ᠤᠯᠤᠰ ᠤᠨ ᠭᠠᠶᠢᠯᠢ ᠶᠢᠨ ᠶᠠᠪᠤᠳᠠᠯ ᠤᠨ ᠶᠡᠷᠦᠩᠬᠡᠢ ᠲᠣᠪᠴᠢᠶ᠎ᠠ 24 ᠤ ᠡᠳᠦᠷ ᠠᠯᠪᠠᠨ ᠵᠠᠷ ᠨᠡᠶᠢᠲᠡᠯᠡᠵᠦ ᠬᠡᠯᠡᠬᠦ ᠳᠡᠭᠡᠨ᠂ 2024 ᠣᠨ ᠤ 12 ᠰᠠᠷ᠎ᠠ ᠶᠢᠨ | 1 ᠤ ᠡᠳᠦᠷ ᠠᠴᠠ ᠡᠬᠢᠯᠡᠨ᠂ ᠪᠥᠬᠦ ᠤᠯᠤᠰ ᠲᠤ ᠲᠣᠭᠠᠴᠢᠯᠠᠭᠰᠠᠨ ᠡᠯᠧᠺᠲᠷᠣᠨ ᠪᠠᠷᠢᠮᠲᠠ ᠶᠢ ᠵᠢᠩᠬᠢᠨᠢ ᠪᠠᠷ ᠳᠡᠯᠭᠡᠷᠡᠭᠦᠯᠦᠨ ᠬᠡᠷᠡᠭᠯᠡᠨ᠎ᠡ ᠭᠡᠵᠡᠢ᠃ | ᠲᠣᠭᠠᠴᠢᠯᠠᠭᠰᠠᠨ ᠡᠯᠧᠺᠲᠷᠣᠨ ᠪᠠᠷᠢᠮᠲᠠ ᠪᠣᠯ ᠪᠠᠷᠢᠮᠲᠠ ᠶᠢᠨ ᠨᠢᠭᠤᠷ ᠤᠨ ᠡᠯᠧᠮᠧᠨ᠋ᠲ ᠢ ᠪᠥᠬᠦ ᠲᠠᠯ᠎ᠠ ᠪᠠᠷ ᠲᠣᠭᠠᠴᠢᠯᠠᠬᠤ᠂ ᠨᠣᠮᠧᠷ ᠢ ᠪᠥᠬᠦ ᠤᠯᠤᠰ ᠲᠤ | ᠨᠢᠭᠡᠳᠦᠯᠲᠡᠢ ᠣᠯᠭᠤᠬᠤ᠂ ᠪᠠᠷᠢᠮᠲᠠ ᠬᠢᠵᠦ ᠥᠭᠬᠦ ᠲᠤᠭ᠎ᠠ ᠬᠡᠮᠵᠢᠶ᠎ᠡ ᠶᠢ ᠣᠶᠤᠨᠴᠢ ᠪᠠᠷ ᠣᠯᠭᠤᠬᠤ᠂ ᠮᠡᠳᠡᠭᠡ ᠵᠠᠩᠭᠢ ᠶᠢ ᠭᠠᠶᠢᠯᠢ ᠶᠢᠨ ᠶᠠᠪᠤᠳᠠᠯ ᠤᠨ ᠲᠣᠭᠠᠨ ᠤ | ᠲᠠᠩᠰᠠᠨ ᠡᠷᠦᠬᠡ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ ᠲᠠᠲᠠᠪᠤᠷᠢᠯᠠᠬᠤ ᠪᠠ ᠲᠤᠰᠢᠶᠠᠬᠤ ᠪᠡᠶᠡᠴᠢ ᠴᠣᠭᠴᠠ ᠶᠢᠨ ᠬᠤᠭᠤᠷᠣᠨᠳᠤ ᠠᠶᠠᠨᠳᠠᠭᠠᠨ ᠡᠷᠭᠢᠯᠲᠡ ᠳᠤ | ᠣᠷᠣᠭᠤᠯᠬᠤ ᠰᠢᠨ᠎ᠡ ᠬᠡᠯᠪᠡᠷᠢ ᠶᠢᠨ ᠪᠠᠷᠢᠮᠲᠠ ᠪᠣᠯᠣᠨ᠎ᠠ᠃ ᠲᠣᠭᠠᠴᠢᠯᠠᠭᠰᠠᠨ ᠡᠯᠧᠺᠲᠷᠣᠨ ᠪᠠᠷᠢᠮᠲᠠ ᠨᠢ ᠴᠠᠭᠠᠰᠤᠨ ᠪᠠᠷᠢᠮᠲᠠ ᠲᠠᠢ ᠠᠳᠠᠯᠢᠬᠠᠨ ᠬᠠᠤᠯᠢ ᠶᠢᠨ | ᠬᠦᠴᠦᠨ ᠲᠠᠢ᠃ | ᠲᠣᠭᠠᠴᠢᠯᠠᠭᠰᠠᠨ ᠡᠯᠧᠺᠲᠷᠣᠨ ᠪᠠᠷᠢᠮᠲᠠ ᠨᠢ ᠳᠠᠩ ᠭᠠᠭᠴᠠ ᠬᠤᠯᠪᠣᠭᠠᠰᠤ ᠤᠳᠠᠭ᠎ᠠ ᠲᠠᠢ᠂ ᠳᠤᠭᠠᠴᠠᠯᠠᠭᠰᠠᠨ ᠬᠡᠯᠪᠡᠷᠢ ᠪᠠᠷ ᠣᠷᠣᠰᠢᠳᠠᠭ᠂ ᠡᠭᠦᠨ ᠳᠤ | ᠡᠯᠧᠺᠲᠷᠣᠨ ᠪᠠᠷᠢᠮᠲᠠ ︵ ᠦᠷᠳᠡᠭ ᠨᠡᠮᠡᠭᠳᠡᠯ ᠤᠨ ᠭᠠᠶᠢᠯᠢ ᠶᠢᠨ ᠲᠤᠰᠬᠠᠢ ᠪᠠᠷᠢᠮᠲᠠ ︶ ᠂ ᠡᠯᠧᠺᠲᠷᠣᠨ ᠪᠠᠷᠢᠮᠲᠠ ︵ ᠡᠩ ᠤᠨ ᠪᠠᠷᠢᠮᠲᠠ ︶ ᠂ ᠡᠯᠧᠺᠲᠷᠣᠨ ᠪᠠᠷᠢᠮᠲᠠ ︵ | ᠠᠭᠠᠷ ᠤᠨ ᠲᠡᠭᠡᠭᠡᠪᠦᠷᠢ ᠶᠢᠨ ᠠᠶᠠᠨᠴᠢᠨ ᠤ ᠡᠯᠧᠺᠲᠷᠣᠨ ᠪᠢᠯᠧᠲ ᠤᠨ ᠠᠶᠠᠯᠠᠯ ᠤᠨ ᠬᠠᠭᠤᠳᠠᠰᠤ ︶ ᠂ ᠡᠯᠧᠺᠲᠷᠣᠨ ᠪᠠᠷᠢᠮᠲᠠ ︵ ᠲᠡᠮᠦᠷ ᠵᠠᠮ ᠤᠨ ᠠᠶᠠᠨᠴᠢᠨ ᠤ | ᠡᠯᠧᠺᠲᠷᠣᠨ ᠪᠢᠯᠧᠲ ︶ ᠂ ᠡᠯᠧᠺᠲᠷᠣᠨ ᠪᠠᠷᠢᠮᠲᠠ ︵ ᠮᠠᠰᠢᠨᠲᠤ ᠲᠡᠷᠭᠡᠨ ᠤ ᠪᠣᠷᠤᠯᠠᠭᠤᠯᠭ᠎ᠠ ᠶᠢᠨ ᠨᠢᠭᠡᠳᠦᠯᠲᠡᠢ ᠪᠠᠷᠢᠮᠲᠠ ︶ ᠂ ᠡᠯᠧᠺᠲᠷᠣᠨ ᠪᠠᠷᠢᠮᠲᠠ ︵ ᠭᠠᠷ | ᠳᠠᠮᠵᠢᠭᠰᠠᠨ ᠲᠡᠷᠭᠡᠨ ᠤ ᠪᠣᠷᠤᠯᠠᠭᠤᠯᠭ᠎ᠠ ᠶᠢᠨ ᠨᠢᠭᠡᠳᠦᠯᠲᠡᠢ ᠪᠠᠷᠢᠮᠲᠠ ︶ ᠵᠡᠷᠭᠡ ᠪᠠᠭᠲᠠᠨ᠎ᠠ ᠃ ᠲᠣᠭᠠᠴᠢᠯᠠᠭᠰᠠᠨ ᠡᠯᠧᠺᠲᠷᠣᠨ ᠪᠠᠷᠢᠮᠲᠠ ᠶᠢ ᠲᠤᠰᠬᠠᠢ ᠲᠣᠭᠲᠠᠭᠠᠭᠰᠠᠨ | ᠲᠤᠬᠠᠶᠢᠯᠠᠭᠰᠠᠨ ᠠᠵᠢᠯ ᠤᠨ ᠱᠣᠰᠢᠭ᠎ᠠ ᠶᠢ ᠦᠨᠳᠦᠰᠦᠯᠡᠨ ᠪᠠᠷᠢᠯᠭ᠎ᠠ ᠶᠢᠨ ᠦᠢᠯᠡᠴᠢᠯᠡᠭᠡ ᠂ ᠪᠣᠯᠪᠠᠰᠤᠷᠠᠭᠤᠯᠤᠭᠰᠠᠨ ᠲᠣᠰᠣ ᠂ ᠬᠡᠷᠡᠭᠯᠡᠭᠡᠨ ᠠᠴᠠ ᠭᠠᠷᠭᠠᠭᠰᠠᠨ | ᠦᠢᠯᠡᠳᠬᠦᠨ ᠢ ᠬᠤᠳᠠᠯᠳᠤᠨ ᠠᠪᠬᠤ ᠵᠡᠷᠭᠡ ᠲᠤᠰᠬᠠᠢ ᠲᠣᠭᠲᠠᠭᠠᠭᠰᠠᠨ ᠲᠤᠬᠠᠶᠢᠯᠠᠭᠰᠠᠨ ᠠᠵᠢᠯ ᠤᠨ ᠪᠠᠷᠢᠮᠲᠠ ᠶᠢ ᠵᠣᠬᠢᠶᠠᠵᠤ ᠪᠣᠯᠣᠨ᠎ᠠ ᠃ | ᠠᠯᠪᠠᠨ ᠵᠠᠷ ᠢ ᠦᠨᠳᠦᠰᠦᠯᠡᠪᠡᠯ᠂ ᠭᠠᠶᠢᠯᠢ ᠶᠢᠨ ᠶᠠᠪᠤᠳᠠᠯ ᠤᠨ ᠪᠠᠶᠢᠭᠤᠯᠭ᠎ᠠ ᠪᠥᠬᠦ ᠤᠯᠤᠰ ᠤᠨ ᠨᠢᠭᠡᠳᠦᠯᠲᠡᠢ ᠡᠯᠧᠺᠲᠷᠣᠨ ᠪᠠᠷᠢᠮᠲᠠ ᠶᠢᠨ ᠦᠢᠯᠡᠴᠢᠯᠡᠭᠡᠨ ᠤ | ᠲᠠᠪᠴᠠᠩ ᠢ ᠪᠠᠶᠢᠭᠤᠯᠵᠤ᠂ ᠰᠦᠢᠳᠬᠡᠯ ᠬᠤᠷᠢᠶᠠᠬᠤ ᠦᠭᠡᠢ ᠪᠠᠷ ᠲᠣᠭᠠᠴᠢᠯᠠᠭᠰᠠᠨ ᠡᠯᠧᠺᠲᠷᠣᠨ ᠪᠠᠷᠢᠮᠲᠠ ᠭᠠᠷᠭᠠᠵᠤ ᠥᠭᠬᠦ ᠪᠠ ᠪᠠᠷᠢᠮᠲᠠ ᠬᠡᠷᠡᠭᠯᠡᠬᠦ ᠦᠢᠯᠡᠴᠢᠯᠡᠭᠡ | ᠬᠠᠩᠭᠠᠨ᠎ᠠ᠃ |