ᠣᠶᠢᠷ᠎ᠠ ᠳᠤ᠂ ᠤᠯᠤᠰ ᠤᠨ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠰᠠᠴᠤᠷᠠᠭ ᠪᠠᠶᠢᠴᠠᠭᠠᠯᠲᠠ ᠶᠢᠨ ᠲᠥᠷᠥᠯ ᠤᠨ ᠦᠨ᠎ᠡ ᠬᠠᠩᠰᠢ ᠶᠢᠨ ᠵᠦᠢᠯᠡᠰ ᠤᠨ | ᠲᠥᠷᠥᠯ ᠵᠦᠢᠯ ᠲᠣᠭᠲᠠᠭᠠᠬᠤ ᠵᠦᠭᠯᠡᠭᠦᠷ ︵ᠲᠤᠷᠰᠢᠨ ᠬᠡᠷᠡᠭᠵᠢᠭᠦᠯᠬᠦ︶ ᠢ ᠳᠠᠷᠤᠮᠠᠯᠯᠠᠨ ᠲᠠᠷᠬᠠᠭᠠᠵᠤ᠂ ᠣᠲᠣ ᠶᠢᠨ ᠬᠡᠷᠡᠭᠵᠢᠭᠦᠯᠵᠦ ᠪᠠᠶᠢᠭ᠎ᠠ ᠰᠠᠴᠤᠷᠠᠭ | ᠪᠠᠶᠢᠴᠠᠭᠠᠯᠲᠠ ᠶᠢᠨ ᠵᠦᠢᠯᠡᠰ ᠢ ᠨᠢᠭᠡᠳᠦᠯᠲᠡᠶ ᠡᠮᠬᠢᠯᠡᠨ ᠨᠡᠶᠢᠯᠡᠭᠦᠯᠵᠦ ᠵᠢᠷᠤᠮᠵᠢᠭᠤᠯᠤᠨ᠂ CT᠂ X ᠰᠠᠴᠤᠷᠠᠭ ᠵᠡᠷᠭᠡ ᠰᠠᠴᠤᠷᠠᠭ ᠪᠠᠶᠢᠴᠠᠭᠠᠯᠲᠠ ᠶᠢᠨ ᠵᠦᠢᠯᠡᠰ ᠤᠨ | ᠲᠥᠷᠥᠯ ᠵᠦᠢᠯ ᠢ ᠲᠣᠭᠲᠠᠭᠠᠬᠤ ᠠᠵᠢᠯ ᠢ ᠨᠠᠩ ᠲᠣᠳᠣᠷᠬᠠᠶ ᠪᠣᠯᠭᠠᠵᠤ᠂ ᠰᠦᠢᠳᠭᠡᠯ ᠬᠤᠷᠢᠶᠠᠬᠤ ᠶᠢ ᠨᠠᠩ ᠲᠣᠳᠣᠷᠬᠠᠶ ᠪᠣᠯᠭᠠᠵᠤ᠂ ᠰᠠᠴᠤᠷᠠᠭ ᠪᠠᠶᠢᠴᠠᠭᠠᠯᠲᠠ ᠶᠢᠨ | ᠦᠨ᠎ᠡ ᠬᠠᠩᠰᠢ ᠶᠢᠨ ᠵᠦᠶ ᠵᠣᠬᠢᠰᠲᠠᠶ ᠪᠣᠯᠬᠤ ᠶᠢ ᠠᠬᠢᠭᠤᠯᠬᠤ ᠪᠠᠷ ᠪᠤᠢ᠃ | ︽ᠲᠥᠷᠥᠯ ᠵᠦᠢᠯ ᠲᠣᠭᠲᠠᠭᠠᠬᠤ ᠵᠦᠭᠯᠡᠭᠦᠷ︾ ᠲᠤ ᠲᠣᠭᠠᠴᠢᠯᠠᠭᠰᠠᠨ ᠰᠡᠭᠦᠳᠡᠷ ᠳᠦᠷᠰᠦ ᠶᠢ ᠰᠢᠢᠳᠪᠦᠷᠢᠯᠡᠬᠦ᠂ ᠳᠡᠭᠡᠭᠰᠢ ᠳᠠᠮᠵᠢᠭᠤᠯᠬᠤ ᠪᠠ ᠡᠭᠦᠯᠡᠨ | ᠬᠠᠳᠠᠭᠠᠯᠠᠯᠲᠠ ᠶᠢ ᠰᠠᠴᠤᠷᠠᠭ ᠪᠠᠶᠢᠴᠠᠭᠠᠯᠲᠠ ᠶᠢᠨ ᠦᠨ᠎ᠡ ᠬᠠᠩᠰᠢ ᠶᠢᠨ ᠪᠦᠷᠢᠯᠳᠦᠯ ᠳᠤ ᠣᠷᠣᠭᠤᠯᠵᠤ᠂ ᠪᠠᠶᠢᠴᠠᠭᠠᠯᠲᠠ ᠶᠢᠨ ᠦᠷ᠎ᠡ ᠳ᠋ᠦᠩ ᠢ ᠡᠭᠦᠯᠡᠨ | ᠲᠡᠪᠴᠠᠩ ᠳᠤ ᠲᠠᠮᠵᠢᠭᠤᠯᠵᠤ᠂ ᠡᠪᠡᠳᠴᠢᠲᠡᠨ ᠥᠪᠡᠷ ᠤᠨ ᠪᠠᠶᠢᠴᠠᠭᠠᠭᠰᠠᠨ ᠮᠠᠲ᠋ᠧᠷᠢᠶᠠᠯ ᠢᠶᠠᠨ ᠳᠥᠭᠦᠮ ᠳᠥᠲᠡ ᠪᠠᠷ ᠦᠵᠡᠵᠦ ᠲᠡᠶᠢᠯᠬᠦ᠂ ᠡᠮᠴᠢᠯᠡᠭᠡᠨ ᠤ | ᠪᠠᠶᠢᠭᠤᠯᠤᠮᠵᠢ ᠨᠢ ᠭᠠᠵᠠᠷ ᠣᠷᠣᠨ ᠠᠯᠤᠰᠯᠠᠨ ᠪᠠᠶᠢᠭᠤᠯᠤᠮᠵᠢ ᠠᠯᠤᠰᠯᠠᠨ ᠦᠵᠡᠵᠦ ᠲᠡᠶᠢᠯᠬᠦ ᠪᠤᠯᠭᠠᠵᠤ᠂ ᠡᠮᠴᠢᠯᠡᠭᠡᠨ ᠤ ᠪᠠᠳᠤᠯᠠᠭ᠎ᠠ ᠶᠢᠨ ᠰᠠᠯᠠᠭ᠎ᠠ ᠮᠥᠴᠢᠷ ᠴᠤ | ᠨᠢᠭᠡᠨᠲᠡ ᠳᠠᠮᠵᠢᠭᠤᠯᠤᠭᠰᠠᠨ ᠪᠠᠶᠢᠴᠠᠭᠠᠯᠲᠠ ᠶᠢᠨ ᠮᠠᠲ᠋ᠧᠷᠢᠶᠠᠯ ᠢ ᠬᠠᠷᠭᠤᠭᠤᠯᠤᠨ ᠦᠵᠡᠵᠦ ᠲᠡᠶᠢᠯᠬᠦ ᠪᠤᠯᠭᠠᠨ᠎ᠠ᠃ ᠬᠡᠷᠪᠡ ᠡᠮᠴᠢᠯᠡᠭᠡᠨ ᠤ ᠪᠠᠶᠢᠭᠤᠯᠤᠮᠵᠢ ᠨᠢ ᠰᠡᠭᠦᠳᠡᠷ | ᠳᠦᠷᠰᠦ ᠶᠢᠨ ᠡᠭᠦᠯᠡᠨ ᠬᠠᠳᠠᠭᠠᠯᠠᠯᠲᠠ ᠶᠢ ᠬᠢᠵᠦ ᠳᠡᠶᠢᠯᠬᠦ ᠦᠭᠡᠢ ᠪᠣᠯ ᠵᠣᠬᠢᠬᠤ ᠰᠦᠢᠳᠬᠡᠯ ᠳᠤᠲᠠᠭᠤ ᠬᠤᠷᠢᠶᠠᠬᠤ ᠪᠤᠯᠤᠨ᠎ᠠ᠃ ᠡᠭᠦᠨ ᠠᠴᠠ ᠭᠠᠳᠠᠨ᠎ᠠ᠂ ︽ | ᠲᠥᠷᠥᠯ ᠵᠦᠢᠯ ᠲᠤᠬᠳᠠᠭᠠᠬᠤ ᠵᠦᠭᠯᠡᠭᠦᠷ︾ ᠲᠤ ᠪᠣᠳᠠᠲᠤ ᠴᠣᠭᠴᠠ ᠶᠢᠨ ᠹᠢᠯᠢᠮ ᠢ ᠪᠠᠶᠢᠴᠠᠭᠠᠯᠳᠠ ᠶᠢᠨ ᠵᠦᠢᠯᠡᠰ ᠤᠨ ᠨᠢᠭᠡᠳᠦᠯᠳᠡᠢ ᠦᠨ᠎ᠡ ᠬᠠᠩᠰᠢ ᠶᠢᠨ | ᠪᠦᠷᠢᠯᠳᠦᠯ ᠠᠴᠠ ᠰᠠᠯᠭᠠᠵᠤ᠂ ᠡᠪᠡᠳᠴᠢᠲᠡᠨ ᠤ ᠬᠡᠷᠡᠭᠴᠡᠭᠡ ᠶᠣᠰᠣᠭᠠᠷ ᠰᠣᠩᠭᠤᠨ ᠬᠤᠳᠠᠯᠳᠤᠨ ᠠᠪᠤᠭᠤᠯᠵᠤ᠂ ᠪᠣᠳᠠᠲᠤ ᠴᠣᠭᠴᠠ ᠶᠢᠨ ᠹᠢᠯᠢᠮ ᠢ ᠲᠡᠭ ᠵᠥᠷᠢᠶᠡᠲᠦ | ᠦᠨ᠎ᠡ ᠪᠠᠷ ᠪᠣᠷᠣᠯᠠᠭᠤᠯᠤᠨᠡ᠂ ᠰᠦᠢᠳᠭᠡᠯ ᠬᠤᠷᠢᠶᠠᠬᠤ ᠲᠠᠢ ᠬᠤᠯᠪᠤᠬᠤ ᠥᠬᠡᠶ᠃ | ᠦᠨ᠎ᠡ ᠬᠠᠩᠰᠢ ᠶᠢᠨ ᠵᠦᠢᠯᠡᠰ ᠢ ᠪᠠᠶᠢᠴᠠᠭᠠᠬᠤ ᠲᠥᠬᠦᠭᠡᠷᠦᠮᠵᠢ ᠲᠠᠢ ᠬᠤᠯᠪᠣᠬᠤ ᠶᠢ ᠪᠠᠭᠠᠰᠬᠠᠬᠤ ᠶᠢᠨ ᠲᠥᠯᠥᠭᠡ᠂ ᠲᠥᠷᠥᠯ ᠵᠦᠢᠯ ᠲᠣᠭᠲᠠᠭᠠᠬᠤ | ᠵᠦᠭᠯᠡᠭᠦᠷ ᠨᠢ ᠦᠢᠯᠡᠴᠢᠯᠡᠭᠡᠨ ᠤ ᠦᠢᠯᠡᠳᠭᠦᠨ ᠢᠶᠠᠷ ᠤᠳᠤᠷᠢᠳᠤᠮᠵᠢ ᠳ᠋ᠦᠩ ᠢ ᠪᠣᠯᠭᠠᠬᠤ ᠦᠨᠳᠦᠰᠦᠨ ᠵᠠᠷᠴᠢᠮ ᠢ ᠪᠠᠷᠢᠮᠲᠠᠯᠠᠵᠤ᠂ ᠲᠥᠷᠥᠯ ᠵᠦᠢᠯ | ᠲᠣᠭᠲᠠᠭᠠᠬᠤ ᠳᠠᠭᠠᠨ ᠲᠥᠬᠦᠭᠡᠷᠦᠮᠵᠢ ᠶᠢᠨ ᠪᠣᠯᠵᠣᠯᠲᠤ ᠲᠤᠭ᠎ᠠ ᠶᠢ ᠳᠠᠭᠠᠬᠤ ᠥᠬᠡᠶ᠂ ᠬᠠᠷᠢᠨ ᠪᠠᠶᠢᠴᠠᠭᠠᠯᠲᠠ ᠶᠢᠨ ᠦᠷ᠎ᠡ ᠳ᠋ᠦᠩ ᠢ ᠳᠠᠭᠠᠵᠤ᠂ ᠠᠩᠬᠠᠷᠤᠯ ᠤᠨ | ᠴᠡᠭ ᠢ ᠪᠠᠶᠢᠴᠠᠭᠠᠯᠲᠠ ᠶᠢᠨ ᠣᠨᠣᠪᠴᠢ ᠶᠢᠨ ᠬᠡᠮᠵᠢᠶ᠎ᠡ ᠳᠡᠭᠡᠷ᠎ᠡ ᠲᠥᠪᠯᠡᠷᠡᠭᠦᠯᠤᠨᠡ᠃ ᠡᠩ ᠤᠨ CT ᠪᠠᠶᠢᠴᠠᠭᠠᠯᠲᠠ ᠳᠤ ᠵᠢᠭᠰᠠᠭᠠᠭᠰᠠᠨ ᠲᠤᠭ᠎ᠠ ᠪᠠᠷ ᠰᠦᠢᠳᠭᠡᠯ | ᠬᠤᠷᠢᠶᠠᠬᠤ ᠪᠠᠷᠢᠮᠵᠢᠶ᠎ᠠ ᠶᠢ ᠲᠣᠭᠲᠠᠭᠠᠬᠤ ᠥᠬᠡᠶ᠂ ᠬᠠᠷᠢᠨ ᠰᠢᠷᠪᠢᠯᠲᠡ ᠶᠢᠨ ᠳᠠᠪᠬᠤᠷᠭ᠎ᠠ ᠶᠢᠨ ᠵᠤᠵᠠᠭᠠᠨ ︿2 mm ᠤᠨ ᠨᠢᠮᠭᠡᠨ ᠳᠠᠪᠬᠤᠷᠭ᠎ᠠ ᠶᠢᠨ ᠰᠢᠷᠪᠢᠯᠲᠡ﹀ | ᠢ ᠦᠨᠳᠦᠰᠦᠯᠡᠨ ᠨᠡᠮᠡᠵᠦ ᠬᠤᠷᠢᠶᠠᠬᠤ ᠵᠦᠢᠯᠡᠰ ᠭᠠᠷᠭᠠᠨ᠎ᠠ᠃ | ᠵᠣᠬᠢᠶᠠᠮᠠᠯ ᠣᠶᠤᠨ ᠴᠢᠳᠠᠪᠤᠷᠢ ᠶᠢᠨ ᠲᠤᠰᠠᠯᠠᠬᠤ ᠣᠨᠣᠰᠢᠯᠠᠯᠲᠠ ᠶᠢ ᠡᠮᠴᠢᠯᠡᠭᠡᠨ ᠤ ᠬᠡᠷᠡᠭᠯᠡᠭᠡᠨ ᠳᠤ ᠣᠷᠣᠭᠤᠯᠬᠤ ᠶᠢ ᠳᠡᠮᠵᠢᠬᠦ ᠶᠢᠨ ᠲᠥᠯᠥᠭᠡ᠂ ᠪᠠᠰᠠ | ᠡᠪᠡᠳᠴᠢᠲᠡᠨ ᠤ ᠳᠠᠷᠤᠭᠠᠰᠤ ᠶᠢ ᠢᠯᠡᠭᠦᠴᠡ ᠬᠦᠨᠳᠦᠷᠡᠭᠦᠯᠬᠦ ᠶᠢ ᠰᠡᠷᠭᠡᠶᠢᠯᠡᠬᠦ ᠶᠢᠨ ᠲᠥᠯᠥᠭᠡ᠂ ᠲᠥᠷᠥᠯ ᠵᠦᠢᠯ ᠲᠣᠭᠲᠠᠭᠠᠬᠤ ᠵᠦᠭᠯᠡᠭᠦᠷ ᠲᠤ ᠰᠠᠴᠤᠷᠠᠭ ᠤᠨ | ᠪᠠᠶᠢᠴᠠᠭᠠᠯᠲᠠ ᠶᠢᠨ ᠲᠥᠷᠥᠯ ᠤᠨ ᠭᠤᠤᠯ ᠵᠦᠢᠯᠡᠰ ᠤᠨ ᠳᠤᠤᠷ᠎ᠠ ︽ᠵᠣᠬᠢᠶᠠᠮᠠᠯ ᠣᠶᠤᠨ ᠴᠢᠳᠠᠪᠤᠷᠢ ᠶᠢᠨ ᠲᠤᠰᠠᠯᠠᠬᠤ ᠣᠨᠣᠰᠢᠯᠠᠯᠲᠠ︾ ᠶᠢ ᠥᠷᠭᠡᠳᠬᠡᠬᠦ ᠵᠦᠢᠯ ᠢ | ᠨᠢᠭᠡᠳᠦᠯᠲᠡᠶ ᠲᠣᠬᠢᠷᠠᠭᠤᠯᠤᠨᠡ᠂ ᠥᠭᠡᠷ᠎ᠡ ᠪᠠᠷ ᠬᠡᠯᠡᠪᠡᠯ ᠡᠮᠨᠡᠯᠭᠡ ᠶᠢᠨ ᠬᠤᠷᠢᠶ᠎ᠠ ᠵᠣᠬᠢᠶᠠᠮᠠᠯ ᠣᠶᠤᠨ ᠴᠢᠳᠠᠪᠤᠷᠢ ᠶᠢ ᠠᠰᠢᠭᠯᠠᠨ ᠲᠤᠰᠠᠯᠠᠬᠤ ᠣᠨᠣᠰᠢᠯᠠᠯᠲᠠ ᠬᠢᠭᠰᠡᠨ | ᠪᠠᠶᠢᠪᠠᠯ᠂ ᠭᠤᠤᠯ ᠵᠦᠢᠯᠡᠰ ᠲᠠᠢ ᠠᠳᠠᠯᠢ ᠦᠨ᠎ᠡ ᠬᠠᠩᠰᠢ ᠶᠢᠨ ᠲᠦᠪᠰᠢᠨ ᠢ ᠬᠡᠷᠡᠭᠵᠢᠭᠦᠯᠦᠨ᠎ᠡ᠂ ᠭᠡᠪᠡᠴᠦ ᠭᠤᠤᠯ ᠵᠦᠢᠯᠡᠰ ᠲᠠᠢ ᠳᠠᠪᠬᠤᠷᠳᠠᠭᠤᠯᠤᠨ ᠰᠦᠢᠳᠭᠡᠯ | ᠬᠤᠷᠢᠶᠠᠬᠤ ᠥᠬᠡᠶ ᠭᠡᠪᠡ᠃ |