ᠡᠷᠭᠦᠨ᠎ᠡ ᠬᠤᠲᠠ ᠶᠢᠨ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ ᠶᠢᠨ ᠲᠤᠪᠴᠢᠶ᠎ᠠ
ᠨᠡᠶᠢᠲᠡᠯᠡᠭᠰᠡᠨ ᠴᠠᠭ᠄
2024/11/27
ᠭᠤᠤᠯ ᠡᠭᠦᠷᠭᠡ ᠬᠠᠷᠢᠭᠤᠴᠠᠯᠭ᠎ᠠ᠄         ︵ᠨᠢᠭᠡ︶ ᠤᠯᠤᠰ᠂ ᠦᠪᠡᠷᠲᠡᠭᠡᠨ ᠵᠠᠰᠠᠬᠤ ᠤᠷᠤᠨ᠂ ᠬᠦᠯᠦᠨ ᠪᠤᠶᠢᠷ ᠬᠤᠲᠠ ᠶᠢᠨ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ ᠶᠢᠨ ᠠᠵᠢᠯ ᠤᠨ ᠲᠤᠬᠠᠢ ᠬᠠᠤᠯᠢ ᠴᠠᠭᠠᠵᠠ ᠬᠠᠤᠯᠢ ᠳᠦᠷᠢᠮ ᠵᠢᠴᠢ ᠬᠠᠮᠢᠶ᠎ᠠ ᠪᠦᠬᠦᠢ ᠲᠦᠷᠦ ᠶᠢᠨ ᠪᠤᠳᠤᠯᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠤᠨ᠎ᠠ᠃ ᠪᠦᠬᠦ ᠬᠤᠲᠠ ᠶᠢᠨ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ ᠶᠢᠨ ᠬᠦᠭᠵᠢᠯᠲᠡ ᠶᠢᠨ ᠲᠦᠯᠦᠪᠵᠢᠭᠦᠯᠭᠡ ᠶᠢ ᠲᠤᠭᠲᠠᠭᠠᠬᠤ ᠪᠠ ᠵᠤᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠰᠢᠨ᠎ᠡ ᠬᠡᠯᠪᠡᠷᠢ ᠶᠢᠨ ᠠᠵᠤ ᠦᠢᠯᠡᠳᠪᠦᠷᠢᠵᠢᠯᠲᠡ ᠶᠢᠨ ᠶᠠᠪᠤᠴᠠ ᠳᠠᠬᠢ ᠴᠢᠬᠤᠯᠠ ᠶᠡᠭᠡ ᠠᠰᠠᠭᠤᠳᠠᠯ ᠢ ᠵᠤᠬᠢᠴᠠᠭᠤᠯᠤᠨ ᠰᠢᠢᠳᠪᠦᠷᠢᠯᠡᠨ᠎ᠡ᠃ ᠭᠤᠤᠯᠳᠠᠯᠭ᠎ᠠ ᠲᠠᠢ  ᠬᠦᠷᠢᠶ᠎ᠡ ᠬᠡᠪᠴᠢᠶ᠎ᠡ᠂ ᠭᠤᠤᠯᠳᠠᠯᠭ᠎ᠠ ᠲᠠᠢ ᠠᠵᠤ ᠦᠢᠯᠡᠰ᠂ ᠭᠤᠤᠯᠳᠠᠯᠭ᠎ᠠ ᠲᠠᠢ ᠠᠵᠤ ᠠᠬᠤᠶᠢᠯᠠᠯ ᠤᠨ ᠠᠵᠢᠯᠯᠠᠭ᠎ᠠ ᠪᠠ ᠲᠤᠬᠢᠷᠠᠭᠤᠯᠤᠯᠲᠠ ᠶᠢ ᠵᠢᠯᠤᠭᠤᠳᠤᠨ᠎ᠠ᠃ ᠠᠵᠤ ᠦᠢᠯᠡᠰ ᠤᠨ ᠪᠦᠲᠦᠴᠡ ᠶᠢᠨ ᠪᠠᠶᠢᠯᠳᠤᠬᠤ ᠪᠤᠳᠤᠯᠭ᠎ᠠ ᠶᠢᠨ ᠴᠢᠨᠠᠷᠠᠲᠠᠢ ᠲᠤᠬᠢᠷᠠᠭᠤᠯᠤᠯᠲᠠ ᠪᠤᠯᠤᠨ ᠳᠡᠰ ᠳᠡᠪᠰᠢᠬᠦ ᠶᠢ ᠠᠬᠢᠭᠤᠯᠤᠨ᠎ᠠ᠃ ᠰᠢᠶᠠᠩ ᠪᠠᠯᠭᠠᠰᠤᠨ ︵ᠰᠤᠮᠤ᠂ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ︶ ᠤ ᠬᠠᠮᠢᠶ᠎ᠠ ᠪᠦᠬᠦᠢ ᠠᠵᠢᠯ ᠢ ᠵᠢᠭᠠᠨ ᠵᠢᠯᠤᠭᠤᠳᠤᠨ᠎ᠠ᠃         ︵ᠬᠤᠶᠠᠷ︶ ᠠᠵᠤ ᠦᠢᠯᠡᠳᠪᠦᠷᠢ ᠶᠢᠨ ᠠᠵᠤ ᠠᠬᠤᠢ ᠶᠢᠨ ᠠᠵᠢᠯᠯᠠᠭ᠎ᠠ ᠶᠢ ᠬᠠᠷᠢᠭᠤᠴᠠᠨ᠎ᠠ᠃ ᠪᠦᠬᠦ ᠬᠤᠲᠠ ᠶᠢᠨ ᠠᠵᠤ ᠦᠢᠯᠡᠳᠪᠦᠷᠢ ᠶᠢᠨ ᠠᠵᠤ ᠠᠬᠤᠢ ᠶᠢᠨ ᠠᠵᠢᠯᠯᠠᠭ᠎ᠠ ᠶᠢ ᠬᠢᠨᠠᠨ ᠬᠡᠮᠵᠢᠬᠦ᠂ ᠵᠠᠳᠠᠯᠬᠤ᠂ ᠤᠷᠢᠳᠴᠢᠯᠡᠨ ᠬᠡᠮᠵᠢᠬᠦ᠂ ᠵᠤᠬᠢᠴᠠᠭᠤᠯᠬᠤ ᠵᠢᠴᠢ ᠬᠤᠷᠸ᠎ᠠ ᠲᠤᠬᠢᠷᠠᠭᠤᠯᠭ᠎ᠠ ᠶᠢ ᠬᠠᠷᠢᠭᠤᠴᠠᠨ᠎ᠠ᠃ ᠠᠵᠤ ᠦᠢᠯᠡᠳᠪᠦᠷᠢ ᠶᠢᠨ ᠠᠵᠤ ᠠᠬᠤᠢ ᠶᠢᠨ ᠠᠵᠢᠯᠯᠠᠭᠠᠨ ᠤ ᠳᠤᠮᠳᠠ ᠤᠷᠤᠰᠢᠵᠦ ᠪᠠᠶᠢᠭ᠎ᠠ ᠴᠢᠬᠤᠯᠠ ᠶᠡᠭᠡ ᠠᠰᠠᠭᠤᠳᠠᠯ ᠢ ᠵᠤᠬᠢᠴᠠᠭᠤᠯᠤᠨ ᠰᠢᠢᠳᠪᠦᠷᠢᠯᠡᠨ᠎ᠡ᠃ ᠨᠡᠭᠦᠷᠡᠰᠦ ᠴᠠᠬᠢᠯᠭᠠᠨ ᠲᠤᠰᠤᠨ ᠤ ᠲᠡᠭᠡᠭᠡᠪᠦᠷᠢᠯᠡᠯᠲᠡ ᠶᠢ ᠶᠡᠷᠦᠩᠬᠡᠶᠢᠯᠡᠨ ᠵᠤᠬᠢᠴᠠᠭᠤᠯᠬᠤ ᠠᠵᠢᠯ ᠢ ᠬᠠᠷᠢᠭᠤᠴᠠᠨ᠎ᠠ᠃ ᠠᠵᠤ ᠠᠬᠤᠶᠢᠯᠠᠯ ᠤᠨ ᠳᠠᠷᠤᠭᠠᠰᠤ ᠶᠢ ᠬᠦᠩᠭᠡᠷᠡᠭᠦᠯᠬᠦ ᠠᠵᠢᠯ ᠢ ᠬᠠᠷᠢᠭᠤᠴᠠᠨ᠎ᠠ᠃         ︵ᠭᠤᠷᠪᠠ︶ ᠠᠵᠤ ᠦᠢᠯᠡᠳᠪᠦᠷᠢ ᠶᠢᠨ ᠲᠤᠭᠲᠠᠮᠠᠯ ᠬᠦᠷᠦᠩᠭᠡ ᠶᠢᠨ ᠪᠡᠯᠡ ᠤᠷᠤᠭᠤᠯᠤᠯᠲᠡ ᠶᠢᠨ ᠬᠠᠮᠢᠶᠠᠷᠤᠯᠲᠠ ᠶᠢ ᠬᠠᠷᠢᠭᠤᠴᠠᠨ᠎ᠠ᠃ ᠪᠦᠬᠦ ᠬᠤᠲᠠ ᠶᠢᠨ ᠠᠵᠤ ᠦᠢᠯᠡᠳᠪᠦᠷᠢ ᠶᠢᠨ ᠲᠤᠭᠲᠠᠮᠠᠯ ᠬᠦᠷᠦᠩᠭᠡ ᠶᠢᠨ ᠪᠡᠯᠡ ᠤᠷᠤᠭᠤᠯᠤᠯᠲᠡ ᠶᠢᠨ ᠬᠡᠪᠴᠢᠶ᠎ᠡ᠂ ᠴᠢᠭᠯᠡᠯ ᠢ ᠳᠤᠷᠠᠳᠤᠨ᠎ᠠ᠃ ᠡᠷᠬᠡ ᠶᠢᠨ ᠬᠢᠵᠠᠭᠠᠷ ᠳᠠᠬᠢ ᠬᠦᠯᠦᠨ ᠪᠤᠶᠢᠷ ᠬᠤᠲᠠ ᠵᠢᠴᠢ ᠳᠡᠭᠡᠲᠦ ᠱᠠᠲᠤᠨ ᠤ ᠠᠵᠤ ᠦᠢᠯᠡᠳᠪᠦᠷᠢ ᠶᠢᠨ ᠪᠡᠯᠡ ᠤᠷᠤᠭᠤᠯᠤᠯᠲᠡ ᠶᠢ ᠭᠤᠤᠯᠯᠠᠨ ᠬᠠᠮᠢᠶᠠᠷᠬᠤ ᠰᠠᠯᠠᠭ᠎ᠠ ᠮᠦᠴᠢᠷ ᠤᠨ ᠬᠢᠨᠠᠨ ᠵᠦᠪᠰᠢᠶᠡᠷᠡᠵᠦ ᠳᠠᠩᠰᠠᠯᠠᠬᠤ ᠲᠦᠷᠦᠯ ᠵᠦᠢᠯ ᠢ ᠳᠡᠭᠡᠭᠰᠢ ᠮᠡᠳᠡᠭᠦᠯᠦᠨ᠎ᠡ᠃         ︵ᠳᠦᠷᠪᠡ︶ ᠪᠦᠬᠦ ᠬᠤᠲᠠ ᠶᠢᠨ ᠠᠵᠤ ᠦᠢᠯᠡᠳᠪᠦᠷᠢ ᠶᠢᠨ ᠬᠦᠷᠢᠶᠡᠯᠡᠩ ᠤᠨ ᠬᠦᠭᠵᠢᠯᠲᠡ ᠶᠢ ᠵᠢᠯᠤᠭᠤᠳᠤᠨ᠎ᠠ᠃ ᠠᠵᠤ ᠦᠢᠯᠡᠳᠪᠦᠷᠢ ᠶᠢᠨ ᠬᠦᠷᠢᠶᠡᠯᠡᠩ ᠤᠨ ᠬᠦᠭᠵᠢᠯᠲᠡ ᠶᠢᠨ ᠲᠦᠯᠦᠪᠵᠢᠭᠦᠯᠭᠡ ᠪᠤᠯᠤᠨ ᠲᠦᠷᠦ ᠶᠢᠨ ᠪᠤᠳᠤᠯᠭ᠎ᠠ ᠠᠷᠭ᠎ᠠ ᠬᠡᠮᠵᠢᠶ᠎ᠡ ᠶᠢ ᠵᠤᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠠᠵᠤ ᠦᠢᠯᠡᠳᠪᠦᠷᠢ ᠶᠢᠨ ᠬᠦᠷᠢᠶᠡᠯᠡᠩ ᠤᠨ ᠠᠵᠢᠯᠯᠠᠭ᠎ᠠ ᠶᠢ ᠬᠢᠨᠠᠨ ᠬᠡᠮᠵᠢᠬᠦ᠂ ᠰᠢᠯᠭᠠᠨ ᠬᠢᠨᠠᠬᠤ᠂ ᠦᠨᠡᠯᠡᠬᠦ ᠵᠡᠷᠭᠡ ᠠᠵᠢᠯ ᠢ ᠡᠭᠦᠷᠭᠡᠯᠡᠨ᠎ᠡ᠃        ︵ᠲᠠᠪᠤ︶ ᠠᠵᠤ ᠦᠢᠯᠡᠳᠪᠦᠷᠢ ᠶᠢᠨ ᠬᠦᠷᠢᠶ᠎ᠡ ᠬᠡᠪᠴᠢᠶᠡᠨ ᠤ ᠬᠠᠮᠢᠶᠠᠷᠤᠯᠲᠠ ᠶᠢ ᠬᠠᠷᠢᠭᠤᠴᠠᠨ᠎ᠠ᠃ ᠤᠯᠠᠮᠵᠢᠯᠠᠯᠲᠤ ᠠᠵᠤ ᠦᠢᠯᠡᠰ ᠤᠨ ᠮᠡᠷᠭᠡᠵᠢᠯ ᠤᠨ ᠰᠢᠨᠡᠴᠢᠯᠡᠯᠲᠡ ᠶᠢᠨ ᠲᠤᠬᠠᠢ ᠬᠠᠮᠢᠶ᠎ᠠ ᠪᠦᠬᠦᠢ ᠲᠦᠷᠦ ᠶᠢᠨ ᠪᠤᠳᠤᠯᠭ᠎ᠠ ᠶᠢ ᠵᠤᠬᠢᠶᠠᠨ ᠪᠠᠶᠢᠭᠤᠯᠤᠨ ᠲᠤᠤᠱᠯᠠᠭᠤᠯᠤᠨ᠎ᠠ᠃ ᠠᠵᠤ ᠦᠢᠯᠡᠰ ᠤᠨ ᠪᠦᠲᠦᠴᠡ ᠶᠢᠨ ᠲᠤᠬᠢᠷᠠᠭᠤᠯᠤᠯᠲᠠ ᠶᠢᠨ ᠰᠠᠨᠠᠯ ᠢ ᠳᠤᠷᠠᠳᠤᠨ᠎ᠠ᠃ ᠠᠵᠤ ᠦᠢᠯᠡᠳᠪᠦᠷᠢ ᠪᠤᠯᠤᠨ ᠮᠡᠳᠡᠭᠡ ᠵᠠᠩᠭᠢᠴᠢᠯᠠᠯᠲᠠ ᠶᠢᠨ ᠤᠨ ᠤ ᠬᠦᠭᠵᠢᠯᠲᠡ ᠶᠢᠨ ᠲᠦᠯᠦᠪᠯᠡᠭᠡ ᠶᠢ ᠲᠤᠭᠲᠠᠭᠠᠬᠤ ᠪᠠ ᠵᠤᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠭᠤᠤᠯᠳᠠᠯᠭᠠᠲᠤ ᠠᠵᠢᠯ ᠲᠦᠷᠦᠯ ᠤᠨ ᠵᠠᠰᠠᠭ ᠵᠠᠬᠢᠷᠭᠠᠨ ᠤ ᠵᠦᠪᠰᠢᠶᠡᠷᠡᠯ ᠤᠨ ᠲᠦᠷᠢᠮ ᠢ ᠲᠤᠭᠤᠰᠢᠯᠠᠭᠤᠯᠤᠨ᠎ᠠ᠃ ᠠᠵᠤ ᠦᠢᠯᠡᠳᠪᠦᠷᠢ ᠶᠢᠨ ᠪᠠᠶᠢᠷᠢᠯᠠᠭᠤᠯᠤᠯᠲᠡ ᠶᠢ ᠲᠤᠬᠢᠷᠠᠭᠤᠯᠤᠨ᠎ᠠ᠃ ᠳᠠᠪᠤᠰᠤᠨ ᠤ ᠠᠵᠢᠯ ᠲᠦᠷᠦᠯ᠂ ᠲᠤᠨᠤᠭ ᠲᠦᠭᠦᠭᠡᠷᠦᠮᠵᠢ ᠶᠢ ᠦᠢᠯᠡᠳᠪᠦᠷᠢᠯᠡᠬᠦ ᠦᠢᠯᠡᠰ᠂ ᠳᠦᠭᠦᠭᠡᠢ ᠮᠠᠲ᠋ᠧᠷᠢᠶᠠᠯ ᠤᠨ ᠠᠵᠤ ᠦᠢᠯᠡᠳᠪᠦᠷᠢ᠂ ᠬᠡᠷᠡᠭᠯᠡᠭᠡᠨ ᠤ ᠵᠦᠢᠯ ᠤᠨ ᠠᠵᠤ ᠦᠢᠯᠡᠳᠪᠦᠷᠢ ᠶᠢᠨ ᠬᠠᠮᠢᠶᠠᠷᠤᠯᠲᠠ ᠶᠢᠨ ᠬᠠᠷᠢᠭᠤᠴᠠᠯᠭ᠎ᠠ ᠶᠢ ᠬᠠᠤᠯᠢ ᠶᠤᠰᠤᠭᠠᠷ ᠭᠦᠢᠴᠡᠳᠭᠡᠨ᠎ᠡ᠃ ᠪᠦᠬᠦ ᠬᠤᠲᠠ ᠶᠢᠨ ᠫᠤᠤᠵᠢᠩ ᠤᠨ ᠠᠵᠢᠯ ᠲᠦᠷᠦᠯ ᠤᠨ ᠦᠢᠯᠡᠳᠪᠦᠷᠢᠯᠡᠯ᠂ ᠪᠤᠷᠤᠯᠠᠭᠤᠯᠭ᠎ᠠ ᠶᠢᠨ ᠶᠠᠪᠤᠴᠠ ᠶᠢ ᠬᠢᠨᠠᠨ ᠬᠠᠮᠢᠶᠠᠷᠬᠤ ᠠᠵᠢᠯ ᠢ ᠬᠠᠷᠢᠭᠤᠴᠠᠨ᠎ᠠ᠃         ︵ᠵᠢᠷᠭᠤᠭ᠎ᠠ︶ ᠴᠠᠬᠢᠯᠭᠠᠨ ᠬᠦᠴᠦᠨ ᠤ ᠠᠵᠤ ᠦᠢᠯᠡᠳᠪᠦᠷᠢ ᠶᠢᠨ ᠠᠵᠢᠯᠯᠠᠭᠠᠨ ᠤ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃ ᠪᠦᠬᠦ ᠬᠤᠲᠠ ᠶᠢᠨ ᠴᠠᠬᠢᠯᠭᠠᠨ ᠬᠦᠴᠦᠨ ᠤ ᠠᠵᠢᠯ ᠲᠦᠷᠦᠯ ᠤᠨ ᠪᠠᠶᠢᠳᠠᠯ ᠢ ᠬᠢᠨᠠᠨ ᠬᠡᠮᠵᠢᠵᠦ ᠵᠠᠳᠠᠯᠤᠨ᠎ᠠ᠃ ᠤᠨ ᠤ ᠴᠠᠬᠢᠯᠭᠠᠨ ᠭᠠᠷᠭᠠᠬᠤ ᠬᠡᠮᠵᠢᠶᠡᠨ ᠤ ᠤᠷᠢᠳᠴᠢᠯᠠᠭᠰᠠᠨ ᠬᠠᠷᠠᠯᠲᠠ ᠶᠢᠨ ᠲᠦᠯᠦᠪᠯᠡᠭᠡ ᠶᠢ ᠲᠤᠭᠲᠠᠭᠠᠬᠤ ᠮᠦᠷᠲᠡᠭᠡᠨ ᠬᠢᠨᠠᠨ ᠬᠡᠷᠡᠭᠵᠢᠭᠦᠯᠦᠨ᠎ᠡ᠃ ᠪᠦᠬᠦ ᠬᠤᠲᠠ ᠶᠢᠨ ᠴᠠᠬᠢᠯᠭᠠᠨ ᠬᠦᠴᠦᠨ ᠤ ᠵᠠᠬ᠎ᠠ ᠳᠡᠯᠭᠡᠭᠦᠷ ᠢ ᠪᠦᠲᠦᠭᠡᠨ ᠪᠠᠶᠢᠭᠤᠯᠬᠤ ᠲᠦᠰᠦᠪ ᠢ ᠰᠤᠳᠤᠯᠤᠨ ᠲᠤᠭᠲᠠᠭᠠᠨ᠎ᠠ᠃ ᠪᠦᠬᠦ ᠬᠤᠲᠠ ᠶᠢᠨ ᠴᠠᠬᠢᠯᠭᠠᠨ ᠬᠦᠴᠦᠨ ᠤ ᠲᠦᠭᠦᠭᠡᠷᠦᠮᠵᠢ ᠶᠢ ᠬᠠᠮᠠᠭᠠᠯᠠᠬᠤ ᠪᠤᠯᠤᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯ ᠢ ᠬᠠᠷᠢᠭᠤᠴᠠᠨ᠎ᠠ᠃ ᠠᠵᠤ ᠦᠢᠯᠡᠳᠪᠦᠷᠢ ᠶᠢᠨ ᠴᠠᠬᠢᠯᠭᠠᠨ ᠬᠦᠴᠦᠨ ᠤ ᠬᠠᠩᠭᠠᠯᠭ᠎ᠠ ᠬᠡᠷᠡᠭᠴᠡᠭᠡᠨ ᠤ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃        ︵ᠳᠤᠯᠤᠭ᠎ᠠ︶ ᠨᠡᠭᠦᠷᠡᠰᠦᠨ ᠤ ᠡᠬᠢ ᠪᠠᠶᠠᠯᠢᠭ ᠤᠨ ᠠᠵᠢᠯ ᠲᠦᠷᠦᠯ ᠤᠨ ᠬᠠᠮᠢᠶᠠᠷᠤᠯᠲᠠ ᠶᠢᠨ ᠬᠠᠮᠢᠶ᠎ᠠ ᠪᠦᠬᠦᠢ ᠠᠵᠢᠯ ᠢ ᠬᠠᠷᠢᠭᠤᠴᠠᠨ᠎ᠠ᠃ ᠪᠦᠬᠦ ᠬᠤᠲᠠ ᠶᠢᠨ ᠨᠡᠭᠦᠷᠡᠰᠦᠨ ᠤ ᠠᠭᠤᠷᠬᠠᠢ ᠶᠢᠨ ᠪᠦᠲᠦᠭᠡᠨ ᠪᠠᠶᠢᠭᠤᠯᠤᠯᠲᠠ ᠪᠠ ᠦᠢᠯᠡᠳᠪᠦᠷᠢᠯᠡᠯ ᠤᠨ ᠡᠮᠬᠢ ᠲᠢᠭᠯᠢᠮ ᠢ ᠬᠢᠨᠠᠨ ᠬᠠᠮᠢᠶᠠᠷᠬᠤ ᠠᠵᠢᠯ ᠢ ᠬᠠᠷᠢᠭᠤᠴᠠᠨ᠎ᠠ᠃ ᠪᠦᠬᠦ ᠬᠤᠲᠠ ᠶᠢᠨ ᠨᠡᠭᠦᠷᠡᠰᠦᠨ ᠤ ᠠᠵᠤ ᠦᠢᠯᠡᠰ ᠤᠨ ᠪᠦᠲᠦᠴᠡ ᠶᠢᠨ ᠲᠤᠬᠢᠷᠠᠭᠤᠯᠤᠯᠲᠠ ᠶᠢ ᠬᠠᠷᠢᠭᠤᠴᠠᠨ᠎ᠠ᠃ ᠪᠦᠬᠦ ᠬᠤᠲᠠ ᠶᠢᠨ ᠨᠡᠭᠦᠷᠡᠰᠦᠨ ᠤ ᠠᠵᠢᠯ ᠲᠦᠷᠦᠯ ᠤᠨ ᠠᠵᠤ ᠠᠬᠤᠢ ᠶᠢᠨ ᠠᠵᠢᠯᠯᠠᠭ᠎ᠠ ᠶᠢ ᠬᠢᠨᠠᠨ ᠬᠡᠮᠵᠢᠬᠦ ᠪᠤᠯᠤᠨ ᠤᠷᠢᠳᠴᠢᠯᠡᠨ ᠰᠡᠷᠡᠮᠵᠢᠭᠦᠯᠬᠦ ᠶᠢ ᠬᠠᠷᠢᠭᠤᠴᠠᠨ᠎ᠠ᠃ ᠨᠡᠭᠦᠷᠡᠰᠦᠨ ᠤ ᠡᠬᠢ ᠪᠠᠶᠠᠯᠢᠭ ᠤᠨ ᠦᠢᠯᠡᠳᠪᠦᠷᠢᠯᠡᠯ ᠪᠠ ᠲᠡᠭᠡᠭᠡᠪᠦᠷᠢ ᠶᠢ ᠵᠤᠯᠭᠠᠭᠤᠯᠬᠤ ᠠᠵᠢᠯ ᠢ ᠬᠠᠷᠢᠭᠤᠴᠠᠨ᠎ᠠ᠃       ︵ᠨᠠᠢᠮᠠ︶ ᠠᠵᠤ ᠦᠢᠯᠡᠳᠪᠦᠷᠢ ᠶᠢᠨ ᠪᠤᠬᠢᠷᠳᠤᠯ ᠦᠭᠡᠢ ᠬᠦᠭᠵᠢᠯᠲᠡ ᠶᠢ ᠵᠢᠯᠤᠭᠤᠳᠤᠨ᠎ᠠ᠃ ᠪᠦᠬᠦ ᠬᠤᠲᠠ ᠶᠢᠨ ᠠᠵᠤ ᠦᠢᠯᠡᠳᠪᠦᠷᠢ ᠶᠢᠨ ᠡᠨᠧᠷᠭᠢ ᠶᠢ ᠠᠷᠪᠢᠯᠠᠬᠤ ᠪᠤᠯᠤᠨ ᠪᠤᠬᠢᠷᠳᠤᠯ ᠦᠭᠡᠢ ᠬᠦᠭᠵᠢᠯᠲᠡ ᠵᠡᠷᠭᠡ ᠲᠦᠷᠦ ᠶᠢᠨ ᠪᠤᠳᠤᠯᠭ᠎ᠠ ᠪᠤᠯᠤᠨ ᠲᠦᠯᠦᠪᠯᠡᠭᠡ ᠶᠢ ᠲᠤᠭᠲᠠᠭᠠᠬᠤ ᠪᠠ ᠬᠢᠨᠠᠨ ᠬᠡᠷᠡᠭᠵᠢᠭᠦᠯᠦᠨ᠎ᠡ᠃ ᠠᠵᠤ ᠦᠢᠯᠡᠳᠪᠦᠷᠢ ᠶᠢᠨ ᠪᠤᠬᠢᠷᠳᠤᠯ ᠦᠭᠡᠢ ᠬᠦᠭᠵᠢᠯᠲᠡ ᠶᠢᠨ ᠴᠢᠬᠤᠯᠠ ᠶᠡᠭᠡ ᠳᠠᠭᠤᠷᠢᠶᠠᠯ ᠲᠦᠷᠦᠯ ᠵᠦᠢᠯ ᠪᠤᠯᠤᠨ ᠰᠢᠨ᠎ᠡ ᠪᠦᠲᠦᠭᠡᠭᠳᠡᠭᠦᠨ᠂ ᠰᠢᠨ᠎ᠡ ᠮᠡᠷᠭᠡᠵᠢᠯ᠂ ᠰᠢᠨ᠎ᠡ ᠲᠦᠭᠦᠭᠡᠷᠦᠮᠵᠢ᠂ ᠰᠢᠨ᠎ᠡ ᠮᠠᠲ᠋ᠧᠷᠢᠶᠠᠯ ᠤᠨ ᠬᠡᠷᠡᠭᠯᠡᠯᠲᠡ ᠶᠢ ᠵᠤᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠠᠵᠤ ᠦᠢᠯᠡᠳᠪᠦᠷᠢ ᠶᠢᠨ ᠡᠨᠧᠷᠭᠢ ᠠᠷᠪᠢᠯᠠᠬᠤ ᠶᠢ ᠬᠢᠨᠠᠨ ᠪᠠᠶᠢᠴᠠᠭᠠᠬᠤ ᠠᠵᠢᠯ ᠢ ᠬᠠᠷᠢᠭᠤᠴᠠᠨ᠎ᠠ᠃ ᠳᠠᠬᠢᠨ ᠡᠭᠦᠰᠴᠦ ᠪᠤᠯᠬᠤ ᠡᠬᠢ ᠪᠠᠶᠠᠯᠢᠭ ᠢ ᠶᠡᠷᠦᠩᠬᠡᠶᠢᠯᠡᠨ ᠠᠰᠢᠭᠯᠠᠬᠤ ᠪᠤᠯᠤᠨ ᠠᠵᠤ ᠦᠢᠯᠡᠰ ᠤᠨ ᠬᠦᠭᠵᠢᠯᠲᠡ ᠶᠢ ᠵᠢᠭᠠᠨ ᠵᠢᠯᠤᠭᠤᠳᠤᠨ᠎ᠠ᠃        ︵ᠶᠢᠰᠦ︶ ᠠᠵᠤ ᠦᠢᠯᠡᠳᠪᠦᠷᠢ ᠶᠢᠨ ᠮᠡᠷᠭᠡᠵᠢᠯ ᠤᠨ ᠰᠢᠨ᠎ᠡ ᠶᠢ ᠡᠭᠦᠳᠬᠦ ᠪᠤᠯᠤᠨ ᠦᠢᠯᠡᠳᠪᠦᠷᠢᠯᠡᠯ ᠰᠤᠳᠤᠯᠤᠯᠲᠠ ᠬᠡᠷᠡᠭᠯᠡᠯᠲᠡ ᠶᠢ ᠤᠶᠠᠯᠳᠤᠭᠤᠯᠬᠤ ᠶᠢ ᠠᠬᠢᠭᠤᠯᠤᠨ᠎ᠠ᠃ ᠠᠵᠤ ᠦᠢᠯᠡᠳᠪᠦᠷᠢ ᠪᠤᠯᠤᠨ ᠮᠡᠳᠡᠭᠡ ᠵᠠᠩᠭᠢ ᠶᠢᠨ ᠮᠡᠷᠭᠡᠵᠢᠯ ᠤᠨ ᠦᠢᠯᠡᠴᠢᠯᠡᠭᠡᠨ ᠤ ᠦᠢᠯᠡᠰ ᠤᠨ ᠰᠢᠨ᠎ᠡ ᠶᠢ ᠡᠭᠦᠳᠬᠦ ᠰᠢᠰᠲ᠋ᠧᠮ ᠤᠨ ᠪᠦᠲᠦᠭᠡᠨ ᠪᠠᠶᠢᠭᠤᠯᠤᠯᠲᠠ ᠶᠢ ᠬᠠᠷᠢᠭᠤᠴᠠᠨ᠎ᠠ᠃ ᠬᠠᠮᠢᠶ᠎ᠠ ᠪᠦᠬᠦᠢ ᠰᠢᠨᠵᠢᠯᠡᠬᠦ ᠮᠡᠷᠭᠡᠵᠢᠯ ᠤᠨ ᠦᠷ᠎ᠡ ᠪᠦᠲᠦᠭᠡᠯ ᠤᠨ ᠠᠵᠤ ᠦᠢᠯᠡᠳᠪᠦᠷᠢᠵᠢᠯᠡᠯᠲᠡ ᠶᠢ ᠠᠬᠢᠭᠤᠯᠤᠨ᠎ᠠ᠃ ᠠᠵᠤ ᠦᠢᠯᠡᠳᠪᠦᠷᠢ ᠶᠢᠨ ᠠᠵᠢᠯ ᠲᠦᠷᠦᠯ ᠤᠨ ᠴᠢᠨᠠᠷ ᠴᠢᠨᠰᠠᠭᠠᠨ ᠤ ᠬᠠᠮᠢᠶᠠᠷᠤᠯᠲᠠ ᠪᠠ ᠨᠡᠷᠡᠲᠦ ᠲᠡᠮᠲᠡᠭ ᠢ ᠡᠭᠦᠳᠬᠦ ᠶᠢ ᠵᠢᠯᠤᠭᠤᠳᠤᠨ᠎ᠠ᠃        ︵ᠠᠷᠪᠠ︶ ᠠᠵᠤ ᠦᠢᠯᠡᠳᠪᠦᠷᠢ ᠶᠢᠨ ᠬᠦᠷᠢᠶ᠎ᠡ ᠬᠡᠪᠴᠢᠶᠡᠨ ᠤ ᠮᠡᠳᠡᠭᠡ ᠵᠠᠩᠭᠢᠴᠢᠯᠠᠯᠲᠠ ᠶᠢᠨ ᠠᠵᠢᠯ ᠢ ᠬᠠᠷᠢᠭᠤᠴᠠᠨ᠎ᠠ᠃ ᠠᠵᠤ ᠦᠢᠯᠡᠳᠪᠦᠷᠢ ᠶᠢᠨ ᠬᠦᠷᠢᠶ᠎ᠡ ᠬᠡᠪᠴᠢᠶᠡᠨ ᠤ ᠮᠡᠳᠡᠭᠡ ᠵᠠᠩᠭᠢᠴᠢᠯᠠᠯᠲᠠ ᠶᠢᠨ ᠬᠦᠭᠵᠢᠯᠲᠡ ᠶᠢᠨ ᠲᠦᠯᠦᠪᠯᠡᠭᠡ ᠪᠤᠯᠤᠨ ᠲᠦᠷᠦ ᠶᠢᠨ ᠪᠤᠳᠤᠯᠭ᠎ᠠ ᠠᠷᠭ᠎ᠠ ᠬᠡᠮᠵᠢᠶ᠎ᠡ ᠶᠢ ᠲᠤᠭᠲᠠᠭᠠᠬᠤ ᠮᠦᠷᠲᠡᠭᠡᠨ ᠵᠤᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠮᠡᠳᠡᠭᠡ ᠵᠠᠩᠭᠢᠴᠢᠯᠠᠯᠲᠠ ᠪᠠ ᠠᠵᠤ ᠦᠢᠯᠡᠳᠪᠦᠷᠢ ᠶᠢᠨ ᠠᠭᠤᠰᠤᠯᠴᠠᠨ ᠬᠦᠭᠵᠢᠬᠦ ᠶᠢ ᠠᠬᠢᠭᠤᠯᠤᠨ᠎ᠠ᠃ ᠠᠵᠤ ᠦᠢᠯᠡᠳᠪᠦᠷᠢ ᠶᠢᠨ ᠬᠦᠷᠢᠶ᠎ᠡ ᠬᠡᠪᠴᠢᠶᠡᠨ ᠤ ᠮᠡᠳᠡᠭᠡ ᠵᠠᠩᠭᠢᠴᠢᠯᠠᠯᠲᠠ ᠵᠢᠴᠢ ᠮᠡᠳᠡᠭᠡ ᠵᠠᠩᠭᠢ ᠶᠢᠨ ᠠᠮᠤᠷ ᠲᠦᠪᠰᠢᠨ᠂ ᠡᠯᠧᠺᠲᠷᠣᠨ ᠬᠤᠳᠠᠯᠳᠤᠭ᠎ᠠ᠂ ᠡᠯᠧᠺᠲᠷᠣᠨ ᠭᠡᠷᠡᠴᠢᠯᠡᠯᠲᠡ ᠶᠢᠨ ᠠᠵᠢᠯ ᠢ ᠡᠭᠦᠷᠭᠡᠯᠡᠨ᠎ᠡ᠃ ᠪᠦᠬᠦ ᠬᠤᠲᠠ ᠶᠢᠨ ᠴᠢᠮᠡᠭᠡ ᠨᠡᠪᠲᠡᠷᠡᠭᠦᠯᠭᠡ ᠶᠢᠨ ᠰᠦᠯᠵᠢᠶᠡᠨ ᠤ ᠰᠠᠭᠤᠷᠢ ᠲᠦᠭᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠵᠢᠴᠢ ᠰᠦᠯᠵᠢᠶᠡᠨ ᠤ ᠡᠬᠢ ᠪᠠᠶᠠᠯᠢᠭ ᠢ ᠬᠠᠮᠲᠤᠪᠠᠷ ᠡᠳ᠋ᠯᠡᠬᠦ ᠶᠢ ᠵᠢᠯᠤᠭᠤᠳᠤᠨ᠎ᠠ᠃ ᠡᠯᠧᠺᠲᠷᠣᠨ ᠵᠠᠰᠠᠭ ᠤᠨ ᠶᠠᠪᠤᠳᠠᠯ ᠤᠨ ᠰᠦᠯᠵᠢᠶᠡᠨ ᠤ ᠪᠦᠲᠦᠭᠡᠨ ᠪᠠᠶᠢᠭᠤᠯᠤᠯᠲᠠ᠂ ᠠᠵᠢᠯᠯᠠᠭ᠎ᠠ᠂ ᠬᠠᠮᠢᠶᠠᠷᠤᠯᠲᠠ ᠶᠢ ᠬᠠᠷᠢᠭᠤᠴᠠᠨ᠎ᠠ᠃        ︵ᠠᠷᠪᠠᠨ ᠨᠢᠭᠡ︶ ᠪᠦᠬᠦ ᠬᠤᠲᠠᠨ ᠤ ᠲᠤᠮᠤ ᠳ᠋ᠡᠶᠢᠲ᠋ᠠ ᠶᠢᠨ ᠬᠡᠷᠡᠭᠯᠡᠯᠲᠡ ᠵᠢᠴᠢ ᠠᠵᠤ ᠦᠢᠯᠡᠰ ᠤᠨ ᠬᠦᠭᠵᠢᠯᠲᠡ ᠶᠢ ᠠᠬᠢᠭᠤᠯᠤᠨ᠎ᠠ᠃ ᠪᠦᠬᠦ ᠬᠤᠲᠠ ᠶᠢᠨ ᠲᠤᠮᠤ ᠳ᠋ᠡᠶᠢᠲ᠋ᠠ ᠶᠢᠨ ᠬᠦᠭᠵᠢᠯᠲᠡ ᠶᠢᠨ ᠲᠦᠯᠦᠪᠯᠡᠭᠡ ᠪᠤᠯᠤᠨ ᠲᠦᠷᠦ ᠶᠢᠨ ᠪᠤᠳᠤᠯᠭ᠎ᠠ ᠶᠢ ᠲᠤᠭᠲᠠᠭᠠᠬᠤ ᠪᠤᠯᠤᠨ ᠵᠤᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠲᠤᠮᠤ ᠳ᠋ᠡᠶᠢᠲ᠋ᠠ ᠶᠢᠨ ᠡᠯ᠎ᠡ ᠬᠦᠷᠢᠶ᠎ᠡ ᠬᠡᠪᠴᠢᠶᠡᠨ ᠳᠠᠬᠢ ᠬᠡᠷᠡᠭᠯᠡᠯᠲᠡ ᠶᠢ ᠵᠢᠯᠤᠭᠤᠳᠤᠨ᠎ᠠ᠃ ᠬᠠᠮᠢᠶ᠎ᠠ ᠪᠦᠬᠦᠢ ᠰᠢᠯᠭᠠᠨ ᠬᠢᠨᠠᠬᠤ ᠠᠵᠢᠯ ᠢ ᠬᠠᠷᠢᠭᠤᠴᠠᠨ᠎ᠠ᠃ ᠪᠦᠬᠦ ᠬᠤᠲᠠᠨ ᠤ ᠡᠯᠧᠺᠲᠷᠣᠨ ᠵᠠᠰᠠᠭ ᠤᠨ ᠶᠠᠪᠤᠳᠠᠯ ᠤᠨ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢ ᠨᠢᠭᠡᠲᠦᠯᠲᠠᠢ ᠲᠦᠯᠦᠪᠯᠡᠨ᠎ᠡ᠃ ᠪᠦᠬᠦ ᠬᠤᠲᠠ ᠶᠢᠨ ᠮᠡᠳᠡᠭᠡ ᠵᠠᠩᠭᠢ ᠶᠢᠨ ᠡᠬᠢ ᠪᠠᠶᠠᠯᠢᠭ ᠢ ᠬᠠᠮᠲᠤᠪᠠᠷ ᠬᠡᠷᠡᠭᠯᠡᠨ᠎ᠡ᠃        ︵ᠠᠷᠪᠠᠨ ᠬᠤᠶᠠᠷ︶ ᠠᠵᠤ ᠦᠢᠯᠡᠳᠪᠦᠷᠢ ᠶᠢᠨ ᠳᠤᠮᠳᠠ ᠪᠠᠭ᠎ᠠ ᠠᠵᠤ ᠠᠬᠤᠶᠢᠯᠠᠯ ᠤᠨ ᠬᠦᠭᠵᠢᠯᠲᠡ ᠶᠢ ᠠᠬᠢᠭᠤᠯᠤᠨ᠎ᠠ᠃ ᠳᠤᠮᠳᠠ ᠪᠠᠭ᠎ᠠ ᠠᠵᠤ ᠠᠬᠤᠶᠢᠯᠠᠯ ᠤᠨ ᠬᠦᠭᠵᠢᠯᠲᠡ ᠶᠢᠨ ᠬᠠᠮᠢᠶ᠎ᠠ ᠪᠦᠬᠦᠢ ᠲᠦᠷᠦ ᠶᠢᠨ ᠪᠤᠳᠤᠯᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠤᠨ᠎ᠠ᠃ ᠪᠦᠬᠦ ᠬᠤᠲᠠ ᠶᠢᠨ ᠠᠵᠤ ᠦᠢᠯᠡᠳᠪᠦᠷᠢ ᠶᠢᠨ ᠳᠤᠮᠳᠠ ᠪᠠᠭ᠎ᠠ ᠠᠵᠤ ᠠᠬᠤᠶᠢᠯᠠᠯ ᠤᠨ ᠬᠤᠷᠸ᠎ᠠ ᠲᠤᠬᠢᠷᠠᠭᠤᠯᠭ᠎ᠠ ᠶᠢ ᠬᠠᠷᠢᠭᠤᠴᠠᠨ᠎ᠠ᠃ ᠠᠵᠤ ᠦᠢᠯᠡᠳᠪᠦᠷᠢ ᠶᠢᠨ ᠳᠤᠮᠳᠠ ᠪᠠᠭ᠎ᠠ ᠠᠵᠤ ᠠᠬᠤᠶᠢᠯᠠᠯ ᠤᠨ ᠬᠦᠭᠵᠢᠯᠲᠡ ᠶᠢᠨ ᠬᠠᠮᠢᠶ᠎ᠠ ᠪᠦᠬᠦᠢ ᠠᠷᠭ᠎ᠠ ᠬᠡᠮᠵᠢᠶ᠎ᠡ ᠶᠢ ᠲᠤᠭᠲᠠᠭᠠᠨ᠎ᠠ᠃ ᠠᠵᠤ ᠦᠢᠯᠡᠳᠪᠦᠷᠢ ᠶᠢᠨ ᠳᠤᠮᠳᠠ ᠪᠠᠭ᠎ᠠ ᠠᠵᠤ ᠠᠬᠤᠶᠢᠯᠠᠯ ᠤᠨ ᠪᠡᠯᠡ ᠴᠤᠭᠯᠠᠭᠤᠯᠬᠤ ᠳᠠᠭᠠᠭᠠᠯᠲᠠ ᠶᠢᠨ ᠬᠠᠮᠢᠶ᠎ᠠ ᠪᠦᠬᠦᠢ ᠠᠵᠢᠯ ᠢ ᠵᠤᠬᠢᠴᠠᠭᠤᠯᠤᠨ᠎ᠠ᠃        ︵ᠠᠷᠪᠠᠨ ᠭᠤᠷᠪᠠ︶ ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ ᠤᠷᠳᠤᠨ ᠪᠠ ᠳᠡᠭᠡᠲᠦ ᠱᠠᠲᠤᠨ ᠤ ᠲᠤᠬᠠᠶᠢᠯᠠᠭᠰᠠᠨ ᠠᠵᠢᠯ ᠤᠨ ᠰᠠᠯᠠᠭ᠎ᠠ ᠮᠦᠴᠢᠷ ᠤᠨ ᠳᠠᠭᠠᠭᠠᠯᠭᠠᠭᠰᠠᠨ ᠪᠤᠰᠤᠳ ᠠᠵᠢᠯ ᠢ ᠪᠡᠶᠡᠯᠡᠭᠦᠯᠦᠨ᠎ᠡ᠃             ᠬᠠᠶ᠋ᠢᠭ᠄ ᠡᠷᠭᠦᠨ᠎ᠡ ᠬᠤᠲᠠ ᠶᠢᠨ ᠠᠢ ᠮᠢᠨ ᠵᠠᠮ ᠤᠨ 238 ᠳ᠋ᠤᠭᠠᠷ ᠨᠤᠮᠧᠷ         ᠰᠢᠤᠳᠠᠨ ᠤ ᠨᠤᠮᠧᠷ᠄ 022250         ᠬᠠᠷᠢᠯᠴᠠᠬᠤ ᠤᠳᠠᠰᠤ᠄ 0470—6830150         ᠠᠵᠢᠯᠯᠠᠬᠤ ᠴᠠᠭ᠄ 9᠄ 00—12᠄ 00 , 14᠄ 00—17᠄ 00                                  ︵ᠠᠮᠠᠷᠠᠯᠲᠠ ᠶᠢᠨ ᠡᠳᠦᠷ ᠠᠴᠠ ᠭᠠᠳᠠᠨ᠎ᠠ︶
ᠢᠷᠡᠯᠲᠡ᠄ ᠡᠷᠭᠦᠨ᠎ᠡ ᠬᠤᠲᠠ ᠶᠢᠨ ᠠᠷᠠᠳ ᠤᠨ ᠵᠠᠰᠠᠭ ᠤᠨ ᠤᠷᠳᠤᠨ