ᠡᠷᠭᠦᠨ᠎ᠡ ᠬᠤᠲᠠ ᠶᠢᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠤᠪᠴᠢᠶ᠎ᠠ
ᠨᠡᠶᠢᠲᠡᠯᠡᠭᠰᠡᠨ ᠴᠠᠭ᠄
2024/12/17
ᠭᠤᠤᠯ ᠡᠭᠦᠷᠭᠡ ᠬᠠᠷᠢᠭᠤᠴᠠᠯᠭ᠎ᠠ᠄        ( ᠨᠢᠭᠡ ) ᠤᠯᠤᠰ᠂ ᠦᠪᠡᠷᠲᠡᠭᠡᠨ ᠵᠠᠰᠠᠬᠤ ᠤᠷᠤᠨ᠂ ᠬᠦᠯᠦᠨ ᠪᠤᠶᠢᠷ ᠬᠤᠲᠠ ᠶᠢᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠤᠬᠠᠢ ᠬᠠᠤᠯᠢ ᠴᠠᠭᠠᠵᠠ ᠳᠦᠷᠢᠮ ᠲᠤᠭᠲᠠᠭᠠᠯ ᠵᠢᠴᠢ ᠬᠠᠮᠢᠶ᠎ᠠ ᠪᠦᠬᠦᠢ ᠳᠦᠷᠦ ᠶᠢᠨ ᠪᠤᠳᠤᠯᠭ᠎ᠠ ᠶᠢ ᠲᠤᠤᠱᠯᠠᠭᠤᠯᠤᠨ᠎ᠠ᠃ ᠪᠦᠬᠦ ᠬᠤᠲᠠ ᠶᠢᠨ ᠵᠠᠰᠠᠭ ᠤᠨ ᠤᠷᠳᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡ᠂ ᠡᠯᠧᠺᠲᠷᠣᠨ ᠵᠠᠰᠠᠭ ᠤᠨ ᠶᠠᠪᠤᠳᠠᠯ᠂ ᠵᠠᠰᠠᠭ ᠤᠨ ᠶᠠᠪᠤᠳᠠᠯ ᠢ ᠢᠯᠡ ᠪᠤᠯᠭᠠᠬᠤ ᠵᠡᠷᠭᠡ ᠶᠢ ᠬᠠᠷᠢᠭᠤᠴᠠᠨ᠎ᠠ᠃ ᠬᠠᠮᠢᠶ᠎ᠠ ᠪᠦᠬᠦᠢ ᠲᠦᠷᠦ ᠶᠢᠨ ᠪᠤᠳᠤᠯᠭ᠎ᠠ᠂ ᠠᠷᠭ᠎ᠠ ᠠᠪᠴᠠᠯ᠂ ᠠᠵᠢᠯ ᠤᠨ ᠲᠦᠯᠦᠪᠯᠡᠭᠡ᠂ ᠪᠠᠷᠢᠮᠵᠢᠶ᠎ᠠ ᠶᠢ ᠬᠡᠷᠡᠭᠵᠢᠭᠦᠯᠦᠨ᠎ᠡ᠃ ᠡᠯ᠎ᠡ ᠰᠤᠮᠤ ᠪᠠᠯᠭᠠᠰᠤ ᠪᠠ ᠰᠠᠯᠠᠭ᠎ᠠ ᠮᠦᠴᠢᠷ ᠤᠨ ᠬᠠᠮᠢᠶ᠎ᠠ ᠪᠦᠬᠦᠢ ᠠᠵᠢᠯ ᠢ ᠵᠢᠯᠤᠭᠤᠳᠤᠨ᠎ᠠ᠃        ( ᠬᠤᠶᠡᠷ )《 ᠲᠠᠯᠪᠢᠬᠤ ᠬᠠᠮᠢᠶᠠᠷᠬᠤ ᠦᠢᠯᠡᠴᠢᠯᠡᠬᠦ 》 ᠶᠢᠨ ᠦᠭᠡᠷᠡᠴᠢᠯᠡᠯᠲᠡ ᠶᠢᠨ ᠬᠤᠯᠪᠤᠭᠳᠠᠯ ᠪᠦᠬᠦᠢ ᠠᠵᠢᠯ ᠢ ᠬᠠᠷᠢᠭᠤᠴᠠᠨ᠎ᠠ᠃ ᠵᠠᠰᠠᠭ ᠤᠨ ᠤᠷᠳᠤᠨ ᠤ ᠡᠭᠦᠷᠭᠡ ᠲᠤᠰᠢᠶᠠᠯ ᠢᠶᠠᠨ ᠬᠤᠪᠢᠷᠠᠭᠤᠯᠬᠤ ᠪᠠ《 ᠲᠠᠯᠪᠢᠬᠤ ᠬᠠᠮᠢᠶᠠᠷᠬᠤ ᠦᠢᠯᠡᠴᠢᠯᠡᠬᠦ 》 ᠶᠢᠨ ᠦᠭᠡᠷᠡᠴᠢᠯᠡᠯᠲᠡ ᠶᠢᠨ ᠲᠦᠷᠦ ᠶᠢᠨ ᠪᠤᠳᠤᠯᠭ᠎ᠠ ᠪᠠ ᠠᠷᠭ᠎ᠠ ᠠᠪᠴᠠᠯ ᠢ ᠨᠠᠶᠢᠳᠠᠪᠤᠷᠢᠵᠢᠭᠤᠯᠤᠨ᠎ᠠ᠃ ᠴᠢᠬᠤᠯᠠ ᠶᠡᠭᠡ ᠠᠰᠠᠭᠤᠳᠠᠯ ᠳᠤ ᠪᠠᠶᠢᠴᠠᠭᠠᠨ ᠰᠤᠳᠤᠯᠤᠯᠲᠠ ᠬᠢᠵᠦ᠂ ᠬᠠᠮᠢᠶ᠎ᠠ ᠪᠦᠬᠦᠢ ᠠᠵᠢᠯ ᠤᠨ ᠰᠠᠨᠠᠭᠤᠯᠭ᠎ᠠ ᠶᠢ ᠳᠤᠷᠠᠳᠤᠨ᠎ᠠ᠃ ᠡᠯ᠎ᠡ ᠰᠤᠮᠤ ᠪᠠᠯᠭᠠᠰᠤ᠂ ᠰᠠᠯᠠᠭ᠎ᠠ ᠮᠦᠴᠢᠷ ᠢ ᠱᠠᠭᠠᠷᠳᠠᠨ ᠵᠢᠯᠤᠭᠤᠳᠴᠤ᠂ ᠬᠠᠮᠢᠶ᠎ᠠ ᠪᠦᠬᠦᠢ ᠦᠭᠡᠷᠡᠴᠢᠯᠡᠯᠲᠡ ᠶᠢᠨ ᠠᠷᠭ᠎ᠠ ᠠᠪᠴᠠᠯ ᠢ ᠨᠠᠶᠢᠳᠠᠪᠤᠷᠢᠵᠢᠭᠤᠯᠤᠨ᠎ᠠ᠃        ( ᠭᠤᠷᠪᠠ ) ᠪᠦᠬᠦ ᠬᠤᠲᠠ ᠶᠢᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠵᠢᠯ ᠢ ᠵᠢᠯᠤᠭᠤᠳᠤᠨ᠎ᠠ᠃ ᠬᠤᠲᠠ ᠶᠢᠨ ᠵᠠᠰᠠᠭ ᠵᠠᠬᠢᠷᠭᠠᠨ ᠤ ᠡᠷᠬᠡ ᠪᠠ ᠤᠯᠠᠨ ᠨᠡᠶᠢᠲᠡ ᠶᠢᠨ ᠦᠢᠯᠡᠴᠢᠯᠡᠭᠡᠨ ᠤ ᠵᠦᠢᠯ ᠢ ᠳᠦᠷᠢᠮᠵᠢᠭᠦᠯᠬᠦ ᠵᠢᠴᠢ ᠬᠡᠷᠡᠭᠯᠡᠭᠡᠨ ᠤ ᠠᠵᠢᠯ ᠢ ᠬᠠᠷᠢᠭᠤᠴᠠᠵᠤ᠂ ᠵᠠᠰᠠᠭ ᠤᠨ ᠶᠠᠪᠤᠳᠠᠯ ᠤᠨ ᠶᠠᠪᠤᠴᠠ ᠶᠢ ᠤᠷᠤᠭᠰᠢᠲᠠᠢ ᠪᠤᠯᠭᠠᠨ᠂ ᠨᠢᠭᠡᠲᠦᠯᠲᠠᠢ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠤᠭᠲᠠᠯᠴᠠᠭ᠎ᠠ ᠶᠢ ᠪᠠᠶᠢᠭᠤᠯᠤᠨ᠎ᠠ᠃ ᠮᠠᠨ ᠤ ᠬᠤᠲᠠ ᠶᠢᠨ《 ᠢᠨᠲ᠋ᠧᠷ ᠰᠦᠯᠵᠢᠶ᠎ᠡ + ᠵᠠᠰᠠᠭ ᠤᠨ ᠶᠠᠪᠤᠳᠠᠯ ᠤᠨ ᠦᠢᠯᠡᠴᠢᠯᠡᠭᠡ 》 ᠶᠢ ᠬᠠᠮᠢᠶᠠᠷᠴᠤ᠂《 ᠢᠨᠲ᠋ᠧᠷ ᠰᠦᠯᠵᠢᠶ᠎ᠡ + ᠵᠠᠰᠠᠭ ᠤᠨ ᠶᠠᠪᠤᠳᠠᠯ ᠤᠨ ᠦᠢᠯᠡᠴᠢᠯᠡᠭᠡ 》 ᠶᠢᠨ ᠬᠡᠷᠡᠭᠯᠡᠯᠲᠡ ᠶᠢ ᠠᠬᠢᠭᠤᠯᠤᠨ᠂ ᠵᠠᠰᠠᠭ ᠤᠨ ᠶᠠᠪᠤᠳᠠᠯ ᠤᠨ ᠦᠢᠯᠡᠴᠢᠯᠡᠭᠡ ᠶᠢ ᠡᠯᠧᠺᠲᠷᠣᠨ ᠢᠶᠠᠷ ᠬᠢᠨᠠᠨ ᠪᠠᠶᠢᠴᠠᠭᠠᠨ᠎ᠠ᠃ ᠠᠷᠠᠳ ᠲᠤ ᠳᠦᠭᠦᠮ ᠦᠵᠡᠭᠦᠯᠬᠦ᠂ ᠠᠵᠤ ᠠᠬᠤᠶᠢᠯᠠᠯ ᠳᠤ ᠠᠰᠢᠭᠲᠠᠢ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠬᠡᠯᠪᠡᠷᠢ ᠶᠢ ᠬᠡᠷᠡᠭᠵᠢᠭᠦᠯᠦᠨ᠎ᠡ᠃        ( ᠳᠦᠷᠪᠡ ) ᠬᠤᠲᠠ ᠶᠢᠨ ᠵᠠᠰᠠᠭ ᠤᠨ ᠤᠷᠳᠤᠨ ᠤ ᠰᠢᠰᠲ᠋ᠧᠮ ᠤᠨ ᠡᠯᠧᠺᠲᠷᠣᠨ ᠵᠠᠰᠠᠭ ᠤᠨ ᠶᠠᠪᠤᠳᠠᠯ ᠢ ᠨᠢᠭᠡᠲᠦᠯᠲᠠᠢ ᠲᠦᠯᠦᠪᠯᠡᠨ ᠵᠢᠯᠤᠭᠤᠳᠤᠨ᠎ᠠ᠃ ᠬᠤᠲᠠ ᠶᠢᠨ ᠨᠢᠭᠡ ᠴᠤᠭᠴᠠᠵᠢᠯᠲᠠ ᠶᠢᠨ ᠰᠦᠯᠵᠢᠶᠠᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠠᠪᠴᠠᠩ ᠢ ᠲᠦᠯᠦᠪᠯᠡᠬᠦ᠂ ᠵᠤᠬᠢᠶᠠᠨ ᠪᠠᠶᠢᠭᠤᠯᠬᠤ᠂ ᠵᠤᠬᠢᠴᠠᠭᠤᠯᠬᠤ ᠪᠠ ᠬᠢᠨᠠᠯᠲᠠ ᠲᠠᠯᠪᠢᠬᠤ ᠠᠵᠢᠯ ᠢ ᠬᠠᠷᠢᠭᠤᠴᠠᠨ᠎ᠠ᠃ ᠬᠤᠲᠠ ᠶᠢᠨ ᠵᠠᠰᠠᠭ ᠤᠨ ᠤᠷᠳᠤᠨ ᠤ ᠰᠦᠯᠵᠢᠶ᠎ᠡ ᠶᠢ ᠲᠦᠯᠦᠪᠯᠡᠨ ᠬᠠᠮᠢᠶᠠᠷᠤᠨ᠎ᠠ᠃ ᠬᠤᠲᠠ ᠶᠢᠨ ᠵᠠᠰᠠᠭ ᠤᠨ ᠤᠷᠳᠤᠨ ᠤ ᠰᠦᠯᠵᠢᠶᠡᠨ ᠤ ᠠᠭᠤᠯᠭ᠎ᠠ ᠶᠢᠨ ᠪᠠᠶᠢᠭᠤᠯᠤᠯᠲᠡ ᠶᠢ ᠬᠠᠮᠢᠶᠠᠷᠴᠤ᠂ ᠡᠯ᠎ᠡ ᠰᠤᠮᠤ ᠪᠠᠯᠭᠠᠰᠤ ᠪᠠ ᠰᠠᠯᠠᠭ᠎ᠠ ᠮᠦᠴᠢᠷ ᠲᠠᠢ  ᠬᠠᠮᠵᠢᠯᠴᠠᠨ ᠂ ᠬᠤᠲᠠ ᠶᠢᠨ ᠵᠠᠰᠠᠭ ᠤᠨ ᠤᠷᠳᠤᠨ ᠤ ᠰᠦᠯᠵᠢᠶᠡᠨ ᠤ ᠪᠠᠶᠢᠭᠤᠯᠤᠯᠲᠡ ᠳᠤ ᠲᠡᠲᠡᠨᠡᠷ ᠢ ᠤᠷᠤᠯᠴᠠᠭᠤᠯᠤᠨ᠎ᠠ᠃ ᠬᠤᠲᠠ ᠶᠢᠨ ᠵᠠᠰᠠᠭ ᠤᠨ ᠤᠷᠳᠤᠨ ᠤ ᠠᠯᠪᠠᠨ ᠤ ᠰᠦᠯᠵᠢᠶ᠎ᠡ ᠶᠢ ᠪᠠᠶᠢᠭᠤᠯᠤᠨ ᠬᠠᠮᠢᠶᠠᠷᠬᠤ ᠵᠢᠴᠢ ᠳᠡᠭᠡᠷ᠎ᠡ ᠲᠤᠤᠷ᠎ᠠ ᠱᠠᠲᠤᠨ ᠤ ᠵᠠᠰᠠᠭ ᠤᠨ ᠤᠷᠳᠤᠨ ᠤ ᠰᠦᠯᠵᠢᠶᠡᠨ ᠤ ᠬᠠᠷᠢᠯᠴᠠᠨ ᠨᠡᠪᠲᠡᠷᠡᠯᠴᠡᠬᠦ ᠶᠢ ᠬᠠᠷᠢᠭᠤᠴᠠᠨ᠎ᠠ᠃ ᠵᠠᠰᠠᠭ ᠤᠨ ᠶᠠᠪᠤᠳᠠᠯ ᠤᠨ ᠰᠢᠨ᠎ᠡ ᠵᠠᠭᠤᠴᠢᠯᠠᠭᠤᠷ ᠤᠨ ᠠᠵᠢᠯ ᠢ ᠲᠦᠯᠬᠢᠨ ᠠᠬᠢᠭᠤᠯᠬᠤ᠂ ᠵᠢᠭᠠᠨ ᠵᠢᠯᠤᠭᠤᠳᠬᠤ᠂ ᠬᠠᠮᠵᠢᠯᠴᠠᠨ ᠵᠤᠬᠢᠴᠠᠭᠤᠯᠬᠤ ᠪᠠ ᠬᠢᠨᠠᠯᠲᠠ ᠲᠠᠯᠪᠢᠬᠤ ᠶᠢ ᠬᠠᠷᠢᠭᠤᠴᠠᠨ᠎ᠠ᠃        ( ᠲᠠᠪᠤ ) ᠲᠤᠰ ᠵᠠᠰᠠᠭ ᠤᠨ ᠤᠷᠳᠤᠨ ᠤ ᠰᠤᠷᠠᠭ ᠵᠠᠩᠭᠢ ᠶᠢ ᠢᠯᠡ ᠪᠤᠯᠭᠠᠬᠤ ᠪᠠ ᠵᠠᠰᠠᠭ ᠤᠨ ᠶᠠᠪᠤᠳᠠᠯ ᠢ ᠢᠯᠡ ᠪᠤᠯᠭᠠᠨ᠎ᠠ᠃ ᠡᠯ᠎ᠡ ᠰᠤᠮᠤ ᠪᠠᠯᠭᠠᠰᠤ ᠪᠠ ᠰᠠᠯᠠᠭ᠎ᠠ ᠮᠦᠴᠢᠷ ᠤᠨ ᠰᠤᠷᠠᠭ ᠵᠠᠩᠭᠢ ᠶᠢ ᠢᠯᠡ ᠪᠤᠯᠭᠠᠬᠤ ᠪᠠ ᠵᠠᠰᠠᠭ ᠤᠨ ᠶᠠᠪᠤᠳᠠᠯ ᠢ ᠢᠯᠡ ᠪᠤᠯᠭᠠᠬᠤ ᠶᠢ  ᠵᠢᠯᠤᠭᠤᠳᠤᠨ᠂ ᠵᠤᠬᠢᠴᠠᠭᠤᠯᠬᠤ ᠪᠠ ᠬᠢᠨᠠᠯᠲᠠ ᠲᠠᠯᠪᠢᠨ᠎ᠠ᠃       ( ᠵᠢᠷᠭᠤᠭ᠎ᠠ ) ᠬᠤᠲᠠ ᠶᠢᠨ ᠵᠠᠰᠠᠭ ᠤᠨ ᠶᠠᠪᠤᠳᠠᠯ ᠤᠨ ᠪᠤᠲᠠᠲᠠᠢ ᠲᠢᠩᠬᠢᠮ ᠤᠨ ᠠᠵᠢᠯ ᠢ ᠬᠠᠮᠢᠶᠠᠷᠤᠨ᠎ᠠ᠃ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠢ ᠭᠦᠢᠴᠡᠳᠭᠡᠬᠦ ᠶᠢ ᠵᠤᠬᠢᠶᠠᠨ ᠪᠠᠶᠢᠭᠤᠯᠬᠤ᠂ ᠵᠤᠬᠢᠴᠠᠭᠤᠯᠬᠤ ᠪᠠ ᠬᠢᠨᠠᠯᠲᠠ ᠲᠠᠯᠪᠢᠨ᠎ᠠ᠃ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠴᠢᠨᠠᠷ ᠴᠢᠨᠰᠠᠭᠠᠨ ᠤ ᠦᠨᠡᠯᠡᠯᠲᠡ ᠶᠢ ᠬᠢᠨ᠎ᠡ᠃        ( ᠳᠤᠯᠤᠭ᠎ᠠ ) ᠬᠤᠲᠠ ᠶᠢᠨ ᠵᠠᠰᠠᠭ ᠤᠨ ᠶᠠᠪᠤᠳᠠᠯ ᠤᠨ ᠦᠢᠯᠡᠴᠢᠯᠡᠭᠡ᠂ ᠵᠠᠰᠠᠭ ᠤᠨ ᠶᠠᠪᠤᠳᠠᠯ ᠢ ᠢᠯᠡ ᠪᠤᠯᠭᠠᠬᠤ᠂ ᠡᠯᠧᠺᠲᠷᠣᠨ ᠵᠠᠰᠠᠭ ᠤᠨ ᠶᠠᠪᠤᠳᠠᠯ ᠤᠨ ᠡᠳᠦᠷ ᠳᠤᠲᠤᠮ ᠤᠨ ᠬᠢᠨᠠᠨ ᠬᠠᠮᠢᠶᠠᠷᠬᠤ ᠪᠠ ᠵᠢᠯ ᠤᠨ ᠬᠢᠨᠠᠨ ᠰᠢᠯᠭᠠᠬᠤ ᠠᠵᠢᠯ ᠢ ᠬᠠᠷᠢᠭᠤᠴᠠᠨ᠎ᠠ᠃ ᠬᠠᠮᠢᠶ᠎ᠠ ᠪᠦᠬᠦᠢ ᠵᠠᠰᠠᠭ ᠤᠨ ᠶᠠᠪᠤᠳᠠᠯ ᠤᠨ ᠦᠢᠯᠡᠴᠢᠯᠡᠭᠡ ᠪᠠ ᠵᠠᠰᠠᠭ ᠤᠨ ᠶᠠᠪᠤᠳᠠᠯ ᠢ ᠢᠯᠡ ᠪᠤᠯᠭᠠᠬᠤ ᠶᠢ ᠠᠰᠠᠭᠤᠨ ᠯᠠᠪᠯᠠᠬᠤ᠂ ᠵᠠᠭᠠᠯᠳᠤᠬᠤ᠂ ᠰᠠᠨᠠᠭᠤᠯᠬᠤ ᠠᠵᠢᠯ ᠢ ᠬᠦᠯᠢᠶᠡᠨ ᠠᠪᠤᠨ᠎ᠠ᠃         ( ᠨᠠᠢᠮᠠ ) ᠬᠤᠲᠠ ᠶᠢᠨ ᠵᠠᠰᠠᠭ ᠤᠨ ᠤᠷᠳᠤᠨ ᠤ ᠬᠠᠯᠠᠭᠤᠨ ᠤᠳᠠᠰᠤᠨ ᠤ ᠠᠵᠢᠯ ᠢ ᠵᠢᠯᠤᠭᠤᠳᠤᠨ᠎ᠠ᠃         ( ᠶᠢᠰᠦ ) ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ ᠤᠷᠳᠤᠨ ᠪᠠ ᠳᠡᠭᠡᠲᠦ ᠱᠠᠲᠤᠨ ᠤ ᠲᠤᠬᠠᠶᠢᠯᠠᠭᠰᠠᠨ ᠠᠵᠢᠯ ᠤᠨ ᠰᠠᠯᠠᠭ᠎ᠠ ᠮᠦᠴᠢᠷ ᠤᠨ ᠳᠠᠭᠠᠭᠠᠯᠭᠠᠭᠰᠠᠨ ᠪᠤᠰᠤᠳ ᠠᠵᠢᠯ ᠢ ᠪᠡᠶᠡᠯᠡᠭᠦᠯᠦᠨ᠎ᠡ᠃
ᠢᠷᠡᠯᠲᠡ᠄ ᠡᠷᠭᠦᠨ᠎ᠡ ᠬᠤᠲᠠ ᠶᠢᠨ ᠠᠷᠠᠳ ᠤᠨ ᠵᠠᠰᠠᠭ ᠤᠨ ᠤᠷᠳᠤᠨ