ᠴᠢᠬᠤᠯᠠ ᠰᠠᠨᠠᠭᠤᠯᠤᠮᠵᠢ︕ 2025 ᠣᠨ ᠤ ᠴᠡᠷᠢᠭ ᠤᠨ ᠠᠯᠪᠠ ᠳᠤ ᠪᠦᠷᠢᠳᠭᠡᠨ ᠲᠠᠩᠰᠠᠯᠠᠭᠤᠯᠬᠤ ᠠᠵᠢᠯ 2025 ᠣᠨ ᠤ 1 ᠰᠠᠷ᠎ᠠ ᠶᠢᠨ 1 ᠤ | ᠡᠳᠦᠷ ᠠᠴᠠ ᠡᠬᠢᠯᠡᠨ᠎ᠡ | ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠴᠡᠷᠢᠭ ᠤᠨ ᠠᠯᠪᠠᠨ ᠤ ᠬᠠᠤᠯᠢ︾ ᠳᠤ ᠤᠯᠤᠰ ᠠᠴᠠ ᠴᠡᠷᠢᠭ ᠤᠨ ᠠᠯᠪᠠ ᠳᠤ ᠪᠦᠷᠢᠳᠭᠡᠨ | ᠳᠠᠩᠰᠠᠯᠠᠭᠤᠯᠬᠤ ᠲᠦᠷᠢᠮ ᠢ ᠬᠡᠷᠡᠭᠵᠢᠭᠦᠯᠵᠦ᠂ ᠡᠷᠡᠭᠲᠡᠶ ᠵᠠᠯᠠᠭᠤᠴᠤᠳ ᠨᠢᠭᠡᠪᠦᠷᠢ ᠪᠦᠬᠦᠯᠢ 18 ᠨᠠᠰᠤ ᠬᠥᠷᠬᠦ ᠦᠶ᠎ᠡ ᠳᠤ ᠴᠥᠮ ᠴᠡᠷᠢᠭ ᠤᠨ ᠠᠯᠪᠠ ᠳᠤ ᠪᠦᠷᠢᠳᠭᠡᠨ | ᠳᠠᠩᠰᠠᠯᠠᠭᠤᠯᠬᠤ ᠡᠭᠦᠷᠭᠡ ᠶᠢ ᠭᠦᠢᠴᠡᠳᠬᠡᠬᠦ ᠬᠡᠷᠡᠭᠲᠡᠶ ᠭᠡᠵᠦ ᠲᠣᠳᠣᠷᠬᠠᠶ ᠲᠣᠭᠲᠠᠭᠠᠪᠠ᠃ ᠲᠤᠰ ᠵᠢᠯ ᠤᠨ 12 ᠰᠠᠷ᠎ᠠ ᠶᠢᠨ 31 ᠤ ᠡᠳᠦᠷ ᠠᠴᠠ ᠡᠮᠦᠨ᠎ᠡ ᠪᠦᠬᠦᠯᠢ | 17 ᠨᠠᠰᠤ ᠬᠦᠷᠦᠭᠰᠡᠨ ᠪᠠ ᠪᠦᠬᠦᠯᠢ 18 ᠨᠠᠰᠤ ᠬᠦᠷᠦᠭᠡᠳᠦᠢ ᠡᠷᠡᠭᠲᠡᠢ ᠠᠷᠠᠳ ᠢᠷᠭᠡᠨ ᠰᠡᠶᠢᠠ ᠳᠤᠷ᠎ᠠ ᠠᠴᠠ ᠪᠠᠨ ᠴᠡᠷᠢᠭ ᠤᠨ ᠠᠯᠪᠠᠨ ᠳᠤ ᠠᠩᠬ᠎ᠠ ᠤᠳᠠᠭ᠎ᠠ | ᠪᠦᠷᠢᠳᠭᠡᠨ ᠲᠠᠩᠰᠠᠯᠠᠭᠤᠯᠵᠤ ᠪᠣᠯᠤᠨ᠎ᠠ᠃ | ᠴᠡᠷᠢᠭ ᠤᠨ ᠠᠯᠪᠠᠨ ᠳᠤ ᠪᠦᠷᠢᠳᠭᠡᠨ ᠳᠠᠩᠰᠠᠯᠠᠭᠤᠯᠬᠤ ᠪᠣᠯ ᠲᠤᠬᠢᠷᠠᠬᠤ ᠨᠠᠰᠤᠨ ᠤ ᠵᠠᠯᠠᠭᠤᠴᠤᠳ ᠨᠢᠭᠡᠪᠦᠷᠢ ᠶᠢᠨ ᠬᠢᠬᠦ ᠠᠵᠢᠯ ᠮᠥᠨ᠂ ᠲᠤᠬᠢᠷᠠᠬᠤ ᠨᠠᠰᠤᠨ ᠤ | ᠠᠷᠠᠳ ᠢᠷᠭᠡᠨ ᠴᠥᠮ ᠴᠡᠷᠢᠭ ᠤᠨ ᠠᠯᠪᠠᠨ ᠳᠤ ᠪᠦᠷᠢᠳᠭᠡᠨ ᠳᠠᠩᠰᠠᠯᠠᠭᠤᠯᠬᠤ ᠡᠭᠦᠷᠭᠡ ᠶᠢ ᠭᠦᠢᠴᠡᠳᠬᠡᠨ᠎ᠡ᠃ ᠴᠡᠷᠢᠭ ᠤᠨ ᠠᠯᠪᠠᠨ ᠳᠤ ᠪᠦᠷᠢᠳᠭᠡᠨ | ᠳᠠᠩᠰᠠᠯᠠᠭᠤᠯᠬᠤ ᠭᠡᠳᠡᠭ ᠨᠢ ᠵᠠᠪᠠᠯ ᠴᠡᠷᠢᠭ ᠠᠩᠭᠢ ᠳᠤ ᠣᠴᠢᠵᠤ ᠠᠯᠪᠠ ᠬᠠᠭᠠᠬᠤ ᠭᠡᠰᠡᠨ ᠶᠠᠪᠤᠳᠠᠯ ᠪᠢᠰᠢ᠂ ᠬᠠᠷᠢᠨ ᠤᠯᠤᠰ ᠠᠴᠠ ᠲᠤᠬᠢᠷᠠᠬᠤ ᠨᠠᠰᠤᠨ ᠤ ᠠᠷᠠᠳ | ᠢᠷᠭᠡᠨ ᠢ ᠬᠠᠤᠯᠢ ᠶᠣᠰᠣᠭᠠᠷ ᠳᠠᠩᠰᠠᠯᠠᠨ ᠬᠠᠮᠢᠶᠠᠷᠬᠤ ᠠᠵᠢᠯ ᠬᠢᠵᠦ᠂ ᠤᠯᠤᠰ ᠠᠴᠠ ᠴᠡᠷᠢᠭ ᠤᠨ ᠳᠠᠯᠳᠠ ᠬᠦᠴᠦᠨ ᠢ ᠡᠵᠡᠮᠰᠢᠵᠦ᠂ ᠭᠠᠷᠴᠤ ᠮᠡᠳᠡᠬᠦ ᠪᠠᠴᠢᠮ | ᠪᠠᠶᠢᠳᠠᠯ ᠢ ᠠᠷᠭᠠᠴᠠᠭᠠᠬᠤ ᠶᠢᠨ ᠲᠥᠯᠥᠭᠡ ᠶᠤᠮ᠃ | ᠪᠦᠬᠦᠯᠢ 18 ᠨᠠᠰᠤ ᠬᠦᠷᠦᠭᠰᠡᠨ ᠡᠷᠡᠭᠲᠡᠶ ᠵᠠᠯᠠᠭᠤᠴᠤᠳ ᠪᠥᠬᠦ ᠤᠯᠤᠰ ᠤᠨ ᠴᠡᠷᠢᠭ ᠡᠯᠰᠡᠬᠦ ᠰᠦᠯᠵᠢᠶᠡᠨ ᠳᠤ ᠭᠠᠷᠬᠤ ᠪᠤᠶᠤ ᠴᠡᠷᠢᠭ ᠠᠩᠭᠢ ᠶᠢᠨ | ᠵᠠᠭᠤᠴᠢᠯᠠᠭᠤᠷ ᠤᠨ ᠰᠢᠯᠵᠢᠮᠡᠯ ᠬᠤᠰᠢᠭᠤᠴᠢ ᠦᠵᠦᠭᠦᠷ ᠤᠨ ︽ᠳᠤᠮᠳᠠᠳᠤ ᠤᠯᠤᠰ ᠤᠨ ᠴᠡᠷᠢᠭ ᠤᠨ ᠳ᠋ᠤᠭᠠᠷ App︾ ᠳᠤ ᠭᠠᠷᠴᠤ ︽ᠴᠡᠷᠢᠭ ᠲᠤ ᠣᠷᠣᠬᠤ ᠪᠠᠷ | ᠨᠡᠷ᠎ᠡ ᠮᠡᠳᠡᠭᠦᠯᠬᠦ︾ ᠰᠤᠪᠠᠭ ᠤᠨ ︽ᠴᠡᠷᠢᠭ ᠤᠨ ᠠᠯᠪᠠ ᠬᠠᠭᠠᠬᠤ ᠪᠦᠷᠢᠳᠭᠡᠨ ᠳᠡᠩᠰᠡᠯᠡᠯᠲᠡ︾ ᠶᠢ ᠲᠤᠪᠰᠢᠵᠦ ᠪᠦᠷᠢᠳᠭᠡᠨ ᠳᠠᠩᠰᠠᠯᠠᠭᠤᠯᠵᠤ ᠪᠣᠯᠤᠨ᠎ᠠ᠃ | ᠴᠡᠷᠢᠭ ᠤᠨ ᠠᠯᠪᠠᠨ ᠳᠤ ᠪᠦᠷᠢᠳᠭᠡᠨ ᠳᠠᠩᠰᠠᠯᠠᠭᠤᠯᠵᠤ ᠥᠩᠭᠡᠷᠡᠭᠰᠡᠨ᠂ ᠴᠡᠷᠢᠭ ᠲᠤ ᠣᠷᠣᠬᠤ ᠰᠠᠨᠠᠭ᠎ᠠ ᠲᠠᠢ ᠬᠦᠮᠦᠰ ᠰᠦᠯᠵᠢᠶᠡᠨ ᠳᠡᠭᠡᠷ᠎ᠡ ᠰᠢᠭᠤᠳ ᠨᠡᠷ᠎ᠡ | ᠮᠡᠳᠡᠭᠦᠯᠵᠦ ᠪᠣᠯᠤᠨ᠎ᠠ᠃ |