ᠭᠤᠤᠯ ᠡᠭᠦᠷᠭᠡ ᠬᠠᠷᠢᠭᠤᠴᠠᠯᠭ᠎ᠠ᠄ | ︵ᠨᠢᠭᠡ︶ ᠤᠯᠤᠰ᠂ ᠦᠪᠡᠷᠲᠡᠭᠡᠨ ᠵᠠᠰᠠᠬᠤ ᠤᠷᠤᠨ ᠤ ᠭᠠᠳᠠᠭᠠᠲᠤ ᠶᠠᠪᠤᠳᠠᠯ᠂ ᠤᠯᠤᠰ ᠤᠨ ᠳᠤᠲᠤᠭᠠᠲᠤ ᠭᠠᠳᠠᠭᠠᠲᠤ ᠶᠢᠨ ᠠᠷᠠᠯᠵᠢᠶ᠎ᠠ᠂ ᠤᠯᠠᠨ ᠤᠯᠤᠰ ᠤᠨ | ᠠᠵᠤ ᠠᠬᠤᠢ ᠶᠢᠨ ᠬᠠᠮᠲᠤᠷᠠᠯᠴᠠᠭ᠎ᠠ᠂ ᠭᠠᠳᠠᠭᠠᠲᠤ ᠶᠢᠨ ᠬᠤᠳᠠᠯᠳᠤᠭᠠᠴᠢᠨ ᠤ ᠪᠡᠯᠡ ᠤᠷᠤᠭᠤᠯᠬᠤ ᠪᠤᠯᠤᠨ ᠪᠤᠭᠤᠮᠲᠠ ᠶᠢᠨ ᠬᠠᠮᠢᠶᠠᠷᠤᠯᠲᠠ ᠲᠠᠢ ᠬᠤᠯᠪᠤᠭᠳᠠᠯ ᠪᠦᠬᠦᠢ | ᠬᠠᠤᠯᠢ ᠴᠠᠭᠠᠵᠠ᠂ ᠬᠠᠤᠯᠢ ᠳᠦᠷᠢᠮ ᠵᠢᠴᠢ ᠲᠦᠷᠦ ᠶᠢᠨ ᠪᠤᠳᠤᠯᠭ᠎ᠠ ᠶᠢ ᠲᠤᠭᠤᠰᠢᠯᠠᠭᠤᠯᠤᠨ ᠬᠡᠷᠡᠭᠵᠢᠭᠦᠯᠦᠨ᠎ᠡ᠃ ᠪᠦᠬᠦ ᠬᠤᠲᠠ ᠶᠢᠨ ᠭᠠᠳᠠᠭᠠᠲᠤ ᠶᠠᠪᠤᠳᠠᠯ ᠤᠨ | ᠠᠵᠢᠯ ᠤᠨ ᠪᠠᠶᠢᠭᠤᠯᠤᠮᠵᠢ ᠪᠠ ᠳᠦᠷᠢᠮ ᠢ ᠲᠤᠤᠱᠯᠠᠭᠤᠯᠤᠨ ᠬᠡᠷᠡᠭᠵᠢᠭᠦᠯᠦᠨ᠎ᠡ᠃ ᠪᠦᠬᠦ ᠬᠤᠲᠠ ᠶᠢᠨ ᠭᠠᠳᠠᠭᠠᠲᠤ ᠶᠠᠪᠤᠳᠠᠯ ᠤᠨ ᠠᠵᠢᠯ ᠤᠨ ᠳᠦᠷᠢᠮ ᠪᠤᠯᠤᠨ | ᠠᠵᠢᠯ ᠤᠨ ᠲᠦᠯᠦᠪᠯᠡᠭᠡ ᠶᠢ ᠬᠡᠷᠡᠭᠵᠢᠭᠦᠯᠦᠨ᠎ᠡ᠃ | ︵ᠬᠤᠶᠠᠷ︶ ᠭᠠᠳᠠᠭᠠᠲᠤ ᠶᠠᠪᠤᠳᠠᠯ ᠢ ᠮᠡᠳᠡᠭᠦᠯᠦᠨ ᠬᠦᠷᠭᠡᠬᠦ ᠪᠠ ᠬᠢᠨᠠᠯᠲᠠ ᠲᠠᠯᠪᠢᠬᠤ ᠠᠵᠢᠯ ᠢ ᠬᠠᠷᠢᠭᠤᠴᠠᠨ᠎ᠠ᠃ ᠴᠢᠬᠤᠯᠠ ᠭᠠᠳᠠᠭᠠᠲᠤ ᠲᠠᠢ ᠬᠤᠯᠪᠤᠭᠳᠠᠭᠰᠠᠨ | ᠠᠰᠠᠭᠤᠳᠠᠯ ᠢ ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ ᠤᠷᠳᠤᠨ ᠳᠤ ᠮᠡᠳᠡᠭᠦᠯᠦᠨ᠂ ᠵᠢᠭᠠᠪᠤᠷᠢ ᠠᠪᠬᠤ᠂ ᠮᠡᠳᠡᠭᠦᠯᠦᠯᠲᠡ ᠬᠢᠬᠦ ᠶᠢ ᠬᠠᠷᠢᠭᠤᠴᠠᠨ᠎ᠠ᠃ | ᠭᠠᠳᠠᠭᠠᠲᠤ ᠶᠠᠪᠤᠳᠠᠯ ᠤᠨ ᠰᠠᠬᠢᠯᠭ᠎ᠠ ᠪᠠᠲᠤ ᠶᠢ ᠵᠦᠷᠢᠴᠡᠭᠰᠡᠨ ᠴᠢᠬᠤᠯᠠ ᠶᠡᠭᠡ ᠶᠠᠪᠤᠳᠠᠯ ᠢ ᠰᠢᠢᠳᠪᠦᠷᠢᠯᠡᠬᠦ ᠳᠤ ᠰᠠᠨᠠᠭᠤᠯᠭ᠎ᠠ ᠳᠤᠷᠠᠳᠤᠨ᠎ᠠ᠃ ᠪᠦᠬᠦ ᠬᠤᠲᠠ ᠶᠢᠨ | ᠴᠢᠬᠤᠯᠠ ᠶᠡᠭᠡ ᠭᠠᠳᠠᠭᠠᠲᠤ ᠲᠠᠢ ᠬᠤᠯᠪᠤᠭᠳᠠᠭᠰᠠᠨ ᠶᠠᠪᠤᠳᠠᠯ ᠢ ᠰᠢᠢᠳᠪᠦᠷᠢᠯᠡᠬᠦ ᠪᠤᠶᠤ ᠬᠠᠪᠰᠤᠷᠤᠨ ᠰᠢᠢᠳᠪᠦᠷᠢᠯᠡᠬᠦ ᠶᠢ ᠬᠠᠷᠢᠭᠤᠴᠠᠨ᠎ᠠ᠃ | ︵ᠭᠤᠷᠪᠠ︶ ᠭᠠᠳᠠᠭᠠᠲᠤ ᠲᠠᠢ ᠬᠤᠯᠪᠤᠭᠳᠠᠬᠤ ᠠᠵᠢᠯᠯᠠᠭ᠎ᠠ ᠪᠠ ᠭᠠᠳᠠᠭᠠᠲᠤ ᠲᠠᠢ ᠬᠤᠯᠪᠤᠭᠳᠠᠬᠤ ᠶᠠᠪᠤᠳᠠᠯ ᠤᠨ ᠠᠵᠢᠯ ᠢ ᠵᠤᠬᠢᠴᠠᠭᠤᠯᠤᠨ ᠵᠤᠬᠢᠶᠠᠨ | ᠪᠠᠶᠢᠭᠤᠯᠤᠨ᠎ᠠ᠃ ᠪᠦᠬᠦ ᠬᠤᠲᠠ ᠶᠢᠨ ᠴᠢᠬᠤᠯᠠ ᠶᠡᠭᠡ ᠭᠠᠳᠠᠭᠠᠲᠤ ᠲᠠᠢ ᠬᠤᠯᠪᠤᠭᠳᠠᠭᠰᠠᠨ ᠶᠠᠪᠤᠳᠠᠯ ᠤᠨ ᠠᠵᠢᠯ ᠪᠠ ᠭᠠᠳᠠᠭᠠᠲᠤ ᠲᠠᠢ ᠬᠤᠯᠪᠤᠭᠳᠠᠬᠤ ᠠᠵᠢᠯᠯᠠᠭ᠎ᠠ᠂ | ᠢᠷᠡᠭᠰᠡᠨ ᠭᠠᠳᠠᠭᠠᠲᠤ ᠶᠢᠨ ᠴᠢᠬᠤᠯᠠ ᠵᠤᠴᠢᠳ ᠢ ᠬᠦᠯᠢᠶᠡᠨ ᠠᠪᠬᠤ ᠶᠢ ᠵᠤᠬᠢᠴᠠᠭᠤᠯᠵᠤ ᠵᠤᠬᠢᠶᠠᠨ ᠪᠠᠶᠢᠭᠤᠯᠤᠨ᠎ᠠ᠃ ᠪᠦᠬᠦ ᠬᠤᠲᠠ ᠶᠢᠨ ᠭᠠᠳᠠᠭᠠᠲᠤ ᠲᠠᠢ | ᠬᠤᠯᠪᠤᠭᠳᠠᠬᠤ ᠵᠤᠴᠢᠯᠠᠬᠤ ᠶᠤᠰᠤᠯᠠᠯ ᠤᠨ ᠠᠵᠢᠯ ᠢ ᠵᠢᠯᠤᠭᠤᠳᠤᠨ᠎ᠠ᠃ ᠬᠠᠮᠢᠶ᠎ᠠ ᠪᠦᠬᠦᠢ ᠰᠠᠯᠠᠭ᠎ᠠ ᠮᠦᠴᠢᠷ ᠲᠠᠢ ᠬᠠᠮᠲᠤᠷᠠᠨ ᠪᠦᠬᠦ ᠬᠤᠲᠠ ᠶᠢᠨ ᠤᠯᠤᠰ ᠤᠨ ᠬᠢᠯᠢ | ᠬᠢᠵᠠᠭᠠᠷ ᠤᠨ ᠶᠠᠪᠤᠳᠠᠯ᠂ ᠬᠢᠯᠢ ᠬᠢᠵᠠᠭᠠᠷ ᠤᠷᠤᠨ ᠪᠠ ᠪᠤᠭᠤᠮᠳᠠ ᠶᠢᠨ ᠭᠠᠳᠠᠭᠠᠲᠤ ᠲᠠᠢ ᠬᠤᠯᠪᠤᠭᠳᠠᠬᠤ ᠶᠠᠪᠤᠳᠠᠯ ᠢ ᠬᠠᠮᠢᠶᠠᠷᠤᠨ᠎ᠠ᠃ ᠬᠢᠯᠢ ᠶᠢᠨ ᠬᠠᠮᠠᠭᠠᠯᠠᠯᠲᠠ ᠶᠢᠨ | ᠬᠡᠯᠡᠯᠴᠡᠭᠡ᠂ ᠠᠭᠤᠯᠵᠠᠯᠲᠠ ᠶᠢᠨ ᠠᠵᠢᠯ ᠳᠤ ᠤᠷᠤᠯᠴᠠᠨ᠎ᠠ᠃ | ︵ᠳᠦᠷᠪᠡ︶ ᠠᠯᠪᠠᠨ ᠤ ᠶᠠᠪᠤᠳᠠᠯ ᠢᠶᠠᠷ ᠭᠠᠳᠠᠭᠠᠲᠤ ᠳᠤ ᠭᠠᠷᠬᠤ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃ ᠪᠦᠬᠦ ᠬᠤᠲᠠ ᠶᠢᠨ ᠠᠯᠪᠠᠨ ᠤ | ᠶᠠᠪᠤᠳᠠᠯ ᠢᠶᠠᠷ ᠲᠤᠮᠢᠯᠠᠨ ᠭᠠᠳᠠᠭᠠᠲᠤ ᠳᠤ ᠭᠠᠷᠬᠤ ᠪᠦᠯᠬᠦᠮ ︵ᠳᠤᠭᠤᠶᠢᠯᠠᠩ︶ ᠪᠠ ᠭᠠᠳᠠᠭᠠᠲᠤ ᠶᠢᠨ ᠬᠦᠮᠦᠨ ᠢ ᠤᠷᠢᠵᠤ ᠳᠤᠮᠳᠡᠳᠤ ᠤᠯᠤᠰ ᠲᠤ ᠰᠤᠷᠪᠤᠯᠵᠢᠯᠠᠭ᠎ᠠ | ᠬᠢᠬᠦ ᠵᠡᠷᠭᠡ ᠬᠤᠯᠪᠤᠭᠳᠠᠯ ᠪᠦᠬᠦᠢ ᠶᠠᠪᠤᠳᠠᠯ ᠢ ᠲᠤᠭᠲᠠᠭᠠᠯ ᠶᠤᠰᠤᠭᠠᠷ ᠬᠢᠨᠠᠨ ᠬᠠᠷᠭᠤᠭᠤᠯᠬᠤ ᠪᠠ ᠳᠡᠭᠡᠭᠰᠢ ᠮᠡᠳᠡᠭᠦᠯᠦᠨ᠎ᠡ᠃ | ︵ᠲᠠᠪᠤ︶ ᠭᠠᠳᠠᠭᠠᠲᠤ ᠯᠤᠭ᠎ᠠ ᠶᠢᠨ ᠨᠦᠬᠦᠷᠰᠡᠭ ᠰᠤᠯᠢᠯᠴᠠᠭᠠᠨ ᠤ ᠠᠵᠢᠯ ᠢ ᠬᠠᠷᠢᠭᠤᠴᠠᠨ᠎ᠠ᠃ ᠪᠦᠬᠦ ᠬᠤᠲᠠ ᠶᠢᠨ ᠭᠠᠳᠠᠭᠠᠲᠤ ᠯᠤᠭ᠎ᠠ ᠶᠢᠨ ᠨᠦᠬᠦᠷᠰᠡᠭ | ᠨᠡᠶᠢᠭᠡᠮᠯᠢᠭ ᠤᠨ ᠠᠵᠢᠯ ᠢ ᠵᠢᠯᠤᠭᠤᠳᠤᠨ᠎ᠠ᠃ ᠮᠠᠨ ᠤ ᠬᠤᠲᠠ ᠪᠤᠯᠤᠨ ᠭᠠᠳᠠᠭᠠᠲᠤ ᠤᠯᠤᠰ ᠲᠠᠢ ᠬᠠᠷᠢᠯᠴᠠᠵᠤ᠂ ᠨᠦᠬᠦᠷᠰᠡᠭ ᠬᠤᠲᠠ᠂ ᠨᠦᠬᠦᠷᠰᠡᠭ ᠭᠠᠵᠠᠷ ᠤᠷᠤᠨ᠂ | ᠨᠦᠬᠦᠷᠰᠡᠭ ᠦᠨᠳᠦᠰᠦᠨ ᠱᠠᠲᠤᠨ ᠤ ᠪᠠᠶᠢᠭᠤᠯᠭ᠎ᠠ ᠨᠢᠭᠡᠴᠡ ᠶᠢᠨ ᠠᠵᠢᠯ ᠦᠷᠨᠢᠭᠦᠯᠬᠦ ᠶᠢ ᠵᠢᠯᠤᠭᠤᠳᠬᠤ ᠪᠠ ᠬᠠᠮᠢᠶᠠᠷᠤᠨ᠎ᠠ᠃ ᠪᠦᠬᠦ ᠬᠤᠲᠠ ᠶᠢᠨ ᠠᠷᠠᠳ | ᠢᠷᠭᠡᠳ ᠤᠨ ᠭᠠᠳᠠᠭᠠᠲᠤ ᠲᠠᠢ ᠨᠦᠬᠦᠷᠰᠡᠭ ᠬᠠᠷᠢᠯᠴᠠᠬᠤ ᠠᠵᠢᠯ ᠢ ᠵᠢᠯᠤᠭᠤᠳᠤᠨ᠎ᠠ᠃ | ︵ᠵᠢᠷᠭᠤᠭ᠎ᠠ︶ ᠭᠠᠳᠠᠭᠠᠲᠤ ᠶᠠᠪᠤᠳᠠᠯ ᠤᠨ ᠤᠬᠠᠭᠤᠯᠭ᠎ᠠ ᠪᠠ ᠬᠦᠮᠦᠵᠢᠯ ᠤᠨ ᠠᠵᠢᠯ ᠢ ᠬᠠᠷᠢᠭᠤᠴᠠᠨ᠎ᠠ᠃ ᠬᠠᠮᠢᠶ᠎ᠠ ᠪᠦᠬᠦᠢ ᠰᠠᠯᠠᠭ᠎ᠠ ᠮᠦᠴᠢᠷ ᠲᠠᠢ | ᠬᠠᠮᠵᠢᠯᠴᠠᠵᠤ ᠭᠠᠳᠠᠭᠠᠲᠤ ᠤᠬᠠᠭᠤᠯᠭ᠎ᠠ ᠪᠤᠯᠤᠨ ᠤᠯᠠᠨ ᠲᠦᠮᠡᠨᠴᠢ ᠴᠢᠨᠠᠷ ᠲᠠᠢ ᠭᠠᠳᠠᠭᠠᠲᠤ ᠶᠠᠪᠤᠳᠠᠯ ᠤᠨ ᠬᠦᠮᠦᠵᠢᠯ ᠤᠨ ᠠᠵᠢᠯ ᠢ ᠰᠠᠶᠢᠲᠤᠷ ᠬᠢᠨ᠎ᠡ᠃ ᠬᠠᠮᠢᠶ᠎ᠠ | ᠪᠦᠬᠦᠢ ᠰᠠᠯᠠᠭ᠎ᠠ ᠮᠦᠴᠢᠷ ᠲᠤ ᠴᠢᠬᠤᠯᠠ ᠶᠡᠭᠡ ᠤᠯᠠᠨ ᠤᠯᠤᠰ ᠤᠨ ᠠᠰᠠᠭᠤᠳᠠᠯ ᠤᠨ ᠲᠤᠬᠠᠢ ᠤᠬᠠᠭᠤᠯᠬᠤ ᠪᠢᠴᠢᠭ ᠮᠠᠲ᠋ᠧᠷᠢᠶᠠᠯ ᠬᠠᠩᠭᠠᠬᠤ ᠪᠠ ᠤᠪᠤᠷ ᠢᠶᠠᠨ | ᠢᠯᠡᠳᠭᠡᠨ᠎ᠡ᠃ ᠡᠷᠬᠡ ᠶᠢᠨ ᠬᠢᠵᠠᠭᠠᠷ ᠲᠠᠬᠢ ᠭᠠᠳᠠᠭᠠᠲᠤ ᠲᠠᠢ ᠬᠤᠯᠪᠤᠭᠳᠠᠭᠰᠠᠨ ᠴᠢᠬᠤᠯᠠ ᠡᠬᠡ ᠪᠢᠴᠢᠭ ᠢ ᠬᠢᠨᠠᠨ᠎ᠠ᠃ | ︵ᠳᠤᠯᠤᠭ᠎ᠠ︶ ᠠᠷᠠᠯᠵᠢᠶ᠎ᠠ ᠬᠤᠳᠠᠯᠳᠤᠭᠠᠨ ᠤ ᠭᠦᠢᠯᠭᠡᠭᠡᠨ ᠤ ᠠᠵᠤ ᠦᠢᠯᠡᠰ ᠤᠨ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃ ᠪᠦᠬᠦ ᠬᠤᠲᠠ ᠶᠢᠨ | ᠠᠷᠠᠯᠵᠢᠶ᠎ᠠ ᠬᠤᠳᠠᠯᠳᠤᠭᠠᠨ ᠤ ᠭᠦᠢᠯᠭᠡᠭᠡᠨ ᠤ ᠠᠵᠤ ᠦᠢᠯᠡᠰ ᠤᠨ ᠪᠦᠲᠦᠴᠡ ᠶᠢᠨ ᠲᠤᠬᠢᠷᠠᠭᠤᠯᠤᠯᠲᠠ ᠶᠢ ᠬᠠᠷᠢᠭᠤᠴᠠᠨ᠎ᠠ᠃ ᠠᠷᠠᠯᠵᠢᠶ᠎ᠠ ᠬᠤᠳᠠᠯᠳᠤᠭᠠᠨ ᠤ | ᠭᠦᠢᠯᠭᠡᠭᠡ ᠶᠢ ᠪᠠᠷᠢᠮᠵᠢᠶᠠᠵᠢᠭᠤᠯᠬᠤ ᠪᠤᠯᠤᠨ ᠬᠤᠯᠪᠤᠭᠠᠨ ᠡᠵᠡᠩᠨᠡᠬᠦ᠂ ᠬᠤᠳᠠᠯᠳᠤᠭᠠᠨ ᠤ ᠤᠨᠴᠠ ᠵᠦᠪᠰᠢᠶᠡᠷᠡᠭᠰᠡᠨ ᠡᠵᠡᠩᠨᠡᠯᠲᠡ᠂ ᠡᠳ᠋ ᠪᠠᠷᠠᠭᠠᠨ ᠤ ᠬᠦᠷᠭᠡᠯᠲᠡ᠂ | ᠡᠯᠧᠺᠲᠷᠣᠨ ᠬᠤᠳᠠᠯᠳᠤᠭ᠎ᠠ ᠵᠡᠷᠭᠡ ᠤᠳᠤᠬᠢᠴᠢᠯᠠᠭᠰᠠᠨ ᠭᠦᠢᠯᠭᠡᠭᠡᠨ ᠤ ᠬᠡᠯᠪᠡᠷᠢ ᠶᠢᠨ ᠬᠦᠭᠵᠢᠯᠲᠡ ᠶᠢ ᠠᠬᠢᠭᠤᠯᠤᠨ᠎ᠠ᠃ | ︵ᠨᠠᠢᠮᠠ︶ ᠵᠠᠬ᠎ᠠ ᠳᠡᠯᠭᠡᠭᠦᠷ ᠤᠨ ᠰᠢᠰᠲ᠋ᠧᠮ ᠤᠨ ᠪᠦᠲᠦᠭᠡᠨ ᠪᠠᠶᠢᠭᠤᠯᠤᠯᠲᠠ ᠶᠢᠨ ᠠᠵᠢᠯ ᠢ ᠬᠠᠷᠢᠭᠤᠴᠠᠨ᠎ᠠ᠃ ᠶᠡᠭᠡ ᠬᠡᠮᠵᠢᠶᠡᠨ ᠤ ᠪᠦᠲᠦᠭᠡᠭᠳᠡᠭᠦᠨ ᠢ | ᠪᠦᠭᠡᠮ ᠢᠶᠠᠷ ᠬᠤᠳᠠᠯᠳᠤᠬᠤ ᠵᠠᠬ᠎ᠠ ᠳᠡᠯᠭᠡᠭᠦᠷ ᠤᠨ ᠲᠦᠯᠦᠪᠯᠡᠭᠡ ᠪᠠ ᠬᠤᠲᠠ ᠶᠢᠨ ᠬᠤᠳᠠᠯᠳᠤᠭᠠᠨ ᠤ ᠲᠤᠤᠷ ᠤᠨ ᠲᠦᠯᠦᠪᠵᠢᠭᠦᠯᠭᠡ ᠶᠢ ᠵᠢᠯᠤᠭᠤᠳᠤᠨ᠎ᠠ᠃ | ᠬᠤᠳᠠᠯᠳᠤᠭᠠᠨ ᠤ ᠰᠢᠰᠲ᠋ᠧᠮ ᠤᠨ ᠪᠦᠲᠦᠭᠡᠨ ᠪᠠᠶᠢᠭᠤᠯᠤᠯᠲᠠ ᠶᠢᠨ ᠠᠵᠢᠯ ᠢ ᠠᠬᠢᠭᠤᠯᠤᠨ᠎ᠠ᠃ ᠡᠯᠧᠺᠲᠷᠣᠨ ᠬᠤᠳᠠᠯᠳᠤᠭ᠎ᠠ ᠶᠢ ᠬᠦᠳᠡᠭᠡ ᠲᠤᠰᠬᠤᠨ ᠳᠤ | ᠲᠦᠭᠡᠮᠡᠯᠵᠢᠭᠦᠯᠬᠦ ᠶᠢ ᠠᠬᠢᠭᠤᠯᠤᠨ᠎ᠠ᠃ | ︵ᠶᠢᠰᠦ︶ ᠠᠷᠠᠯᠵᠢᠶ᠎ᠠ ᠬᠤᠳᠠᠯᠳᠤᠭᠠᠨ ᠤ ᠦᠢᠯᠡᠴᠢᠯᠡᠭᠡᠨ ᠤ ᠦᠢᠯᠡᠰ᠂ ᠲᠤᠮᠤ ᠬᠡᠯᠪᠡᠷᠢ ᠶᠢᠨ ᠬᠤᠳᠠᠯᠳᠤᠭᠠᠨ ᠤ ︵ᠬᠠᠮ ᠦᠵᠡᠰᠭᠦᠯᠡᠩ︶ ᠲᠠᠯᠠᠪᠤᠷ ᠤᠨ | ᠠᠶᠤᠯᠭᠦᠢ ᠦᠢᠯᠡᠳᠪᠦᠷᠢᠯᠡᠯ ᠤᠨ ᠠᠵᠢᠯ ᠢ ᠬᠠᠷᠢᠭᠤᠴᠠᠨ᠎ᠠ᠃ | ︵ᠠᠷᠪᠠ︶ ᠬᠡᠷᠡᠭᠯᠡᠭᠡᠨ ᠤ ᠪᠤᠳᠡᠰ ᠤᠨ ᠵᠠᠬ᠎ᠠ ᠳᠡᠯᠭᠡᠭᠦᠷ ᠢ ᠲᠤᠬᠢᠷᠠᠭᠤᠯᠬᠤ ᠠᠵᠢᠯ ᠢ ᠬᠠᠷᠢᠭᠤᠴᠠᠨ᠎ᠠ᠃ ᠪᠦᠬᠦ ᠬᠤᠲᠠ ᠶᠢᠨ ᠵᠠᠬ᠎ᠠ ᠳᠡᠯᠭᠡᠭᠦᠷ ᠤᠨ ᠠᠵᠢᠯᠯᠠᠭ᠎ᠠ ᠂ | ᠲᠠᠸᠠᠷ ᠤᠨ ᠬᠠᠩᠭᠠᠯᠭ᠎ᠠ ᠬᠡᠷᠡᠭᠴᠡᠭᠡᠨ ᠤ ᠪᠠᠶᠢᠳᠠᠯ ᠢ ᠬᠢᠨᠠᠨ ᠬᠡᠮᠵᠢᠨ᠎ᠡ᠃ ᠮᠢᠬᠠᠨ ᠤ ᠲᠦᠷᠦᠯ ᠵᠡᠷᠭᠡ ᠴᠢᠬᠤᠯᠠ ᠲᠠᠸᠠᠷ ᠤᠨ ᠬᠠᠳᠠᠭᠠᠯᠠᠯᠲᠠ ᠶᠢᠨ ᠬᠠᠮᠢᠶᠠᠷᠤᠯᠲᠠ ᠪᠠ | ᠵᠠᠬ᠎ᠠ ᠳᠡᠯᠭᠡᠭᠦᠷ ᠤᠨ ᠲᠤᠬᠢᠷᠠᠭᠤᠯᠭ᠎ᠠ ᠶᠢᠨ ᠠᠵᠢᠯ ᠢ ᠬᠠᠷᠢᠭᠤᠴᠠᠨ᠎ᠠ᠃ ᠪᠤᠯᠪᠠᠰᠤᠷᠠᠭᠤᠯᠤᠭᠰᠠᠨ ᠲᠤᠰᠤᠨ ᠤ ᠭᠦᠢᠯᠭᠡᠭᠡ ᠶᠢ ᠬᠠᠤᠯᠢ ᠶᠤᠰᠤᠭᠠᠷ ᠬᠢᠨᠠᠨ ᠬᠠᠮᠢᠶᠠᠷᠤᠨ᠎ᠠ᠃ | | ︵ᠠᠷᠪᠠᠨ ᠨᠢᠭᠡ︶ ᠭᠠᠳᠠᠭᠠᠲᠤ ᠠᠷᠠᠯᠵᠢᠶᠠᠨ ᠤ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃ ᠬᠦᠯᠦᠨ ᠪᠤᠶᠢᠷ ᠬᠤᠲᠠ ᠶᠢᠨ ᠭᠠᠳᠠᠭᠠᠲᠤ ᠠᠷᠠᠯᠵᠢᠶᠠᠨ ᠤ | ᠦᠰᠦᠯᠲᠡ ᠶᠢᠨ ᠬᠡᠯᠪᠡᠷᠢ ᠶᠢ ᠬᠤᠪᠢᠷᠠᠭᠤᠯᠬᠤ ᠲᠦᠷᠦ ᠶᠢᠨ ᠪᠤᠳᠤᠯᠭ᠎ᠠ ᠠᠷᠭ᠎ᠠ ᠬᠡᠮᠵᠢᠶ᠎ᠡ ᠶᠢ ᠲᠤᠭᠤᠰᠢᠯᠠᠭᠤᠯᠤᠨ᠎ᠠ᠃ | ︵ᠠᠷᠪᠠᠨ ᠬᠤᠶᠠᠷ︶ ᠭᠠᠳᠠᠭᠠᠲᠤ ᠠᠴᠠ ᠤᠷᠤᠭᠤᠯᠬᠤ᠂ ᠭᠠᠳᠠᠭᠠᠲᠤ ᠳᠤ ᠭᠠᠷᠭᠠᠬᠤ ᠠᠷᠠᠯᠵᠢᠶᠠᠨ ᠤ ᠠᠵᠢᠯ ᠢ ᠬᠠᠷᠢᠭᠤᠴᠠᠨ᠎ᠠ᠃ ᠤᠯᠤᠰ᠂ ᠦᠪᠡᠷᠲᠡᠭᠡᠨ | ᠵᠠᠰᠠᠬᠤ ᠤᠷᠤᠨ ᠤ ᠭᠠᠳᠠᠭᠠᠲᠤ ᠲᠠᠢ ᠮᠡᠷᠭᠡᠵᠢᠯ ᠤᠨ ᠠᠷᠠᠯᠵᠢᠶ᠎ᠠ᠂ ᠭᠠᠳᠠᠭᠠᠲᠤ ᠳᠤ ᠭᠠᠷᠭᠠᠬᠤ ᠶᠢ ᠬᠠᠮᠢᠶᠠᠷᠤᠨ ᠬᠢᠵᠠᠭᠠᠷᠯᠠᠬᠤ᠂ ᠮᠡᠷᠭᠡᠵᠢᠯ ᠪᠠ ᠢᠵᠢ | ᠲᠦᠭᠦᠭᠡᠷᠦᠮᠵᠢ ᠶᠢ ᠭᠠᠳᠠᠭᠠᠲᠤ ᠠᠴᠠ ᠤᠷᠤᠭᠤᠯᠬᠤ᠂ ᠭᠠᠳᠠᠭᠠᠲᠤ ᠳᠤ ᠭᠠᠷᠭᠠᠬᠤ ᠠᠷᠠᠯᠵᠢᠶᠠᠨ ᠤ ᠲᠦᠷᠦ ᠶᠢᠨ ᠪᠤᠳᠤᠯᠭ᠎ᠠ ᠪᠤᠯᠤᠨ ᠪᠤᠯᠪᠠᠰᠤᠷᠠᠭᠤᠯᠬᠤ ᠠᠷᠠᠯᠵᠢᠶᠠᠨ ᠤ | ᠬᠠᠮᠢᠶᠠᠷᠤᠯᠲᠠ ᠶᠢᠨ ᠠᠷᠭ᠎ᠠ ᠶᠢ ᠬᠡᠷᠡᠭᠵᠢᠭᠦᠯᠦᠨ᠎ᠡ᠃ ᠦᠪᠡᠷᠲᠡᠭᠡᠨ ᠵᠠᠰᠠᠬᠤ ᠤᠷᠤᠨ ᠤ ᠬᠤᠳᠠᠯᠳᠤᠭᠠᠨ ᠤ ᠶᠠᠪᠤᠳᠠᠯ ᠤᠨ ᠲᠢᠩᠬᠢᠮ ᠠᠴᠠ ᠡᠷᠬᠡ ᠤᠯᠭᠤᠭᠰᠠᠨ | ᠭᠠᠳᠠᠭᠠᠲᠤ ᠳᠤ ᠭᠠᠷᠭᠠᠬᠤ᠂ ᠭᠠᠳᠠᠭᠠᠲᠤ ᠠᠴᠠ ᠤᠷᠤᠭᠤᠯᠬᠤ ᠲᠠᠸᠠᠷ ᠤᠨ ᠵᠦᠪᠰᠢᠶᠡᠷᠡᠯ ᠤᠨ ᠦᠨᠡᠮᠯᠡᠯ ᠤᠨ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃ | ︵ᠠᠷᠪᠠᠨ ᠭᠤᠷᠪᠠ︶ ᠦᠢᠯᠡᠴᠢᠯᠡᠭᠡᠨ ᠤ ᠠᠷᠠᠯᠵᠢᠶᠠᠨ ᠤ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃ ᠤᠯᠤᠰ᠂ ᠦᠪᠡᠷᠲᠡᠭᠡᠨ ᠵᠠᠰᠠᠬᠤ ᠤᠷᠤᠨ᠂ ᠬᠦᠯᠦᠨ | ᠪᠤᠶᠢᠷ ᠬᠤᠲᠠ ᠶᠢᠨ ᠦᠢᠯᠡᠴᠢᠯᠡᠭᠡᠨ ᠤ ᠠᠷᠠᠯᠵᠢᠶᠠᠨ ᠤ ᠬᠦᠭᠵᠢᠯᠲᠡ ᠶᠢᠨ ᠲᠦᠯᠦᠪᠯᠡᠭᠡ ᠶᠢ ᠬᠡᠷᠡᠭᠵᠢᠭᠦᠯᠬᠦ ᠮᠦᠷᠲᠡᠭᠡᠨ ᠬᠠᠮᠢᠶ᠎ᠠ ᠪᠦᠬᠦᠢ ᠠᠵᠢᠯ ᠢ ᠦᠷᠨᠢᠭᠦᠯᠦᠨ᠎ᠡ᠃ | ᠪᠦᠬᠦ ᠬᠤᠲᠠ ᠶᠢᠨ ᠬᠠᠮ ᠦᠵᠡᠰᠭᠦᠯᠡᠩ ᠤᠨ ᠦᠢᠯᠡᠰ ᠢ ᠬᠠᠷᠢᠭᠤᠴᠠᠨ᠎ᠠ᠃ | ︵ᠠᠷᠪᠠᠨ ᠳᠦᠷᠪᠡ︶ ᠬᠠᠤᠯᠢ ᠶᠤᠰᠤᠭᠠᠷ ᠡᠷᠬᠡ ᠤᠯᠭᠤᠭᠰᠠᠨ ᠪᠠᠶᠢᠭᠤᠯᠭ᠎ᠠ ᠶᠢᠨ ᠲᠤᠭᠲᠠᠭᠠᠯ ᠢ ᠦᠨᠳᠦᠰᠦᠯᠡᠨ᠂ ᠬᠤᠲᠠ ᠶᠢᠨ ᠠᠷᠠᠳ ᠤᠨ ᠵᠠᠰᠠᠭ ᠤᠨ | ᠤᠷᠳᠤᠨ ᠢ ᠲᠦᠯᠦᠭᠡᠯᠡᠵᠤ᠂ ᠭᠠᠳᠠᠭᠠᠲᠤ ᠤᠯᠤᠰ ᠲᠠᠢ ᠬᠤᠳᠠᠯᠳᠤᠭᠠᠨ ᠤ ᠬᠡᠯᠡᠯᠴᠡᠭᠡ ᠬᠢᠬᠦ ᠮᠦᠷᠲᠡᠭᠡᠨ ᠬᠠᠮᠢᠶ᠎ᠠ ᠪᠦᠬᠦᠢ ᠪᠢᠴᠢᠭ ᠮᠠᠲ᠋ᠧᠷᠢᠶᠠᠯ ᠳᠤ ᠭᠠᠷ ᠤᠨ ᠦᠰᠦᠭ | ᠵᠢᠷᠤᠨ᠎ᠠ᠃ ᠠᠳᠠᠯᠢ ᠪᠤᠰᠤ ᠤᠯᠤᠰ ᠤᠨ ᠤᠷᠤᠨ ᠨᠤᠲᠤᠭ ᠤᠨ ᠬᠤᠭᠤᠷᠤᠨᠳᠡᠬᠢ ᠠᠷᠠᠯᠵᠢᠶᠠᠨ ᠤ ᠴᠢᠬᠤᠯᠠ ᠶᠠᠪᠤᠳᠠᠯ ᠢ ᠰᠢᠢᠳᠪᠦᠷᠢᠯᠡᠨ᠎ᠡ᠃ ᠭᠠᠳᠠᠭᠠᠲᠤ ᠤᠯᠤᠰ ᠤᠨ | ᠳᠤᠮᠳᠡᠳᠤ ᠤᠯᠤᠰ ᠲᠤ ᠰᠠᠭᠤᠭ᠎ᠠ ᠠᠯᠪᠠᠨ ᠤ ᠬᠤᠳᠠᠯᠳᠤᠭᠠᠨ ᠤ ᠶᠠᠪᠤᠳᠠᠯ ᠤᠨ ᠪᠠᠶᠢᠭᠤᠯᠭ᠎ᠠ ᠨᠢᠭᠡᠴᠡ᠂ ᠭᠠᠳᠠᠭᠠᠲᠤ ᠶᠢᠨ ᠬᠤᠳᠠᠯᠳᠤᠭᠠᠴᠢᠨ ᠤ ᠡᠷᠭᠦᠨ᠎ᠡ ᠬᠤᠲᠠ ᠳᠤ | ᠰᠠᠭᠤᠭ᠎ᠠ ᠲᠦᠯᠦᠭᠡᠯᠡᠬᠦ ᠪᠠᠶᠢᠭᠤᠯᠭ᠎ᠠ ᠨᠢᠭᠡᠴᠡ ᠪᠤᠯᠤᠨ ᠳᠤᠮᠳᠡᠳᠤ ᠤᠯᠤᠰ ᠤᠨ ᠭᠠᠳᠠᠭᠠᠲᠤ ᠳᠤ ᠰᠠᠭᠤᠭ᠎ᠠ ᠡᠯᠴᠢᠨ ᠰᠠᠶᠢᠳ ᠤᠨ ᠶᠠᠮᠤᠨ ︵ᠺᠤᠨᠰᠦ᠋ᠯ︶ ᠤ | ᠬᠤᠳᠠᠯᠳᠤᠭ᠎ᠠ ᠡᠵᠡᠩᠨᠡᠵᠤ ᠪᠠᠶᠢᠭ᠎ᠠ ᠭᠠᠵᠠᠷ ᠲᠠᠢ ᠬᠠᠷᠢᠯᠴᠠᠨ᠎ᠠ᠃ | ︵ᠠᠷᠪᠠᠨ ᠲᠠᠪᠤ︶ ᠡᠷᠭᠦᠨ᠎ᠡ ᠬᠤᠲᠠ ᠶᠢᠨ ᠭᠠᠳᠠᠭᠠᠲᠤ ᠲᠠᠢ ᠠᠵᠤ ᠠᠬᠤᠢ ᠶᠢᠨ ᠮᠡᠷᠭᠡᠵᠢᠯ ᠤᠨ ᠬᠠᠮᠲᠤᠷᠠᠯᠴᠠᠭ᠎ᠠ ᠬᠢᠬᠦ ᠶᠢ ᠬᠠᠷᠢᠭᠤᠴᠠᠨ᠎ᠠ᠃ ᠤᠷᠤᠰ | ᠪᠤᠯᠤᠨ《 ᠨᠢᠭᠡ ᠪᠦᠰᠡ ᠨᠢᠭᠡ ᠵᠠᠮ 》ᠳᠠᠭᠠᠤ ᠤᠯᠤᠰ ᠤᠷᠤᠨ ᠲᠠᠢ ᠠᠵᠤ ᠠᠬᠤᠢ ᠶᠢᠨ ᠬᠠᠮᠲᠤᠷᠠᠯᠴᠠᠭ᠎ᠠ ᠪᠠᠨ ᠴᠢᠩᠭᠠᠳᠬᠠᠨ᠎ᠠ᠃ ᠤᠯᠤᠰ᠂ ᠦᠪᠡᠷᠲᠡᠭᠡᠨ | ᠵᠠᠰᠠᠬᠤ ᠤᠷᠤᠨ᠂ ᠬᠦᠯᠦᠨ ᠪᠤᠶᠢᠷ ᠬᠤᠲᠠ ᠶᠢᠨ ᠲᠤᠬᠢᠷᠠᠭᠤᠯᠤᠭᠰᠠᠨ ᠭᠠᠳᠠᠭᠠᠲᠤ ᠶᠢ ᠲᠤᠰᠠᠯᠠᠬᠤ ᠠᠵᠢᠯ ᠢ ᠬᠠᠷᠢᠭᠤᠴᠠᠨ᠎ᠠ᠃ | ︵ᠠᠷᠪᠠᠨ ᠵᠢᠷᠭᠤᠭ᠎ᠠ︶ ᠭᠠᠳᠠᠭᠠᠲᠤ ᠶᠢᠨ ᠬᠤᠳᠠᠯᠳᠤᠭᠠᠴᠢᠨ ᠤ ᠪᠡᠯᠡ ᠤᠷᠤᠭᠤᠯᠤᠯᠲᠡ ᠶᠢᠨ ᠠᠵᠢᠯ ᠢ ᠵᠢᠯᠤᠭᠤᠳᠬᠤ ᠪᠠ ᠬᠠᠮᠢᠶᠠᠷᠤᠨ᠎ᠠ᠃ ᠭᠠᠳᠠᠭᠠᠲᠤ ᠶᠢᠨ | ᠬᠤᠳᠠᠯᠳᠤᠭᠠᠴᠢᠨ ᠤ ᠪᠡᠯᠡ ᠤᠷᠤᠭᠤᠯᠤᠯᠲᠡ ᠶᠢ ᠠᠬᠢᠭᠤᠯᠬᠤ ᠬᠠᠮᠢᠶ᠎ᠠ ᠪᠦᠬᠦᠢ ᠠᠵᠢᠯ ᠢ ᠬᠠᠷᠢᠭᠤᠴᠠᠨ᠎ᠠ᠃ ᠭᠠᠳᠠᠭᠠᠲᠤ ᠶᠢᠨ ᠬᠤᠳᠠᠯᠳᠤᠭᠠᠴᠢᠨ ᠤ ᠪᠡᠯᠡ | ᠤᠷᠤᠭᠤᠯᠤᠭᠰᠠᠨ ᠠᠵᠤ ᠠᠬᠤᠶᠢᠯᠠᠯ ᠤᠨ ᠬᠠᠮᠢᠶ᠎ᠠ ᠪᠦᠬᠦᠢ ᠬᠠᠤᠯᠢ ᠴᠠᠭᠠᠵᠠ ᠬᠠᠤᠯᠢ ᠳᠦᠷᠢᠮ᠂ ᠭᠡᠷ᠎ᠡ ᠳᠦᠷᠢᠮ ᠢ ᠬᠡᠷᠡᠭᠵᠢᠭᠦᠯᠵᠦ ᠪᠠᠶᠢᠭ᠎ᠠ ᠪᠠᠶᠢᠳᠠᠯ ᠢ ᠬᠠᠤᠯᠢ | ᠶᠤᠰᠤᠭᠠᠷ ᠬᠢᠨᠠᠨ ᠪᠠᠶᠢᠴᠠᠭᠠᠵᠤ ᠲᠡᠷᠡ ᠮᠦᠷᠲᠡᠭᠡᠨ ᠬᠠᠮᠢᠶ᠎ᠠ ᠪᠦᠬᠦᠢ ᠠᠰᠠᠭᠤᠳᠠᠯ ᠢ ᠰᠢᠢᠳᠪᠦᠷᠢᠯᠡᠬᠦ ᠶᠢ ᠵᠤᠬᠢᠴᠠᠭᠤᠯᠤᠨ᠎ᠠ᠃ | ︵ᠠᠷᠪᠠᠨ ᠳᠤᠯᠤᠭ᠎ᠠ︶ ᠪᠤᠭᠤᠮᠳᠠ ᠶᠢᠨ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃ ᠪᠤᠭᠤᠮᠳᠠ ᠶᠢᠨ ᠰᠠᠭᠤᠷᠢ ᠲᠦᠭᠦᠭᠡᠷᠦᠮᠵᠢ ᠶᠢ ᠪᠦᠲᠦᠭᠡᠨ | ᠪᠠᠶᠢᠭᠤᠯᠬᠤ᠂ ᠳᠠᠭᠠᠯᠲᠠ ᠲᠦᠭᠦᠭᠡᠷᠦᠮᠵᠢ ᠶᠢ ᠪᠠᠶᠢᠴᠠᠭᠠᠬᠤ᠂ ᠲᠤᠭᠲᠠᠭᠰᠠᠨ ᠪᠤᠭᠤᠮᠳᠠ ᠶᠢᠨ ᠠᠵᠢᠯ ᠢ ᠬᠠᠷᠢᠭᠤᠴᠠᠨ᠎ᠠ᠃《 ᠰᠢᠭᠤᠳ ᠰᠢᠯᠤᠭᠤᠨ ᠪᠤᠭᠤᠮᠳᠠ | ᠦᠩᠭᠡᠷᠡᠬᠦ 》ᠪᠦᠲᠦᠭᠡᠨ ᠪᠠᠶᠢᠭᠤᠯᠤᠯᠲᠠ ᠶᠢ ᠵᠤᠬᠢᠶᠠᠨ ᠪᠠᠶᠢᠭᠤᠯᠤᠨ ᠠᠬᠢᠭᠤᠯᠤᠨ᠎ᠠ᠃ ᠪᠤᠭᠤᠮᠳᠠ ᠶᠢᠨ ᠬᠤᠳᠠᠯᠳᠤᠭ᠎ᠠ ᠡᠵᠡᠩᠨᠡᠬᠦ ᠤᠷᠴᠢᠨ ᠢ ᠰᠢᠯᠢᠳᠡᠭᠵᠢᠭᠦᠯᠦᠨ᠎ᠡ ᠃ | ᠪᠤᠭᠤᠮᠳᠠ ᠦᠩᠭᠡᠷᠡᠬᠦ ᠶᠠᠪᠤᠴᠠ ᠳᠠᠬᠢ ᠡᠯ᠎ᠡ ᠰᠠᠯᠠᠭ᠎ᠠ ᠮᠦᠴᠢᠷ ᠤᠨ ᠠᠵᠢᠯ ᠤᠨ ᠬᠠᠷᠢᠴᠠᠭ᠎ᠠ ᠶᠢ ᠵᠤᠬᠢᠴᠠᠭᠤᠯᠤᠨ᠎ᠠ᠃ ᠪᠤᠭᠤᠮᠳᠠ ᠶᠢᠨ ᠠᠵᠢᠯᠯᠠᠭ᠎ᠠ ᠶᠢ ᠬᠢᠨᠠᠬᠤ ᠪᠠ | ᠬᠦᠳᠡᠯᠦᠩᠭᠦᠢ ᠦᠨᠡᠯᠡᠬᠦ ᠶᠢ ᠬᠠᠷᠢᠭᠤᠴᠠᠨ᠎ᠠ᠃ ᠪᠤᠭᠤᠮᠳᠠ ᠶᠢᠨ ᠲᠤᠭ᠎ᠠ ᠪᠠᠷᠢᠮᠳᠠ ᠶᠢ ᠬᠢᠨᠠᠨ ᠬᠡᠮᠵᠢᠬᠦ ᠪᠠ ᠵᠠᠳᠠᠯᠤᠨ᠎ᠠ᠃ | ︵ᠠᠷᠪᠠᠨ ᠨᠠᠢᠮᠠ︶ ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ ᠤᠷᠳᠤᠨ ᠪᠠ ᠳᠡᠭᠡᠲᠦ ᠱᠠᠲᠤᠨ ᠤ ᠲᠤᠬᠠᠶᠢᠯᠠᠭᠰᠠᠨ ᠠᠵᠢᠯ ᠤᠨ ᠰᠠᠯᠠᠭ᠎ᠠ ᠮᠦᠴᠢᠷ ᠤᠨ | ᠳᠠᠭᠠᠭᠠᠯᠭᠠᠭᠰᠠᠨ ᠪᠤᠰᠤᠳ ᠠᠵᠢᠯ ᠢ ᠪᠡᠶᠡᠯᠡᠭᠦᠯᠦᠨ᠎ᠡ᠃ |