ᠭᠤᠤᠯ ᠡᠭᠦᠷᠭᠡ ᠬᠠᠷᠢᠭᠤᠴᠠᠯᠭ᠎ᠠ᠄ | ( ᠨᠢᠭᠡ ) ᠤᠯᠤᠰ᠂ ᠦᠪᠡᠷᠲᠡᠭᠡᠨ ᠵᠠᠰᠠᠬᠤ ᠤᠷᠤᠨ᠂ ᠬᠦᠯᠦᠨ ᠪᠤᠶᠢᠷ ᠬᠤᠲᠠ ᠶᠢᠨ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠲᠤᠬᠠᠢ ᠬᠠᠤᠯᠢ | ᠴᠠᠭᠠᠵᠠ᠂ ᠬᠠᠤᠯᠢ ᠳᠦᠷᠢᠮ᠂ ᠲᠦᠷᠦ ᠶᠢᠨ ᠪᠤᠳᠤᠯᠭ᠎ᠠ ᠶᠢ ᠲᠤᠤᠱᠯᠠᠭᠤᠯᠤᠨ ᠬᠡᠷᠡᠭᠵᠢᠭᠦᠯᠦᠨ᠎ᠡ᠃ ᠪᠦᠬᠦ ᠬᠤᠲᠠ ᠶᠢᠨ ᠴᠡᠷᠢᠭ ᠤᠨ ᠠᠯᠪᠠ ᠠᠴᠠ ᠬᠠᠯᠠᠭᠳᠠᠭᠰᠠᠳ ᠤᠨ | ᠦᠵᠡᠯ ᠰᠠᠨᠠᠭ᠎ᠠ ᠤᠯᠤᠰ ᠲᠦᠷᠦ᠂ ᠬᠠᠮᠢᠶᠠᠷᠤᠯᠲᠠ ᠶᠢᠨ ᠪᠠᠲᠤᠯᠠᠭ᠎ᠠ ᠪᠠ ᠲᠦᠪᠬᠢᠨᠡᠭᠦᠯᠬᠦ ᠲᠤᠬᠠᠢ ᠲᠦᠷᠦ ᠶᠢᠨ ᠪᠤᠳᠤᠯᠭ᠎ᠠ ᠵᠢᠴᠢ ᠴᠡᠷᠢᠭ ᠤᠨ ᠠᠯᠪᠠ ᠠᠴᠠ | ᠬᠠᠯᠠᠭᠳᠠᠭᠰᠠᠳ ᠢ ᠤᠨᠴᠠᠭᠠᠢ ᠬᠠᠷᠠᠭᠠᠯᠵᠠᠬᠤ ᠲᠦᠷᠦ ᠶᠢᠨ ᠪᠤᠳᠤᠯᠭ᠎ᠠ ᠶᠢᠨ ᠱᠠᠭᠠᠷᠳᠠᠯᠭ᠎ᠠ ᠶᠢ ᠭᠦᠨᠵᠡᠭᠡᠢ ᠲᠤᠭᠤᠰᠢᠯᠠᠭᠤᠯᠤᠨ᠎ᠠ᠃ ᠴᠡᠷᠢᠭ ᠤᠨ ᠠᠯᠪᠠ ᠠᠴᠠ | ᠬᠠᠯᠠᠭᠳᠠᠭᠰᠠᠳ ᠤᠨ ᠨᠠᠮ᠂ ᠤᠯᠤᠰ᠂ ᠠᠷᠠᠳ ᠲᠦᠮᠡᠨ ᠤ ᠲᠦᠯᠦᠭᠡ ᠦᠪᠡᠷ ᠢ ᠪᠠᠨ ᠦᠷᠡᠭᠳᠡᠭᠦᠯᠬᠦ ᠵᠤᠷᠢᠭ ᠰᠠᠨᠠᠭ᠎ᠠ ᠪᠠ ᠦᠷᠲᠡᠭ ᠤᠨ ᠬᠦᠭᠡᠭᠡᠴᠡᠯᠳᠦᠯ ᠢ | ᠵᠤᠷᠢᠭᠵᠢᠭᠤᠯᠤᠨ ᠬᠦᠬᠢᠭᠦᠯᠦᠨ᠎ᠡ᠃ ᠰᠤᠮᠤ ᠰᠢᠶᠠᠩ ᠪᠠᠯᠭᠠᠰᠤ ( ᠬᠡᠷᠡᠭ ᠡᠷᠬᠢᠯᠡᠬᠦ ᠭᠠᠵᠠᠷ ) ᠶᠢ ᠵᠢᠭᠠᠨ ᠵᠢᠯᠤᠭᠤᠳᠴᠤ ᠬᠠᠮᠢᠶ᠎ᠠ ᠪᠦᠬᠦᠢ ᠠᠵᠢᠯ ᠢ ᠦᠷᠨᠢᠭᠦᠯᠦᠨ᠎ᠡ᠃ | | ( ᠬᠤᠶᠠᠷ ) ᠴᠡᠷᠢᠭ ᠤᠨ ᠠᠯᠪᠠ ᠠᠴᠠ ᠬᠠᠯᠠᠭᠳᠠᠭᠰᠠᠳ ᠢ ᠲᠦᠪᠬᠢᠨᠡᠭᠦᠯᠬᠦ ᠠᠵᠢᠯ ᠢ ᠬᠠᠷᠢᠭᠤᠴᠠᠨ᠎ᠠ᠃ ᠴᠡᠷᠢᠭ ᠠᠴᠠ ᠰᠢᠯᠵᠢᠭᠰᠡᠨ ᠺᠠᠳ᠋ᠷ᠂ ᠴᠡᠷᠢᠭ ᠠᠴᠠ | ᠬᠠᠯᠠᠭᠳᠠᠭᠰᠠᠨ ᠺᠠᠳ᠋ᠷ᠂ ᠠᠵᠢᠯ ᠠᠴᠠ ᠪᠠᠨ ᠠᠮᠠᠷᠠᠭᠰᠠᠨ ᠺᠠᠳ᠋ᠷ᠂ ᠴᠡᠷᠢᠭ ᠤᠨ ᠠᠯᠪᠠ ᠠᠴᠠ ᠭᠠᠷᠤᠭᠰᠠᠨ ᠪᠠᠶᠢᠯᠳᠤᠭᠴᠢ᠂ ᠴᠡᠷᠢᠭ ᠤᠨ ᠬᠠᠷᠢᠶ᠎ᠠ ᠦᠭᠡᠢ | ᠠᠵᠢᠯ ᠠᠴᠠ ᠪᠠᠨ ᠠᠮᠠᠷᠠᠭᠰᠠᠨ ᠠᠵᠢᠯᠲᠠᠳ ᠵᠢᠴᠢ ᠴᠡᠷᠢᠭ ᠤᠨ ᠭᠡᠷ ᠪᠦᠯᠢ ᠶᠢ ᠲᠦᠪᠬᠢᠨᠡᠭᠦᠯᠬᠦ ᠠᠵᠢᠯ ᠢ ᠬᠠᠷᠢᠭᠤᠴᠠᠨ᠎ᠠ᠃ ᠦᠪᠡᠰᠦᠪᠡᠨ ᠠᠵᠢᠯ ᠰᠤᠩᠭᠤᠭᠰᠠᠨ᠂ | ᠦᠪᠡᠰᠦᠪᠡᠨ ᠠᠵᠢᠯ ᠡᠷᠢᠭᠰᠡᠨ ᠴᠡᠷᠢᠭ ᠤᠨ ᠠᠯᠪᠠ ᠠᠴᠠ ᠬᠠᠯᠠᠭᠳᠠᠭᠰᠠᠳ ᠢ ᠬᠠᠮᠢᠶᠠᠷᠬᠤ ᠠᠵᠢᠯ ᠢ ᠬᠠᠷᠢᠭᠤᠴᠠᠨ᠎ᠠ᠃ | ( ᠭᠤᠷᠪᠠ ) ᠴᠡᠷᠢᠭ ᠤᠨ ᠠᠯᠪᠠ ᠠᠴᠠ ᠬᠠᠯᠠᠭᠳᠠᠭᠰᠠᠳ ᠲᠤ ᠪᠤᠯᠪᠠᠰᠤᠷᠠᠯ ᠬᠦᠷᠲᠡᠭᠡᠬᠦ᠂ ᠠᠵᠢᠯ ᠤᠯᠭᠤᠬᠤ ᠶᠢ ᠵᠢᠯᠤᠭᠤᠳᠤᠨ᠎ᠠ᠃ ᠴᠡᠷᠢᠭ ᠤᠨ ᠠᠯᠪᠠ ᠠᠴᠠ | ᠬᠠᠯᠠᠭᠳᠠᠭᠰᠠᠳ ᠤᠨ ᠰᠤᠷᠭᠠᠨ ᠬᠦᠮᠦᠵᠢᠯ ᠬᠦᠷᠲᠡᠬᠦ᠂ ᠪᠤᠯᠪᠠᠰᠤᠷᠠᠯ ᠬᠢᠬᠦ ᠶᠢ ᠵᠤᠬᠢᠶᠠᠨ ᠪᠠᠶᠢᠭᠤᠯᠤᠨ ᠵᠢᠯᠤᠭᠤᠳᠤᠨ᠎ᠠ᠃ ᠴᠡᠷᠢᠭ ᠤᠨ ᠠᠯᠪᠠ ᠠᠴᠠ ᠬᠠᠯᠠᠭᠳᠠᠭᠰᠠᠳ | ᠵᠢᠴᠢ ᠭᠡᠷ ᠪᠦᠯᠢ ᠶᠢᠨ ᠬᠦᠮᠦᠰ ᠤᠨ ᠠᠵᠢᠯ ᠦᠢᠯᠡᠰ ᠪᠤᠰᠬᠠᠬᠤ᠂ ᠠᠵᠢᠯ ᠤᠯᠭᠤᠯᠲᠡ ᠶᠢ ᠳᠡᠮᠵᠢᠨ᠎ᠡ᠃ | ( ᠳᠦᠷᠪᠡ ) ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠴᠠᠯᠢᠩ ᠤᠷᠤᠯᠭ᠎ᠠ ᠶᠢᠨ ᠪᠠᠲᠤᠯᠠᠭ᠎ᠠ ᠶᠢᠨ ᠠᠵᠢᠯ ᠢ ᠬᠠᠷᠢᠭᠤᠴᠠᠨ᠎ᠠ᠃ ᠤᠷᠤᠨ ᠨᠤᠲᠤᠭ ᠲᠤ | ᠲᠤᠰᠢᠶᠠᠭᠰᠠᠨ ᠠᠵᠢᠯ ᠠᠴᠠ ᠪᠠᠨ ᠠᠮᠠᠷᠠᠭᠰᠠᠨ ᠴᠡᠷᠢᠭ᠂ ᠲᠤᠭᠲᠠᠭᠰᠠᠨ ᠨᠦᠬᠦᠴᠡᠯ ᠳᠤ ᠨᠡᠶᠢᠴᠡᠬᠦ ᠪᠤᠰᠤᠳ ᠴᠡᠷᠢᠭ ᠤᠨ ᠠᠯᠪᠠ ᠠᠴᠠ ᠬᠠᠯᠠᠭᠳᠠᠭᠰᠠᠳ ᠪᠤᠯᠤᠨ | ᠴᠡᠷᠢᠭ ᠤᠨ ᠬᠠᠷᠢᠶ᠎ᠠ ᠦᠭᠡᠢ ᠠᠵᠢᠯ ᠠᠴᠠ ᠪᠠᠨ ᠠᠮᠠᠷᠠᠭᠰᠠᠨ ᠠᠵᠢᠯᠲᠠᠳ ᠤᠨ ᠤᠷᠤᠨ ᠰᠠᠭᠤᠴᠠ ᠶᠢ ᠪᠠᠲᠤᠯᠠᠬᠤ ᠠᠵᠢᠯ ᠢ ᠵᠤᠬᠢᠶᠠᠨ ᠪᠠᠶᠢᠭᠤᠯᠤᠨ | ᠨᠠᠶᠢᠳᠠᠪᠤᠷᠢᠵᠢᠭᠤᠯᠤᠨ᠎ᠠ᠃ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠡᠮᠴᠢᠯᠡᠭᠡᠨ ᠤ ᠪᠠᠲᠤᠯᠠᠭ᠎ᠠ᠂ ᠨᠡᠶᠢᠭᠡᠮ ᠤᠨ ᠳᠠᠭᠠᠳᠬᠠᠯ ᠵᠡᠷᠭᠡ ᠪᠠᠲᠤᠯᠠᠭ᠎ᠠ ᠶᠢᠨ ᠠᠵᠢᠯ ᠢ | ᠬᠠᠷᠢᠭᠤᠴᠠᠨ᠎ᠠ᠃ | ( ᠲᠠᠪᠤ ) ᠰᠢᠷᠬᠠᠳᠤᠭᠰᠠᠨ ᠡᠪᠡᠳᠴᠢᠯᠡᠭᠰᠡᠨ ᠵᠡᠮᠳᠡᠭ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠦᠢᠯᠡᠴᠢᠯᠡᠭᠡᠨ ᠤ ᠬᠠᠮᠢᠶᠠᠷᠤᠯᠲᠠ ᠪᠠ ᠠᠰᠠᠷᠠᠮᠵᠢ ᠶᠢᠨ | ᠠᠵᠢᠯ ᠢ ᠵᠤᠬᠢᠶᠠᠨ ᠪᠠᠶᠢᠭᠤᠯᠤᠨ ᠵᠢᠯᠤᠭᠤᠳᠤᠨ᠎ᠠ᠃ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠡᠮᠴᠢᠯᠡᠭᠡ᠂ ᠰᠤᠪᠢᠯᠠᠯᠲᠠ᠂ ᠨᠠᠰᠤᠲᠠᠨ ᠢ ᠠᠰᠠᠷᠠᠬᠤ ᠵᠡᠷᠭᠡ | ᠪᠠᠶᠢᠭᠤᠯᠭ᠎ᠠ ᠶᠢᠨ ᠲᠦᠯᠦᠪᠯᠡᠭᠡ᠂ ᠲᠦᠷᠦ ᠶᠢᠨ ᠪᠤᠳᠤᠯᠭ᠎ᠠ ᠶᠢ ᠨᠠᠶᠢᠳᠠᠪᠤᠷᠢᠵᠢᠭᠤᠯᠤᠨ᠎ᠠ᠃ ᠦᠷᠭᠦᠯᠵᠢᠯᠡᠨ ᠴᠡᠷᠢᠭ ᠤᠨ ᠠᠯᠪᠠ ᠭᠦᠢᠴᠡᠳᠭᠡᠵᠦ ᠳᠡᠶᠢᠯᠬᠦ ᠦᠭᠡᠢ | ᠪᠤᠯᠤᠭᠰᠠᠨ ᠰᠢᠷᠬᠠᠳᠤᠭᠰᠠᠨ ᠡᠪᠡᠳᠴᠢᠯᠡᠭᠰᠡᠨ ᠵᠡᠮᠳᠡᠭ ᠴᠡᠷᠢᠭ ᠤᠨ ᠬᠠᠮᠢᠶ᠎ᠠ ᠪᠦᠬᠦᠢ ᠠᠵᠢᠯ ᠢ ᠬᠠᠷᠢᠭᠤᠴᠠᠨ᠎ᠠ᠃ ᠴᠡᠷᠢᠭ ᠤᠨ ᠬᠠᠩᠭᠠᠯᠭ᠎ᠠ ᠶᠢᠨ ᠦᠢᠯᠡᠴᠢᠯᠡᠭᠡᠨ ᠤ | ᠪᠠᠲᠤᠯᠠᠭ᠎ᠠ ᠶᠢᠨ ᠠᠵᠢᠯ ᠢ ᠵᠢᠯᠤᠭᠤᠳᠤᠨ᠎ᠠ᠃ | ( ᠵᠢᠷᠭᠤᠭ᠎ᠠ ) ᠪᠦᠬᠦ ᠬᠤᠲᠠ ᠶᠢᠨ ᠴᠡᠷᠢᠭ ᠢ ᠬᠦᠷᠢᠶᠡᠯᠡᠬᠦ᠂ ᠴᠡᠷᠢᠭ ᠤᠨ ᠭᠡᠷ ᠪᠦᠯᠢ ᠶᠢ ᠬᠠᠷᠠᠭᠠᠯᠵᠠᠬᠤ ᠠᠵᠢᠯ ᠢ ᠵᠤᠬᠢᠶᠠᠨ ᠪᠠᠶᠢᠭᠤᠯᠤᠨ ᠵᠢᠯᠤᠭᠤᠳᠤᠨ᠎ᠠ᠃ | ᠴᠡᠷᠢᠭ ᠤᠨ ᠠᠯᠪᠠ ᠭᠦᠢᠴᠡᠳᠭᠡᠵᠦ ᠪᠠᠶᠢᠭ᠎ᠠ ᠬᠦᠮᠦᠨ᠂ ᠴᠡᠷᠢᠭ ᠤᠨ ᠠᠯᠪᠠ ᠠᠴᠠ ᠬᠠᠯᠠᠭᠳᠠᠭᠰᠠᠳ᠂ ᠴᠡᠷᠢᠭ ᠠᠩᠭᠢ ᠶᠢᠨ ᠪᠢᠴᠢᠭ ᠤᠨ ᠲᠤᠰᠢᠶᠠᠯᠲᠠᠨ ᠪᠤᠯᠤᠨ | ᠴᠡᠷᠢᠭ ᠤᠨ ᠭᠡᠷ ᠪᠦᠯᠢ ᠶᠢ ᠬᠠᠷᠠᠭᠠᠯᠵᠠᠬᠤ ᠠᠵᠢᠯ ᠢ ᠬᠠᠷᠢᠭᠤᠴᠠᠨ᠎ᠠ᠃ | ( ᠳᠤᠯᠤᠭ᠎ᠠ ) ᠦᠷᠡᠭᠳᠡᠭᠰᠡᠨ ᠪᠠᠭᠠᠲᠤᠷ ᠵᠢᠴᠢ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠢᠷᠠᠭᠤ ᠠᠯᠳᠠᠷ᠂ ᠬᠦᠬᠢᠭᠦᠯᠦᠯ ᠱᠠᠩᠨᠠᠯ᠂ ᠴᠡᠷᠢᠭ ᠬᠦᠮᠦᠨ ᠤ | ᠨᠡᠶᠢᠲᠡ ᠶᠢᠨ ᠪᠤᠩᠬᠤᠨ ᠢ ᠬᠠᠮᠢᠶᠠᠷᠴᠤ ᠬᠠᠮᠠᠭᠠᠯᠠᠬᠤ᠂ ᠳᠤᠷᠠᠰᠬᠠᠬᠤ ᠠᠵᠢᠯᠯᠠᠭ᠎ᠠ ᠵᠡᠷᠭᠡ ᠶᠢ ᠬᠠᠷᠢᠭᠤᠴᠠᠨ᠎ᠠ᠃ ᠦᠷᠡᠭᠳᠡᠭᠰᠡᠨ ᠪᠠᠭᠠᠲᠤᠷ ᠢ ᠬᠠᠮᠠᠭᠠᠯᠠᠬᠤ ᠬᠠᠮᠢᠶ᠎ᠠ | ᠪᠦᠬᠦᠢ ᠠᠵᠢᠯ ᠢ ᠬᠠᠤᠯᠢ ᠶᠤᠰᠤᠭᠠᠷ ᠬᠠᠷᠢᠭᠤᠴᠠᠨ᠎ᠠ᠃ ᠤᠯᠤᠰ᠂ ᠦᠪᠡᠷᠲᠡᠭᠡᠨ ᠵᠠᠰᠠᠬᠤ ᠤᠷᠤᠨ᠂ ᠬᠦᠯᠦᠨ ᠪᠤᠶᠢᠷ ᠬᠤᠲᠠ ᠶᠢᠨ ᠭᠤᠤᠯᠳᠠᠯᠭ᠎ᠠ ᠲᠠᠢ ᠬᠠᠮᠠᠭᠠᠯᠠᠵᠤ | ᠪᠠᠶᠢᠭ᠎ᠠ ᠦᠷᠡᠭᠳᠡᠭᠰᠡᠨ ᠪᠠᠭᠠᠲᠤᠷ ᠢ ᠳᠤᠷᠠᠰᠬᠠᠬᠤ ᠪᠠᠷᠢᠯᠭ᠎ᠠ ᠶᠢᠨ ᠨᠡᠷ᠎ᠡ ᠶᠢᠨ ᠬᠦᠰᠦᠨᠦᠭᠳᠦ ᠶᠢ ᠬᠢᠨᠠᠨ ᠵᠢᠭᠰᠠᠭᠠᠨ᠎ᠠ᠃ ᠴᠡᠷᠢᠭ ᠤᠨ ᠠᠯᠪᠠ ᠠᠴᠠ ᠬᠠᠯᠠᠭᠳᠠᠭᠰᠠᠳ᠂ | ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠠᠵᠢᠯᠯᠠᠵᠤ ᠪᠠᠶᠢᠭ᠎ᠠ ᠪᠠᠶᠢᠭᠤᠯᠭ᠎ᠠ ᠨᠢᠭᠡᠴᠡ ᠶᠢᠨ ᠲᠡᠷᠢᠭᠦᠨ ᠤ ᠦᠢᠯᠡ ᠠᠵᠢᠯᠯᠠᠭ᠎ᠠ ᠶᠢ ᠬᠦᠬᠢᠭᠦᠯᠬᠦ ᠪᠠ ᠤᠬᠠᠭᠤᠯᠤᠨ᠎ᠠ ᠃ | | ( ᠨᠠᠢᠮᠠ ) ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠬᠠᠤᠯᠢ ᠶᠤᠰᠤᠨ ᠤ ᠡᠷᠬᠡ ᠠᠰᠢᠭ ᠢ ᠬᠠᠮᠠᠭᠠᠯᠠᠬᠤ ᠠᠵᠢᠯ ᠢ ᠬᠠᠷᠢᠭᠤᠴᠠᠨ᠎ᠠ᠃ ᠴᠡᠷᠢᠭ ᠤᠨ | ᠠᠯᠪᠠ ᠠᠴᠠ ᠬᠠᠯᠠᠭᠳᠠᠭᠰᠠᠳ ᠲᠠᠢ ᠬᠠᠮᠢᠶ᠎ᠠ ᠪᠦᠬᠦᠢ ᠬᠠᠤᠯᠢ ᠴᠠᠭᠠᠵᠠ ᠬᠠᠤᠯᠢ ᠳᠦᠷᠢᠮ ᠪᠤᠯᠤᠨ ᠲᠦᠷᠦ ᠶᠢᠨ ᠪᠤᠳᠤᠯᠭ᠎ᠠ ᠠᠷᠭ᠎ᠠ ᠬᠡᠮᠵᠢᠶ᠎ᠡ ᠶᠢ | ᠨᠠᠶᠢᠳᠠᠪᠤᠷᠢᠵᠢᠭᠤᠯᠤᠭᠰᠠ ᠪᠠᠶᠢᠳᠠᠯ ᠢ ᠵᠢᠭᠠᠨ ᠵᠢᠯᠤᠭᠤᠳᠬᠤ ᠮᠦᠷᠲᠡᠭᠡᠨ ᠬᠢᠨᠠᠨ ᠪᠠᠶᠢᠴᠠᠭᠠᠨ᠎ᠠ᠃ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠡᠷᠬᠡ ᠠᠰᠢᠭ ᠢ | ᠬᠠᠮᠠᠭᠠᠯᠠᠬᠤ ᠪᠤᠯᠤᠨ ᠬᠠᠮᠢᠶ᠎ᠠ ᠪᠦᠬᠦᠢ ᠬᠦᠮᠦᠰ ᠢ ᠳᠡᠮᠵᠢᠬᠦ ᠠᠵᠢᠯ ᠢ ᠵᠤᠬᠢᠶᠠᠨ ᠪᠠᠶᠢᠭᠤᠯᠤᠨ ᠦᠷᠨᠢᠭᠦᠯᠦᠨ᠎ᠡ᠃ | ( ᠶᠢᠰᠦ ) ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ ᠤᠷᠳᠤᠨ ᠪᠠ ᠳᠡᠭᠡᠲᠦ ᠱᠠᠲᠤᠨ ᠤ ᠲᠤᠬᠠᠶᠢᠯᠠᠭᠰᠠᠨ ᠠᠵᠢᠯ ᠤᠨ ᠰᠠᠯᠠᠭ᠎ᠠ ᠮᠦᠴᠢᠷ ᠤᠨ | ᠳᠠᠭᠠᠭᠠᠯᠭᠠᠭᠰᠠᠨ ᠪᠤᠰᠤᠳ ᠠᠵᠢᠯ ᠢ ᠪᠡᠶᠡᠯᠡᠭᠦᠯᠦᠨ᠎ᠡ᠃ | ᠬᠠᠷᠢᠯᠴᠠᠬᠤ ᠬᠠᠶ᠋ᠢᠭ : ᠡᠷᠭᠦᠨ᠎ᠡ ᠬᠤᠲᠠ ᠶᠢᠨ ᠵᠠᠰᠠᠭ ᠵᠠᠬᠢᠷᠭᠠᠨ ᠤ ᠬᠢᠨᠠᠨ ᠵᠦᠪᠰᠢᠶᠡᠷᠡᠬᠦ ᠶᠡᠭᠡ ᠠᠰᠠᠷ ᠤᠨ 5 ᠳ᠋ᠤᠭᠠᠷ ᠳᠠᠪᠬᠤᠷ | ᠰᠢᠤᠳᠠᠨ ᠤ ᠨᠤᠮᠧᠷ : 022250 | ᠬᠠᠷᠢᠯᠴᠠᠬᠤ ᠤᠳᠠᠰᠤ : 0470—6822271 | ᠠᠵᠢᠯᠯᠠᠬᠤ ᠴᠠᠭ : 9 : 00—12 : 00 , 14 : 00—17 : 00 | ( ᠠᠮᠠᠷᠠᠯᠲᠠ ᠶᠢᠨ ᠡᠳᠦᠷ ᠠᠴᠠ ᠭᠠᠳᠠᠨ᠎ᠠ ) |