᠵᠠᠬᠢᠷᠤᠯ ᠡᠷᠬᠡᠪᠰᠢ ᠦᠵᠡᠯ ᠰᠠᠨᠠᠭ᠎ᠠ ᠲᠠᠨᠢᠯᠲᠠ ᠪᠠᠨ ᠦᠨᠡᠨ ᠬᠦ ᠳᠡᠭᠡᠭᠰᠢᠯᠡᠭᠦᠯᠵᠦ᠂ ᠠᠵᠢᠯ ᠤᠨ ᠠᠷᠭ᠎ᠠ ᠬᠡᠮᠵᠢᠶ᠎ᠡ ᠪᠠᠨ ᠴᠢᠩᠭᠠᠳᠬᠠᠨ᠎ᠠ᠃ ᠡᠯ᠎ᠡ ᠰᠠᠯᠠᠭ᠎ᠠ ᠮᠥᠴᠢᠷ ᠪᠠᠶᠢᠴᠠᠭᠠᠯᠲᠠ ᠬᠢᠵᠦ᠂ ᠢᠯᠡᠷᠡᠭᠦᠯᠦᠭᠰᠡᠨ ᠠᠰᠠᠭᠤᠳᠠᠯ ᠢ  ᠪᠦᠷᠢᠳᠭᠡᠨ ᠲᠡᠮᠲᠡᠭᠯᠡᠵᠦ᠂ ᠴᠡᠭᠴᠡᠯᠡᠨ ᠵᠠᠰᠠᠬᠤ ᠠᠷᠭ᠎ᠠ ᠬᠡᠮᠵᠢᠶ᠎ᠡ ᠲᠤᠭᠲᠠᠭᠠᠨ᠎ᠠ᠃ ᠪᠠᠶᠢᠴᠠᠭᠠᠬᠤ ᠶᠢᠨ ᠳᠠᠭᠠᠤ ᠥᠭᠡᠷᠡᠴᠢᠯᠡᠨ᠂ ᠴᠢᠩᠭ᠎ᠠ ᠱᠠᠭᠠᠷᠳᠠᠵᠤ᠂ ᠴᠡᠭᠴᠡᠯᠡᠨ  ᠵᠠᠰᠠᠬᠤ ᠡᠭᠦᠷᠭᠡ ᠶᠢ ᠪᠡᠶᠡᠯᠡᠭᠦᠯᠦᠨ᠎ᠡ᠃    ᠰᠤᠷᠭᠠᠨ ᠬᠥᠮᠦᠵᠢᠯ ᠪᠠ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠣᠪᠴᠢᠶ᠎ᠠ ᠱᠠᠯᠠᠪᠳᠠᠭᠤᠯᠤᠨ ᠪᠠᠶᠢᠴᠠᠭᠠᠵᠤ᠂ ᠠᠰᠠᠭᠤᠳᠠᠯ ᠢ ᠴᠡᠭᠴᠡᠯᠡᠨ ᠵᠠᠰᠠᠬᠤ ᠶᠢ ᠯᠠᠪᠳᠠᠭᠤᠨ ᠠᠬᠢᠭᠤᠯᠵᠤ᠂ ᠠᠶᠤᠯ ᠲᠦᠭᠰᠢᠭᠦᠷᠢ ᠶᠢ ᠪᠦᠲᠦᠮᠵᠢᠲᠡᠢ ᠠᠷᠢᠯᠭᠠᠨ᠎ᠠ᠃ ᠢᠳᠡᠭᠡᠨ ᠤ ᠠᠮᠤᠷ ᠲᠦᠪᠰᠢᠨ ᠤ ᠬᠠᠮᠢᠶᠠᠷᠤᠯᠲᠠ ᠶᠢᠨ ᠠᠵᠢᠯ ᠤᠨ ᠬᠠᠨᠳᠤᠯᠭᠠᠲᠤ ᠴᠢᠨᠠᠷ ᠪᠠ ᠪᠦᠳᠦᠮᠵᠢᠳᠤ ᠴᠢᠨᠠᠷ ᠢ ᠲᠠᠰᠤᠷᠠᠯᠲᠠ ᠥᠬᠡᠶ ᠴᠢᠩᠭᠠᠳᠬᠠᠨ᠎ᠠ᠃ ᠰᠤᠷᠭᠠᠭᠤᠯᠢ ᠶᠢᠨ ᠬᠦᠷᠢᠶᠡᠨ ᠤ ᠢᠳᠡᠭᠡᠨ ᠤ ᠠᠮᠤᠷ ᠲᠦᠪᠰᠢᠨ ᠤ ᠰᠢᠨ᠎ᠡ ᠪᠠᠶᠢᠳᠠᠯ᠂ ᠰᠢᠨ᠎ᠡ ᠱᠠᠭᠠᠷᠳᠠᠯᠭ᠎ᠠ ᠳᠤ ᠬᠠᠨᠳᠤᠭᠤᠯᠤᠨ᠂ ᠬᠠᠷᠢᠭᠤᠴᠠᠯᠭ᠎ᠠ ᠪᠠᠨ ᠵᠤᠷᠢᠭᠲᠠᠢ ᠡᠭᠦᠷᠭᠡᠯᠡᠵᠦ᠂ ᠣᠷᠳᠣ ᠬᠤᠭᠤᠴᠠᠭ᠎ᠠ ᠪᠦᠲᠦᠮᠵᠢᠲᠡᠶ ᠲᠣᠭᠲᠠᠴᠠ ᠶᠢ ᠪᠠᠶᠢᠭᠤᠯᠤᠨ᠎ᠠ᠃  ᠡᠯ᠎ᠡ ᠰᠠᠯᠠᠭ᠎ᠠ ᠮᠦᠴᠢᠷ ᠨᠢᠭᠲᠠ ᠬᠠᠮᠵᠢᠯᠴᠠᠵᠤ᠂ ᠰᠤᠷᠭᠠᠭᠤᠯᠢ ᠶᠢᠨ ᠬᠦᠷᠢᠶᠡᠨ ᠤ ᠢᠳᠡᠭᠡᠨ ᠤ ᠠᠮᠤᠷ ᠲᠦᠪᠰᠢᠨ ᠢ ᠤᠯᠠᠮ ᠨᠢᠭᠡ ᠠᠯᠬᠤᠮ ᠳᠡᠭᠡᠭᠰᠢᠯᠡᠭᠦᠯᠦᠨ᠎ᠡ ᠭᠡᠵᠡᠢ ᠃
ᠢᠷᠡᠯᠲᠡ᠄ ᠡᠷᠭᠦᠨ᠎ᠡ ᠬᠤᠲᠠ ᠶᠢᠨ ᠠᠷᠠᠳ ᠤᠨ ᠵᠠᠰᠠᠭ ᠤᠨ ᠤᠷᠳᠤᠨ