ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠭᠤᠷᠬᠠᠶ ᠶᠢᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠲᠣᠪᠴᠢᠶᠠᠨ ᠤ ︽2023 | ᠣᠨ ᠤ ᠭᠤᠤᠯᠳᠠᠯᠭ᠎ᠠ ᠲᠠᠢ ᠨᠡᠭᠦᠷᠡᠰᠦᠨ ᠤ ᠪᠤᠰᠤ ᠠᠭᠤᠷᠬᠠᠶ ᠶᠢᠨ ᠬᠦᠨᠳᠦ ᠶᠡᠭᠡ ᠭᠠᠶ ᠭᠠᠮᠰᠢᠭ ᠤᠨ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠪᠥᠲᠥᠭᠡᠨ | ᠪᠠᠶᠢᠭᠤᠯᠤᠯᠲᠠ ᠶᠢᠨ ᠲᠥᠷᠥᠯ ᠵᠦᠢᠯ ᠢ ᠰᠢᠯᠭᠠᠨ ᠠᠪᠬᠤ ᠠᠵᠢᠯ ᠢ ᠥᠷᠨᠢᠭᠦᠯᠬᠦ ᠲᠤᠬᠠᠶ ᠮᠡᠳᠡᠭᠳᠡᠯ︾ ᠢ ᠨᠠᠶᠢᠳᠠᠪᠤᠷᠢᠵᠢᠭᠤᠯᠬᠤ ᠶᠢᠨ ᠲᠥᠯᠥᠭᠡ᠂ 11 ᠰᠠᠷ᠎ᠠ ᠶᠢᠨ | 24 ᠤ ᠡᠳᠦᠷ᠂ ᠬᠤᠲᠠ ᠶᠢᠨ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠣᠪᠴᠢᠶ᠎ᠠ ᠬᠥᠯᠥᠨ ᠪᠤᠶᠢᠷ ᠬᠤᠲᠠ ᠶᠢᠨ ᠨᠡᠭᠦᠷᠡᠰᠦᠨ ᠤ ᠪᠤᠰᠤ | ᠠᠭᠤᠷᠬᠠᠶ ᠶᠢᠨ ᠬᠦᠷᠢᠶ᠎ᠡ ᠬᠡᠪᠴᠢᠶᠡᠨ ᠤ ᠲᠤᠰᠬᠠᠶ ᠮᠡᠷᠭᠡᠵᠢᠯᠲᠡᠨ ᠢ ᠤᠷᠢᠵᠤ ᠂ ᠰᠢᠯᠭᠠᠨ ᠠᠪᠬᠤ ᠳᠤᠭᠤᠶᠢᠯᠠᠩ ᠢ ᠪᠠᠶᠢᠭᠤᠯᠤᠨ᠂ ᠡᠷᠭᠦᠨ᠎ᠡ ᠬᠤᠲᠠ ᠶᠢᠨ ᠴᠧᠩ ᠴᠧᠩ | ᠠᠭᠤᠷᠬᠠᠶ ᠶᠢᠨ ᠦᠢᠯᠡᠰ ᠤᠨ ᠬᠢᠵᠠᠭᠠᠷᠲᠤ ᠺᠣᠮᠫᠠᠨᠢ ᠶᠢᠨ ᠳ᠋ᠦᠩ ᠵᠢᠶᠦ᠋ᠨ ᠲᠣᠭᠤᠷᠢᠭ ᠤᠨ ᠴᠠᠶᠢᠷ ᠬᠠᠷ᠎ᠠ ᠲᠤᠭᠤᠯᠭ᠎ᠠ ᠮᠥᠩᠭᠦᠨ ᠤ ᠠᠭᠤᠷᠬᠠᠶ ᠶᠢᠨ ᠬᠦᠨᠳᠦ ᠶᠡᠭᠡ | ᠭᠠᠶ ᠭᠠᠮᠰᠢᠭ ᠤᠨ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠢ ᠰᠢᠯᠭᠠᠨ ᠠᠪᠬᠤ ᠶᠢᠨ ᠬᠠᠮᠲᠤ ᠬᠤᠲᠠ ᠶᠢᠨ ᠡᠳ᠋ ᠤᠨ | ᠵᠠᠰᠠᠭ ᠤᠨ ᠲᠤᠪᠴᠢᠶᠠᠨ ᠤ ᠠᠵᠢᠯᠲᠠᠨ ᠢ ᠤᠷᠢᠵᠤ ᠂ ᠰᠢᠯᠭᠠᠨ ᠠᠪᠬᠤ ᠠᠵᠢᠯ ᠳᠤ ᠣᠷᠣᠯᠴᠠᠭᠤᠯᠪᠠ᠃ | | | | ᠰᠢᠯᠭᠠᠨ ᠠᠪᠬᠤ ᠳᠤᠭᠤᠶᠢᠯᠠᠩ ᠬᠠᠷᠢᠭᠤ ᠮᠡᠳᠡᠭᠦᠯᠦᠯᠲᠡ ᠶᠢ ᠰᠣᠨᠣᠰᠬᠤ᠂ ᠮᠠᠲ᠋ᠧᠷᠢᠶᠠᠯ ᠢ ᠪᠠᠶᠢᠴᠠᠭᠠᠨ ᠦᠵᠡᠬᠦ ᠪᠠ ᠲᠤᠬᠠᠶ ᠶᠢᠨ ᠭᠠᠵᠠᠷ ᠲᠤ ᠨᠢ ᠬᠡᠮᠵᠢᠨ | ᠰᠢᠯᠭᠠᠬᠤ ᠵᠡᠷᠭᠡ ᠠᠷᠭ᠎ᠠ ᠬᠡᠯᠪᠡᠷᠢ ᠶᠢ ᠠᠪᠴᠤ᠂ ᠠᠵᠤ ᠠᠬᠤᠶᠢᠯᠠᠯ ᠤᠨ ᠪᠦᠳᠦᠭᠡᠨ ᠪᠠᠶᠢᠭᠤᠯᠤᠯᠲᠠ ᠶᠢᠨ ᠲᠥᠷᠥᠯ ᠵᠦᠢᠯ ᠢ ᠰᠢᠯᠭᠠᠨ ᠠᠪᠤᠪᠠ᠃ | | | | ᠪᠠᠶᠢᠴᠠᠭᠠᠯᠲᠠ ᠪᠠᠷ ᠳᠠᠮᠵᠢᠭᠠᠳ᠂ ᠲᠤᠰ ᠪᠦᠳᠦᠭᠡᠨ ᠪᠠᠶᠢᠭᠤᠯᠤᠯᠲᠠ ᠶᠢᠨ ᠲᠥᠷᠥᠯ ᠵᠦᠢᠯ ᠨᠢ ᠰᠢᠯᠭᠠᠨ ᠠᠪᠬᠤ ᠨᠥᠬᠦᠴᠡᠯ ᠳᠤ ᠨᠡᠶᠢᠴᠡᠪᠡ ᠃ ᠡᠭᠦᠨ ᠤ | ᠬᠠᠮᠲᠤ᠂ ᠰᠢᠯᠭᠠᠨ ᠠᠪᠬᠤ ᠳᠤᠭᠤᠶᠢᠯᠠᠩ ᠠᠴᠠ ᠠᠵᠤ ᠠᠬᠤᠶᠢᠯᠠᠯ ᠳᠤ ᠪᠣᠳᠠᠲᠠᠢ ᠠᠵᠢᠯ ᠤᠨ ᠱᠠᠭᠠᠷᠳᠠᠯᠭ᠎ᠠ ᠳᠤᠷᠠᠳᠪᠠ᠄ ᠨᠢᠭᠡ ᠳᠤ᠂ ᠰᠢ ᠶᠢᠨ ᠫᠢᠩ ᠶᠡᠷᠦᠩᠬᠡᠢ | ᠱᠦᠵᠢ ᠶᠢᠨ ᠠᠶᠤᠯᠭᠦᠢ ᠦᠢᠯᠡᠳᠪᠦᠷᠢᠯᠡᠯ ᠤᠨ ᠲᠤᠬᠠᠢ ᠴᠢᠬᠤᠯᠠ ᠥᠭᠦᠯᠡᠯᠲᠡ ᠪᠣᠯᠤᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠰᠤᠷᠤᠯᠴᠠᠨ | ᠨᠠᠶᠢᠳᠠᠪᠤᠷᠢᠵᠢᠭᠤᠯᠵᠤ᠂ ᠤᠬᠠᠭᠤᠯᠭ᠎ᠠ ᠬᠥᠮᠦᠵᠢᠯ ᠢ ᠪᠦᠬᠦ ᠲᠠᠯ᠎ᠠ ᠪᠠᠷ ᠥᠷᠨᠢᠭᠦᠯᠬᠦ ᠬᠡᠷᠡᠭᠲᠡᠢ ᠃ ᠬᠤᠶᠠᠷ ᠲᠤ᠂ ᠳᠡᠭᠡᠳᠦ ᠱᠠᠲᠤᠨ ᠤ ᠠᠮᠤᠷ ᠲᠦᠪᠰᠢᠨ ᠤ | ᠬᠠᠮᠢᠶᠠᠷᠤᠯᠲᠠ ᠶᠢᠨ ᠰᠢᠨ᠎ᠡ ᠲᠤᠨᠤᠭ ᠲᠥᠬᠦᠭᠡᠷᠦᠮᠵᠢ᠂ ᠰᠢᠨ᠎ᠡ ᠮᠡᠷᠭᠡᠵᠢᠯ ᠢ ᠬᠡᠷᠡᠭᠯᠡᠬᠦ ᠱᠠᠭᠠᠷᠳᠠᠯᠭ᠎ᠠ ᠶᠢ ᠦᠨᠳᠦᠰᠦᠯᠡᠨ᠂ ᠥᠪᠡᠷ ᠢ ᠪᠠᠨ ᠪᠠᠶᠢᠴᠠᠭᠠᠨ ᠦᠵᠡᠵᠦ᠂ | ᠤᠳᠤ ᠶᠢᠨ ᠬᠡᠷᠡᠭᠯᠡᠵᠦ ᠪᠠᠶᠢᠭ᠎ᠠ ᠰᠢᠨ᠎ᠡ ᠲᠤᠨᠤᠭ ᠲᠥᠬᠦᠭᠡᠷᠦᠮᠵᠢ᠂ ᠰᠢᠨ᠎ᠡ ᠮᠡᠷᠭᠡᠵᠢᠯ ᠢ ᠳᠦᠷᠢᠮᠵᠢᠭᠦᠯᠦᠨ ᠬᠡᠷᠡᠭᠯᠡᠬᠦ ᠬᠡᠷᠡᠭᠲᠡᠢ᠃ ᠭᠤᠷᠪᠠ ᠳᠤ ᠂ ᠳᠠᠯᠳᠠ ᠭᠠᠢ | ᠭᠠᠮᠰᠢᠭ ᠢ ᠨᠡᠶᠢᠳᠡᠮ ᠪᠠᠶᠢᠴᠠᠭᠠᠵᠤ᠂ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠪᠠ ᠰᠢᠨ᠎ᠡ ᠮᠡᠷᠭᠡᠵᠢᠯ ᠤᠨ ᠬᠡᠷᠡᠭᠯᠡᠯᠲᠡ ᠪᠠᠷ ᠳᠠᠮᠵᠢᠭᠤᠯᠤᠨ᠂ ᠬᠦᠨᠳᠦ ᠶᠡᠭᠡ ᠭᠠᠶ | ᠭᠠᠮᠰᠢᠭ ᠢ ᠤᠷᠢᠳᠴᠢᠯᠠᠨ ᠰᠡᠷᠭᠡᠶᠢᠯᠡᠵᠦ᠂ ᠤᠷᠢᠳᠴᠢᠯᠠᠨ ᠵᠠᠰᠠᠨ᠎ᠠ᠃ ᠢᠩᠭᠢᠭᠡᠳ᠂ ᠠᠳᠡᠯ ᠤᠨ ᠲᠠᠯᠳᠠ ᠭᠡᠮ ᠢ ᠦᠨᠳᠦᠰᠦᠨ ᠠᠴᠠ ᠨᠢ ᠠᠷᠢᠯᠭᠠᠨ᠎ᠠ᠃ | ᠡᠷᠭᠦᠨ᠎ᠡ ᠬᠤᠳᠠ ᠶᠢᠨ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠣᠪᠴᠢᠶ᠎ᠠ ᠬᠢᠨᠠᠨ ᠬᠠᠮᠢᠶᠠᠷᠬᠤ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ | ᠡᠯ᠎ᠡ ᠵᠦᠢᠯ ᠤᠨ ᠰᠢᠨ᠎ᠡ ᠮᠡᠷᠭᠡᠵᠢᠯ ᠢ ᠨᠠᠶᠢᠳᠠᠪᠤᠷᠢᠵᠢᠭᠤᠯᠬᠤ ᠶᠢ ᠠᠬᠢᠭᠤᠯᠤᠨ᠂ ᠪᠦᠬᠦ ᠬᠤᠲᠠᠨ ᠤ ᠨᠡᠭᠦᠷᠡᠰᠦᠨ ᠤ ᠪᠤᠰᠤ ᠠᠭᠤᠷᠬᠠᠢ ᠶᠢᠨ ᠠᠶᠤᠯᠭᠦᠢ | ᠦᠢᠯᠡᠳᠪᠦᠷᠢᠯᠡᠯ ᠤᠨ ᠲᠣᠭᠲᠠᠭᠤᠨ ᠪᠠᠶᠢᠳᠠᠯ ᠢ ᠪᠠᠲᠤᠯᠠᠨ᠎ᠠ ᠭᠡᠵᠡᠢ᠃ |