ᠬᠡᠷ ᠪᠦᠯᠢ ᠶᠢᠨ ᠰᠢᠨᠵᠢᠯᠡᠬᠦ ᠤᠬᠠᠭᠠᠨᠴᠢ ᠪᠠᠷ ᠬᠡᠤᠬᠡᠳ ᠪᠤᠶᠢᠵᠢᠭᠤᠯᠬᠤ ᠤᠬᠠᠮᠰᠠᠷ ᠢ ᠴᠢᠩᠭᠠᠳᠬᠠᠵᠤ᠂ ᠬᠡᠷ ᠪᠦᠯᠢ ᠶᠢ ᠬᠠᠪᠰᠤᠷᠤᠨ ᠂ ᠰᠠᠶᠢᠨ ᠰᠠᠶᠢᠬᠠᠨ | ᠬᠠᠷᠢᠴᠠᠭ᠎ᠠ ᠶᠢ ᠪᠠᠶᠢᠭᠤᠯᠵᠤ᠂ ᠨᠢᠯᠬ᠎ᠠ ᠬᠡᠤᠬᠡᠳ ᠤᠨ ᠦᠰᠦᠨ ᠪᠤᠶᠢᠵᠢᠯᠲᠠ ᠶᠢ ᠠᠬᠢᠭᠤᠯᠬᠤ ᠶᠢᠨ ᠲᠥᠯᠥᠭᠡ᠂ ᠣᠶᠢᠷ᠎ᠠ ᠳᠤ ᠂ ᠡᠷᠭᠦᠨ᠎ᠡ ᠬᠤᠲᠠ ᠶᠢᠨ | ᠡᠮᠡᠭᠲᠡᠶᠢᠴᠦᠳ ᠤᠨ ᠲᠥᠯᠥᠪᠯᠡᠭᠡ ᠶᠢᠨ ᠲᠥᠪ 5 ᠬᠡᠷ ᠪᠦᠯᠢ ᠶᠢ ᠤᠷᠢᠵᠤ᠂ ︽ ᠪᠢ ᠬᠥᠳᠡᠯᠭᠡᠭᠡᠨ ᠳᠤ ᠪᠠᠭ᠋ᠠᠲᠠᠢ︾ ᠭᠡᠬᠦ ᠭᠤᠤᠯ ᠰᠡᠳᠦᠪᠲᠦ ᠠᠵᠢᠯᠯᠠᠭ᠎ᠠ | ᠦᠷᠨᠢᠭᠦᠯᠪᠡ ᠃ | ᠠᠵᠢᠯᠯᠠᠭ᠎ᠠ ᠨᠢ ᠨᠡᠶᠢᠲᠡ 6 ᠬᠡᠰᠡᠭ ᠬᠤᠪᠢᠶᠠᠪᠠ ᠃ ᠡᠩ ᠲᠡᠷᠢᠭᠦᠨ ᠳᠤ ᠂ ᠬᠥᠩᠭᠡᠨ ᠱᠠᠯᠠᠮᠠᠭᠠᠶ ᠤᠭᠲᠤᠬᠤ ᠪᠠ ᠡᠭᠡᠯᠵᠢᠯᠡᠨ ᠮᠡᠨᠳᠦᠴᠢᠯᠡᠵᠦ ᠬᠠᠷᠢᠯᠴᠠᠨ | ᠬᠥᠳᠡᠯᠦᠯᠴᠡᠬᠦ ᠪᠠᠷ ᠳᠡᠮᠵᠢᠨ᠂ ᠬᠡᠷ ᠪᠦᠯᠢ ᠶᠢ ᠬᠠᠪᠰᠤᠷᠤᠨ᠂ ᠨᠢᠯᠬ᠎ᠠ ᠬᠡᠤᠬᠡᠳ ᠤᠨ ᠢᠯᠡᠳᠬᠡᠬᠦ ᠴᠢᠳᠠᠪᠤᠷᠢ ᠶᠢ ᠳᠡᠭᠡᠭᠰᠢᠯᠡᠭᠦᠯᠦᠨ᠎ᠡ ᠃ ᠳᠠᠷᠠᠭ᠎ᠠ ᠳᠤ ᠨᠢ ᠨᠢᠯᠬ᠎ᠠ | ᠬᠡᠤᠬᠡᠳ ᠢ ᠬᠡᠤᠬᠡᠳ ᠤᠨ ᠦᠢᠯᠡᠴᠢᠯᠡᠭᠡᠨ ᠤ ᠬᠠᠪᠰᠤᠷᠤᠨ ᠵᠢᠯᠣᠭᠤᠳᠣᠭᠴᠢ ᠶᠢᠨ ᠵᠢᠯᠣᠭᠤᠳᠣᠯᠭ᠎ᠠ ᠵᠢᠴᠢ ᠳᠠᠭᠤᠤ ᠬᠥᠭᠵᠢᠮ ᠤᠨ ᠠᠶᠢᠵᠠᠮ ᠢ ᠳᠠᠭᠠᠵᠤ ᠪᠡᠶ᠎ᠡ | ᠮᠠᠬᠠᠪᠣᠳ ᠢᠶᠠᠨ ᠬᠥᠳᠡᠯᠭᠡᠭᠡᠨ ᠬᠢᠯᠭᠡᠵᠦ᠂ ᠬᠡᠷ ᠤᠨ ᠠᠬᠠᠮᠠᠳ ᠢ ᠳᠠᠭᠤᠤ ᠬᠥᠭᠵᠢᠮ ᠢ ᠳᠠᠭᠤᠷᠢᠶᠠᠯᠭᠠᠬᠤ ᠶᠢ ᠰᠤᠷᠤᠯᠴᠠᠭᠤᠯᠤᠨ᠎ᠠ ᠃ ᠵᠢᠷᠤᠭᠲᠤ ᠳᠡᠪᠲᠡᠷ ᠤᠨ | ᠤᠩᠰᠢᠯᠭ᠎ᠠ ᠪᠠᠷ ᠳᠠᠮᠵᠢᠨ ᠂ ᠨᠢᠯᠬ᠎ᠠ ᠬᠡᠦᠬᠡᠳ ᠲᠤ ᠵᠢᠷᠤᠭᠲᠤ ᠳᠡᠪᠲᠡᠷ ᠲᠠᠬᠢ ᠠᠮᠢᠲᠠᠨ ᠤ ᠬᠥᠳᠡᠯᠭᠡᠭᠡᠨ ᠢ ᠳᠠᠭᠤᠷᠢᠶᠠᠵᠤ᠂ ᠪᠡᠶ᠎ᠡ ᠶᠢᠨ ᠬᠡᠰᠡᠭ ᠢᠶᠠᠨ ᠤᠯᠠᠮ ᠨᠢᠭᠡ | ᠠᠯᠬᠤᠮ ᠬᠦᠳᠡᠯᠭᠡᠨ᠂ ᠭᠡᠷ ᠤᠨ ᠠᠬᠠᠮᠠᠳ ᠲᠤ ᠪᠠᠰᠠ ᠨᠢᠭᠡ ᠵᠦᠢᠯ ᠤᠨ ᠵᠢᠷᠤᠭᠲᠤ ᠳᠡᠪᠲᠡᠷ ᠤᠨ ᠲᠠᠶᠢᠯᠪᠤᠷᠢᠯᠠᠯᠲᠠ ᠶᠢᠨ ᠤᠷ᠎ᠠ ᠳᠡᠮ ᠢ ᠡᠵᠡᠮᠰᠢᠭᠦᠯᠦᠨ᠎ᠡ᠃ ᠪᠡᠶ᠎ᠡ | ᠲᠠᠮᠢᠷ ᠤᠨ ᠲᠣᠭᠯᠠᠭᠠᠮ ᠢᠶᠠᠷ ᠳᠠᠮᠵᠢᠨ ᠂ ᠨᠢᠯᠬ᠎ᠠ ᠬᠡᠦᠬᠡᠳ ᠤᠨ ᠪᠡᠶ᠎ᠡ ᠮᠠᠬᠠᠪᠣᠳ ᠤᠨ ᠵᠣᠬᠢᠴᠠᠩᠭᠤᠶ᠂ ᠣᠷᠣᠨ ᠵᠠᠶ ᠶᠢᠨ ᠮᠡᠳᠡᠷᠡᠯ᠂ ᠵᠣᠬᠢᠴᠠᠭᠤᠯᠬᠤ ᠴᠢᠳᠠᠪᠤᠷᠢ ᠶᠢ | ᠪᠣᠯᠪᠠᠰᠤᠷᠠᠭᠤᠯᠵᠤ᠂ ᠭᠡᠷ ᠤᠨ ᠠᠬᠠᠮᠠᠳ ᠲᠤ ᠳᠥᠭᠦᠮᠬᠡᠨ ᠪᠡᠶ᠎ᠡ ᠲᠠᠮᠢᠷ ᠤᠨ ᠪᠣᠯᠪᠠᠰᠤᠷᠠᠯ ᠤᠨ ᠵᠢᠭᠠᠪᠤᠷᠢ ᠶᠢ ᠡᠵᠡᠮᠰᠢᠭᠦᠯᠦᠨ᠎ᠡ᠃ ᠮᠡᠳᠡᠷᠡᠬᠦᠶ ᠶᠢᠨ ᠪᠣᠯᠪᠠᠰᠤᠷᠠᠯ ᠢᠶᠠᠷ | ᠳᠠᠮᠵᠢᠨ ᠂ ᠨᠢᠯᠬ᠎ᠠ ᠬᠡᠦᠬᠡᠳ ᠢ ᠠᠳᠠᠯᠢ ᠪᠤᠰᠤ ᠳᠠᠭᠤᠨ ᠳᠤ ᠠᠳᠠᠯᠢ ᠪᠤᠰᠤ ᠲᠤᠰᠬᠠᠯ ᠭᠠᠷᠭᠠᠯᠭᠠᠨ᠎ᠠ ᠃ ᠬᠠᠮᠤᠭ ᠤᠨ ᠰᠡᠭᠦᠯ ᠳᠤ᠂ ᠬᠢᠲᠠᠳ ᠡᠮᠨᠡᠯᠭᠡ ᠶᠢᠨ ᠰᠠᠯᠠᠭᠠᠨ ᠤ | ᠡᠮᠴᠢ ᠭᠡᠷ ᠤᠨ ᠠᠬᠠᠮᠠᠳ ᠲᠤ ᠬᠡᠦᠬᠡᠳ ᠤᠨ ᠨᠢᠷᠤᠭᠤ ᠶᠢ ᠴᠢᠮᠬᠢᠬᠦ ᠠᠷᠭ᠎ᠠ ᠶᠢ ᠵᠢᠭᠠᠨ ᠵᠢᠯᠣᠭᠤᠳᠴᠤ ᠂ ᠭᠡᠷ ᠤᠨ ᠠᠬᠠᠮᠠᠳ ᠢ ᠭᠡᠷ ᠲᠡᠭᠡᠨ ᠴᠦ ᠨᠢᠯᠬ᠎ᠠ ᠬᠡᠦᠬᠡᠳ ᠤᠨ | ᠡᠳᠦᠷ ᠲᠤᠲᠤᠮ ᠤᠨ ᠡᠷᠡᠭᠦᠯ ᠮᠡᠨᠳᠦ ᠶᠢ ᠬᠠᠮᠠᠭᠠᠯᠠᠵᠤ ᠴᠢᠳᠠᠬᠤ ᠪᠣᠯᠭᠠᠵᠠᠶ᠃ | ᠭᠡᠷ ᠪᠦᠯᠢ ᠶᠢᠨ ᠠᠵᠢᠯᠯᠠᠭ᠎ᠠ ᠨᠢ ᠬᠠᠨᠢ ᠪᠣᠯᠬᠤ ᠶᠢᠨ ᠴᠢᠬᠤᠯᠠ ᠴᠢᠨᠠᠷ ᠢ ᠴᠢᠬᠤᠯᠠᠴᠢᠯᠠᠭᠰᠠᠨ ᠢᠶᠠᠷ ᠪᠠᠷᠠᠬᠤ ᠥᠬᠡᠶ᠂ ᠪᠠᠰᠠ ᠬᠡᠷ ᠤᠨ ᠠᠬᠠᠮᠠᠳ ᠤᠨ ᠰᠢᠨᠵᠢᠯᠡᠬᠦ | ᠤᠬᠠᠭᠠᠨᠴᠢ ᠪᠠᠷ ᠬᠡᠤᠬᠡᠳ ᠢᠶᠠᠨ ᠬᠥᠮᠦᠵᠢᠭᠦᠯᠬᠦ ᠶᠢ ᠵᠢᠭᠠᠨ ᠵᠢᠯᠣᠭᠤᠳᠴᠤ᠂ ᠬᠡᠤᠬᠡᠳ ᠢ ᠪᠠᠶᠠᠷᠯᠠᠩᠭᠤᠢ ᠰᠤᠷᠤᠯᠴᠠᠭᠤᠯᠵᠤ᠂ ᠡᠷᠡᠭᠦᠯ ᠪᠥᠭᠡᠳ ᠢᠳᠡᠪᠬᠢᠲᠡᠶ | ᠠᠮᠢᠳᠤᠷᠠᠯ ᠤᠨ ᠠᠷᠭ᠎ᠠ ᠮᠠᠶ᠋ᠢᠭ ᠢ ᠰᠠᠨᠠᠭᠠᠴᠢᠯᠠᠪᠠ᠃ |