ᠨᠡᠶᠢᠭᠡᠮ ᠤᠨ ᠪᠠᠲᠤᠯᠠᠭ᠎ᠠ ᠶᠢᠨ ᠺᠠᠷᠲ ᠲᠤ ᠪᠠᠰᠠ ᠡᠶᠢᠮᠦ ᠣᠯᠠᠨ ᠴᠢᠳᠠᠮᠵᠢ ᠲᠠᠢ ᠪᠠᠶᠢᠵᠠᠢ︕
ᠨᠡᠶᠢᠲᠡᠯᠡᠭᠰᠡᠨ ᠴᠠᠭ᠄
2024/12/17
     ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠶᠠᠮᠤᠨ ᠤ ᠲᠠᠨᠢᠯᠴᠠᠭᠤᠯᠤᠭᠰᠠᠨ ᠢᠶᠠᠷ᠂ ᠨᠡᠶᠢᠭᠡᠮ ᠤᠨ ᠪᠠᠲᠤᠯᠠᠭ᠎ᠠ ᠶᠢᠨ ᠺᠠᠷᠲ ᠲᠤ ᠮᠥᠩᠭᠦᠨ ᠭᠦᠢᠯᠭᠡᠭᠡᠨ ᠤ ᠴᠢᠳᠠᠮᠵᠢ ᠶᠢ ᠨᠡᠮᠡᠭᠰᠡᠨ ᠤ ᠳᠠᠷᠠᠭ᠎ᠠ᠂ ᠡᠩ ᠤᠨ ᠪᠠᠩᠬᠢ ᠶᠢᠨ ᠺᠠᠷᠲ ᠪᠣᠯᠭᠠᠨ ᠬᠡᠷᠡᠭᠯᠡᠵᠦ ᠪᠣᠯᠣᠨ᠎ᠠ᠂ ᠲᠡᠷᠡ ᠨᠢ ᠪᠡᠯᠡᠨ ᠵᠣᠭᠤᠰ ᠬᠠᠳᠠᠭᠠᠯᠠᠵᠤ ᠭᠠᠷᠭᠠᠬᠤ᠂ ᠲᠠᠩᠰᠠ ᠰᠢᠯᠵᠢᠭᠦᠯᠬᠦ᠂ ᠬᠡᠷᠡᠭᠯᠡᠭᠡᠨ ᠤ ᠴᠢᠳᠠᠮᠵᠢ ᠵᠡᠷᠭᠡ ᠴᠢᠳᠠᠮᠵᠢ ᠲᠠᠢ ᠪᠠᠶᠢᠳᠠᠭ᠃     ᠲᠠᠨᠢᠯᠴᠠᠭᠤᠯᠤᠭᠰᠠᠨ ᠢᠶᠠᠷ᠂ ᠮᠥᠩᠭᠦᠨ ᠭᠦᠢᠯᠭᠡᠭᠡᠨ ᠤ ᠴᠢᠳᠠᠮᠵᠢ ᠶᠢ ᠨᠡᠬᠡᠭᠡᠭᠰᠡᠨ ᠤ ᠳᠠᠷᠠᠭ᠎ᠠ᠂ ᠨᠡᠶᠢᠭᠡᠮ ᠤᠨ ᠳᠠᠭᠠᠳᠬᠠᠯ ᠤᠨ ᠰᠦᠢᠳᠬᠡᠯ ᠲᠤᠰᠢᠶᠠᠬᠤ᠂ ᠠᠵᠢᠯᠲᠠᠨ ᠤ ᠶᠠᠪᠤᠳᠠᠯ ᠤᠨ ᠴᠢᠳᠠᠪᠤᠷᠢᠲᠠᠨ ᠤ ᠰᠢᠯᠭᠠᠯᠲᠠ ᠪᠠᠷ ᠰᠦᠢᠳᠬᠡᠯ ᠲᠤᠰᠢᠶᠠᠬᠤ᠂ ᠨᠡᠶᠢᠭᠡᠮ ᠤᠨ ᠳᠠᠭᠠᠳᠬᠠᠯ ᠤᠨ ᠲᠣᠭᠲᠠᠮᠠᠯ ᠬᠤᠭᠤᠴᠠᠭᠠᠲᠤ ᠬᠠᠷᠠᠭᠠᠯᠵᠠᠯ ᠪᠠ ᠨᠢᠭᠡ ᠯᠡ ᠤᠳᠠᠭ᠎ᠠ ᠶᠢᠨ ᠴᠢᠨᠠᠷᠲᠠᠢ ᠬᠠᠷᠠᠭᠠᠯᠵᠠᠯ ᠢ ᠠᠪᠬᠤ᠂ ᠠᠵᠢᠯ ᠣᠯᠭᠤᠯᠲᠠ ᠶᠢᠨ ᠨᠥᠬᠦᠪᠦᠷᠢ ᠶᠢᠨ ᠪᠡᠯᠡ ᠮᠥᠩᠭᠦ ᠶᠢ ᠠᠪᠬᠤ᠂ ᠭᠤᠣᠯᠳᠠᠯᠭ᠎ᠠ ᠲᠠᠢ ᠠᠵᠢᠯ ᠲᠥᠷᠥᠯ ︵ᠠᠵᠤ ᠠᠬᠤᠶᠢᠯᠠᠯ︶ ᠤᠨ ᠬᠥᠯᠥᠰᠦᠨ ᠠᠵᠢᠯᠴᠢᠨ ᠤ ᠴᠠᠯᠢᠩ ᠠᠪᠬᠤ᠂ ᠠᠷᠠᠳ ᠲᠤ ᠠᠰᠢᠭ ᠬᠦᠷᠲᠡᠭᠡᠬᠦ ᠲᠠᠷᠢᠶᠠᠴᠢᠳ ᠲᠤ ᠠᠰᠢᠭ ᠬᠦᠷᠲᠡᠭᠡᠬᠦ ᠡᠳ᠋ ᠤᠨ ᠵᠠᠰᠠᠭ ᠤᠨ ᠨᠥᠬᠦᠪᠦᠷᠢ ᠶᠢᠨ ᠪᠡᠯᠡ ᠮᠥᠩᠭᠦ ᠶᠢ ᠠᠪᠬᠤ ᠵᠡᠷᠭᠡ ᠶᠢ ᠪᠠᠭᠲᠠᠭᠠᠭᠰᠠᠨ ᠡᠯ᠎ᠡ ᠲᠥᠷᠥᠯ ᠤᠨ ᠰᠦᠢᠳᠬᠡᠯ ᠲᠤᠰᠢᠶᠠᠬᠤ ᠪᠠ ᠬᠠᠷᠠᠭᠠᠯᠵᠠᠯ ᠠᠪᠬᠤ ᠶᠢ ᠨᠡᠶᠢᠭᠡᠮ ᠤᠨ ᠳᠠᠭᠠᠳᠬᠠᠯ ᠤᠨ ᠺᠠᠷᠲ ᠳᠡᠮᠵᠢᠵᠦ ᠪᠣᠯᠣᠨ᠎ᠠ᠃
ᠢᠷᠡᠯᠲᠡ᠄ ᠠᠷᠠᠳ ᠤᠨ ᠰᠦᠯᠵᠢᠶ᠎ᠡ