ᠬᠤᠭᠤᠯᠠᠨ ᠠᠴᠠ ᠡᠮᠦᠨ᠎ᠡ ᠡᠭᠦᠨ ᠢ ᠢᠳᠡᠪᠡᠯ ᠴᠢᠰᠤᠨ ᠰᠢᠬᠢᠷ ᠢ ᠴᠢᠨᠢ ᠬᠢᠵᠠᠭᠠᠷᠯᠠᠵᠤ ᠲᠠᠶᠢᠯᠤᠨ᠎ᠠ︕
ᠨᠡᠶᠢᠲᠡᠯᠡᠭᠰᠡᠨ ᠴᠠᠭ᠄
2024/11/27
     ᠬᠤᠭᠤᠯᠠᠨ ᠠᠴᠠ ᠬᠠᠭᠠᠰ ᠴᠠᠭ ᠤᠨ ᠡᠮᠦᠨ᠎ᠡ GI ᠪᠠᠭᠠᠳᠠᠢ ᠵᠢᠮᠢᠰ ᠢᠳᠡᠪᠡᠯ ᠴᠢᠰᠤᠨ ᠰᠢᠬᠢᠷ ᠢ ᠪᠠᠭᠤᠷᠠᠭᠤᠯᠵᠤ ᠮᠡᠳᠡᠨ᠎ᠡ᠃ ᠦᠨᠡᠨ ᠳᠡᠭᠡᠨ ᠴᠢᠰᠤᠨ ᠰᠢᠬᠢᠷ ᠢ ᠵᠢᠮᠢᠰ ᠢᠳᠡᠬᠦ ᠦᠭᠡᠢ ᠪᠠᠷ ᠪᠠᠭᠤᠷᠠᠭᠤᠯᠵᠤ ᠪᠤᠯᠤᠨ᠎ᠠ᠂ ᠭᠡᠪᠡᠴᠦ ᠲᠣᠬᠢᠷᠠᠮᠵᠢᠲᠠᠶ ᠵᠢᠮᠢᠰ ᠢ ᠰᠣᠩᠭᠤᠵᠤ᠂ ᠴᠠᠭ ᠪᠠ ᠬᠡᠮᠵᠢᠶ᠎ᠡ ᠶᠢ ᠨᠢ ᠲᠠᠭᠠᠷᠠᠭᠤᠯᠤᠨ ᠢᠳᠡᠪᠡᠯ᠂ ᠴᠢᠰᠤᠨ ᠰᠢᠬᠢᠷ ᠲᠣᠭᠲᠠᠭᠤᠨ ᠢᠶᠠᠷ ᠲᠡᠭᠡᠭᠰᠢᠯᠡᠬᠦ ᠮᠥᠷᠲᠡᠭᠡᠨ ᠬᠡᠲᠦᠷᠬᠡᠶ ᠥᠨᠳᠥᠷ ᠪᠤᠯᠬᠤ ᠥᠬᠡᠶ ᠪᠠᠶᠢᠳᠠᠭ᠂ ᠢᠡᠭᠭᠢᠵᠦ ᠴᠠᠭ ᠪᠠ ᠬᠡᠮᠵᠢᠶ᠎ᠡ ᠶᠢ ᠨᠢ ᠲᠠᠭᠠᠷᠠᠭᠤᠯᠤᠨ ᠵᠢᠮᠢᠰ ᠢᠳᠡᠪᠡᠯ ᠴᠢᠰᠤᠨ ᠰᠢᠬᠢᠷ ᠢ ᠲᠣᠭᠲᠠᠪᠤᠷᠢᠵᠢᠭᠤᠯᠬᠤ ᠳᠤ ᠠᠰᠢᠭᠲᠠᠶ᠃     ᠬᠤᠭᠤᠯᠠ ᠢᠳᠡᠬᠦ ᠦᠶ᠎ᠡ ᠳᠡᠭᠡᠨ᠂ ᠵᠣᠬᠢᠬᠤ ᠬᠡᠮᠵᠢᠶ᠎ᠡ ᠪᠠᠷ ᠼᠤᠤ ᠢᠳᠡᠵᠦ ᠪᠣᠯᠤᠨ᠎ᠠ᠃ ᠼᠤᠤ ᠨᠢ ᠴᠢᠰᠤᠨ ᠤ ᠥᠭᠡᠬᠦ᠂ ᠴᠢᠰᠤᠨ ᠰᠢᠬᠢᠷ ᠪᠠ ᠪᠡᠶ᠎ᠡ ᠶᠢᠨ ᠬᠦᠨᠳᠦ ᠶᠢ ᠬᠢᠵᠠᠭᠠᠷᠯᠠᠬᠤ ᠳᠤ ᠢᠳᠡᠪᠬᠢᠲᠡᠶ ᠦᠶᠢᠯᠡᠳᠦᠯ ᠲᠠᠢ ᠭᠡᠳᠡᠭ ᠢ ᠰᠤᠳᠤᠯᠭᠠᠨ ᠢᠶᠠᠷ ᠢᠯᠡᠷᠡᠭᠦᠯᠵᠡᠶ᠃     ᠬᠤᠭᠤᠯᠠ ᠢᠳᠡᠬᠦ ᠳᠡᠭᠡᠨ ᠪᠠᠭ᠎ᠠ ᠰᠠᠭ᠎ᠠ ᠼᠤᠤ ᠢᠳᠡᠪᠡᠯ᠂ ᠴᠢᠰᠤᠨ ᠰᠢᠬᠢᠷ ᠨᠢ ᠼᠤᠤ ᠶᠢᠨ ᠬᠦᠴᠢᠯ ᠲᠠᠢ ᠵᠤᠬᠢᠴᠠᠯᠳᠤᠵᠤ ᠪᠠᠶᠢᠳᠠᠭ᠂ ᠡᠨᠡ ᠨᠢ ᠴᠢᠰᠤᠨ ᠰᠢᠬᠢᠷ ᠢ ᠪᠠᠭᠤᠷᠠᠭᠤᠯᠬᠤ ᠵᠠᠩᠭᠢᠯᠠᠭ᠎ᠠ ᠶᠢᠨ ᠪᠦᠷᠢᠯᠳᠦᠬᠦᠨ ᠪᠣᠯᠤᠨ᠎ᠠ᠃ ᠰᠤᠳᠤᠯᠭᠠᠨ ᠠᠴᠠ ᠦᠵᠡᠪᠡᠯ᠂ ᠼᠤᠤ ᠶᠢᠨ ᠬᠦᠴᠢᠯ ᠨᠢ ᠬᠤᠤᠰ ᠰᠢᠬᠢᠷ ᠤᠨ ᠢᠰᠬᠡᠭᠦᠷ ᠤᠨ ᠠᠮᠢᠵᠢᠷᠠᠯ ᠤᠨ ᠬᠦᠴᠦᠨ ᠢ ᠪᠠᠭᠤᠷᠠᠭᠤᠯᠬᠤ ᠶᠢᠨ ᠤᠯᠠᠮ ᠠᠴᠠ ᠭᠤᠤᠯ ᠢᠳᠡᠭᠡᠨ ᠤ ᠳᠣᠲᠣᠷᠠᠬᠢ ᠴᠠᠷᠳᠠᠭᠤᠯ ᠤᠨ ᠤᠰᠤᠵᠢᠨ ᠵᠠᠳᠠᠷᠠᠵᠤ ᠦᠵᠦᠮ ᠤᠨ ᠰᠢᠬᠢᠷ ᠡᠭᠦᠰᠬᠦ ᠬᠤᠷᠳᠤᠴᠠ ᠶᠢ ᠤᠳᠠᠭᠠᠰᠢᠷᠠᠭᠤᠯᠳᠠᠭ᠃ ᠡᠨᠡ ᠨᠢ ᠪᠢᠳᠡ ᠴᠠᠭᠠᠨ ᠪᠤᠳᠠᠭ᠎ᠠ᠂ ᠮᠢᠨᠲᠤᠤᠷ ᠵᠡᠷᠭᠡ ᠨᠠᠷᠢᠯᠢᠭ ᠨᠡᠭᠦᠷᠡᠰᠦ ᠤᠰᠤᠨ ᠤ ᠨᠢᠭᠡᠳᠪᠦᠷᠢ ᠶᠢ ᠢᠳᠡᠬᠦ ᠦᠶ᠎ᠡ ᠳᠤ᠂ ᠵᠣᠬᠢᠬᠤ ᠬᠡᠮᠵᠢᠶᠡᠨ ᠤ ᠼᠤᠤ ᠬᠢᠵᠦ ᠢᠳᠡᠪᠡᠯ ᠰᠢᠩᠭᠡᠭᠡᠬᠦ ᠶᠠᠪᠤᠴᠠ ᠳᠤ ᠦᠵᠦᠮ ᠤᠨ ᠰᠢᠬᠢᠷ ᠢ ᠠᠭᠠᠵᠢᠮ ᠢᠶᠠᠷ ᠪᠠᠭᠤᠷᠠᠭᠤᠯᠵᠤ᠂ ᠴᠢᠰᠤᠨ ᠰᠢᠬᠢᠷ ᠤᠨ ᠬᠡᠯᠪᠡᠯᠵᠡᠯ ᠢ ᠲᠣᠭᠲᠠᠪᠤᠷᠢᠵᠢᠭᠤᠯᠳᠠᠭ ᠢ ᠬᠠᠷᠠᠭᠤᠯᠵᠤ ᠪᠠᠶᠢᠨ᠎ᠠ᠃
ᠢᠷᠡᠯᠲᠡ᠄ ᠠᠷᠠᠳ ᠤᠨ ᠰᠦᠯᠵᠢᠶ᠎ᠡ