ᠵᠠᠷᠢᠮ ᠡᠪᠡᠳᠴᠢᠨ ᠨᠢ ᠢᠯᠡᠷᠬᠡᠶ ᠢᠯᠡᠷᠡᠯ ᠰᠢᠨᠵᠢ ᠦᠭᠡᠢ ᠮᠦᠷᠳᠡᠭᠡᠨ ᠪᠠᠰᠠ ᠠᠮᠢᠳᠤᠷᠠᠯ ᠳᠤ ᠨᠥᠯᠥᠭᠡ ᠪᠤᠯᠳᠠᠭ ᠦᠭᠡᠢ ᠪᠠᠶᠢᠳᠠᠭ ᠠᠴᠠ ᠬᠥᠮᠦᠰ ᠶᠡᠷᠦ ᠨᠢ | ᠣᠮᠲᠣᠭᠠᠶᠢᠯᠠᠳᠠᠭ ᠪᠠᠶᠢᠨ᠎ᠠ ᠁ ᠵᠠᠷᠢᠮ ᠡᠪᠡᠳᠴᠢᠨ ᠨᠢ ᠢᠯᠡᠷᠬᠡᠶ ᠢᠯᠡᠷᠡᠯ ᠰᠢᠨᠵᠢ ᠦᠭᠡᠢ ᠦᠶᠡᠰ ᠨᠠᠩ ᠠᠶᠤᠯᠲᠠᠶ ᠪᠠᠶᠢᠳᠠᠭ ᠰᠢᠦ︕ | | ᠡᠪᠡᠳᠴᠢᠨ ᠤ ᠢᠯᠡᠷᠡᠯ ᠰᠢᠨᠵᠢ ᠦᠭᠡᠢ ᠪᠠᠷ ᠴᠢᠰᠤᠨ ᠳᠠᠷᠤᠯᠲᠠ ᠥᠨᠳᠥᠷᠵᠢᠬᠦ ᠡᠪᠡᠳᠴᠢᠨ | | ᠴᠢᠰᠤᠨ ᠳᠠᠷᠤᠯᠲᠠ ᠥᠨᠳᠥᠷᠵᠢᠬᠦ ᠶᠢ ᠤᠷᠲᠤ ᠬᠤᠭᠤᠴᠠᠭ᠎ᠠ ᠪᠠᠷ ᠬᠢᠵᠠᠭᠠᠷᠯᠠᠵᠤ ᠳᠡᠶᠢᠯᠬᠦ ᠦᠭᠡᠢ ᠪᠣᠯ ᠪᠦᠬᠦ ᠪᠡᠶ᠎ᠡ ᠶᠢᠨ ᠣᠯᠠᠨ ᠡᠷᠬᠡᠲᠡᠨ ᠤ ᠰᠢᠰᠲ᠋ᠧᠮ ᠳᠤ | ᠠᠯᠤᠰ ᠬᠡᠳᠦ ᠶᠢᠨ ᠨᠥᠯᠥᠭᠡ ᠦᠵᠡᠭᠦᠯᠳᠡᠭ᠂ ᠬᠡᠳᠦ᠋ᠢᠪᠡᠷ ᠢᠯᠡᠷᠬᠡᠶ ᠡᠪ ᠦᠭᠡᠢ ᠪᠠᠶᠢᠳᠠᠯ ᠮᠡᠳᠡᠭᠳᠡᠳᠡᠭ ᠦᠭᠡᠢ ᠪᠣᠯᠪᠠᠴᠤ᠂ ᠴᠢᠰᠤᠨ ᠰᠤᠳᠠᠯ᠂ ᠵᠢᠷᠦᠬᠡ᠂ ᠪᠥᠭᠡᠷ᠎ᠡ᠂ | ᠨᠢᠳᠦ᠂ ᠶᠡᠭᠡ ᠲᠠᠷᠢᠬᠢ ᠵᠡᠷᠭᠡ ᠡᠷᠬᠡᠲᠡᠨ ᠠᠭᠠᠵᠢᠮ ᠢᠶᠠᠷ ᠥᠨᠳᠥᠷ ᠳᠠᠷᠤᠯᠲᠠ ᠠᠴᠠ ᠪᠣᠯᠤᠭᠰᠠᠨ ᠭᠡᠮᠲᠦᠯ ᠳᠤ ᠤᠴᠠᠷᠠᠵᠦ᠂ ᠡᠴᠦᠰ ᠲᠡᠭᠡᠨ ᠬᠦᠨᠳᠦ ᠨᠣᠴᠢᠲᠠᠶ | ᠳᠠᠪᠬᠤᠴᠠᠭᠰᠠᠨ ᠡᠪᠡᠳᠴᠢᠨ ᠢ ᠡᠭᠦᠰᠭᠡᠵᠦ ᠮᠡᠳᠡᠨ᠎ᠡ᠃ | | ᠡᠪᠡᠳᠴᠢᠨ ᠤ ᠢᠯᠡᠷᠡᠯ ᠰᠢᠨᠵᠢ ᠦᠭᠡᠢ ᠴᠢᠰᠤᠨ ᠤ ᠥᠭᠡᠬᠦ ᠥᠨᠳᠥᠷᠵᠢᠬᠦ ᠡᠪᠡᠳᠴᠢᠨ | | ᠴᠢᠰᠤᠨ ᠥᠭᠡᠬᠦ ᠦᠨᠳᠦᠷᠵᠢᠬᠦ ᠶᠢ ᠤᠷᠲᠤ ᠬᠤᠭᠤᠴᠠᠭ᠎ᠠ ᠪᠠᠷ ᠬᠢᠵᠠᠭᠠᠷᠯᠠᠬᠤ ᠦᠭᠡᠢ ᠪᠣᠯ ᠯᠤᠭᠰᠢᠭᠤᠨ ᠰᠤᠳᠠᠯ ᠤᠨ ᠬᠠᠲᠠᠭᠤᠷᠠᠯ᠂ ᠵᠢᠷᠦᠬᠡᠨ ᠡᠪᠡᠳᠴᠢᠨ᠂ | ᠰᠠ ᠡᠪᠡᠳᠴᠢᠨ ᠵᠡᠷᠭᠡ ᠬᠦᠨᠳᠦ ᠡᠪᠡᠳᠴᠢᠨ ᠢ ᠡᠭᠦᠰᠭᠡᠵᠦ ᠮᠡᠳᠡᠨ᠎ᠡ᠃ ᠯᠤᠭᠰᠢᠭᠤᠨ ᠰᠤᠳᠠᠯ ᠤᠨ ᠥᠭᠡᠬᠦᠵᠢᠨ ᠬᠠᠲᠠᠭᠤᠷᠠᠬᠤ ᠨᠢ ︽ᠰᠥᠰᠥᠨ ᠤ ᠭᠤᠨᠠᠨ ᠠᠯᠺᠣᠣᠯ︾ | ︵LDL - C︶ ᠯᠤᠭᠰᠢᠭᠤᠨ ᠰᠤᠳᠠᠯ ᠤᠨ ᠬᠠᠨ᠎ᠠ ᠳᠡᠭᠡᠷ᠎ᠡ ᠨᠠᠭᠠᠯᠳᠤᠨ ᠲᠣᠯᠪᠤ ᠪᠤᠯᠤᠨ ᠲᠤᠬᠳᠠᠵᠦ ᠴᠢᠰᠤᠨ ᠰᠤᠳᠠᠯ ᠢ ᠨᠠᠷᠢᠰᠬᠠᠬᠤ ᠪᠠ ᠬᠠᠲᠠᠭᠤᠷᠠᠭᠤᠯᠵᠤ᠂ | ᠬᠦᠨᠳᠦ ᠦᠶ᠎ᠡ ᠳᠤ ᠴᠢᠰᠤᠨ ᠰᠤᠳᠠᠯ ᠪᠦᠷᠢᠮᠦᠰᠦᠨ ᠪᠥᠭᠯᠡᠷᠡᠵᠦ᠂ ᠵᠢᠷᠦᠬᠡᠨ ᠪᠤᠯᠴᠢᠩ ᠪᠢᠲᠡᠭᠦᠷᠡᠨ ᠦᠬᠦᠵᠢᠬᠦ ᠪᠤᠶᠤ ᠲᠠᠷᠢᠬᠢᠨ ᠰᠠ ᠪᠣᠯᠳᠠᠭ᠃ | | ᠡᠪᠡᠳᠴᠢᠨ ᠤ ᠢᠯᠡᠷᠡᠯ ᠰᠢᠨᠵᠢ ᠦᠭᠡᠢ ᠥᠨᠳᠥᠷ ᠰᠢᠭᠡᠰᠦᠨ ᠬᠦᠴᠢᠯ | | ᠰᠢᠭᠡᠰᠦᠨ ᠬᠦᠴᠢᠯ ᠤᠨ ᠳᠠᠪᠤᠰᠤᠨ ᠤ ᠲᠠᠯᠠᠰᠲᠤ ᠨᠢ ᠪᠥᠭᠡᠷᠡᠨ ᠳᠤ ᠰᠡᠮᠡᠭᠡᠷ ᠲᠤᠨᠤᠵᠤ᠂ ᠲᠤᠯᠠᠢ ᠡᠪᠡᠳᠴᠢᠨ ᠤ ᠴᠢᠨᠠᠷᠲᠠᠢ ᠪᠥᠭᠡᠷᠡᠨ ᠡᠪᠡᠳᠴᠢᠨ᠂ ᠪᠥᠭᠡᠷᠡᠨ ᠤ | ᠴᠢᠯᠠᠭᠤᠵᠢᠯ ᠢ ᠡᠭᠦᠰᠭᠡᠵᠦ᠂ ᠴᠢᠨᠠᠭᠰᠢᠯᠠᠪᠠᠯ ᠪᠥᠭᠡᠷᠡᠨ ᠤ ᠠᠵᠢᠯᠯᠠᠭ᠎ᠠ ᠶᠢ ᠮᠠᠭᠤᠳᠠᠭᠤᠯᠳᠠᠭ᠃ ᠡᠪᠡᠳᠴᠢᠨ ᠤ ᠢᠯᠡᠷᠡᠯ ᠰᠢᠨᠵᠢ ᠪᠠᠶᠢᠬᠰᠠᠨ ᠪᠠ ᠪᠠᠶᠢᠬᠰᠠᠨ ᠦᠭᠡᠢ ᠴᠤ | ᠴᠢᠰᠦᠨ ᠤ ᠰᠢᠭᠡᠰᠦᠨ ᠬᠦᠴᠢᠯ ᠲᠣᠭᠲᠠᠭᠰᠠᠨ ᠬᠡᠮᠵᠢᠶ᠎ᠡ ᠠᠴᠠ ᠬᠡᠲᠦᠷᠡᠪᠡᠯ ᠳᠠᠷᠤᠢ ᠬᠥᠮᠦᠨ ᠤ ᠪᠡᠶ᠎ᠡ ᠳᠤ ᠬᠤᠣᠷ ᠬᠥᠨᠥᠭᠡᠯ ᠤᠴᠠᠷᠠᠭᠤᠯᠳᠠᠭ ᠪᠠᠶᠢᠨ᠎ᠠ᠃ | | ᠡᠪᠡᠳᠴᠢᠨ ᠤ ᠢᠯᠡᠷᠡᠯ ᠰᠢᠨᠵᠢ ᠦᠭᠡᠢ ᠵᠢᠷᠦᠬᠡᠨ ᠡᠪᠡᠳᠴᠢᠨ | | ᠡᠪᠡᠳᠴᠢᠨ ᠤ ᠢᠯᠡᠷᠡᠯ ᠰᠢᠨᠵᠢ ᠦᠭᠡᠢ ᠵᠢᠷᠦᠬᠡᠨ ᠡᠪᠡᠳᠴᠢᠨ ᠨᠢ ᠪᠠᠰᠠ ᠡᠪᠡᠳᠴᠢᠲᠡᠨ ᠤ ᠲᠠᠷᠢᠬᠢ ᠪᠥᠭᠯᠡᠷᠡᠨ ᠦᠬᠦᠵᠢᠬᠦ᠂ ᠪᠥᠭᠡᠷ᠎ᠡ ᠮᠠᠭᠤᠳᠠᠬᠤ ᠵᠡᠷᠭᠡ | ᠳᠠᠪᠬᠤᠴᠠᠭᠰᠠᠨ ᠡᠪᠡᠳᠴᠢᠨ ᠤ ᠲᠦᠭᠰᠢᠭᠦᠷᠢ ᠶᠢ ᠨᠡᠮᠡᠭᠳᠡᠭᠦᠯᠳᠡᠭ᠃ ᠢᠯᠡᠷᠡᠯ ᠰᠢᠨᠵᠢ ᠦᠭᠡᠢ ᠵᠢᠷᠦᠬᠡᠨ ᠡᠪᠡᠳᠴᠢᠨ ᠤ ᠬᠠᠮᠤᠭ ᠣᠯᠠᠨ ᠲᠣᠬᠢᠶᠠᠯᠳᠤᠳᠠᠭ ᠰᠢᠨᠵᠢ | ᠲᠡᠮᠳᠡᠭ ᠪᠤᠯ ᠬᠡᠪᠡᠯᠢ ᠶᠢᠨ ᠳᠡᠭᠡᠳᠦ ᠬᠡᠰᠡᠭ ᠢᠶᠠᠷ ᠡᠪ ᠦᠭᠡᠢ ᠪᠣᠯᠬᠤ ︵ᠴᠢᠨᠠᠭᠰᠢᠯᠠᠪᠠᠯ ᠬᠤᠳᠣᠭᠤᠳᠣ ᠡᠪᠡᠳᠬᠦ ᠢᠯᠡᠷᠡᠯ ᠰᠢᠨᠵᠢ︶᠂ ᠳᠤᠷ᠎ᠠ ᠪᠤᠯᠭᠢᠬᠤ᠂ ᠪᠥᠭᠡᠯᠵᠢᠬᠦ᠂ | ᠭᠡᠳᠡᠰᠦ ᠬᠥᠭᠡᠭᠡᠬᠦ ᠢᠯᠡᠷᠡᠯ ᠪᠠᠶᠢᠳᠠᠯ ᠳᠠᠭᠠᠯᠳᠤᠵᠤ᠂ ᠥᠳᠬᠡᠨ ᠮᠥᠷ ᠢᠶᠠᠨ ᠭᠠᠳᠠᠬᠰᠢᠭᠤᠯᠬᠤ ᠲᠥᠷᠥᠭᠳᠡᠯ ᠲᠠᠢ ᠪᠤᠯᠳᠠᠭ︔ ᠪᠠᠰᠠ ᠬᠦᠵᠦᠭᠦᠨ ᠬᠡᠰᠡᠭ ᠪᠠ ᠮᠥᠷᠥ | ᠡᠪᠡᠳᠬᠦ᠂ ᠳᠣᠣᠷᠠᠳᠤ ᠡᠷᠡᠦ ᠡᠪᠡᠳᠬᠦ᠂ ᠰᠢᠳᠦ ᠡᠪᠡᠳᠬᠦ᠂ ᠵᠠᠯᠭᠢᠭᠤᠷ ᠡᠪᠡᠳᠬᠦ᠂ ᠡᠰᠡᠬᠦᠯ᠎ᠡ ᠵᠠᠯᠭᠢᠭᠤᠷ ᠤᠨ ᠬᠡᠰᠡᠭ ᠪᠥᠭᠯᠡᠷᠡᠬᠦ ᠵᠡᠷᠭᠡ ᠢᠯᠡᠷᠡᠯ ᠰᠢᠨᠵᠢ ᠭᠠᠷᠳᠠᠭ᠃ | | ᠡᠪᠡᠳᠴᠢᠨ ᠤ ᠢᠯᠡᠷᠡᠯ ᠰᠢᠨᠵᠢ ᠦᠭᠡᠢ ᠡᠯᠢᠭᠡ ᠥᠭᠡᠬᠦᠯᠡᠬᠦ ᠡᠪᠡᠳᠴᠢᠨ | | ᠡᠮᠴᠢᠯᠡᠭᠡᠨ ᠳᠡᠭᠡᠷ᠎ᠡ ᠮᠠᠰᠢ ᠣᠯᠠᠨ ᠡᠯᠢᠭᠡ ᠥᠭᠡᠬᠦᠯᠡᠬᠦ ᠡᠪᠡᠳᠴᠢᠲᠡᠨ ᠤ ᠡᠪᠡᠳᠴᠢᠨ ᠨᠢ ᠡᠬᠢᠨ ᠤ ᠬᠤᠭᠤᠴᠠᠭ᠎ᠠ ᠪᠤᠶᠤ ᠳᠤᠮᠳᠠ ᠬᠤᠭᠤᠴᠠᠭᠠᠨ ᠳᠤ ᠶᠠᠮᠠᠷ ᠴᠤ | ᠢᠯᠡᠷᠡᠯ ᠰᠢᠨᠵᠢ ᠭᠠᠷᠬᠤ ᠦᠭᠡᠢ ᠪᠠᠶᠢᠵᠤ᠂ ᠴᠢᠨᠠᠭᠰᠢᠯᠠᠪᠠᠯ ᠴᠥᠭᠡᠨ ᠲᠣᠭᠠᠨ ᠤ ᠡᠯᠢᠭᠡ ᠥᠭᠡᠬᠦᠯᠡᠬᠦ ᠡᠪᠡᠳᠴᠢᠲᠡᠨ ᠨᠢ ᠥᠭᠡᠬᠦᠯᠡᠬᠦ ᠴᠢᠨᠠᠷᠲᠠᠢ ᠡᠯᠢᠭᠡᠨ ᠦᠷᠪᠢᠰᠦᠯ | ᠪᠤᠯᠵᠤ ᠬᠦᠭᠵᠢᠭᠰᠡᠨ᠂ ᠲᠡᠷᠡᠴᠢᠯᠡᠨ ᠡᠬᠢᠨ ᠤ ᠬᠤᠭᠤᠴᠠᠭᠠᠨ ᠤ ᠡᠯᠢᠭᠡᠨ ᠬᠠᠲᠠᠭᠤᠷᠠᠯ ᠲᠠᠢ ᠪᠤᠯᠤᠬᠰᠠᠨ ᠴᠤ ᠮᠥᠨ ᠯᠡ ᠡᠮᠴᠢᠯᠡᠭᠡᠨ ᠤ ᠢᠯᠡᠷᠡᠯ ᠰᠢᠨᠵᠢ ᠦᠭᠡᠢ | ᠪᠠᠶᠢᠳᠠᠭ᠂ ᠡᠨᠡ ᠨᠢ ᠡᠯᠢᠭᠡ ᠡᠪᠡᠳᠬᠦ ᠰᠡᠷᠡᠯ ᠳᠤᠲᠠᠮᠠᠭ ᠠᠴᠠ ᠪᠣᠯᠤᠭᠰᠠᠨ ᠶᠤᠮ᠂ ᠭᠡᠪᠡᠴᠦ ᠦᠨᠡᠨ ᠳᠡᠭᠡᠨ ᠡᠯᠢᠭᠡ ᠨᠢᠭᠡᠨᠲᠡ ᠭᠡᠮᠲᠦᠭᠰᠡᠨ ᠪᠠᠶᠢᠨ᠎ᠠ᠃ | | ᠡᠪᠡᠳᠴᠢᠨ ᠤ ᠢᠯᠡᠷᠡᠯ ᠰᠢᠨᠵᠢ ᠦᠭᠡᠢ ᠴᠢᠰᠤᠨ ᠰᠢᠬᠢᠷ ᠳᠣᠣᠷ᠎ᠠ ᠡᠪᠡᠳᠴᠢᠨ | | ︽ᠡᠪᠡᠳᠴᠢᠨ ᠤ ᠢᠯᠡᠷᠡᠯ ᠰᠢᠨᠵᠢ ᠦᠭᠡᠢ ᠴᠢᠰᠤᠨ ᠰᠢᠬᠢᠷ ᠳᠣᠣᠷ᠎ᠠ ᠡᠪᠡᠳᠴᠢᠨ︾ ᠨᠢ ᠡᠪᠡᠳᠴᠢᠲᠡᠨ ᠤ ᠪᠡᠶ᠎ᠡ ᠮᠠᠬᠠᠪᠣᠳ ᠲᠤ ᠨᠡᠩ ᠶᠡᠭᠡ ᠬᠤᠣᠷ ᠬᠥᠨᠥᠭᠡᠯ | ᠤᠴᠠᠷᠠᠭᠤᠯᠳᠠᠭ᠂ ᠴᠢᠰᠤᠨ ᠰᠢᠬᠢᠷ ᠤᠷᠲᠤ ᠬᠤᠭᠤᠴᠠᠭ᠎ᠠ ᠪᠠᠷ ᠳᠣᠣᠷ᠎ᠠ ᠪᠠᠶᠢᠬᠤ ᠠᠴᠠ ᠬᠦᠮᠦᠰ ᠲᠤ ᠬᠦᠨᠳᠦ ᠨᠣᠴᠢᠲᠠᠢ ᠲᠠᠷᠢᠬᠢᠨ ᠤ ᠭᠡᠮᠲᠦᠯ ᠢ ᠪᠣᠢ ᠪᠣᠯᠭᠠᠳᠠᠭ᠂ | ᠡᠪᠡᠳᠴᠢᠨ ᠬᠦᠨᠳᠦᠷᠡᠬᠦ ᠦᠶ᠎ᠡ ᠳᠤ ᠤᠷᠭᠤᠮᠠᠯ ᠬᠥᠮᠦᠨ ᠪᠤᠯᠭᠠᠵᠤ᠂ ᠠᠮᠢ ᠨᠠᠰᠦ ᠶᠢ ᠨᠢ ᠠᠯᠳᠠᠭᠤᠯᠳᠠᠭ᠂ ᠡᠨᠡ ᠡᠪᠡᠳᠴᠢᠨ ᠢ ᠰᠢᠬᠢᠷ ᠰᠢᠵᠢᠩ ᠡᠪᠡᠳᠴᠢᠲᠡᠨ ᠤ ︽ | ᠳᠠᠯᠳᠠ ᠶᠠᠷᠭᠠᠴᠢᠨ︾ ᠭᠡᠳᠡᠭ᠃ | | ᠡᠪᠡᠳᠴᠢᠨ ᠤ ᠢᠯᠡᠷᠡᠯ ᠰᠢᠨᠵᠢ ᠦᠭᠡᠢ ᠰᠥᠰᠥᠨ ᠤᠭᠤᠲᠠᠨ ᠤ ᠴᠢᠯᠠᠭᠤᠰᠢᠷᠠᠯ ᠡᠪᠡᠳᠴᠢᠨ | | ᠡᠪᠡᠳᠴᠢᠨ ᠤ ᠢᠯᠡᠷᠡᠯ ᠰᠢᠨᠵᠢ ᠦᠭᠡᠢ ᠰᠥᠰᠥᠨ ᠤᠭᠤᠲᠠᠨ ᠤ ᠴᠢᠯᠠᠭᠤᠰᠢᠷᠠᠯ ᠨᠢ ᠶᠠᠭ ᠬᠥᠮᠦᠨ ᠤ ᠪᠡᠶ᠎ᠡ ᠳᠤ ᠨᠢᠭᠤᠭᠳᠠᠵᠤ ᠪᠠᠶᠢᠭ᠎ᠠ ︽ᠴᠠᠭ ᠲᠠᠢ ᠳᠡᠯᠪᠡᠷᠡᠬᠦ | ᠪᠥᠮᠪᠦᠭᠡ︾ ᠰᠢᠭ ᠪᠠᠶᠢᠳᠠᠭ᠃ ᠲᠡᠷᠡ ᠨᠢ ᠬᠤᠣᠷ ᠬᠥᠨᠥᠭᠡᠯ ᠢᠶᠠᠷ ᠬᠠᠮᠤᠭ ᠶᠡᠭᠡ ᠪᠠᠶᠢᠳᠠᠭ᠂ ᠤᠴᠢᠷ ᠨᠢ ᠡᠪᠡᠳᠬᠦ᠂ ᠳᠤᠷ᠎ᠠ ᠪᠤᠯᠭᠢᠬᠤ᠂ ᠪᠥᠭᠡᠯᠵᠢᠬᠦ ᠵᠡᠷᠭᠡ ᠰᠢᠨᠵᠢ | ᠲᠡᠮᠳᠡᠭ ᠦᠭᠡᠢ ᠰᠥᠰᠥᠨ ᠤᠭᠤᠲᠠ ᠶᠢᠨ ᠴᠢᠯᠠᠭᠤᠰᠢᠷᠠᠯ ᠨᠢ ᠠᠯᠭᠤᠷ ᠠᠭᠠᠵᠢᠮ ᠢᠶᠠᠷ ᠰᠥᠰᠥᠨ ᠤᠭᠤᠲᠠ ᠶᠢᠨ ᠥᠮᠡᠨ ᠪᠤᠯᠤᠨ ᠬᠦᠭᠵᠢᠵᠦ᠂ ᠡᠭᠡᠭᠦᠯᠵᠦ ᠪᠣᠯᠤᠰᠢ | ᠦᠭᠡᠢ ᠦᠷ᠎ᠡ ᠤᠷᠰᠢᠭ ᠢ ᠠᠪᠴᠢᠷᠠᠵᠦ ᠮᠡᠳᠡᠨ᠎ᠡ᠃ |