ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠴᠢᠨᠠᠷᠯᠢᠭ ᠪᠥᠭᠡᠳ ᠲᠡᠩᠴᠡᠭᠦᠷᠢᠲᠡᠶ ᠬᠥᠭᠵᠢᠯᠲᠡ ᠶᠢ ᠠᠬᠢᠭᠤᠯᠬᠤ ᠵᠢᠴᠢ ᠰᠤᠷᠬᠤ ᠨᠠᠰᠤᠨ ᠠᠴᠠ ᠡᠮᠦᠨᠡᠬᠢ | ᠰᠤᠷᠭᠠᠨ ᠬᠥᠮᠦᠵᠢᠯ ᠢ ᠲᠦᠭᠡᠮᠡᠯᠵᠢᠭᠦᠯᠬᠦ ᠠᠵᠢᠯ ᠢ ᠳᠥᠯᠭᠢᠨ ᠠᠬᠢᠭᠤᠯᠬᠤ ᠶᠢᠨ ᠲᠥᠯᠥᠭᠡ᠂ 11 ᠰᠠᠷ᠎ᠠ ᠶᠢᠨ 20 ᠤ ᠡᠳᠦᠷ ᠠᠴᠠ 22 ᠤᠨ ᠡᠳᠦᠷ ᠪᠣᠯᠲᠠᠯ᠎ᠠ᠂ | ᠬᠥᠯᠥᠨ ᠪᠤᠶᠢᠷ ᠬᠤᠲᠠ ᠶᠢᠨ ᠰᠤᠷᠭᠠᠨ ᠬᠥᠮᠦᠵᠢᠯ ᠤᠨ ᠲᠤᠪᠴᠢᠶᠠᠨ ᠤ ᠬᠤᠶᠠᠳᠤᠭᠠᠷ ᠳᠡᠰ ᠤᠨ ᠪᠠᠶᠢᠴᠠᠭᠠᠨ ᠰᠤᠳᠤᠯᠤᠭᠴᠢ ᠪᠠᠶ ᠶᠢᠨ ᠱᠠᠨ ᠲᠤᠰᠬᠠᠶ | ᠱᠠᠯᠠᠪᠳᠠᠭᠤᠯᠤᠨ ᠵᠢᠯᠣᠭᠤᠳᠬᠤ ᠳᠤᠭᠤᠶᠢᠯᠠᠩ ᠢ ᠳᠠᠭᠠᠭᠤᠯᠤᠨ ᠂ ᠡᠷᠭᠦᠨ᠎ᠡ ᠬᠤᠲᠠ ᠳᠤ ᠢᠷᠡᠵᠦ᠂ ᠮᠠᠨ ᠤ ᠬᠤᠲᠠ ᠶᠢᠨ ᠰᠤᠷᠭᠠᠨ ᠬᠦᠮᠦᠵᠢᠯ ᠤᠨ ᠠᠵᠢᠯ ᠢ | ᠪᠠᠶᠢᠴᠠᠭᠠᠪᠠ᠃ | ᠬᠥᠯᠥᠨ ᠪᠤᠶᠢᠷ ᠬᠤᠲᠠ ᠶᠢᠨ ᠱᠠᠯᠠᠪᠳᠠᠭᠤᠯᠤᠨ ᠵᠢᠯᠣᠭᠤᠳᠬᠤ ᠳᠤᠭᠤᠶᠢᠯᠠᠩ ᠮᠠᠨ ᠤ ᠬᠤᠲᠠ ᠶᠢᠨ ᠬᠤᠶᠠᠷ ᠵᠦᠢᠯ ᠤᠨ ᠠᠵᠢᠯ ᠤᠨ ᠲᠠᠩᠰᠠ ᠡᠪᠬᠡᠮᠡᠯ ᠢ ᠪᠥᠬᠦ | ᠲᠠᠯ᠎ᠠ ᠪᠠᠷ ᠪᠠᠶᠢᠴᠠᠭᠠᠨ ᠦᠵᠡᠬᠦ ᠶᠢᠨ ᠬᠠᠮᠲᠤ ᠵᠢᠯᠣᠭᠤᠳᠬᠤ ᠰᠠᠨᠠᠯ ᠳᠤᠷᠠᠳᠪᠠ᠃ | ᠱᠠᠯᠠᠪᠳᠠᠭᠤᠯᠤᠨ ᠵᠢᠯᠣᠭᠤᠳᠬᠤ ᠳᠤᠭᠤᠶᠢᠯᠠᠩ ᠡᠯ᠎ᠡ ᠳᠤᠮᠳᠠᠳᠤ ᠪᠠᠭ᠎ᠠ ᠰᠤᠷᠭᠠᠭᠤᠯᠢ ᠵᠢᠴᠢ ᠬᠡᠤᠬᠡᠳ ᠤᠨ ᠴᠡᠴᠡᠷᠯᠢᠭ ᠲᠤ ᠭᠦᠨᠵᠡᠭᠡᠶᠢᠷᠡᠵᠦ᠂ ᠬᠠᠷᠢᠭᠤ | ᠮᠡᠳᠡᠭᠦᠯᠦᠯᠲᠡ ᠰᠣᠨᠣᠰᠬᠤ᠂ ᠰᠤᠷᠭᠠᠭᠤᠯᠢ ᠶᠢᠨ ᠲᠠᠩᠰᠠ ᠡᠪᠬᠡᠮᠡᠯ ᠢ ᠪᠠᠶᠢᠴᠠᠭᠠᠨ ᠦᠵᠡᠬᠦ᠂ ᠲᠤᠬᠠᠶ ᠶᠢᠨ ᠭᠠᠵᠠᠷ ᠲᠤ ᠨᠢ ᠬᠦᠷᠴᠦ ᠰᠢᠨᠵᠢᠯᠡᠨ ᠪᠠᠶᠢᠴᠠᠭᠠᠬᠤ ᠵᠡᠷᠭᠡ | ᠠᠷᠭ᠎ᠠ ᠬᠡᠯᠪᠡᠷᠢ ᠪᠠᠷ ᠳᠠᠮᠵᠢᠭᠤᠯᠤᠨ᠂ ᠲᠠᠩᠰᠠ ᠡᠪᠬᠡᠮᠡᠯ ᠵᠢᠴᠢ ᠪᠦᠲᠦᠭᠡᠨ ᠪᠠᠶᠢᠭᠤᠯᠬᠤ ᠠᠵᠢᠯ ᠢ ᠪᠥᠬᠦ ᠲᠠᠯ᠎ᠠ ᠪᠠᠷ ᠵᠢᠭᠠᠨ ᠵᠢᠯᠤᠭᠤᠳᠪᠠ᠃ | ᠤᠯᠠᠨ ᠢᠶᠠᠷ ᠢᠶᠠᠨ ᠰᠡᠳᠬᠢᠯ ᠨᠢᠭᠡᠳᠴᠦ᠂ ᠬᠦᠴᠦ ᠪᠠᠨ ᠬᠠᠮᠲᠤᠳᠬᠠᠵᠤ ᠂ ᠴᠢᠷᠮᠠᠶᠢᠨ ᠠᠵᠢᠯᠯᠠᠪᠠ᠃ ᠡᠷᠭᠦᠨ᠎ᠡ ᠬᠤᠳᠠ ᠠᠵᠢᠯ ᠤᠨ ᠬᠠᠷᠠᠯᠲᠠ ᠪᠠᠨ | ᠲᠣᠳᠣᠷᠬᠠᠶᠢᠯᠠᠵᠤ᠂ ᠠᠵᠠ ᠳᠤᠬᠢᠶᠠᠯ ᠢ ᠴᠢᠩᠭ᠎ᠠ ᠠᠳᠬᠤᠨ᠂ ᠱᠠᠯᠠᠪᠳᠠᠭᠤᠯᠤᠨ ᠵᠢᠯᠣᠭᠤᠳᠬᠤ ᠳᠤᠭᠤᠶᠢᠯᠠᠩ ᠤᠨ ᠲᠤᠰᠬᠠᠢ ᠮᠡᠷᠭᠡᠵᠢᠯᠲᠡᠨ ᠤ ᠵᠢᠯᠣᠭᠤᠳᠬᠤ ᠰᠠᠨᠠᠯ ᠢ | ᠨᠠᠷᠢᠨ ᠬᠢᠨᠠᠮᠠᠭᠠᠢ ᠡᠮᠬᠢᠯᠡᠵᠦ᠂ ᠦᠪᠡᠷ ᠤᠨ ᠠᠵᠢᠯ ᠢᠶᠠᠨ ᠪᠦᠲᠦᠮᠵᠢᠲᠡᠢ ᠪᠡᠶᠡᠯᠡᠭᠦᠯᠦᠨ᠎ᠡ ᠭᠡᠵᠡᠢ᠃ |