ᠡᠷᠭᠦᠨ᠎ᠡ ᠬᠤᠲᠠ ᠶᠢᠨ ᠡᠯ᠎ᠡ ᠰᠤᠷᠭᠠᠭᠤᠯᠢ ᠤᠯᠠᠨ ᠵᠦᠢᠯ ᠤᠨ ᠪᠡᠶ᠎ᠡ ᠶᠢᠨ ᠲᠠᠮᠢᠷ ᠤᠨ ᠬᠦᠳᠡᠯᠭᠡᠭᠡᠨ ᠦᠷᠨᠢᠭᠦᠯᠪᠡ
ᠨᠡᠶᠢᠲᠡᠯᠡᠭᠰᠡᠨ ᠴᠠᠭ᠄
2024/11/26
     ᠡᠪᠦᠯ ᠤᠨ ᠤᠯᠠᠷᠢᠯ ᠪᠣᠯᠬᠤ ᠳᠤ ᠂ ᠠᠭᠠᠷ ᠤᠨ ᠳᠤᠯᠠᠭᠠᠨ ᠠᠭᠠᠵᠢᠮ ᠢᠶᠠᠷ ᠳᠤᠷᠤᠭᠰᠢᠯᠠᠪᠠ ᠃ ᠡᠷᠭᠦᠨ᠎ᠡ ᠬᠤᠲᠠ ᠶᠢᠨ ᠡᠯ᠎ᠡ ᠳᠤᠮᠳᠠᠳᠤ ᠪᠠᠭ᠎ᠠ ᠰᠤᠷᠭᠠᠭᠤᠯᠢ ᠨᠤᠭᠤᠳ ᠣᠯᠠᠨ ᠶᠠᠩᠵᠤ ᠶᠢᠨ ᠡᠪᠦᠯ ᠤᠨ ᠤᠯᠠᠷᠢᠯ ᠤᠨ ᠪᠡᠶ᠎ᠡ ᠴᠢᠭᠢᠷᠠᠭᠵᠢᠭᠤᠯᠬᠤ ᠠᠵᠢᠯᠯᠠᠭ᠎ᠠ ᠥᠷᠨᠢᠭᠦᠯᠬᠦ ᠪᠠᠷ ᠳᠠᠮᠵᠢᠭᠤᠯᠤᠨ᠂ ᠰᠤᠷᠤᠭᠴᠢᠳ ᠤᠨ ᠪᠡᠶ᠎ᠡ ᠮᠠᠬᠠᠪᠣᠳ ᠢ ᠴᠢᠭᠢᠷᠠᠭᠵᠢᠭᠤᠯᠵᠤ᠂ ᠰᠤᠷᠤᠭᠴᠢᠳ ᠤᠨ ᠪᠡᠶ᠎ᠡ ᠶᠢᠨ ᠲᠠᠮᠢᠷ ᠤᠨ ᠬᠥᠳᠡᠯᠭᠡᠭᠡᠨ ᠤ ᠤᠷᠮ᠎ᠠ ᠪᠠᠬ᠎ᠠ ᠶᠢ ᠬᠥᠭᠵᠢᠭᠡᠨ᠂ ᠰᠢᠨᠲᠠᠷᠠᠰᠢ ᠥᠬᠡᠶ ᠵᠣᠷᠢᠭ ᠰᠠᠨᠠᠭ᠎ᠠ ᠶᠢ ᠬᠥᠮᠦᠵᠢᠭᠦᠯᠵᠦ᠂ ᠪᠥᠬᠦ ᠲᠠᠯ᠎ᠠ ᠶᠢᠨ ᠬᠥᠭᠵᠢᠯᠲᠡ ᠳᠤ ᠰᠠᠭᠤᠷᠢ ᠲᠠᠯᠪᠢᠪᠠ᠃     ᠬᠢᠴᠢᠶᠡᠯ ᠪᠠᠭᠤᠬᠤ ᠬᠤᠩᠬᠤ ᠳᠤᠤᠭᠠᠷᠬᠤ ᠶᠢ ᠳᠠᠭᠠᠯᠳᠤᠨ ᠂ ᠡᠷᠭᠦᠨ᠎ᠡ ᠬᠤᠲᠠ ᠶᠢᠨ ᠨᠢᠭᠡᠳᠦᠭᠡᠷ ᠪᠠᠭ᠎ᠠ ᠰᠤᠷᠭᠠᠭᠤᠯᠢ ᠶᠢᠨ ᠡᠳᠦᠷ ᠪᠦᠷᠢ ᠶᠢᠨ ᠬᠢᠴᠢᠶᠡᠯ ᠤᠨ ᠵᠠᠪᠰᠠᠷᠯᠠᠭ᠎ᠠ ᠶᠢᠨ ᠠᠵᠢᠯᠯᠠᠭ᠎ᠠ ᠵᠢᠩᠬᠢᠨᠢ ᠪᠠᠷ ᠡᠬᠢᠯᠡᠪᠡ᠃ ᠡᠪᠦᠯ ᠤᠨ ᠴᠠᠭ ᠲᠤ ᠬᠠᠬᠢᠷ ᠬᠦᠢᠲᠡᠨ ᠪᠣᠯᠪᠠᠴᠤ ᠪᠡᠶ᠎ᠡ ᠪᠠᠨ ᠪᠣᠯᠪᠠᠰᠤᠷᠠᠭᠤᠯᠬᠤ ᠰᠠᠶᠢᠨ ᠲᠣᠬᠢᠶᠠᠯ ᠶᠤᠮ᠃ ᠬᠠᠩᠭᠢᠨᠠᠮ᠎ᠠ ᠰᠠᠶᠢᠬᠠᠨ ᠤᠷᠢᠶ᠎ᠠ ᠯᠣᠽᠦ᠋ᠩ ᠪᠠ ᠰᠡᠳᠬᠢᠯ ᠬᠥᠳᠡᠯᠭᠡᠮ᠎ᠡ ᠬᠥᠭᠵᠢᠮ ᠤᠨ ᠠᠶᠠᠰ ᠢ ᠳᠠᠭᠠᠯᠳᠤᠨ ᠂ ᠭᠦᠶᠦᠬᠦ᠂ ᠴᠠᠰᠤᠨ ᠳᠤ ᠭᠤᠯᠭᠤᠬᠤ ᠂ ᠬᠦᠯ ᠪᠥᠮᠪᠦᠭᠡ ᠢᠰᠬᠦᠯᠬᠦ ᠵᠡᠷᠭᠡ ᠬᠥᠳᠡᠯᠭᠡᠭᠡᠨ ᠡᠬᠢᠯᠡᠪᠡ ᠃ ᠡᠨᠡ ᠨᠢ ᠪᠦᠬᠦ ᠲᠠᠮᠢᠷ ᠤᠨ ᠲᠠᠯᠠᠪᠤᠷ ᠢ ᠬᠢᠵᠠᠭᠠᠯᠠᠰᠢ ᠦᠭᠡᠢ ᠴᠤᠭ ᠵᠢᠪᠬᠤᠭ᠎ᠠ ᠲᠠᠢ ᠪᠣᠯᠭᠠᠪᠠ᠃      2019 ᠣᠨ ᠳᠤ ᠂ ᠡᠷᠭᠦᠨ᠎ᠡ ᠬᠤᠳᠠ ᠶᠢᠨ ᠭᠤᠷᠪᠠᠳᠤᠭᠠᠷ ᠳᠤᠮᠳᠠᠳᠤ ᠰᠤᠷᠭᠠᠭᠤᠯᠢ ᠪᠦᠬᠦ ᠤᠯᠤᠰ ᠤᠨ ᠰᠤᠷᠭᠠᠭᠤᠯᠢ ᠶᠢᠨ ᠬᠦᠷᠢᠶᠡᠨ ᠤ ᠮᠥᠰᠥ ᠴᠠᠰᠤᠨ ᠤ ᠲᠠᠮᠢᠷ ᠤᠨ ᠥᠪᠡᠷᠮᠢᠴᠡ ᠣᠨᠴᠠᠯᠢᠭ ᠲᠠᠢ ᠰᠤᠷᠭᠠᠭᠤᠯᠢ ᠪᠠᠷ ᠦᠨᠡᠯᠡᠭᠳᠡᠪᠡ ᠃ 2020 ᠣᠨ ᠳᠤ ᠂ ᠥᠪᠡᠷᠲᠡᠭᠡᠨ ᠵᠠᠰᠠᠬᠤ ᠣᠷᠣᠨ ᠤ ᠲᠠᠰ ᠤᠨ ᠡᠪᠦᠯ ᠤᠨ ᠤᠯᠠᠷᠢᠯ ᠤᠨ ᠪᠡᠶ᠎ᠡ ᠶᠢᠨ ᠲᠠᠮᠢᠷ ᠤᠨ ᠤᠯᠠᠮᠵᠢᠯᠠᠯᠲᠤ ᠲᠥᠷᠥᠯ ᠵᠦᠢᠯ ᠤᠨ ᠰᠤᠷᠭᠠᠭᠤᠯᠢ  ᠪᠠᠷ ᠦᠨᠡᠯᠡᠭᠳᠡᠪᠡ ᠃ ᠲᠤᠰ ᠰᠤᠷᠭᠠᠭᠤᠯᠢ ᠨᠢ ᠤᠷᠢᠳ ᠬᠤᠵᠢᠳ ᠥᠪᠡᠷᠲᠡᠭᠡᠨ ᠵᠠᠰᠠᠬᠤ ᠣᠷᠣᠨ ᠤ ᠡᠪᠦᠯ ᠤᠨ ᠤᠯᠠᠷᠢᠯ ᠤᠨ ᠲᠥᠷᠥᠯ ᠵᠦᠢᠯ ᠤᠨ ᠬᠠᠮᠢᠶᠠᠷᠤᠯᠲᠠ ᠶᠢᠨ ᠲᠥᠪ᠂ ᠳᠡᠭᠡᠳᠦ ᠰᠤᠷᠭᠠᠭᠤᠯᠢ ᠪᠣᠯᠤᠨ ᠡᠩ ᠤᠨ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠳᠤ ᠶᠡᠭᠡ ᠬᠡᠮᠵᠢᠶᠡᠨ ᠤ ᠴᠠᠰᠤᠨ ᠳᠤ ᠭᠤᠯᠭᠤᠬᠤ ᠬᠥᠳᠡᠯᠭᠡᠭᠡᠨ ᠤ ᠰᠢᠯᠢᠳᠡᠭ ᠴᠢᠳᠠᠪᠤᠷᠢᠲᠠᠨ ᠢ ᠬᠥᠮᠦᠵᠢᠭᠦᠯᠦᠨ ᠦᠭᠪᠡ ᠃     ᠡᠷᠭᠦᠨ᠎ᠡ ᠬᠤᠳᠠ ᠶᠢᠨ ᠰᠦᠴᠢᠨ ᠤ ᠰᠤᠷᠭᠠᠭᠤᠯᠢ ᠪᠡᠶ᠎ᠡ ᠶᠢᠨ ᠲᠠᠮᠢᠷ ᠤᠨ ᠬᠥᠳᠡᠯᠭᠡᠭᠡᠨ ᠤ ᠬᠡᠯᠪᠡᠷᠢ ᠶᠢᠨ ᠰᠢᠨ᠎ᠡ ᠶᠢ ᠡᠭᠦᠳᠴᠦ᠂ ᠤᠯᠠᠮᠵᠢᠯᠠᠯᠲᠤ ᠪᠠ ᠤᠳᠤ ᠦᠶ᠎ᠡ ᠶᠢ ᠤᠶᠠᠯᠳᠤᠭᠤᠯᠪᠠ ᠃ ᠲᠤᠰ ᠰᠤᠷᠭᠠᠭᠤᠯᠢ ᠨᠢ ᠥᠪᠡᠷᠮᠢᠴᠡ ᠤᠷ᠎ᠠ ᠮᠡᠷᠭᠡᠵᠢᠯ ᠪᠠ ᠰᠣᠨᠢᠷᠬᠠᠯ ᠤᠨ ᠰᠢᠨᠵᠢ ᠪᠠᠷ ᠢᠶᠠᠨ ᠰᠣᠶᠣᠯ ᠤᠨ ᠬᠤᠯᠪᠣᠭᠠᠰᠤ ᠪᠣᠯᠤᠭᠰᠠᠨ ᠪᠠᠶᠢᠨ᠎ᠠ᠃ ᠲᠡᠷᠡ ᠨᠢ ᠬᠡᠤᠬᠡᠳ ᠤᠨ ᠵᠣᠬᠢᠴᠠᠩᠭᠤᠶ ᠴᠢᠨᠠᠷ ᠪᠠ ᠠᠩᠬᠠᠷᠤᠯ ᠢᠶᠠᠨ ᠲᠥᠪᠯᠡᠷᠡᠭᠦᠯᠬᠦ ᠴᠢᠳᠠᠪᠤᠷᠢ ᠶᠢ ᠰᠢᠯᠭᠠᠵᠤ ᠪᠠᠶᠢᠬᠤ ᠪᠠᠷ ᠪᠠᠷᠠᠬᠤ ᠥᠬᠡᠶ᠂ ᠨᠠᠩ ᠴᠤ ᠲᠡᠳᠡᠨ ᠤ ᠰᠥᠰᠥ ᠵᠣᠷᠢᠭ ᠪᠠ ᠬᠠᠮᠲᠤ ᠶᠢᠨ ᠲᠠᠨᠢᠯᠲᠠ ᠶᠢ ᠬᠥᠮᠦᠵᠢᠭᠦᠯᠬᠦ ᠶᠢᠨ ᠬᠠᠮᠲᠤ ᠰᠢᠯᠢᠳᠡᠭ ᠤᠯᠠᠮᠵᠢᠯᠠᠯᠲᠤ ᠰᠣᠶᠣᠯ ᠢᠶᠠᠨ ᠬᠠᠶᠢᠷᠠᠯᠠᠬᠤ ᠪᠠ ᠤᠯᠠᠮᠵᠢᠯᠠᠨ ᠵᠠᠯᠭᠠᠮᠵᠢᠯᠠᠬᠤ ᠰᠡᠳᠭᠢᠯ ᠢ ᠴᠢᠩᠭᠠᠳᠬᠠᠪᠠ᠃
ᠢᠷᠡᠯᠲᠡ᠄ ᠡᠷᠭᠦᠨ᠎ᠡ ᠬᠤᠲᠠ ᠶᠢᠨ ᠠᠷᠠᠳ ᠤᠨ ᠵᠠᠰᠠᠭ ᠤᠨ ᠤᠷᠳᠤᠨ