ᠭᠤᠤᠯ ᠡᠭᠦᠷᠭᠡ ᠬᠠᠷᠢᠭᠤᠴᠠᠯᠭ᠎ᠠ᠄ | ( ᠨᠢᠭᠡ ) ᠤᠯᠤᠰ᠂ ᠦᠪᠡᠷᠲᠡᠭᠡᠨ ᠵᠠᠰᠠᠬᠤ ᠤᠷᠤᠨ ᠤ ᠰᠤᠶᠤᠯ᠂ ᠵᠢᠭᠤᠯᠴᠢᠯᠠᠯ᠂ ᠪᠡᠶ᠎ᠡ ᠶᠢᠨ ᠲᠠᠮᠢᠷ᠂ ᠲᠡᠤᠬᠡ ᠶᠢᠨ ᠲᠤᠷᠠᠰᠬᠠᠯᠲᠤ ᠵᠦᠢᠯ ᠤᠨ ᠲᠤᠬᠠᠢ | ᠬᠠᠤᠯᠢ ᠴᠠᠭᠠᠵᠠ᠂ ᠬᠠᠤᠯᠢ ᠳᠦᠷᠢᠮ ᠪᠠ ᠲᠦᠷᠦ ᠶᠢᠨ ᠪᠤᠳᠤᠯᠭ᠎ᠠ ᠶᠢ ᠲᠤᠭᠤᠰᠢᠯᠠᠭᠤᠯᠤᠨ ᠬᠡᠷᠡᠭᠵᠢᠭᠦᠯᠦᠨ᠎ᠡ᠃ ᠡᠷᠭᠦᠨ᠎ᠡ ᠬᠤᠲᠠ ᠶᠢᠨ ᠰᠤᠶᠤᠯ᠂ ᠵᠢᠭᠤᠯᠴᠢᠯᠠᠯ᠂ | ᠪᠡᠶ᠎ᠡ ᠶᠢᠨ ᠲᠠᠮᠢᠷ᠂ ᠲᠡᠤᠬᠡ ᠶᠢᠨ ᠲᠤᠷᠠᠰᠬᠠᠯᠲᠤ ᠵᠦᠢᠯ ᠤᠨ ᠬᠠᠮᠢᠶᠠᠷᠤᠯᠲᠠ ᠶᠢᠨ ᠲᠦᠷᠦ ᠶᠢᠨ ᠪᠤᠳᠤᠯᠭ᠎ᠠ᠂ ᠠᠷᠭ᠎ᠠ ᠬᠡᠮᠵᠢᠶ᠎ᠡ ᠶᠢ ᠰᠤᠳᠤᠯᠤᠨ ᠲᠤᠭᠲᠠᠭᠠᠨ᠎ᠠ᠃ | ᠡᠷᠭᠦᠨ᠎ᠡ ᠬᠤᠲᠠ ᠶᠢᠨ ᠲᠡᠤᠬᠡ ᠶᠢᠨ ᠲᠤᠷᠠᠰᠬᠠᠯᠲᠤ ᠵᠦᠢᠯ ᠢ ᠬᠠᠮᠠᠭᠠᠯᠠᠬᠤ ᠤᠷᠤᠨ ᠨᠤᠲᠤᠭ ᠤᠨ ᠴᠢᠨᠠᠷᠲᠠᠢ ᠲᠤᠭᠲᠠᠭᠠᠯ᠂ ᠠᠷᠭ᠎ᠠ ᠶᠢ ᠲᠤᠭᠤᠷᠪᠢᠨ᠎ᠠ᠃ | ( ᠬᠤᠶᠠᠷ ) ᠰᠤᠶᠤᠯ᠂ ᠵᠢᠭᠤᠯᠴᠢᠯᠠᠯ᠂ ᠪᠡᠶ᠎ᠡ ᠶᠢᠨ ᠲᠠᠮᠢᠷ᠂ ᠲᠡᠤᠬᠡ ᠶᠢᠨ ᠲᠤᠷᠠᠰᠬᠠᠯᠲᠤ ᠵᠦᠢᠯ ᠤᠨ ᠦᠢᠯᠡᠰ ᠵᠢᠴᠢ ᠬᠠᠮᠢᠶ᠎ᠠ ᠪᠦᠬᠦᠢ ᠠᠵᠤ ᠦᠢᠯᠡᠰ ᠤᠨ | ᠬᠦᠭᠵᠢᠯᠲᠡ ᠶᠢ ᠨᠢᠭᠡᠲᠦᠯᠲᠠᠢ ᠲᠦᠯᠦᠪᠯᠡᠨ᠎ᠡ᠂ ᠬᠦᠭᠵᠢᠯᠲᠡ ᠶᠢᠨ ᠲᠦᠯᠦᠪᠯᠡᠭᠡ ᠶᠢ ᠲᠤᠭᠲᠠᠭᠠᠬᠤ ᠮᠦᠷᠲᠡᠭᠡᠨ ᠵᠤᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠰᠤᠶᠤᠯ | ᠪᠠ ᠵᠢᠭᠤᠯᠴᠢᠯᠠᠯ ᠤᠨ ᠤᠷᠭᠠᠨᠢᠭ ᠬᠦᠭᠵᠢᠯᠲᠡ ᠶᠢ ᠲᠦᠯᠬᠢᠨ ᠠᠬᠢᠭᠤᠯᠤᠨ᠎ᠠ᠃ ᠰᠤᠶᠤᠯ᠂ ᠵᠢᠭᠤᠯᠴᠢᠯᠠᠯ᠂ ᠪᠡᠶ᠎ᠡ ᠶᠢᠨ ᠲᠠᠮᠢᠷ ᠤᠨ ᠪᠠᠶᠢᠭᠤᠯᠤᠯ ᠤᠨ | ᠦᠭᠡᠷᠡᠴᠢᠯᠡᠯᠲᠡ ᠶᠢ ᠠᠬᠢᠭᠤᠯᠤᠨ᠎ᠠ᠃ | ( ᠭᠤᠷᠪᠠ ) ᠰᠤᠶᠤᠯ᠂ ᠵᠢᠭᠤᠯᠴᠢᠯᠠᠯ᠂ ᠪᠡᠶ᠎ᠡ ᠶᠢᠨ ᠲᠠᠮᠢᠷ ᠤᠨ ᠠᠮᠤᠷ ᠲᠦᠪᠰᠢᠨ ᠤ ᠬᠠᠮᠢᠶᠠᠷᠤᠯᠲᠠ ᠶᠢ ᠬᠠᠷᠢᠭᠤᠴᠠᠵᠤ᠂ ᠵᠦᠪ ᠶᠠᠷᠢᠶ᠎ᠠ ᠬᠡᠯᠡᠯᠴᠡᠭᠡᠨ ᠤ | ᠴᠢᠭᠯᠡᠯᠲᠡ ᠪᠠ ᠡᠭᠦᠳᠦᠯᠲᠡ ᠶᠢᠨ ᠴᠢᠭᠯᠡᠯᠲᠡ ᠶᠢ ᠡᠵᠡᠮᠰᠢᠨ᠎ᠡ᠃ ᠪᠦᠬᠦ ᠬᠤᠲᠠ ᠶᠢᠨ ᠴᠢᠨᠠᠷᠲᠠᠢ ᠴᠢᠬᠤᠯᠠ ᠶᠡᠭᠡ ᠰᠤᠶᠤᠯ᠂ ᠵᠢᠭᠤᠯᠴᠢᠯᠠᠯ᠂ ᠪᠡᠶ᠎ᠡ ᠶᠢᠨ ᠲᠠᠮᠢᠷ ᠤᠨ | ᠠᠵᠢᠯᠯᠠᠭ᠎ᠠ ᠶᠢ ᠵᠤᠬᠢᠴᠠᠭᠤᠯᠬᠤ ᠪᠠ ᠬᠠᠮᠢᠶᠠᠷᠤᠨ᠎ᠠ᠃ | ( ᠳᠦᠷᠪᠡ ) ᠤᠷᠠᠯᠢᠭ ᠤᠨ ᠦᠢᠯᠡᠰ ᠤᠨ ᠬᠦᠭᠵᠢᠯᠲᠡ ᠶᠢ ᠲᠦᠯᠬᠢᠨ ᠠᠬᠢᠭᠤᠯᠬᠤ ᠶᠢ ᠬᠠᠷᠢᠭᠤᠴᠠᠨ᠎ᠠ᠃ ᠪᠦᠬᠦ ᠬᠤᠲᠠ ᠶᠢᠨ ᠤᠷᠠᠯᠢᠭ ᠤᠨ ᠠᠵᠢᠯ ᠢ | ᠬᠠᠮᠢᠶᠠᠷᠬᠤ᠂ ᠵᠢᠭᠠᠨ ᠵᠢᠯᠤᠭᠤᠳᠬᠤ ᠪᠠ ᠲᠦᠯᠦᠪᠯᠡᠨ᠎ᠡ᠃ ᠤᠷᠠᠯᠢᠭ ᠤᠨ ᠵᠤᠬᠢᠶᠠᠨ ᠪᠦᠲᠦᠭᠡᠬᠦ ᠪᠠ ᠦᠢᠯᠡᠳᠪᠦᠷᠢᠯᠡᠬᠦ ᠢ ᠬᠠᠮᠢᠶᠠᠷᠴᠤ᠂ ᠵᠢᠭᠠᠨ ᠵᠢᠯᠤᠭᠤᠳᠤᠨ᠎ᠠ᠃ | ᠨᠡᠶᠢᠭᠡᠮ ᠵᠢᠷᠤᠮ ᠤᠨ ᠭᠤᠤᠯᠯᠠᠬᠤ ᠦᠷᠲᠡᠭ ᠤᠨ ᠦᠵᠡᠯᠲᠡ ᠶᠢ ᠳᠤᠰᠬᠠᠭᠰᠠᠨ᠂ ᠤᠳᠤᠷᠢᠳᠤᠮᠵᠢ ᠶᠢᠨ ᠴᠢᠨᠠᠷᠲᠠᠢ᠂ ᠲᠦᠯᠦᠭᠡᠯᠡᠬᠦ ᠴᠢᠨᠠᠷᠲᠠᠢ᠂ ᠵᠢᠱᠢᠶᠠᠴᠢ ᠴᠢᠨᠠᠷᠲᠠᠢ | ᠤᠷᠠᠯᠢᠭ ᠤᠨ ᠪᠦᠲᠦᠭᠡᠯ ᠤᠨ ᠡᠭᠦᠳᠦᠯᠲᠡ ᠶᠢ ᠳᠡᠮᠵᠢᠨ᠎ᠡ᠃ ᠡᠯ᠎ᠡ ᠵᠦᠢᠯ ᠤᠨ ᠤᠷᠠᠯᠢᠭ᠂ ᠤᠷᠠᠯᠢᠭ ᠤᠨ ᠪᠦᠲᠦᠭᠡᠯ ᠤᠨ ᠬᠦᠭᠵᠢᠯᠲᠡ ᠶᠢ ᠲᠦᠯᠬᠢᠨ ᠠᠬᠢᠭᠤᠯᠤᠨ᠎ᠠ᠃ | ᠪᠦᠬᠦ ᠬᠤᠲᠠ ᠶᠢᠨ ᠤᠯᠠᠭᠠᠨᠮᠦ᠋ᠴᠢᠷ ᠤᠨ ᠦᠢᠯᠡᠰ ᠤᠨ ᠬᠦᠭᠵᠢᠯᠲᠡ ᠶᠢ ᠵᠢᠯᠤᠭᠤᠳᠬᠤ ᠮᠦᠷᠲᠡᠭᠡᠨ ᠠᠬᠢᠭᠤᠯᠤᠨ᠎ᠠ᠃ | ( ᠲᠠᠪᠤ ) ᠤᠯᠠᠨ ᠨᠡᠶᠢᠲᠡ ᠶᠢᠨ ᠰᠤᠶᠤᠯ ᠤᠨ ᠦᠢᠯᠡᠰ ᠤᠨ ᠬᠦᠭᠵᠢᠯᠲᠡ ᠶᠢ ᠲᠦᠯᠬᠢᠨ ᠠᠬᠢᠭᠤᠯᠬᠤ ᠶᠢ ᠬᠠᠷᠢᠭᠤᠴᠠᠨ᠎ᠠ᠃ ᠤᠳᠤ ᠦᠶ᠎ᠡ ᠶᠢᠨ ᠤᠯᠠᠨ | ᠨᠡᠶᠢᠲᠡ ᠶᠢᠨ ᠰᠤᠶᠤᠯ᠂ ᠵᠢᠭᠤᠯᠴᠢᠯᠠᠯ᠂ ᠪᠡᠶ᠎ᠡ ᠶᠢᠨ ᠲᠠᠮᠢᠷ᠂ ᠲᠡᠤᠬᠡ ᠶᠢᠨ ᠲᠤᠷᠠᠰᠬᠠᠯᠲᠤ ᠵᠦᠢᠯ ᠤᠨ ᠦᠢᠯᠡᠴᠢᠯᠡᠭᠡᠨ ᠤ ᠰᠢᠰᠲ᠋ᠧᠮ ᠤᠨ ᠪᠦᠲᠦᠭᠡᠨ | ᠪᠠᠶᠢᠭᠤᠯᠤᠯᠲᠠ ᠶᠢ ᠲᠦᠯᠬᠢᠨ ᠠᠬᠢᠭᠤᠯᠤᠨ᠎ᠠ᠃ ᠨᠡᠶᠢᠲᠡ ᠶᠢᠨ ᠠᠰᠠᠷᠠᠮᠵᠢ ᠶᠢᠨ ᠢᠨᠵᠧᠨᠧᠷᠢᠩ ᠪᠠ ᠨᠡᠶᠢᠲᠡ ᠶᠢᠨ ᠠᠰᠠᠷᠠᠮᠵᠢ ᠶᠢᠨ ᠠᠵᠢᠯᠯᠠᠭ᠎ᠠ ᠶᠢ ᠵᠤᠬᠢᠶᠠᠨ | ᠪᠠᠶᠢᠭᠤᠯᠤᠨ ᠬᠡᠷᠡᠭᠵᠢᠭᠦᠯᠦᠨ᠎ᠡ᠃ ᠰᠤᠶᠤᠯ᠂ ᠵᠢᠭᠤᠯᠴᠢᠯᠠᠯ᠂ ᠪᠡᠶ᠎ᠡ ᠶᠢᠨ ᠲᠠᠮᠢᠷ ᠤᠨ ᠠᠷᠠᠳ ᠲᠤ ᠠᠰᠢᠭᠲᠠᠢ ᠢᠨᠵᠧᠨᠧᠷᠢᠩ ᠢ ᠬᠡᠷᠡᠭᠵᠢᠭᠦᠯᠦᠨ᠎ᠡ᠃ ᠪᠦᠬᠦ ᠬᠤᠲᠠ ᠶᠢᠨ | ᠰᠤᠶᠤᠯ᠂ ᠵᠢᠭᠤᠯᠴᠢᠯᠠᠯ᠂ ᠪᠡᠶ᠎ᠡ ᠶᠢᠨ ᠲᠠᠮᠢᠷ ᠤᠨ ᠭᠤᠤᠯᠳᠠᠯᠭ᠎ᠠ ᠲᠠᠢ ᠰᠠᠭᠤᠷᠢ ᠲᠦᠭᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠬᠢᠨᠠᠨ ᠵᠢᠯᠤᠭᠤᠳᠤᠨ᠎ᠠ᠃ ᠬᠢᠯᠢ | ᠬᠢᠵᠠᠭᠠᠷ ᠤᠷᠤᠨ᠂ ᠦᠨᠳᠦᠰᠦᠲᠡᠨ ᠤ ᠭᠠᠵᠠᠷ ᠤᠷᠤᠨ᠂ ᠶᠠᠳᠠᠭᠤ ᠬᠦᠴᠢᠷᠳᠡᠯᠲᠡᠢ ᠭᠠᠵᠠᠷ ᠤᠷᠤᠨ ᠤ ᠰᠤᠶᠤᠯ᠂ ᠵᠢᠭᠤᠯᠴᠢᠯᠠᠯ᠂ ᠪᠡᠶ᠎ᠡ ᠶᠢᠨ ᠲᠠᠮᠢᠷ ᠤᠨ ᠦᠢᠯᠡᠰ ᠤᠨ | ᠪᠦᠲᠦᠭᠡᠨ ᠪᠠᠶᠢᠭᠤᠯᠤᠯᠲᠠ ᠪᠠ ᠬᠦᠭᠵᠢᠯᠲᠡ ᠶᠢ ᠴᠢᠩᠭᠠᠳᠬᠠᠬᠤ ᠮᠦᠷᠲᠡᠭᠡᠨ ᠳᠡᠮᠵᠢᠨ᠎ᠡ᠃ ᠨᠡᠶᠢᠲᠡ ᠶᠢᠨ ᠰᠤᠶᠤᠯ ᠤᠨ ᠦᠢᠯᠡᠴᠢᠯᠡᠭᠡ ᠶᠢ ᠪᠠᠷᠢᠮᠵᠢᠶᠠᠵᠢᠭᠤᠯᠬᠤ᠂ | ᠲᠡᠭᠰᠢᠳᠭᠡᠬᠦ ᠶᠢ ᠨᠢᠭᠡᠲᠦᠯᠲᠠᠢ ᠠᠬᠢᠭᠤᠯᠤᠨ᠎ᠠ᠃ | ( ᠵᠢᠷᠭᠤᠭ᠎ᠠ ) ᠪᠤᠳᠡᠰ ᠤᠨ ᠪᠤᠰᠤ ᠰᠤᠶᠤᠯ ᠤᠨ ᠦᠪ ᠢ ᠬᠠᠮᠠᠭᠠᠯᠠᠬᠤ ᠠᠵᠢᠯ ᠢ ᠬᠠᠷᠢᠭᠤᠴᠠᠨ᠎ᠠ᠃ ᠪᠦᠬᠦ ᠬᠤᠲᠠ ᠶᠢᠨ ᠪᠤᠳᠡᠰ ᠤᠨ ᠪᠤᠰᠤ ᠰᠤᠶᠤᠯ ᠤᠨ | ᠦᠪ ᠢ ᠬᠠᠮᠠᠭᠠᠯᠠᠬᠤ᠂ ᠵᠠᠯᠭᠠᠮᠵᠢᠯᠠᠬᠤ᠂ ᠲᠦᠭᠡᠮᠡᠯᠵᠢᠭᠦᠯᠬᠦ᠂ ᠬᠦᠭᠵᠢᠭᠦᠯᠦᠨ ᠮᠠᠨᠳᠤᠭᠤᠯᠬᠤ ᠶᠢ ᠲᠦᠯᠬᠢᠨ ᠠᠬᠢᠭᠤᠯᠤᠨ᠎ᠠ᠃ ᠪᠦᠬᠦ ᠬᠤᠲᠠ ᠶᠢᠨ ᠦᠨᠳᠦᠰᠦᠲᠡᠨ ᠤ | ᠰᠤᠶᠤᠯ ᠤᠨ ᠬᠠᠮᠠᠭᠠᠯᠠᠯᠲᠠ ᠶᠢᠨ ᠤᠷᠤᠨ ᠢ ᠪᠠᠶᠢᠭᠤᠯᠬᠤ ᠪᠠ ᠤᠯᠠᠮᠵᠢᠯᠠᠯᠲᠤ ᠭᠠᠷ ᠤᠷᠠᠯᠠᠯ ᠢ ᠬᠦᠭᠵᠢᠭᠦᠯᠦᠨ ᠮᠠᠨᠳᠤᠭᠤᠯᠬᠤ ᠠᠵᠢᠯ ᠢ ᠵᠢᠯᠤᠭᠤᠳᠤᠨ᠎ᠠ᠃ | ( ᠳᠤᠯᠤᠭ᠎ᠠ ) ᠰᠤᠶᠤᠯ᠂ ᠵᠢᠭᠤᠯᠴᠢᠯᠠᠯ᠂ ᠪᠡᠶ᠎ᠡ ᠶᠢᠨ ᠲᠠᠮᠢᠷ ᠤᠨ ᠦᠢᠯᠡᠰ ᠤᠨ ᠤᠷᠭᠠᠨᠢᠭ ᠬᠦᠭᠵᠢᠯᠲᠡ ᠶᠢ ᠨᠢᠭᠡᠲᠦᠯᠲᠠᠢ ᠲᠦᠯᠦᠪᠯᠡᠬᠦ ᠶᠢ ᠬᠠᠷᠢᠭᠤᠴᠠᠨ᠎ᠠ᠃ | ᠰᠤᠶᠤᠯ ᠪᠠ ᠵᠢᠭᠤᠯᠴᠢᠯᠠᠯ ᠤᠨ ᠡᠬᠢ ᠪᠠᠶᠠᠯᠢᠭ ᠢ ᠨᠡᠶᠢᠳᠡᠮ ᠪᠠᠶᠢᠴᠠᠭᠠᠬᠤ᠂ ᠨᠡᠭᠡᠭᠡᠨ ᠠᠰᠢᠭᠯᠠᠬᠤ᠂ ᠬᠠᠮᠠᠭᠠᠯᠠᠬᠤ ᠠᠵᠢᠯ ᠢ ᠵᠤᠬᠢᠶᠠᠨ ᠪᠠᠶᠢᠭᠤᠯᠤᠨ ᠬᠡᠷᠡᠭᠵᠢᠭᠦᠯᠦᠨ᠎ᠡ᠃ | ᠰᠤᠶᠤᠯ᠂ ᠵᠢᠭᠤᠯᠴᠢᠯᠠᠯ᠂ ᠪᠡᠶ᠎ᠡ ᠶᠢᠨ ᠲᠠᠮᠢᠷ ᠤᠨ ᠦᠢᠯᠡᠰ ᠤᠨ ᠭᠠᠳᠠᠭᠠᠲᠤ ᠲᠠᠢ ᠬᠠᠮᠲᠤᠷᠠᠯᠴᠠᠬᠤ ᠪᠠ ᠵᠠᠬ᠎ᠠ ᠳᠡᠯᠭᠡᠭᠦᠷᠴᠢᠯᠡᠬᠦ ᠶᠢ ᠠᠬᠢᠭᠤᠯᠤᠨ᠎ᠠ᠃ ᠰᠤᠶᠤᠯ᠂ | ᠵᠢᠭᠤᠯᠴᠢᠯᠠᠯ᠂ ᠪᠡᠶ᠎ᠡ ᠶᠢᠨ ᠲᠠᠮᠢᠷ ᠤᠨ ᠵᠠᠬ᠎ᠠ ᠳᠡᠯᠭᠡᠭᠦᠷ ᠢ ᠨᠡᠭᠡᠭᠡᠨ ᠬᠦᠭᠵᠢᠭᠦᠯᠬᠦ ᠪᠠᠶᠢᠯᠳᠤᠬᠤ ᠪᠤᠳᠤᠯᠭ᠎ᠠ ᠶᠢ ᠲᠤᠭᠲᠠᠭᠠᠬᠤ ᠮᠦᠷᠲᠡᠭᠡᠨ ᠵᠤᠬᠢᠶᠠᠨ ᠪᠠᠶᠢᠭᠤᠯᠤᠨ | ᠬᠡᠷᠡᠭᠵᠢᠭᠦᠯᠦᠨ᠎ᠡ᠃ ᠪᠦᠬᠦ ᠬᠦᠷᠢᠶ᠎ᠡ ᠴᠠᠷᠠᠭ᠎ᠠ ᠶᠢᠨ ᠵᠢᠭᠤᠯᠴᠢᠯᠠᠯ᠂ ᠲᠦᠷᠪᠡᠨ ᠤᠯᠠᠷᠢᠯ ᠤᠨ ᠵᠢᠭᠤᠯᠴᠢᠯᠠᠯ ᠤᠨ ᠠᠵᠢᠯ ᠢ ᠵᠢᠯᠤᠭᠤᠳᠬᠤ ᠪᠠ ᠲᠦᠯᠬᠢᠨ ᠠᠬᠢᠭᠤᠯᠤᠨ᠎ᠠ᠃ | ᠪᠦᠬᠦ ᠬᠤᠲᠠ ᠶᠢᠨ ᠵᠢᠭᠤᠯᠴᠢᠯᠠᠯ ᠤᠨ ᠦᠵᠡᠮᠵᠢ ᠶᠢᠨ ᠤᠷᠤᠨ᠂ ᠵᠢᠱᠢᠶ᠎ᠡ ᠦᠵᠡᠭᠦᠯᠬᠦ ᠤᠷᠤᠨ᠂ ᠠᠮᠠᠷᠠᠯᠲᠠ ᠶᠢᠨ ᠭᠠᠵᠠᠷ᠂ ᠵᠤᠭᠠᠴᠠᠯ ᠤᠨ ᠭᠠᠵᠠᠷ ᠢ ᠪᠠᠶᠢᠭᠤᠯᠬᠤ | ᠪᠠ ᠦᠨᠡᠯᠡᠬᠦ ᠠᠵᠢᠯ ᠢ ᠵᠢᠯᠤᠭᠤᠳᠤᠨ᠎ᠠ᠃ ᠰᠤᠶᠤᠯ ᠵᠢᠭᠤᠯᠴᠢᠯᠠᠯ ᠤᠨ ᠪᠦᠲᠦᠭᠡᠭᠳᠡᠭᠦᠨ ᠪᠠ ᠳᠤᠷᠠᠰᠬᠠᠯ ᠤᠨ ᠪᠤᠳᠡᠰ ᠢ ᠨᠡᠭᠡᠭᠡᠨ ᠬᠦᠭᠵᠢᠭᠦᠯᠬᠦ ᠠᠵᠢᠯ ᠢ ᠵᠢᠯᠤᠭᠤᠳᠬᠤ | ᠪᠠ ᠬᠠᠮᠢᠶᠠᠷᠤᠨ᠎ᠠ᠃ ᠪᠡᠶ᠎ᠡ ᠶᠢᠨ ᠲᠠᠮᠢᠷ ᠤᠨ ᠦᠢᠯᠡᠰ ᠤᠨ ᠬᠦᠭᠵᠢᠯᠲᠡ ᠶᠢᠨ ᠲᠦᠷᠦ ᠶᠢᠨ ᠪᠤᠳᠤᠯᠭ᠎ᠠ ᠶᠢ ᠰᠤᠳᠤᠯᠤᠨ ᠲᠤᠭᠲᠠᠭᠠᠨ᠎ᠠ᠃ ᠪᠡᠶ᠎ᠡ ᠶᠢᠨ ᠲᠠᠮᠢᠷ ᠤᠨ | ᠦᠢᠯᠡᠰ ᠤᠨ ᠪᠠᠶᠢᠷᠢᠯᠠᠭᠤᠯᠤᠯᠲᠠ ᠶᠢ ᠲᠡᠭᠦᠯᠳᠡᠷᠵᠢᠭᠦᠯᠦᠨ᠎ᠡ᠃ ᠪᠡᠶ᠎ᠡ ᠶᠢᠨ ᠲᠠᠮᠢᠷ ᠤᠨ ᠠᠵᠢᠯ ᠲᠦᠷᠦᠯ ᠤᠨ ᠬᠦᠭᠵᠢᠯᠲᠡ ᠶᠢ ᠲᠦᠯᠬᠢᠨ ᠠᠬᠢᠭᠤᠯᠤᠨ᠎ᠡ᠃ | ( ᠨᠠᠢᠮᠠ ) ᠰᠤᠶᠤᠯ ᠤᠨ ᠵᠠᠬ᠎ᠠ ᠳᠡᠯᠭᠡᠭᠦᠷ ᠤᠨ ᠬᠠᠮᠢᠶᠠᠷᠤᠯᠳᠠ ᠶᠢᠨ ᠠᠵᠢᠯ ᠢ ᠬᠠᠷᠢᠭᠤᠴᠠᠨ᠎ᠠ᠃ ᠰᠤᠶᠤᠯ᠂ ᠵᠢᠭᠤᠯᠴᠢᠯᠠᠯ᠂ ᠪᠡᠶ᠎ᠡ ᠶᠢᠨ ᠲᠠᠮᠢᠷ ᠤᠨ ᠵᠠᠬ᠎ᠠ | ᠳᠡᠯᠭᠡᠭᠦᠷ ᠤᠨ ᠬᠦᠭᠵᠢᠯᠲᠡ ᠶᠢ ᠵᠢᠯᠤᠭᠤᠳᠤᠨ᠎ᠠ᠃ ᠲᠡᠭᠦᠨ ᠤ ᠠᠶᠤᠯᠭᠦᠢ ᠦᠢᠯᠡᠳᠪᠦᠷᠢᠯᠡᠯ ᠪᠠ ᠵᠠᠬ᠎ᠠ ᠳᠡᠯᠭᠡᠭᠦᠷ ᠤᠨ ᠡᠵᠡᠩᠨᠡᠯᠲᠡ ᠶᠢ ᠬᠢᠨᠠᠨ ᠬᠠᠮᠢᠶᠠᠷᠤᠨ᠎ᠠ᠃ | ᠰᠤᠶᠤᠯ ᠪᠠ ᠵᠢᠭᠤᠯᠴᠢᠯᠠᠯ ᠤᠨ ᠠᠵᠢᠯ ᠲᠦᠷᠦᠯ ᠤᠨ ᠢᠲᠡᠭᠡᠮᠵᠢ ᠶᠢᠨ ᠰᠢᠰᠲ᠋ᠧᠮ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠤᠨ᠎ᠠ᠃ ᠰᠤᠶᠤᠯ ᠪᠠ ᠵᠢᠭᠤᠯᠴᠢᠯᠠᠯ ᠤᠨ | ᠵᠠᠬ᠎ᠠ ᠳᠡᠯᠭᠡᠭᠦᠷ ᠤᠨ ᠡᠷᠡᠭᠦᠯ ᠬᠦᠭᠵᠢᠯᠲᠡ ᠶᠢ ᠬᠠᠤᠯᠢ ᠶᠤᠰᠤᠭᠠᠷ ᠳᠦᠷᠢᠮᠵᠢᠭᠦᠯᠦᠨ᠎ᠡ᠃ ᠪᠦᠬᠦ ᠬᠤᠲᠠ ᠶᠢᠨ ᠬᠤᠨᠵᠢᠪᠤᠷᠢᠲᠤ ᠰᠤᠭᠤᠯᠤᠭ᠎ᠠ ᠶᠢᠨ ᠠᠵᠢᠯ ᠢ ᠬᠢᠨᠠᠨ | ᠬᠠᠮᠢᠶᠠᠷᠬᠤ ᠶᠢ ᠬᠠᠷᠢᠭᠤᠴᠠᠨ᠎ᠠ᠃ | ( ᠶᠢᠰᠦ ) ᠪᠦᠬᠦ ᠬᠤᠲᠠ ᠶᠢᠨ ᠰᠤᠶᠤᠯ ᠤᠨ ᠵᠠᠬ᠎ᠠ ᠳᠡᠯᠭᠡᠭᠦᠷ ᠲᠤ ᠶᠡᠷᠦᠩᠬᠡᠶᠢᠯᠡᠨ ᠬᠠᠤᠯᠢ ᠬᠡᠷᠡᠭᠵᠢᠭᠦᠯᠬᠦ ᠠᠵᠢᠯ ᠢ ᠬᠠᠷᠢᠭᠤᠴᠠᠨ᠎ᠠ᠃ ᠪᠦᠬᠦ ᠬᠤᠲᠠ ᠶᠢᠨ | ᠴᠢᠨᠠᠷᠲᠠᠢ᠂ ᠤᠷᠤᠨ ᠠᠯᠤᠰᠯᠠᠭᠰᠠᠨ ᠰᠤᠶᠤᠯ᠂ ᠵᠢᠭᠤᠯᠴᠢᠯᠠᠯ᠂ ᠲᠡᠤᠬᠡ ᠶᠢᠨ ᠳᠤᠷᠠᠰᠬᠠᠯᠲᠤ ᠵᠦᠢᠯ ᠵᠡᠷᠭᠡ ᠶᠢᠨ ᠵᠠᠬ᠎ᠠ ᠳᠡᠯᠭᠡᠭᠦᠷ ᠤᠨ ᠬᠠᠤᠯᠢ ᠠᠴᠠ ᠵᠦᠷᠢᠴᠡᠭᠰᠡᠨ | ᠠᠵᠢᠯᠯᠠᠭ᠎ᠠ ᠶᠢ ᠪᠠᠶᠢᠴᠠᠭᠠᠨ ᠰᠢᠢᠳᠪᠦᠷᠢᠯᠡᠨ᠎ᠡ᠂ ᠲᠤᠮᠤ ᠬᠡᠷᠡᠭ ᠴᠢᠬᠤᠯᠠ ᠬᠡᠷᠡᠭ ᠢ ᠬᠠᠮᠵᠢᠵᠤ ᠪᠠᠶᠢᠴᠠᠭᠠᠨ ᠰᠢᠢᠳᠪᠦᠷᠢᠯᠡᠨ᠎ᠡ᠃ ᠰᠤᠶᠤᠯ ᠤᠨ ᠵᠠᠬ᠎ᠠ ᠳᠡᠯᠭᠡᠭᠦᠷ ᠤᠨ | ᠡᠮᠬᠢ ᠲᠢᠭᠯᠢᠮ ᠢ ᠬᠠᠮᠠᠭᠠᠯᠠᠨ᠎ᠠ᠃ | ( ᠠᠷᠪᠠ ) ᠭᠠᠳᠠᠭᠠᠲᠤ ᠯᠤᠭ᠎ᠠ ᠶᠢᠨ ᠰᠤᠶᠤᠯ ᠤᠨ ᠰᠤᠯᠢᠯᠴᠠᠭᠠᠨ ᠤ ᠠᠵᠢᠯ ᠢ ᠬᠠᠷᠢᠭᠤᠴᠠᠨ᠎ᠠ᠃ ᠤᠯᠤᠰ᠂ ᠦᠪᠡᠷᠲᠡᠭᠡᠨ ᠵᠠᠰᠠᠬᠤ ᠤᠷᠤᠨ ᠤ ᠰᠤᠶᠤᠯ᠂ | ᠵᠢᠭᠤᠯᠴᠢᠯᠠᠯ᠂ ᠪᠡᠶ᠎ᠡ ᠶᠢᠨ ᠲᠠᠮᠢᠷ ᠤᠨ ᠭᠠᠳᠠᠭᠠᠲᠤ ᠲᠠᠢ ᠬᠠᠷᠢᠯᠴᠠᠬᠤ᠂ ᠰᠢᠶᠠᠩᠭᠠᠩ᠂ ᠤᠤᠮᠧᠨ᠂ ᠲᠠᠶᠢᠸᠠᠨ ᠲᠠᠢ ᠬᠠᠮᠲᠤᠷᠠᠯᠴᠠᠬᠤ ᠲᠦᠷᠦ ᠶᠢᠨ ᠪᠤᠳᠤᠯᠭ᠎ᠠ ᠶᠢ | ᠨᠠᠶᠢᠳᠠᠪᠤᠷᠢᠵᠢᠭᠤᠯᠤᠨ᠎ᠠ᠃ ᠬᠠᠮᠢᠶ᠎ᠠ ᠪᠦᠬᠦᠢ ᠤᠯᠠᠨ ᠤᠯᠤᠰ ᠤᠨ ᠴᠢᠨᠠᠷᠠᠲᠠᠢ ᠪᠠ ᠤᠯᠤᠰ ᠤᠨ ᠳᠤᠲᠤᠭᠠᠲᠤ ᠶᠢᠨ ᠰᠤᠯᠢᠯᠴᠠᠭ᠎ᠠ᠂ ᠬᠠᠮᠲᠤᠷᠠᠯᠴᠠᠭ᠎ᠠ᠂ ᠤᠬᠠᠭᠤᠯᠭ᠎ᠠ᠂ | ᠳᠡᠯᠭᠡᠷᠡᠭᠦᠯᠦᠯᠲᠡ ᠶᠢᠨ ᠠᠵᠢᠯ ᠢ ᠦᠷᠨᠢᠭᠦᠯᠦᠨ᠎ᠡ᠃ ᠰᠤᠶᠤᠯ᠂ ᠵᠢᠭᠤᠯᠴᠢᠯᠠᠯ᠂ ᠪᠡᠶ᠎ᠡ ᠶᠢᠨ ᠲᠠᠮᠢᠷ ᠤᠨ ᠭᠠᠳᠠᠭᠠᠲᠤ ᠲᠠᠢ ᠰᠤᠯᠢᠯᠴᠠᠬᠤ ᠠᠵᠢᠯᠯᠠᠭ᠎ᠠ ᠶᠢ ᠵᠤᠬᠢᠶᠠᠨ | ᠪᠠᠶᠢᠭᠤᠯᠤᠨ᠎ᠠ᠃ | ( ᠠᠷᠪᠠᠨ ᠨᠢᠭᠡ ) ᠰᠤᠶᠤᠯ᠂ ᠵᠢᠭᠤᠯᠴᠢᠯᠠᠯ᠂ ᠪᠡᠶ᠎ᠡ ᠶᠢᠨ ᠲᠠᠮᠢᠷ ᠤᠨ ᠰᠢᠨᠵᠢᠯᠡᠬᠦ ᠮᠡᠷᠭᠡᠵᠢᠯ ᠤᠨ ᠰᠢᠨ᠎ᠡ ᠶᠢ ᠡᠭᠦᠳᠬᠦ ᠠᠵᠢᠯ ᠢ ᠬᠠᠷᠢᠭᠤᠴᠠᠨ᠎ᠠ᠃ ᠰᠤᠶᠤᠯ᠂ | ᠵᠢᠭᠤᠯᠴᠢᠯᠠᠯ᠂ ᠪᠡᠶ᠎ᠡ ᠶᠢᠨ ᠲᠠᠮᠢᠷ ᠤᠨ ᠰᠢᠨᠵᠢᠯᠡᠬᠦ ᠮᠡᠷᠭᠡᠵᠢᠯ ᠤᠨ ᠬᠦᠭᠵᠢᠯᠲᠡ ᠶᠢ ᠵᠢᠯᠤᠭᠤᠳᠬᠤ ᠪᠠ ᠲᠦᠯᠬᠢᠨ ᠠᠬᠢᠭᠤᠯᠤᠨ᠎ᠡ᠃ ᠰᠢᠨᠵᠢᠯᠡᠬᠦ ᠮᠡᠷᠭᠡᠵᠢᠯ ᠤᠨ | ᠬᠦᠭᠵᠢᠯᠲᠡ ᠶᠢᠨ ᠲᠦᠯᠦᠪᠵᠢᠭᠦᠯᠭᠡ᠂ ᠲᠦᠷᠦ ᠶᠢᠨ ᠪᠤᠳᠤᠯᠭ᠎ᠠ᠂ ᠠᠷᠭ᠎ᠠ ᠬᠡᠮᠵᠢᠶ᠎ᠡ ᠶᠢ ᠲᠤᠭᠲᠠᠭᠠᠬᠤ ᠮᠦᠷᠲᠡᠭᠡᠨ ᠵᠤᠬᠢᠶᠠᠨ ᠪᠠᠶᠢᠭᠤᠯᠤᠨ ᠬᠡᠷᠡᠭᠵᠢᠭᠦᠯᠦᠨ᠎ᠡ᠃ | ᠰᠤᠶᠤᠯ᠂ ᠵᠢᠭᠤᠯᠴᠢᠯᠠᠯ᠂ ᠪᠡᠶ᠎ᠡ ᠶᠢᠨ ᠲᠠᠮᠢᠷ ᠤᠨ ᠠᠵᠢᠯ ᠲᠦᠷᠦᠯ ᠤᠨ ᠪᠠᠷᠢᠮᠵᠢᠶᠠᠵᠢᠭᠤᠯᠬᠤ᠂ ᠵᠠᠩᠭᠢᠴᠢᠯᠠᠬᠤ ᠪᠦᠲᠦᠭᠡᠨ ᠪᠠᠶᠢᠭᠤᠯᠤᠯᠲᠠ ᠶᠢ ᠲᠦᠯᠬᠢᠨ ᠠᠬᠢᠭᠤᠯᠤᠨ᠎ᠠ᠃ | | ( ᠠᠷᠪᠠᠨ ᠬᠤᠶᠠᠷ ) ᠰᠢᠰᠲ᠋ᠧᠮ ᠤᠨ ᠠᠶᠤᠯᠭᠦᠢ ᠦᠢᠯᠡᠳᠪᠦᠷᠢᠯᠡᠯ ᠤᠨ ᠠᠵᠢᠯ ᠢ ᠬᠠᠷᠢᠭᠤᠴᠠᠨ᠎ᠠ᠃ ᠪᠦᠬᠦ ᠬᠤᠲᠠ ᠶᠢᠨ ᠰᠤᠶᠤᠯ᠂ ᠵᠢᠭᠤᠯᠴᠢᠯᠠᠯ᠂ ᠪᠡᠶ᠎ᠡ ᠶᠢᠨ | ᠲᠠᠮᠢᠷ ᠤᠨ ᠰᠢᠰᠲ᠋ᠧᠮ ᠤᠨ ᠴᠢᠬᠤᠯᠠ ᠶᠡᠭᠡ ᠢᠨᠵᠧᠨᠧᠷᠢᠩ᠂ ᠴᠢᠬᠤᠯᠠ ᠰᠠᠭᠤᠷᠢ ᠲᠦᠭᠦᠭᠡᠷᠦᠮᠵᠢ ᠶᠢ ᠪᠦᠲᠦᠭᠡᠨ ᠪᠠᠶᠢᠭᠤᠯᠬᠤ ᠢᠨᠵᠧᠨᠧᠷᠢᠩ ᠤᠨ ᠠᠶᠤᠯᠭᠦᠢ | ᠦᠢᠯᠡᠳᠪᠦᠷᠢᠯᠡᠯ ᠢ ᠬᠢᠨᠠᠨ ᠬᠠᠮᠢᠶᠠᠷᠬᠤ ᠪᠠ ᠠᠶᠤᠯᠭᠦᠢ ᠦᠢᠯᠡᠳᠪᠦᠷᠢᠯᠡᠯ ᠤᠨ ᠤᠬᠠᠭᠤᠯᠬᠤ ᠬᠦᠮᠦᠵᠢᠯ ᠢ ᠬᠠᠷᠢᠭᠤᠴᠠᠨ᠎ᠠ᠃ | ( ᠠᠷᠪᠠᠨ ᠭᠤᠷᠪᠠ ) ᠪᠡᠶ᠎ᠡ ᠶᠢᠨ ᠲᠠᠮᠢᠷ ᠤᠨ ᠲᠦᠯᠦᠪᠵᠢᠭᠦᠯᠭᠡ ᠶᠢᠨ ᠠᠵᠢᠯ ᠢ ᠬᠠᠷᠢᠭᠤᠴᠠᠨ᠎ᠠ᠃ ᠪᠦᠬᠦ ᠬᠤᠲᠠ ᠶᠢᠨ ᠪᠡᠶ᠎ᠡ ᠶᠢᠨ ᠲᠠᠮᠢᠷ ᠤᠨ ᠬᠦᠭᠵᠢᠯᠲᠡ ᠶᠢᠨ | ᠪᠠᠶᠢᠯᠳᠤᠬᠤ ᠪᠤᠳᠤᠯᠭ᠎ᠠ ᠶᠢ ᠰᠤᠳᠤᠯᠤᠨ ᠲᠤᠭᠲᠠᠭᠠᠬᠤ᠂ ᠪᠡᠶ᠎ᠡ ᠶᠢᠨ ᠲᠠᠮᠢᠷ ᠤᠨ ᠦᠢᠯᠡᠰ ᠤᠨ ᠳᠤᠮᠳᠠ ᠤᠷᠲᠤ ᠬᠤᠭᠤᠴᠠᠭᠠᠨ ᠤ ᠬᠦᠭᠵᠢᠯᠲᠡ ᠶᠢᠨ ᠲᠦᠯᠦᠪᠯᠡᠭᠡ᠂ | ᠤᠨ ᠤ ᠲᠦᠯᠦᠪᠯᠡᠭᠡ ᠶᠢ ᠲᠤᠭᠲᠠᠭᠠᠬᠤ ᠮᠦᠷᠲᠡᠭᠡᠨ ᠵᠤᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠤᠯᠠᠨ ᠡᠰᠢᠴᠢᠯᠡᠭᠰᠡᠨ ᠪᠡᠶ᠎ᠡ ᠶᠢᠨ ᠲᠠᠮᠢᠷ ᠤᠨ ᠦᠢᠯᠡᠴᠢᠯᠡᠭᠡᠨ ᠤ | ᠰᠢᠰᠲ᠋ᠧᠮ ᠤᠨ ᠪᠦᠲᠦᠭᠡᠨ ᠪᠠᠶᠢᠭᠤᠯᠤᠯᠲᠠ ᠶᠢ ᠲᠦᠯᠬᠢᠨ ᠠᠬᠢᠭᠤᠯᠤᠨ᠎ᠠ᠃ ᠪᠡᠶ᠎ᠡ ᠶᠢᠨ ᠲᠠᠮᠢᠷ ᠤᠨ ᠨᠡᠶᠢᠲᠡ ᠶᠢᠨ ᠦᠢᠯᠡᠴᠢᠯᠡᠭᠡ ᠪᠠ ᠪᠡᠶ᠎ᠡ ᠶᠢᠨ ᠲᠠᠮᠢᠷ ᠤᠨ | ᠪᠠᠶᠢᠭᠤᠯᠤᠯ ᠤᠨ ᠦᠭᠡᠷᠡᠴᠢᠯᠡᠯᠲᠡ ᠶᠢ ᠠᠬᠢᠭᠤᠯᠤᠨ᠎ᠠ᠃ ᠤᠯᠠᠨ ᠲᠦᠮᠡᠨ ᠤ ᠪᠡᠶ᠎ᠡ ᠶᠢᠨ ᠲᠠᠮᠢᠷ ᠤᠨ ᠠᠵᠢᠯ ᠢ ᠬᠠᠷᠢᠭᠤᠴᠠᠨ᠎ᠠ᠃ ᠪᠦᠬᠦ ᠬᠤᠲᠠ ᠶᠢᠨ ᠤᠯᠠᠨ | ᠲᠦᠮᠡᠨ ᠤ ᠪᠡᠶ᠎ᠡ ᠶᠢᠨ ᠲᠠᠮᠢᠷ ᠤᠨ ᠬᠦᠭᠵᠢᠯᠲᠡ ᠶᠢ ᠨᠢᠭᠡᠲᠦᠯᠲᠠᠢ ᠲᠦᠯᠦᠪᠯᠡᠨ᠎ᠡ᠃ ᠪᠦᠬᠦ ᠠᠷᠠᠳ ᠢᠶᠠᠷ ᠢᠶᠠᠨ ᠪᠡᠶ᠎ᠡ ᠴᠢᠬᠢᠷᠠᠭᠵᠢᠭᠤᠯᠬᠤ ᠲᠦᠯᠦᠪᠯᠡᠭᠡ ᠶᠢ | ᠬᠡᠷᠡᠭᠵᠢᠭᠦᠯᠦᠨ᠎ᠡ᠃ ᠪᠡᠶ᠎ᠡ ᠶᠢᠨ ᠲᠠᠮᠢᠷ ᠤᠨ ᠳᠠᠪᠲᠠᠨ ᠪᠤᠯᠪᠠᠰᠤᠷᠠᠭᠤᠯᠬᠤ ᠤᠯᠤᠰ ᠤᠨ ᠪᠠᠷᠢᠮᠵᠢᠶ᠎ᠠ ᠶᠢ ᠬᠡᠷᠡᠭᠵᠢᠭᠦᠯᠬᠦ ᠶᠢ ᠬᠢᠨᠠᠨ᠎ᠠ᠃ ᠠᠷᠠᠳ ᠢᠷᠭᠡᠳ ᠤᠨ ᠪᠡᠶ᠎ᠡ | ᠮᠠᠬᠠᠪᠤᠳ ᠢ ᠬᠢᠨᠠᠨ ᠬᠡᠮᠵᠢᠬᠦ ᠪᠠ ᠨᠡᠶᠢᠭᠡᠮ ᠤᠨ ᠪᠡᠶ᠎ᠡ ᠶᠢᠨ ᠲᠠᠮᠢᠷ ᠤᠨ ᠵᠢᠯᠤᠭᠤᠳᠬᠤ ᠠᠵᠢᠯ ᠤᠨ ᠡᠩᠨᠡᠭᠡᠨ ᠤ ᠳᠦᠷᠢᠮ ᠤᠨ ᠪᠠᠶᠢᠭᠤᠯᠤᠯᠲᠠ ᠶᠢ ᠠᠬᠢᠭᠤᠯᠤᠨ᠎ᠠ᠃ | ᠨᠡᠶᠢᠲᠡ ᠶᠢᠨ ᠪᠡᠶ᠎ᠡ ᠶᠢᠨ ᠲᠠᠮᠢᠷ ᠤᠨ ᠲᠦᠭᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠵᠢᠯᠤᠭᠤᠳᠤᠨ᠎ᠠ᠃ ᠨᠡᠶᠢᠲᠡ ᠶᠢᠨ ᠪᠡᠶ᠎ᠡ ᠶᠢᠨ ᠲᠠᠮᠢᠷ ᠤᠨ | ᠲᠦᠭᠦᠭᠡᠷᠦᠮᠵᠢ ᠶᠢᠨ ᠬᠢᠨᠠᠨ ᠬᠠᠮᠢᠶᠠᠷᠤᠯᠲᠠ ᠶᠢ ᠬᠠᠷᠢᠭᠤᠴᠠᠨ᠎ᠠ᠃ ᠦᠷᠢᠰᠦᠯᠳᠦᠭᠡᠨ ᠤ ᠪᠡᠶ᠎ᠡ ᠶᠢᠨ ᠲᠠᠮᠢᠷ ᠤᠨ ᠠᠵᠢᠯ ᠢ ᠬᠠᠷᠢᠭᠤᠴᠠᠨ᠎ᠠ᠃ ᠪᠦᠬᠦ ᠬᠤᠲᠠ ᠶᠢᠨ | ᠦᠷᠢᠰᠦᠯᠳᠦᠭᠡᠨ ᠤ ᠪᠡᠶ᠎ᠡ ᠶᠢᠨ ᠲᠠᠮᠢᠷ ᠤᠨ ᠬᠦᠭᠵᠢᠯᠲᠡ ᠶᠢ ᠨᠢᠭᠡᠲᠦᠯᠲᠠᠢ ᠲᠦᠯᠦᠪᠯᠡᠨ᠎ᠡ᠃ ᠦᠷᠢᠰᠦᠯᠳᠦᠭᠡᠨ ᠤ ᠪᠡᠶ᠎ᠡ ᠶᠢᠨ ᠲᠠᠮᠢᠷ ᠤᠨ ᠬᠦᠳᠡᠯᠭᠡᠭᠡᠨ ᠤ ᠲᠦᠷᠦᠯ | ᠵᠦᠢᠯ ᠤᠨ ᠲᠤᠬᠢᠷᠠᠭᠤᠯᠤᠯᠲᠠ ᠶᠢ ᠰᠤᠳᠤᠯᠬᠤ ᠪᠠ ᠲᠦᠯᠦᠪᠯᠡᠨ᠎ᠡ ᠃ ᠪᠡᠶ᠎ᠡ ᠶᠢᠨ ᠲᠠᠮᠢᠷ ᠤᠨ ᠪᠤᠯᠪᠠᠰᠤᠷᠠᠯ ᠪᠠ ᠤᠷᠤᠯᠳᠤᠭᠠᠨ ᠢ ᠲᠤᠬᠢᠷᠠᠭᠤᠯᠤᠨ᠎ᠠ᠃ ᠲᠠᠮᠢᠷᠴᠢᠨ ᠤ | ᠡᠩᠨᠡᠭᠡᠨ ᠤ ᠪᠦᠲᠦᠭᠡᠨ ᠪᠠᠶᠢᠭᠤᠯᠤᠯᠲᠠ ᠪᠠ ᠠᠵᠢᠯ ᠤᠨ ᠴᠢᠯᠦᠭᠡᠨ ᠤ ᠪᠤᠯᠪᠠᠰᠤᠷᠠᠯ ᠤᠨ ᠠᠵᠢᠯ ᠢ ᠵᠢᠯᠤᠭᠤᠳᠤᠨ᠎ᠠ᠃ ᠲᠠᠮᠢᠷᠴᠢᠨ ᠤ ᠨᠡᠶᠢᠭᠡᠮ ᠤᠨ ᠪᠠᠲᠤᠯᠠᠭ᠎ᠠ ᠶᠢᠨ | ᠠᠵᠢᠯ ᠢ ᠲᠤᠬᠢᠷᠠᠭᠤᠯᠤᠨ᠎ᠠ᠃ ᠪᠡᠶ᠎ᠡ ᠶᠢᠨ ᠲᠠᠮᠢᠷ ᠤᠨ ᠤᠷᠤᠯᠳᠤᠭᠠᠨ ᠤ ᠠᠵᠢᠯ ᠢ ᠬᠠᠷᠢᠭᠤᠴᠠᠨ᠎ᠠ᠃ ᠪᠦᠬᠦ ᠤᠯᠤᠰ᠂ ᠪᠦᠬᠦ ᠤᠷᠤᠨ ᠤ ᠴᠢᠬᠤᠯᠠ ᠶᠡᠭᠡ | ᠤᠷᠤᠯᠳᠤᠭᠠᠨ ᠳᠤ ᠤᠷᠤᠯᠴᠠᠬᠤ ᠶᠢ ᠵᠤᠬᠢᠶᠠᠨ ᠪᠠᠶᠢᠭᠤᠯᠤᠨ᠎ᠠ᠃ ᠪᠦᠬᠦ ᠬᠤᠲᠠ ᠶᠢᠨ ᠶᠡᠷᠦᠩᠬᠡᠶᠢᠯᠡᠭᠰᠡᠨ ᠴᠢᠨᠠᠷᠲᠠᠢ ᠪᠡᠶ᠎ᠡ ᠶᠢᠨ ᠲᠠᠮᠢᠷ ᠤᠨ ᠤᠷᠤᠯᠳᠤᠭᠠᠨ ᠵᠢᠴᠢ | ᠲᠤᠰᠬᠠᠢ ᠤᠷᠤᠯᠳᠤᠭᠠᠨ ᠢ ᠭᠤᠤᠯᠯᠠᠨ ᠡᠷᠬᠢᠯᠡᠨ᠎ᠡ᠃ ᠪᠦᠬᠦ ᠬᠤᠲᠠ ᠶᠢᠨ ᠴᠢᠨᠠᠷᠲᠠᠢ ᠤᠷᠤᠯᠳᠤᠭᠠᠨ ᠪᠠ ᠬᠢᠨᠠᠭᠴᠢ ᠶᠢᠨ ᠡᠩᠨᠡᠭᠡ ᠶᠢ ᠲᠦᠷᠦᠯ ᠬᠤᠪᠢᠶᠠᠵᠤ | ᠬᠠᠮᠢᠶᠠᠷᠤᠨ᠎ᠠ᠃ ᠬᠦᠭᠡᠷᠦᠯᠲᠡ ᠶᠢᠨ ᠡᠮ ᠢ ᠡᠰᠡᠷᠭᠦᠴᠡᠬᠦ ᠠᠵᠢᠯ ᠢ ᠵᠤᠬᠢᠶᠠᠨ ᠪᠠᠶᠢᠭᠤᠯᠤᠨ ᠦᠷᠨᠢᠭᠦᠯᠦᠨ᠎ᠡ᠃ ᠵᠠᠯᠠᠭᠤ ᠪᠠᠭᠠᠴᠤᠳ ᠤᠨ ᠪᠡᠶ᠎ᠡ ᠶᠢᠨ ᠲᠠᠮᠢᠷ ᠤᠨ ᠠᠵᠢᠯ ᠢ | ᠬᠠᠷᠢᠭᠤᠴᠠᠨ᠎ᠠ᠃ ᠪᠦᠬᠦ ᠬᠤᠲᠠ ᠶᠢᠨ ᠵᠠᠯᠠᠭᠤ ᠪᠠᠭᠠᠴᠤᠳ ᠤᠨ ᠪᠡᠶ᠎ᠡ ᠶᠢᠨ ᠲᠠᠮᠢᠷ ᠤᠨ ᠬᠦᠭᠵᠢᠯᠲᠡ ᠶᠢ ᠨᠢᠭᠡᠲᠦᠯᠲᠠᠢ ᠲᠦᠯᠦᠪᠯᠡᠵᠦ᠂ ᠵᠠᠯᠠᠭᠤ ᠪᠠᠭᠠᠴᠤᠳ ᠤᠨ | ᠪᠡᠶ᠎ᠡ ᠶᠢᠨ ᠲᠠᠮᠢᠷ ᠤᠨ ᠠᠵᠢᠯ ᠢ ᠵᠢᠭᠠᠨ ᠵᠢᠯᠤᠭᠤᠳᠬᠤ ᠪᠠ ᠲᠦᠯᠬᠢᠨ ᠠᠬᠢᠭᠤᠯᠤᠨ᠎ᠠ᠃ ᠪᠡᠶ᠎ᠡ ᠶᠢᠨ ᠲᠠᠮᠢᠷ ᠤᠨ ᠦᠢᠯᠡᠰ ᠢ ᠬᠠᠷᠢᠭᠤᠴᠠᠨ᠎ᠠ᠃ ᠪᠡᠶ᠎ᠡ ᠶᠢᠨ ᠲᠠᠮᠢᠷ ᠤᠨ | ᠦᠢᠯᠡᠰ ᠤᠨ ᠬᠦᠭᠵᠢᠯᠲᠡ ᠶᠢᠨ ᠲᠦᠷᠦ ᠶᠢᠨ ᠪᠤᠳᠤᠯᠭ᠎ᠠ ᠶᠢ ᠰᠤᠳᠤᠯᠤᠨ ᠲᠤᠭᠲᠠᠭᠠᠨ᠎ᠠ ᠃ ᠪᠡᠶ᠎ᠡ ᠶᠢᠨ ᠲᠠᠮᠢᠷ ᠤᠨ ᠦᠢᠯᠡᠰ ᠤᠨ ᠪᠠᠶᠢᠷᠢᠯᠠᠭᠤᠯᠤᠯᠲᠡ ᠶᠢ | ᠲᠡᠭᠦᠯᠳᠡᠷᠵᠢᠭᠦᠯᠦᠨ᠎ᠡ᠃ ᠪᠡᠶ᠎ᠡ ᠶᠢᠨ ᠲᠠᠮᠢᠷ ᠤᠨ ᠭᠤᠤᠯᠳᠠᠯᠭ᠎ᠠ ᠲᠠᠢ ᠠᠵᠢᠯ ᠲᠦᠷᠦᠯ ᠤᠨ ᠬᠦᠭᠵᠢᠯᠲᠡ ᠶᠢ ᠠᠬᠢᠭᠤᠯᠤᠨ᠎ᠠ᠃ ᠪᠦᠬᠦ ᠬᠤᠲᠠ ᠶᠢᠨ ᠪᠡᠶ᠎ᠡ ᠶᠢᠨ | ᠲᠠᠮᠢᠷ ᠤᠨ ᠬᠤᠨᠵᠢᠪᠤᠷᠢᠲᠤ ᠰᠤᠭᠤᠯᠤᠭ᠎ᠠ ᠶᠢᠨ ᠠᠵᠢᠯ ᠤᠨ ᠬᠢᠨᠠᠨ ᠬᠠᠮᠢᠶᠠᠷᠤᠯᠲᠠ ᠶᠢ ᠬᠠᠷᠢᠭᠤᠴᠠᠨ᠎ᠠ᠃ ᠰᠤᠶᠤᠯ ᠪᠡᠶ᠎ᠡ ᠶᠢᠨ ᠲᠠᠮᠢᠷ᠂ ᠤᠬᠠᠭᠤᠯᠬᠤ ᠬᠦᠮᠦᠵᠢᠯ᠂ | ᠡᠷᠳᠡᠮ ᠰᠢᠨᠵᠢᠯᠡᠭᠡᠨ ᠪᠠ ᠠᠮᠤᠷ ᠲᠦᠪᠰᠢᠨ ᠤ ᠠᠵᠢᠯ ᠢ ᠵᠢᠯᠤᠭᠤᠳᠴᠤ ᠵᠤᠬᠢᠶᠠᠨ ᠪᠠᠶᠢᠭᠤᠯᠤᠨ᠎ᠠ᠃ ᠪᠦᠬᠦ ᠬᠤᠲᠠ ᠶᠢᠨ ᠴᠢᠨᠠᠷᠲᠠᠢ ᠪᠡᠶ᠎ᠡ ᠶᠢᠨ ᠲᠠᠮᠢᠷ ᠤᠨ ᠨᠡᠶᠢᠭᠡᠮᠯᠢᠭ | ᠪᠠ ᠪᠡᠶ᠎ᠡ ᠶᠢᠨ ᠲᠠᠮᠢᠷ ᠤᠨ ᠲᠦᠷᠦᠯ ᠵᠦᠢᠯ ᠤᠨ ᠠᠷᠠᠳ ᠠᠴᠠ ᠡᠷᠬᠢᠯᠡᠭᠰᠡᠨ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠠᠴᠠ ᠪᠤᠰᠤᠳ ᠵᠤᠬᠢᠶᠠᠨ | ᠪᠠᠶᠢᠭᠤᠯᠤᠯᠲᠠ ᠶᠢᠨ ᠠᠵᠢᠯ ᠢ ᠵᠢᠯᠤᠭᠤᠳᠴᠤ ᠬᠠᠮᠢᠶᠠᠷᠤᠨ᠎ᠠ᠃ ᠭᠠᠳᠠᠭᠠᠲᠤ ᠲᠠᠢ ᠪᠡᠶ᠎ᠡ ᠶᠢᠨ ᠲᠠᠮᠢᠷ ᠤᠨ ᠬᠠᠮᠲᠤᠷᠠᠯᠴᠠᠭ᠎ᠠ ᠪᠠ ᠰᠤᠯᠢᠯᠴᠠᠭ᠎ᠠ ᠬᠢᠨ᠎ᠡ᠃ | ( ᠠᠷᠪᠠᠨ ᠳᠦᠷᠪᠡ ) ᠲᠡᠤᠬᠡ ᠶᠢᠨ ᠳᠤᠷᠠᠰᠬᠠᠯᠲᠤ ᠵᠦᠢᠯ ᠢ ᠬᠠᠮᠠᠭᠠᠯᠠᠬᠤ ᠠᠵᠢᠯ ᠢ ᠬᠠᠷᠢᠭᠤᠴᠠᠨ᠎ᠠ᠃ ᠪᠦᠬᠦ ᠬᠤᠲᠠ ᠶᠢᠨ ᠰᠤᠶᠤᠯ ᠤᠨ ᠦᠪ ᠪᠠ | ᠲᠡᠤᠬᠡ ᠶᠢᠨ ᠳᠤᠷᠠᠰᠬᠠᠯᠲᠤ ᠵᠦᠢᠯ ᠤᠨ ᠠᠵᠢᠯ ᠢ ᠬᠢᠨᠠᠬᠤ ᠪᠠ ᠵᠢᠯᠤᠭᠤᠳᠤᠨ᠎ᠠ᠃ ᠪᠦᠬᠦ ᠬᠤᠲᠠ ᠶᠢᠨ ᠡᠯ᠎ᠡ ᠱᠠᠲᠤᠨ ᠤ ᠰᠤᠶᠤᠯ ᠤᠨ ᠦᠪ ᠢ ᠮᠡᠳᠡᠭᠦᠯᠬᠦ ᠪᠠ | ᠲᠡᠤᠬᠡ ᠶᠢᠨ ᠳᠤᠷᠠᠰᠬᠠᠯᠲᠤ ᠵᠦᠢᠯ ᠢ ᠬᠠᠮᠠᠭᠠᠯᠠᠨ ᠤᠬᠠᠭᠤᠯᠬᠤ ᠠᠵᠢᠯ ᠢ ᠵᠤᠬᠢᠶᠠᠨ ᠪᠠᠶᠢᠭᠤᠯᠤᠨ ᠦᠷᠨᠢᠭᠦᠯᠦᠨ᠎ᠡ᠃ ᠬᠠᠮᠢᠶ᠎ᠠ ᠪᠦᠬᠦᠢ ᠰᠠᠯᠠᠭ᠎ᠠ ᠮᠦᠴᠢᠷ ᠲᠠᠢ | ᠬᠠᠮᠵᠢᠯᠴᠠᠵᠤ ᠪᠦᠬᠦ ᠬᠤᠲᠠ ᠶᠢᠨ ᠲᠡᠤᠬᠡ ᠰᠤᠶᠤᠯ ᠤᠨ ᠨᠡᠷᠡᠲᠦ ᠬᠤᠲᠠ ︵ᠪᠠᠯᠭᠠᠰᠤ᠂ ᠲᠤᠰᠬᠤᠨ︶᠂ ᠤᠯᠠᠮᠵᠢᠯᠠᠯᠲᠤ ᠬᠦᠳᠡᠭᠡ ᠲᠤᠰᠬᠤᠨ᠂ ᠲᠡᠤᠬᠡ ᠰᠤᠶᠤᠯ ᠤᠨ | ᠵᠡᠭᠡᠯᠢ ᠶᠢ ᠬᠠᠮᠠᠭᠠᠯᠠᠬᠤ ᠪᠠ ᠬᠢᠨᠠᠨ ᠬᠠᠮᠢᠶᠠᠷᠬᠤ ᠠᠵᠢᠯ ᠢ ᠬᠠᠷᠢᠭᠤᠴᠠᠨ᠎ᠠ᠃ ᠪᠦᠬᠦ ᠬᠤᠲᠠ ᠶᠢᠨ ᠬᠠᠭᠤᠴᠢᠨ ᠤ ᠰᠤᠳᠤᠯᠤᠯ ᠤᠨ ᠠᠵᠢᠯ ᠢ ᠬᠠᠮᠢᠶᠠᠷᠬᠤ ᠪᠠ | ᠵᠢᠯᠤᠭᠤᠳᠬᠤ ᠶᠢ ᠬᠠᠷᠢᠭᠤᠴᠠᠨ᠎ᠠ᠃ ᠴᠢᠬᠤᠯᠠ ᠶᠡᠭᠡ ᠲᠡᠤᠬᠡ ᠶᠢᠨ ᠳᠤᠷᠠᠰᠬᠠᠯᠲᠤ ᠵᠦᠢᠯ ᠢ ᠬᠠᠮᠠᠭᠠᠯᠠᠬᠤ ᠪᠠ ᠬᠠᠭᠤᠴᠢᠨ ᠤ ᠰᠤᠳᠤᠯᠤᠯ ᠤᠨ ᠲᠦᠷᠦᠯ ᠵᠦᠢᠯ | ᠬᠡᠷᠡᠭᠵᠢᠭᠦᠯᠬᠦ ᠶᠢ ᠵᠤᠬᠢᠶᠠᠨ ᠪᠠᠶᠢᠭᠤᠯᠬᠤ ᠪᠠ ᠵᠤᠬᠢᠴᠠᠭᠤᠯᠤᠨ᠎ᠠ᠃ ᠪᠦᠬᠦ ᠬᠤᠲᠠ ᠶᠢᠨ ᠲᠡᠤᠬᠡ ᠶᠢᠨ ᠳᠤᠷᠠᠰᠬᠠᠯᠲᠤ ᠵᠦᠢᠯ ᠪᠠ ᠮᠦᠽᠧᠢ ᠶᠢᠨ ᠠᠵᠢᠯ ᠢ | ᠵᠢᠯᠤᠭᠤᠳᠤᠨ᠎ᠠ᠃ ᠮᠦᠽᠧᠢ ᠨᠤᠭᠤᠳ ᠤᠨ ᠬᠤᠭᠤᠷᠤᠨᠳᠡᠬᠢ ᠰᠤᠯᠢᠯᠴᠠᠭ᠎ᠠ ᠪᠠ ᠬᠠᠮᠲᠤᠷᠠᠯᠴᠠᠭ᠎ᠠ ᠶᠢ ᠵᠤᠬᠢᠴᠠᠭᠤᠯᠤᠨ᠎ᠠ᠃ ᠪᠦᠬᠦ ᠤᠯᠤᠰ᠂ ᠪᠦᠬᠦ ᠤᠷᠤᠨ ᠤ | ᠭᠤᠤᠯᠳᠠᠯᠭ᠎ᠠ ᠲᠠᠢ ᠲᠡᠤᠬᠡ ᠶᠢᠨ ᠳᠤᠷᠠᠰᠬᠠᠯᠲᠤ ᠵᠦᠢᠯ ᠢ ᠬᠠᠮᠠᠭᠠᠯᠠᠬᠤ ᠪᠠᠶᠢᠭᠤᠯᠭ᠎ᠠ ᠨᠢᠭᠡᠴᠡ ᠪᠤᠯᠬᠤ ᠶᠢ ᠰᠤᠩᠭᠤᠨ ᠲᠠᠨᠢᠯᠴᠠᠭᠤᠯᠬᠤ ᠶᠢ ᠬᠠᠷᠢᠭᠤᠴᠠᠨ᠎ᠠ᠃ ᠪᠦᠬᠦ | ᠬᠤᠲᠠ ᠶᠢᠨ ᠴᠢᠬᠤᠯᠠ ᠶᠡᠭᠡ ᠲᠡᠤᠬᠡ ᠶᠢᠨ ᠳᠤᠷᠠᠰᠬᠠᠯᠲᠤ ᠵᠦᠢᠯ ᠢ ᠬᠠᠮᠠᠭᠠᠯᠠᠬᠤ ᠪᠠᠶᠢᠭᠤᠯᠭ᠎ᠠ ᠨᠢᠭᠡᠴᠡ ᠶᠢᠨ ᠬᠠᠮᠢᠶ᠎ᠠ ᠪᠦᠬᠦᠢ ᠠᠵᠢᠯ ᠢ ᠲᠤᠭᠲᠠᠭᠠᠨ᠎ᠠ᠃ | ( ᠠᠷᠪᠠᠨ ᠲᠠᠪᠤ ) ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ ᠤᠷᠳᠤᠨ ᠪᠠ ᠳᠡᠭᠡᠲᠦ ᠱᠠᠲᠤᠨ ᠤ ᠲᠤᠬᠠᠶᠢᠯᠠᠭᠰᠠᠨ ᠠᠵᠢᠯ ᠤᠨ ᠰᠠᠯᠠᠭ᠎ᠠ ᠮᠦᠴᠢᠷ ᠤᠨ | ᠳᠠᠭᠠᠭᠠᠯᠭᠠᠭᠰᠠᠨ ᠪᠤᠰᠤᠳ ᠠᠵᠢᠯ ᠢ ᠪᠡᠶᠡᠯᠡᠭᠦᠯᠦᠨ᠎ᠡ᠃ |