12 ᠤᠨ ᠡᠳᠦᠷ᠂ ᠰᠤᠷᠭᠠᠨ ᠬᠥᠮᠦᠵᠢᠯ ᠤᠨ ᠶᠠᠮᠤᠨ ︽ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠲᠤᠰᠬᠠᠢ ᠮᠡᠷᠭᠡᠵᠢᠯ ᠤᠨ ᠭᠠᠷᠴᠠᠭ︾ ᠢ ᠰᠢᠨ᠎ᠡ ᠪᠠᠷ | ᠨᠡᠶᠢᠲᠡᠯᠡᠵᠦ᠂ ᠨᠡᠶᠢᠲᠡ 40 ᠰᠢᠨ᠎ᠡ ᠲᠤᠰᠬᠠᠢ ᠮᠡᠷᠭᠡᠵᠢᠯ ᠢ ᠨᠡᠮᠡᠵᠦ ᠲᠣᠬᠢᠷᠠᠭᠤᠯᠪᠠ᠂ ᠡᠭᠦᠨ ᠳᠤ ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠲᠤᠰᠬᠠᠢ ᠮᠡᠷᠭᠡᠵᠢᠯ 3᠂ | ᠳᠡᠭᠡᠳᠦ ᠵᠡᠷᠭᠡ ᠶᠢᠨ ᠠᠵᠢᠯ ᠮᠡᠷᠭᠡᠵᠢᠯ ᠤᠨ ᠲᠤᠰᠬᠠᠢ ᠮᠡᠷᠭᠡᠵᠢᠯ 20᠂ ᠠᠵᠢᠯ ᠮᠡᠷᠭᠡᠵᠢᠯ ᠤᠨ ᠵᠢᠩᠬᠢᠨᠢ ᠠᠩᠭᠢ ᠶᠢᠨ ᠲᠤᠰᠬᠠᠢ ᠮᠡᠷᠭᠡᠵᠢᠯ 17 ᠪᠣᠶ᠂ ᠨᠡᠮᠡᠵᠦ | ᠲᠣᠬᠢᠷᠠᠭᠤᠯᠤᠭᠰᠠᠨ ᠲᠤᠭ᠎ᠠ ᠨᠢ 2021 ᠣᠨ ᠤ ᠰᠢᠨ᠎ᠡ ᠬᠡᠪᠯᠡᠯ ᠤᠨ ︽ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠲᠤᠰᠬᠠᠢ ᠮᠡᠷᠭᠡᠵᠢᠯ ᠤᠨ ᠭᠠᠷᠴᠠᠭ︾ ᠢ | ᠨᠡᠶᠢᠲᠡᠯᠡᠭᠰᠡᠨ ᠠᠴᠠ ᠨᠠᠰᠢᠬᠢ ᠬᠠᠮᠤᠭ ᠤᠨ ᠣᠯᠠᠨ ᠨᠢᠭᠡ ᠵᠢᠯ ᠪᠣᠯᠣᠨ᠎ᠠ᠃ |