2024 ᠣᠨ ᠤ 12 ᠰᠠᠷ᠎ᠠ ᠶᠢᠨ 1 ᠤ ᠡᠳᠦᠷ ᠠᠴᠠ ᠡᠬᠢᠯᠡᠨ ᠬᠥᠬᠡᠬᠤᠲᠠ᠂ ᠪᠤᠭᠤᠲᠤ ᠬᠤᠲᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ | ᠲᠤᠰᠢᠶᠠᠨ ᠬᠠᠳᠠᠭᠠᠯᠠᠭᠤᠯᠬᠤ ᠰᠠᠭᠤᠷᠢ ᠲᠤᠭ᠎ᠠ ᠶᠢᠨ ᠳᠤᠤᠷᠠᠳᠤ ᠬᠢᠵᠠᠭᠠᠷ ᠲᠤ ᠲᠣᠬᠢᠷᠠᠭᠤᠯᠤᠯᠲᠠ ᠬᠢᠨ᠎ᠠ᠃ | 2024 ᠣᠨ ᠤ 12 ᠰᠠᠷ᠎ᠠ ᠶᠢᠨ 1 ᠤ ᠡᠳᠦᠷ ᠠᠴᠠ ᠡᠬᠢᠯᠡᠨ᠂ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠲᠤᠰᠢᠶᠠᠨ | ᠬᠠᠳᠠᠭᠠᠯᠠᠭᠤᠯᠬᠤ ᠰᠠᠭᠤᠷᠢ ᠲᠤᠭ᠎ᠠ ᠶᠢ ᠳᠤᠤᠷᠠᠬᠢ ᠪᠠᠷᠢᠮᠵᠢᠶ᠎ᠠ ᠠᠴᠠ ᠳᠤᠤᠷ᠎ᠠ ᠪᠠᠶᠢᠯᠭᠠᠵᠤ ᠪᠣᠯᠬᠤ ᠥᠬᠡᠶ᠄ ᠬᠥᠬᠡᠬᠤᠲᠠ ᠶᠢᠨ ᠳᠥᠷᠪᠡᠨ ᠲᠣᠭᠤᠷᠢᠭ᠂ ᠬᠤᠷᠢᠨᠭᠡᠷ | ᠰᠢᠶᠠᠨ 2270 ᠲᠥᠭᠦᠷᠢᠭ︔ ᠬᠥᠬᠡᠬᠤᠲᠠ ᠶᠢᠨ ᠲᠦᠮᠡᠳ ᠵᠡᠭᠦᠨ ᠬᠤᠰᠢᠭᠤ᠂ ᠲᠣᠭᠲᠠᠬᠤ ᠰᠢᠶᠠᠨ᠂ ᠴᠢᠩ ᠱᠦᠢ ᠾᠧ ᠰᠢᠶᠠᠨ᠂ ᠦᠴᠦᠸᠠᠨ ᠰᠢᠶᠠᠨ 2200 | ᠲᠥᠭᠦᠷᠢᠭ᠃ ᠠᠮᠢᠳᠤᠯᠢᠭ ᠢᠶᠠᠷ ᠠᠵᠢᠯ ᠤᠯᠤᠬᠰᠠᠳ ᠤᠨ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠲᠤᠰᠢᠶᠠᠨ ᠬᠠᠳᠠᠭᠠᠯᠠᠭᠤᠯᠬᠤ | ᠰᠠᠭᠤᠷᠢ ᠲᠤᠭ᠎ᠠ ᠶᠢ ᠳᠤᠤᠷᠠᠳᠤ ᠬᠢᠵᠠᠭᠠᠷ ᠢᠶᠠᠷ ᠯᠠᠪᠯᠠᠯᠲᠠ ᠪᠣᠯᠭᠠᠨ ᠬᠡᠷᠡᠭᠵᠢᠭᠦᠯᠦᠨ᠎ᠡ᠃ | 2024 ᠣᠨ ᠤ 12 ᠰᠠᠷ᠎ᠠ ᠶᠢᠨ 1 ᠤ ᠡᠳᠦᠷ ᠠᠴᠠ ᠡᠬᠢᠯᠡᠨ᠂ ᠪᠤᠭᠤᠲᠤ ᠬᠤᠲᠠ ᠳᠤ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ | ᠮᠥᠩᠭᠦ ᠲᠤᠰᠢᠶᠠᠨ ᠬᠠᠳᠠᠭᠠᠯᠠᠭᠤᠯᠵᠤ ᠪᠠᠶᠢᠭ᠎ᠠ ᠠᠵᠢᠯᠲᠠᠨ ᠠᠵᠢᠯᠴᠢᠨ ᠤ ᠰᠠᠷ᠎ᠠ ᠶᠢᠨ ᠲᠤᠰᠢᠶᠠᠵᠤ ᠬᠠᠳᠠᠭᠠᠯᠠᠭᠤᠯᠬᠤ ᠴᠠᠯᠢᠩ ᠤᠨ ᠰᠠᠭᠤᠷᠢ ᠲᠤᠭ᠎ᠠ ᠨᠢ ᠬᠠᠷᠢᠶ᠎ᠠ | ᠵᠠᠰᠠᠭ ᠵᠠᠬᠢᠷᠭᠠᠨ ᠤ ᠣᠷᠣᠨ ᠤ ᠬᠠᠮᠤᠭ ᠤᠨ ᠳᠤᠤᠷ᠎ᠠ ᠴᠠᠯᠢᠩ ᠤᠨ ᠪᠠᠷᠢᠮᠵᠢᠶ᠎ᠠ ᠠᠴᠠ ᠳᠤᠤᠷ᠎ᠠ ᠪᠠᠶᠢᠵᠤ ᠪᠣᠯᠬᠤ ᠥᠬᠡᠶ᠂ ᠡᠭᠦᠨ ᠳᠤ ᠬᠥᠨᠳᠡᠯᠡᠨ ᠲᠣᠭᠤᠷᠢᠭ᠂ | ᠴᠢᠩᠱᠠᠨ ᠲᠣᠭᠤᠷᠢᠭ᠂ ᠳ᠋ᠦᠩ ᠾᠧ ᠲᠣᠭᠤᠷᠢᠭ᠂ ᠵᠢᠦ ᠶᠤᠸᠠᠨ ᠲᠣᠭᠤᠷᠢᠭ᠂ ᠰᠢᠭᠤᠶᠢᠲᠤ ᠲᠣᠭᠤᠷᠢᠭ᠂ ᠪᠠᠶ᠋ᠬᠠᠤᠪᠤᠭ᠎ᠠ ᠲᠣᠭᠤᠷᠢᠭ᠂ ᠬᠤᠪᠣᠷ ᠰᠢᠷᠣᠶ ᠶᠢᠨ ᠳᠡᠭᠡᠳᠦ | ᠰᠢᠨ᠎ᠡ ᠮᠡᠷᠭᠡᠵᠢᠯ ᠤᠨ ᠲᠣᠭᠤᠷᠢᠭ ᠤᠨ ᠬᠠᠮᠤᠭ ᠤᠨ ᠳᠤᠤᠷ᠎ᠠ ᠴᠠᠯᠢᠩ ᠤᠨ ᠪᠠᠷᠢᠮᠵᠢᠶ᠎ᠠ ᠨᠢ 2270 ᠲᠥᠭᠦᠷᠢᠭ᠂ ᠲᠦᠮᠡᠳ ᠪᠠᠷᠠᠭᠤᠨ ᠬᠤᠰᠢᠭᠤ᠂ ᠳᠠᠷᠬᠠᠨ | ᠮᠤᠤᠮᠢᠩᠭᠠᠨ ᠬᠤᠯᠪᠣᠭᠠᠲᠤ ᠬᠤᠰᠢᠭᠤ᠂ ᠭᠦᠶᠡᠩ ᠰᠢᠶᠠᠨ ᠤ ᠬᠠᠮᠤᠭ ᠤᠨ ᠳᠤᠤᠷ᠎ᠠ ᠴᠠᠯᠢᠩ ᠤᠨ ᠪᠠᠷᠢᠮᠵᠢᠶ᠎ᠠ ᠨᠢ 2200 ᠲᠥᠭᠦᠷᠢᠭ ᠪᠣᠯᠤᠨ᠎ᠠ᠃ |