︽ᠵᠣᠴᠢᠨ ᠳᠠᠶᠢᠯᠠᠬᠤ᠂ ᠭᠠᠳᠠᠭᠰᠢ ᠭᠠᠷᠴᠤ ᠵᠢᠭᠤᠯᠴᠢᠯᠠᠬᠤ︾ ᠳᠤ ᠬᠡᠷᠡᠭᠯᠡᠪᠡᠯ᠂ ᠰᠤᠷᠤᠯᠭ᠎ᠠ ᠶᠢᠨ ᠱᠠᠩᠨᠠᠯ ᠤᠨ ᠮᠥᠩᠭᠦ ᠪᠠ ᠲᠡᠳᠬᠦᠮᠵᠢ ᠶᠢᠨ ᠮᠥᠩᠭᠦ  ᠶᠢ ᠨᠢ ᠪᠤᠴᠠᠭᠠᠨ ᠠᠪᠤᠨ᠎ᠠ ᠦᠦ︖ ᠵᠠᠷᠢᠮ ᠶᠡᠭᠡ ᠳᠡᠭᠡᠳᠦ ᠰᠤᠷᠭᠠᠭᠤᠯᠢ ᠠᠯᠪᠠᠨ ᠪᠢᠴᠢᠭ ᠪᠠᠭᠤᠯᠭᠠᠵᠤ ᠲᠣᠳᠣᠷᠬᠠᠢ ᠪᠣᠯᠭᠠᠪᠠ
ᠨᠡᠶᠢᠲᠡᠯᠡᠭᠰᠡᠨ ᠴᠠᠭ᠄
2024/12/17
     ᠣᠶᠢᠷ᠎ᠠ ᠳᠤ ᠣᠯᠠᠨ ᠶᠡᠭᠡ ᠳᠡᠭᠡᠳᠦ ᠰᠤᠷᠭᠠᠭᠤᠯᠢ ᠶᠢᠨ ᠬᠠᠮᠢᠶ᠎ᠠ ᠪᠦᠬᠦᠢ ᠰᠠᠯᠠᠭ᠎ᠠ ᠮᠥᠴᠢᠷ ᠰᠤᠷᠤᠯᠭ᠎ᠠ ᠶᠢᠨ ᠱᠠᠩᠨᠠᠯ ᠤᠨ ᠮᠥᠩᠭᠦ ᠪᠠ ᠰᠤᠷᠤᠯᠭ᠎ᠠ ᠶᠢᠨ ᠲᠡᠳᠬᠦᠮᠵᠢ ᠶᠢᠨ ᠮᠥᠩᠭᠦ ᠲᠠᠢ ᠬᠤᠯᠪᠣᠭᠳᠠᠭᠰᠠᠨ ᠰᠠᠨᠠᠭᠠᠴᠢᠯᠠᠭ᠎ᠠ ᠶᠢᠨ ᠪᠢᠴᠢᠭ ᠪᠠᠭᠤᠯᠭᠠᠪᠠ᠃     ᠬᠡᠷᠬᠢᠨ ᠭᠠᠷ ᠲᠠᠬᠢ ᠰᠤᠷᠤᠯᠭ᠎ᠠ ᠶᠢᠨ ᠱᠠᠩᠨᠠᠯ ᠤᠨ ᠮᠥᠩᠭᠦ ᠪᠠ ᠲᠡᠳᠬᠦᠮᠵᠢ ᠶᠢᠨ ᠮᠥᠩᠭᠦ ᠶᠢ ᠬᠡᠷᠡᠭᠯᠡᠬᠦ ᠶᠠᠪᠤᠴᠠ ᠳᠤ ᠲᠡᠭᠦᠨ ᠤ ᠦᠨ᠎ᠡ ᠥᠷᠲᠡᠭ ᠢ ᠭᠦᠢᠴᠡᠳ ᠢᠯᠡᠷᠡᠭᠦᠯᠬᠦ ᠪᠣᠶ︖ ︽ᠪᠤᠤᠳᠢᠩ ᠤᠨ ᠪᠠᠶᠢᠭᠠᠯᠢ ᠶᠢᠨ ᠰᠢᠨᠵᠢᠯᠡᠬᠦ ᠤᠬᠠᠭᠠᠨ ᠠᠵᠤ ᠦᠢᠯᠡᠳᠪᠦᠷᠢ ᠶᠢᠨ ᠳᠡᠭᠡᠳᠦ ᠰᠤᠷᠭᠠᠭᠤᠯᠢ ᠶᠢᠨ ᠡᠷᠳᠡᠮ ᠰᠢᠨᠵᠢᠯᠡᠭᠡᠨ ᠤ ᠠᠵᠢᠯ ᠤᠨ ᠭᠠᠵᠠᠷ︾ ᠸᠢᠴᠠᠲ ᠤᠨ ᠨᠡᠶᠢᠲᠡ ᠶᠢᠨ ᠳ᠋ᠤᠭᠠᠷ ᠢᠶᠠᠷ ᠪᠢᠴᠢᠭ ᠮᠠᠲ᠋ᠧᠷᠢᠶᠠᠯ ᠪᠠᠭᠤᠯᠭᠠᠵᠤ᠂ ᠰᠤᠷᠤᠭᠴᠢᠳ ᠢ ︽ᠭᠤᠷᠪᠠ ᠶᠢ ᠡᠷᠬᠢᠮᠯᠡᠬᠦ︾ ︽ᠬᠤᠶᠠᠷ ᠢ ᠴᠡᠭᠡᠷᠯᠡᠬᠦ︾ ᠶᠢ ᠪᠡᠶᠡᠯᠡᠭᠦᠯᠬᠦ ᠶᠢ ᠰᠠᠨᠠᠭᠠᠴᠢᠯᠠᠪᠠ᠃     ︽ᠭᠤᠷᠪᠠ ᠶᠢ ᠡᠷᠬᠢᠮᠯᠡᠬᠦ︾ ᠳᠤᠮᠳᠠ ︽ᠰᠤᠷᠤᠯᠭ᠎ᠠ ᠳᠠᠭᠠᠨ ᠠᠩᠬᠠᠷᠤᠯ ᠢᠶᠠᠨ ᠲᠥᠪᠯᠡᠷᠡᠭᠦᠯᠵᠦ᠂ ᠦᠰᠦᠨ ᠪᠤᠶᠢᠵᠢᠯᠲᠠ ᠳᠤ ᠬᠦᠴᠦᠨ ᠨᠡᠮᠡᠷᠢᠯᠡᠬᠦ ᠬᠡᠷᠡᠭᠲᠡᠢ︾ ᠭᠡᠵᠦ ᠳᠤᠷᠠᠳᠤᠭᠰᠠᠨ ᠨᠢ᠄ ᠪᠡᠯᠡ ᠮᠥᠩᠭᠦ ᠶᠢ ᠰᠤᠷᠤᠯᠴᠠᠯᠭ᠎ᠠ ᠶᠢᠨ ᠮᠠᠲ᠋ᠧᠷᠢᠶᠠᠯ ᠬᠤᠳᠠᠯᠳᠤᠨ ᠠᠪᠬᠤ᠂ ᠡᠷᠳᠡᠮ ᠰᠢᠨᠵᠢᠯᠡᠭᠡᠨ ᠤ ᠠᠵᠢᠯᠯᠠᠭ᠎ᠠ ᠳᠤ ᠣᠷᠣᠯᠴᠠᠬᠤ ᠪᠤᠶᠤ ᠲᠤᠰᠬᠠᠢ ᠮᠡᠷᠭᠡᠵᠢᠯ ᠤᠨ ᠤᠷ᠎ᠠ ᠴᠢᠳᠠᠪᠤᠷᠢ ᠪᠠᠨ ᠳᠡᠭᠡᠭᠰᠢᠯᠡᠭᠦᠯᠬᠦ ᠵᠡᠷᠭᠡ ᠲᠠᠯ᠎ᠠ ᠳᠤ ᠬᠡᠷᠡᠭᠯᠡᠵᠦ᠂ ᠵᠣᠭᠤᠰ ᠨᠢᠭᠡᠪᠦᠷᠢ ᠨᠢ ᠴᠥᠮ ᠮᠠᠨ ᠤ ᠦᠰᠦᠨ ᠪᠤᠶᠢᠵᠢᠯᠲᠠ ᠪᠠ ᠬᠥᠭᠵᠢᠯᠲᠡ ᠳᠤ ᠬᠦᠴᠦᠨ ᠴᠢᠳᠠᠯ ᠢᠶᠠᠨ ᠡᠷᠭᠦᠬᠦ ᠶᠢ ᠦᠨᠡᠨ ᠬᠦ ᠪᠠᠲᠤᠯᠠᠬᠤ ᠬᠡᠷᠡᠭᠲᠡᠢ ᠭᠡᠵᠡᠢ᠃     ︽ᠬᠤᠶᠠᠷ ᠢ ᠴᠡᠭᠡᠷᠯᠡᠬᠦ︾ ᠳᠤ ︽ᠶᠡᠭᠡ ᠬᠡᠷᠡᠭᠯᠡᠭᠡ ᠶᠢ ᠴᠡᠭᠡᠷᠯᠡᠨ᠎ᠡ︾ ᠭᠡᠵᠦ ᠳᠤᠷᠠᠳᠴᠠᠢ᠄ ᠳᠡᠭᠡᠳᠦ ᠲᠡᠰ ᠤᠨ ᠵᠠᠰᠠᠯ ᠴᠢᠮᠡᠭ ᠤᠨ ᠡᠳ᠋᠂ ᠨᠡᠷᠡᠳᠦ ᠬᠤᠪᠴᠠᠰᠤ ᠵᠠᠰᠠᠯ᠂ ᠳᠡᠭᠡᠳᠦ ᠲᠡᠰ ᠤᠨ ᠡᠯᠧᠺᠲᠷᠣᠨ ᠦᠢᠯᠡᠳᠬᠦᠨ ᠵᠡᠷᠭᠡ ᠬᠡᠭᠡᠨᠴᠢᠷᠯᠡᠯ ᠤᠨ ᠡᠳ᠋ᠯᠡᠯ ᠢ ᠬᠤᠳᠠᠯᠳᠤᠨ ᠠᠪᠬᠤ ᠳᠤ ᠬᠡᠷᠡᠭᠯᠡᠬᠦ ᠶᠢ ᠴᠢᠩᠭ᠎ᠠ ᠴᠡᠭᠡᠷᠯᠡᠬᠦ ᠪᠤᠶᠤ ᠵᠣᠴᠢᠨ ᠳᠠᠶᠢᠯᠠᠬᠤ᠂ ᠭᠠᠳᠠᠭᠰᠢ ᠭᠠᠷᠴᠤ ᠵᠢᠭᠤᠯᠴᠢᠯᠠᠬᠤ ᠵᠡᠷᠭᠡ ᠭᠡᠳᠦ ᠥᠨᠳᠥᠷ ᠬᠡᠷᠡᠭᠯᠡᠭᠡ᠂ ᠡᠷᠡᠭᠦᠯ ᠪᠤᠰᠤ ᠬᠡᠷᠡᠭᠯᠡᠭᠡᠨ ᠤ ᠠᠵᠢᠯᠯᠠᠭ᠎ᠠ ᠳᠤ ᠬᠡᠷᠡᠭᠯᠡᠬᠦ ᠶᠢ ᠴᠢᠩᠭ᠎ᠠ ᠴᠡᠭᠡᠷᠯᠡᠨ᠎ᠡ᠃ ᠲᠣᠭᠲᠠᠭᠠᠯ ᠠᠴᠠ ᠵᠥᠷᠢᠴᠡᠭᠰᠡᠳ ᠢ ᠣᠯᠵᠤ ᠮᠡᠳᠡᠪᠡᠯ᠂ ᠰᠤᠷᠤᠯᠭ᠎ᠠ ᠶᠢᠨ ᠱᠠᠩᠨᠠᠯ ᠤᠨ ᠮᠥᠩᠭᠦ ᠪᠣᠯᠣᠨ ᠲᠡᠳᠬᠦᠮᠵᠢ ᠶᠢᠨ ᠮᠥᠩᠭᠦ ᠶᠢ ᠨᠡᠬᠡᠮᠵᠢᠯᠡᠨ ᠪᠤᠴᠠᠭᠠᠨ ᠠᠪᠴᠢᠷᠠᠵᠤ ᠮᠡᠳᠡᠨ᠎ᠡ ᠭᠡᠵᠡᠢ᠃     12 ᠰᠠᠷ᠎ᠠ ᠶᠢᠨ 13 ᠤ ᠡᠳᠦᠷ᠂ ᠬᠤᠨᠠᠨ ᠤ ᠰᠢᠨᠵᠢᠯᠡᠬᠦ ᠤᠬᠠᠭᠠᠨ ᠮᠡᠷᠭᠡᠵᠢᠯ ᠤᠨ ᠶᠡᠭᠡ ᠰᠤᠷᠭᠠᠭᠤᠯᠢ ᠶᠢᠨ ᠰᠣᠷᠣᠭᠴᠢ ᠶᠢ ᠲᠡᠳᠬᠦᠨ ᠲᠤᠰᠠᠯᠠᠬᠤ ᠬᠠᠮᠢᠶᠠᠷᠤᠯᠲᠠ ᠶᠢᠨ ᠲᠥᠪ ᠠᠴᠠ ︽ᠰᠤᠷᠤᠯᠭ᠎ᠠ ᠶᠢᠨ ᠱᠠᠩᠨᠠᠯ ᠤᠨ ᠮᠥᠩᠭᠦ ᠪᠠ ᠰᠤᠷᠤᠯᠭ᠎ᠠ ᠶᠢᠨ ᠲᠡᠳᠬᠦᠮᠵᠢ ᠶᠢᠨ ᠮᠥᠩᠭᠦ ᠶᠢ ᠵᠦᠢ ᠵᠣᠬᠢᠰᠲᠠᠢ ᠬᠡᠷᠡᠭᠯᠡᠬᠦ ᠰᠠᠨᠠᠭᠠᠴᠢᠯᠠᠭ᠎ᠠ ᠶᠢᠨ ᠪᠢᠴᠢᠭ︾ ᠨᠡᠶᠢᠲᠡᠯᠡᠵᠦ᠂ ᠰᠤᠷᠤᠯᠭ᠎ᠠ ᠶᠢᠨ ᠱᠠᠩᠨᠠᠯ ᠤᠨ ᠮᠥᠩᠭᠦ ᠪᠠ ᠰᠤᠷᠤᠯᠭ᠎ᠠ ᠶᠢᠨ ᠲᠡᠳᠬᠦᠮᠵᠢ ᠶᠢᠨ ᠮᠥᠩᠭᠦ ᠪᠣᠯ ᠰᠤᠷᠤᠭᠴᠢᠳ ᠤᠨ ᠰᠤᠷᠤᠯᠭ᠎ᠠ ᠶᠢᠨ ᠬᠢᠷᠢ ᠪᠦᠲᠦᠮᠵᠢ ᠶᠢ ᠨᠤᠲᠠᠯᠠᠵᠤ ᠪᠠᠶᠢᠭ᠎ᠠ ᠶᠠᠪᠤᠳᠠᠯ ᠪᠣᠯᠬᠤ ᠪᠠᠷ ᠪᠠᠷᠠᠬᠤ ᠦᠭᠡᠢ᠂ ᠨᠡᠩ ᠴᠤ ᠬᠡᠰᠡᠭ ᠶᠠᠳᠠᠭᠤ ᠬᠦᠴᠢᠷᠳᠡᠯᠲᠡᠢ ᠰᠤᠷᠤᠭᠴᠢᠳ ᠤᠨ ᠰᠤᠷᠤᠯᠭ᠎ᠠ ᠪᠠ ᠠᠮᠢᠳᠤᠷᠠᠯ ᠤᠨ ᠴᠢᠬᠤᠯᠠ ᠪᠠᠲᠤᠯᠠᠭ᠎ᠠ ᠪᠣᠯᠣᠨ᠎ᠠ ᠃ ᠲᠡᠷᠡ ᠨᠢ ᠱᠠᠲᠤ ᠱᠠᠲᠤ ᠪᠠᠷ ᠰᠢᠯᠢᠨ ᠰᠣᠩᠭᠤᠬᠤ ᠪᠠ ᠰᠢᠯᠭᠠᠷᠠᠭᠤᠯᠬᠤ ᠪᠠᠷ ᠳᠡᠮᠵᠢᠨ ᠬᠢᠯᠪᠠᠷ ᠪᠤᠰᠤ ᠪᠠᠷ ᠢᠷᠡᠭᠰᠡᠨ ᠶᠤᠮ᠃ ᠡᠶᠢᠮᠦ ᠠᠴᠠ᠂ ᠰᠤᠷᠤᠭᠴᠢᠳ ᠡᠨᠡ ᠬᠦ ᠢᠷᠠᠭᠤ ᠠᠯᠳᠠᠷ ᠢᠶᠠᠨ ᠬᠤᠪᠢ ᠳᠠᠬᠢᠨ ᠨᠠᠨᠳᠢᠩᠨᠠᠵᠤ᠂ ᠪᠡᠯᠡ ᠮᠥᠩᠭᠦ ᠶᠢᠨ ᠬᠡᠷᠡᠭᠯᠡᠯᠲᠡ ᠶᠢ ᠵᠣᠬᠢᠰᠲᠠᠢ ᠲᠥᠯᠥᠪᠯᠡᠵᠦ᠂ ᠡᠨᠡ ᠬᠦ ᠪᠡᠯᠡ ᠮᠥᠩᠭᠦ ᠶᠢ ᠦᠨᠡᠨ ᠬᠦ ᠪᠦᠲᠦᠮᠵᠢᠲᠡᠶ ᠠᠰᠢᠭᠯᠠᠬᠤ ᠶᠢ ᠪᠠᠲᠤᠯᠠᠬᠤ ᠬᠡᠷᠡᠭᠲᠡᠢ᠃ ᠡᠩ ᠲᠡᠷᠢᠭᠦᠨ ᠳᠤ ᠰᠤᠷᠤᠯᠭ᠎ᠠ ᠶᠢᠨ ᠰᠦᠢᠳᠬᠡᠯ᠂ ᠬᠤᠨᠤᠭ ᠤᠨ ᠰᠦᠢᠳᠬᠡᠯ᠂ ᠵᠢᠭᠠᠬᠤ ᠮᠠᠲ᠋ᠧᠷᠢᠶᠠᠯ ᠤᠨ ᠰᠦᠢᠳᠬᠡᠯ ᠪᠠ ᠴᠢᠬᠤᠯᠠ ᠪᠦᠬᠦᠢ ᠠᠮᠢᠳᠤᠷᠠᠯ ᠤᠨ ᠬᠡᠷᠡᠭᠰᠡᠯ ᠳᠤ ᠬᠡᠷᠡᠭᠯᠡᠨ᠎ᠡ᠃ ᠰᠤᠷᠤᠯᠭ᠎ᠠ ᠶᠢᠨ ᠱᠠᠩᠨᠠᠯ ᠤᠨ ᠮᠥᠩᠭᠦ ᠪᠠ ᠲᠡᠳᠬᠦᠮᠵᠢ ᠶᠢᠨ ᠮᠥᠩᠭᠦ ᠶᠢ ᠵᠦᠢ ᠵᠣᠬᠢᠰᠲᠠᠢ ᠪᠠᠷ ᠬᠡᠷᠡᠭᠯᠡᠵᠦ᠂ ᠬᠡᠭᠡᠨᠴᠢᠷᠯᠡᠯ ᠤᠨ ᠬᠡᠷᠡᠭᠯᠡᠭᠡ ᠶᠢ ᠤᠬᠠᠮᠰᠠᠷ ᠠᠴᠠ ᠪᠠᠨ ᠲᠡᠪᠴᠢᠨ ᠬᠤᠷᠢᠭᠯᠠᠵᠤ᠂ ᠰᠤᠷᠤᠯᠭ᠎ᠠ ᠶᠢᠨ ᠱᠠᠩᠨᠠᠯ ᠤᠨ ᠮᠥᠩᠭᠦ ᠪᠠ ᠲᠡᠳᠬᠦᠮᠵᠢ ᠶᠢᠨ ᠮᠥᠩᠭᠦ ᠪᠠᠷ ᠵᠣᠴᠢᠨ ᠳᠠᠶᠢᠯᠠᠵᠤ᠂ ᠠᠵᠤ ᠠᠬᠤᠢ ᠶᠢᠨ ᠲᠠᠯ᠎ᠠ ᠪᠠᠷ ᠬᠠᠷᠢᠯᠴᠠᠨ ᠠᠳᠠᠯᠢᠳᠬᠠᠬᠤ ᠦᠭᠡᠢ ᠪᠠᠶᠢᠬᠤ ᠬᠡᠷᠡᠭᠲᠡᠢ ᠭᠡᠵᠡᠢ᠃     12 ᠰᠠᠷ᠎ᠠ ᠶᠢᠨ 4 ᠤ ᠡᠳᠦᠷ᠂ ᠾᠧᠨᠠᠨ ᠤ ᠰᠢᠨᠵᠢᠯᠡᠬᠦ ᠤᠬᠠᠭᠠᠨ ᠮᠡᠷᠭᠡᠵᠢᠯ ᠤᠨ ᠳᠡᠭᠡᠳᠦ ᠰᠤᠷᠭᠠᠭᠤᠯᠢ ᠶᠢᠨ ᠰᠣᠷᠣᠭᠴᠢ ᠶᠢ ᠲᠡᠳᠬᠦᠨ ᠲᠤᠰᠠᠯᠠᠬᠤ ᠬᠠᠮᠢᠶᠠᠷᠤᠯᠲᠠ ᠶᠢᠨ ᠲᠥᠪ ᠠᠴᠠ ᠱᠠᠩᠨᠠᠯ ᠭᠥᠷᠳᠡᠭᠰᠡᠨ ᠪᠥᠬᠦ ᠰᠣᠷᠣᠭᠴᠢ ᠳᠤ ᠰᠠᠨᠠᠭᠠᠴᠢᠯᠠᠭ᠎ᠠ ᠭᠠᠷᠭᠠᠪᠠ᠄ ᠰᠤᠷᠤᠯᠭ᠎ᠠ ᠶᠢᠨ ᠱᠠᠩᠨᠠᠯ ᠤᠨ ᠮᠥᠩᠭᠦ ᠪᠠ ᠰᠤᠷᠤᠯᠭ᠎ᠠ ᠶᠢᠨ ᠲᠡᠳᠬᠦᠮᠵᠢ ᠶᠢᠨ ᠮᠥᠩᠭᠦ ᠶᠢ ᠣᠯᠣᠭᠰᠠᠨ ᠨᠢ ᠬᠢᠯᠪᠠᠷ ᠪᠤᠰᠤ ᠶᠤᠮ᠂ ᠰᠤᠷᠤᠭᠴᠢᠳ ᠬᠤᠪᠢ ᠳᠠᠬᠢᠨ ᠨᠠᠨᠳᠢᠩᠨᠠᠵᠤ᠂ ᠵᠦᠢ ᠵᠣᠬᠢᠰᠲᠠᠢ ᠲᠥᠯᠥᠪᠯᠡᠵᠦ᠂ ᠡᠨᠡ ᠬᠦ ᠪᠡᠯᠡ ᠮᠥᠩᠭᠦ ᠶᠢ ᠦᠨᠡᠨ ᠬᠦ ᠰᠠᠶᠢᠲᠤᠷ ᠬᠡᠷᠡᠭᠯᠡᠬᠦ ᠬᠡᠷᠡᠭᠲᠡᠢ᠃ ᠰᠤᠷᠤᠯᠭ᠎ᠠ ᠶᠢᠨ ᠰᠦᠢᠳᠬᠡᠯ᠂ ᠬᠤᠨᠤᠭ ᠤᠨ ᠰᠦᠢᠳᠬᠡᠯ᠂ ᠵᠢᠭᠠᠬᠤ ᠮᠠᠲ᠋ᠧᠷᠢᠶᠠᠯ ᠤᠨ ᠰᠦᠢᠳᠬᠡᠯ ᠪᠠ ᠴᠢᠬᠤᠯᠠ ᠪᠦᠬᠦᠢ ᠠᠮᠢᠳᠤᠷᠠᠯ ᠤᠨ ᠬᠡᠷᠡᠭᠰᠡᠯ ᠳᠤ ᠡᠩ ᠲᠡᠷᠢᠭᠦᠨ ᠳᠤ ᠬᠡᠷᠡᠭᠯᠡᠬᠦ ᠬᠡᠷᠡᠭᠲᠡᠢ᠃ ᠰᠤᠷᠤᠯᠭ᠎ᠠ ᠶᠢᠨ ᠱᠠᠩᠨᠠᠯ ᠤᠨ ᠮᠥᠩᠭᠦ ᠪᠠ ᠰᠤᠷᠤᠯᠭ᠎ᠠ ᠶᠢᠨ ᠲᠡᠳᠬᠦᠮᠵᠢ ᠶᠢᠨ ᠮᠥᠩᠭᠦ ᠶᠢ ᠬᠡᠭᠡᠨᠴᠢᠷᠯᠡᠯ ᠤᠨ ᠡᠳ᠋ᠯᠡᠯ᠂ ᠳᠡᠭᠡᠳᠦ ᠲᠡᠰ ᠤᠨ ᠡᠯᠧᠺᠲᠷᠣᠨ ᠦᠢᠯᠡᠳᠬᠦᠨ ᠬᠤᠳᠠᠯᠳᠤᠨ ᠠᠪᠬᠤ ᠵᠢᠴᠢ ᠵᠣᠴᠢᠨ ᠳᠠᠶᠢᠯᠠᠬᠤ᠂ ᠵᠢᠭᠤᠯᠴᠢᠯᠠᠬᠤ ᠵᠡᠷᠭᠡ ᠴᠢᠬᠤᠯᠠ ᠪᠤᠰᠤ ᠵᠠᠷᠤᠯᠭ᠎ᠠ ᠳᠤ ᠬᠡᠷᠡᠭᠯᠡᠬᠦ ᠠᠴᠠ ᠵᠠᠶᠢᠯᠠᠰᠬᠢᠬᠦ ᠬᠡᠷᠡᠭᠲᠡᠢ ᠭᠡᠵᠡᠢ᠃
ᠢᠷᠡᠯᠲᠡ᠄ ᠠᠷᠠᠳ ᠤᠨ ᠰᠦᠯᠵᠢᠶ᠎ᠡ