ᠡᠷᠭᠦᠨ᠎ᠡ ᠬᠤᠲᠠ ᠶᠢᠨ ᠬᠦᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠤᠪᠴᠢᠶ᠎ᠠ
ᠨᠡᠶᠢᠲᠡᠯᠡᠭᠰᠡᠨ ᠴᠠᠭ᠄
2024/12/17
ᠭᠤᠤᠯ ᠡᠭᠦᠷᠭᠡ ᠬᠠᠷᠢᠭᠤᠴᠠᠯᠭ᠎ᠠ᠄        ( ᠨᠢᠭᠡ ) ᠤᠯᠤᠰ᠂ ᠦᠪᠡᠷᠲᠡᠭᠡᠨ ᠵᠠᠰᠠᠬᠤ ᠤᠷᠤᠨ᠂ ᠬᠦᠯᠦᠨ ᠪᠤᠶᠢᠷ ᠬᠤᠲᠠ ᠶᠢᠨ ᠬᠦᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠦᠢᠯᠡᠰ ᠤᠨ ᠬᠦᠭᠵᠢᠯᠲᠡ ᠶᠢᠨ ᠲᠦᠯᠦᠪᠵᠢᠭᠦᠯᠭᠡ᠂ ᠲᠦᠷᠦ ᠶᠢᠨ ᠪᠤᠳᠤᠯᠭ᠎ᠠ ᠪᠠ ᠠᠷᠭ᠎ᠠ ᠬᠡᠮᠵᠢᠶ᠎ᠡ ᠶᠢ ᠲᠤᠤᠱᠯᠠᠭᠤᠯᠤᠨ᠎ᠠ᠃ ᠪᠦᠬᠦ ᠬᠤᠲᠠ ᠶᠢᠨ ᠬᠦᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠦᠢᠯᠡᠰ ᠤᠨ ᠬᠦᠭᠵᠢᠯᠲᠡ ᠶᠢᠨ ᠲᠦᠯᠦᠪᠵᠢᠭᠦᠯᠭᠡ ᠶᠢ ᠲᠤᠭᠤᠷᠪᠢᠨ ᠲᠤᠭᠲᠠᠭᠠᠬᠤ ᠶᠢᠨ ᠬᠠᠮᠲᠤ ᠵᠤᠬᠢᠶᠠᠨ ᠪᠠᠶᠢᠭᠤᠯᠤᠨ ᠬᠡᠷᠡᠭᠵᠢᠭᠦᠯᠬᠦ ᠪᠠ ᠬᠢᠨᠠᠨ ᠪᠠᠶᠢᠴᠠᠭᠠᠨ᠎ᠠ᠃ ᠰᠤᠮᠤ ᠪᠠᠯᠭᠠᠰᠤ ( ᠬᠡᠷᠡᠭ ᠡᠷᠬᠢᠯᠡᠬᠦ ᠵᠦᠪᠯᠡᠯ ) ᠶᠢ ᠤᠳᠤᠷᠢᠳᠤᠨ ᠬᠠᠮᠢᠶ᠎ᠠ ᠪᠦᠬᠦᠢ ᠠᠵᠢᠯᠯᠠᠭ᠎ᠠ ᠶᠢ ᠦᠷᠨᠢᠭᠦᠯᠦᠨ᠎ᠡ᠃        ( ᠬᠤᠶᠡᠷ ) ᠬᠦᠮᠦᠨ ᠤ ᠬᠦᠴᠦᠨ ᠤ ᠡᠬᠢ ᠪᠠᠶᠠᠯᠢᠭ ᠢ ᠨᠡᠭᠡᠭᠡᠨ ᠬᠦᠭᠵᠢᠭᠦᠯᠬᠦ ᠪᠠ ᠬᠠᠮᠢᠶᠠᠷᠤᠨ᠎ᠠ᠃ ᠪᠦᠬᠦ ᠬᠤᠲᠠ ᠶᠢᠨ ᠬᠦᠮᠦᠨ ᠤ ᠬᠦᠴᠦᠨ ᠤ ᠡᠬᠢ ᠪᠠᠶᠠᠯᠢᠭ ᠢ ᠨᠡᠭᠡᠭᠡᠨ ᠬᠦᠭᠵᠢᠭᠦᠯᠬᠦ ᠲᠦᠯᠦᠪᠵᠢᠭᠦᠯᠭᠡ ᠪᠠ ᠲᠦᠷᠦ ᠶᠢᠨ ᠪᠤᠳᠤᠯᠭ᠎ᠠ ᠶᠢ ᠲᠤᠭᠤᠷᠪᠢᠨ ᠲᠤᠭᠲᠠᠭᠠᠵᠤ᠂ ᠬᠠᠮᠢᠶ᠎ᠠ ᠪᠦᠬᠦᠢ ᠰᠠᠯᠠᠭ᠎ᠠ ᠮᠦᠴᠢᠷ ᠲᠠᠢ ᠬᠠᠮᠲᠤᠷᠠᠨ ᠴᠢᠳᠠᠪᠤᠷᠢᠲᠠᠨ ᠢ ᠬᠦᠮᠦᠵᠢᠭᠦᠯᠬᠦ ᠪᠤᠯᠤᠨ ᠲᠠᠲᠠᠨ ᠠᠪᠴᠢᠷᠠᠬᠤ ᠲᠦᠷᠦ ᠶᠢᠨ ᠪᠤᠳᠤᠯᠭ᠎ᠠ ᠶᠢ ᠲᠤᠭᠲᠠᠭᠠᠨ᠎ᠠ᠃ ᠪᠦᠬᠦᠶᠢᠯᠡ ᠬᠤᠲᠠ ᠶᠢᠨ ᠬᠦᠮᠦᠨ ᠤ ᠬᠦᠴᠦᠨ ᠤ ᠡᠬᠢ ᠪᠠᠶᠠᠯᠢᠭ ᠤᠨ ᠵᠠᠬ᠎ᠠ ᠳᠡᠯᠭᠡᠭᠦᠷ ᠤᠨ ᠬᠦᠭᠵᠢᠯᠲᠡ ᠶᠢᠨ ᠲᠦᠯᠦᠪᠯᠡᠭᠡ ᠪᠠ ᠬᠦᠮᠦᠨ ᠤ ᠬᠦᠴᠦᠨ ᠤ ᠡᠬᠢ ᠪᠠᠶᠠᠯᠢᠭ ᠤᠨ ᠦᠢᠯᠡᠴᠢᠯᠡᠭᠡ ᠵᠢᠴᠢ ᠬᠦᠮᠦᠨ ᠤ ᠬᠦᠴᠦᠨ ᠤ ᠡᠬᠢ ᠪᠠᠶᠠᠯᠢᠭ ᠤᠨ ᠡᠷᠭᠢᠯᠲᠡ ᠶᠢᠨ ᠲᠦᠷᠦ ᠶᠢᠨ ᠪᠤᠳᠤᠯᠭ᠎ᠠ ᠶᠢ ᠵᠤᠬᠢᠶᠠᠨ ᠪᠠᠶᠢᠭᠤᠯᠤᠨ ᠬᠡᠷᠡᠭᠵᠢᠭᠦᠯᠦᠨ᠎ᠡ᠃        ( ᠭᠤᠷᠪᠠ ) ᠠᠵᠢᠯ ᠤᠯᠭᠤᠬᠤ ᠪᠠ ᠦᠢᠯᠡᠰ ᠪᠦᠲᠦᠭᠡᠬᠦ ᠶᠢ ᠬᠠᠷᠢᠭᠤᠴᠠᠨ᠎ᠠ᠃ ᠬᠤᠲᠠ ᠬᠦᠳᠡᠭᠡ ᠶᠢᠨ ᠠᠵᠢᠯ ᠤᠯᠭᠤᠬᠤ ᠬᠦᠭᠵᠢᠯᠲᠡ ᠶᠢᠨ ᠰᠠᠨᠠᠯ ᠢ ᠭᠦᠢᠴᠡᠳ ᠬᠡᠷᠡᠭᠵᠢᠭᠦᠯᠵᠦ᠂ ᠤᠯᠠᠨ ᠨᠡᠶᠢᠲᠡ ᠶᠢᠨ ᠠᠵᠢᠯ ᠤᠯᠭᠤᠬᠤ ᠪᠠ ᠦᠢᠯᠡᠰ ᠪᠦᠲᠦᠭᠡᠬᠦ ᠦᠢᠯᠡᠴᠢᠯᠡᠭᠡᠨ ᠤ ᠰᠢᠰᠲ᠋ᠧᠮ ᠢ ᠲᠡᠭᠦᠯᠲᠡᠷᠵᠢᠭᠦᠯᠦᠨ᠎ᠡ᠃ ᠬᠤᠲᠠ ᠬᠦᠳᠡᠭᠡ ᠶᠢᠨ ᠬᠦᠳᠡᠯᠮᠦᠷᠢᠴᠢᠳ ᠤᠨ ᠮᠡᠷᠭᠡᠵᠢᠯ ᠤᠨ ᠪᠤᠯᠪᠠᠰᠤᠷᠠᠯ ᠤᠨ ᠳᠦᠷᠢᠮ ᠢ ᠨᠢᠭᠡᠲᠦᠯᠲᠠᠢ ᠲᠦᠯᠦᠪᠯᠡᠨ ᠪᠠᠶᠢᠭᠤᠯᠵᠤ᠂ ᠠᠵᠢᠯ ᠤᠯᠭᠤᠬᠤ ᠶᠢ ᠲᠤᠰᠠᠯᠠᠬᠤ ᠳᠦᠷᠢᠮ ᠪᠠ ᠳᠡᠭᠡᠲᠦ ᠰᠤᠷᠭᠠᠭᠤᠯᠢ ᠲᠡᠭᠦᠰᠦᠭᠰᠡᠳ ᠲᠤ ᠠᠵᠢᠯ ᠤᠯᠭᠤᠬᠤ ᠲᠦᠷᠦ ᠶᠢᠨ ᠪᠤᠳᠤᠯᠭ᠎ᠠ ᠶᠢ ᠲᠤᠤᠱᠯᠠᠭᠤᠯᠤᠨ᠎ᠠ᠃        ( ᠳᠦᠷᠪᠡ ) ᠨᠡᠶᠢᠭᠡᠮ ᠤᠨ ᠪᠠᠲᠤᠯᠠᠭ᠎ᠠ ᠶᠢᠨ ᠰᠢᠰᠲ᠋ᠧᠮ ᠢ ᠪᠠᠶᠢᠭᠤᠯᠤᠨ᠎ᠠ᠃ ᠨᠠᠰᠤᠲᠠᠨ ᠢ ᠠᠰᠠᠷᠠᠬᠤ᠂ ᠠᠵᠢᠯ ᠠᠯᠳᠠᠬᠤ ᠪᠠ ᠠᠵᠢᠯ ᠠᠴᠠ ᠪᠤᠯᠤᠭᠰᠠᠨ ᠭᠡᠮᠳᠦᠯ ᠵᠡᠷᠭᠡ ᠨᠡᠶᠢᠭᠡᠮ ᠤᠨ ᠳᠠᠭᠠᠳᠬᠠᠯ ᠵᠢᠴᠢ ᠨᠦᠬᠦᠪᠦᠷᠢ ᠳᠠᠭᠠᠳᠬᠠᠯ ᠤᠨ ᠪᠠᠷᠢᠮᠵᠢᠶ᠎ᠠ ᠪᠤᠯᠤᠨ ᠰᠠᠭᠤᠷᠢ ᠮᠦᠩᠭᠦᠨ ᠤ ᠬᠠᠮᠢᠶᠠᠷᠤᠯᠲᠠ᠂ ᠬᠢᠨᠠᠨ ᠬᠠᠮᠢᠶᠠᠷᠬᠤ ᠳᠦᠷᠢᠮ ᠢ ᠬᠡᠷᠡᠭᠵᠢᠭᠦᠯᠦᠨ᠎ᠡ᠃ ᠬᠠᠮᠢᠶ᠎ᠠ ᠪᠦᠬᠦᠢ ᠨᠡᠶᠢᠭᠡᠮ ᠤᠨ ᠳᠠᠭᠠᠳᠬᠠᠯ ᠤᠨ ᠰᠠᠭᠤᠷᠢ ᠮᠦᠩᠭᠦᠨ ᠤ ᠲᠦᠰᠦᠪ ᠪᠠ ᠲᠦᠰᠦᠪ ᠤᠨ ᠭᠦᠢᠴᠡᠳᠭᠡᠯ ᠤᠨ ᠲᠦᠰᠦᠯ ᠢ ᠨᠠᠶᠢᠷᠠᠭᠤᠯᠤᠨ ᠲᠤᠭᠲᠠᠭᠠᠨ᠎ᠠ᠃ ᠬᠠᠮᠢᠶ᠎ᠠ ᠪᠦᠬᠦᠢ ᠨᠡᠶᠢᠭᠡᠮ ᠤᠨ ᠪᠠᠲᠤᠯᠠᠭ᠎ᠠ ᠶᠢᠨ ᠰᠠᠭᠤᠷᠢ ᠮᠦᠩᠭᠦᠨ ᠤ ᠪᠡᠯᠡ ᠤᠷᠤᠭᠤᠯᠬᠤ ᠲᠦᠷᠦ ᠶᠢᠨ ᠪᠤᠳᠤᠯᠭ᠎ᠠ ᠶᠢ ᠬᠡᠷᠡᠭᠵᠢᠭᠦᠯᠬᠦ ᠳᠤ ᠤᠷᠤᠯᠴᠠᠨ᠎ᠠ᠃ ᠬᠠᠮᠢᠶ᠎ᠠ ᠪᠦᠬᠦᠢ ᠰᠠᠯᠠᠭ᠎ᠠ ᠮᠦᠴᠢᠷ ᠲᠠᠢ ᠬᠠᠮᠲᠤᠷᠠᠯᠴᠠᠨ ᠪᠦᠬᠦ ᠠᠷᠠᠳ ᠢᠶᠠᠷ ᠢᠶᠠᠨ ᠳᠠᠭᠠᠳᠬᠠᠯ ᠳᠤ ᠤᠷᠤᠯᠴᠠᠬᠤ ᠲᠦᠯᠦᠪᠯᠡᠭᠡ ᠶᠢ ᠬᠡᠷᠡᠭᠵᠢᠭᠦᠯᠬᠦ ᠮᠦᠷᠲᠡᠭᠡᠨ ᠳᠡᠭᠡᠲᠦ ᠱᠠᠲᠤᠨ ᠤ ᠬᠦᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠰᠠᠯᠠᠭ᠎ᠠ ᠮᠦᠴᠢᠷ ᠤᠨ ᠨᠢᠭᠡᠲᠦᠯᠲᠠᠢ ᠨᠡᠶᠢᠭᠡᠮ ᠤᠨ ᠳᠠᠭᠠᠳᠬᠠᠯ ᠤᠨ ᠤᠯᠠᠨ ᠨᠡᠶᠢᠲᠡ ᠶᠢᠨ ᠦᠢᠯᠡᠴᠢᠯᠡᠭᠡᠨ ᠤ ᠲᠠᠪᠴᠠᠩ ᠢ ᠪᠠᠶᠢᠭᠤᠯᠬᠤ ᠲᠤᠬᠠᠢ ᠲᠦᠷᠦ ᠶᠢᠨ ᠪᠤᠳᠤᠯᠭ᠎ᠠ ᠪᠤᠯᠤᠨ ᠱᠠᠭᠠᠷᠳᠠᠯᠭ᠎ᠠ ᠶᠢ ᠨᠠᠶᠢᠳᠠᠪᠤᠷᠢᠵᠢᠭᠤᠯᠤᠨ᠎ᠠ᠃ ᠪᠦᠬᠦ ᠬᠤᠲᠠ ᠶᠢᠨ ᠠᠵᠢᠯ ᠠᠴᠠ ᠪᠠᠨ ᠠᠮᠠᠷᠠᠭᠰᠠᠨ ᠬᠦᠮᠦᠰ ᠲᠤ ᠨᠡᠶᠢᠭᠡᠮᠴᠢᠯᠡᠭᠰᠡᠨ ᠬᠠᠮᠢᠶᠠᠷᠤᠯᠲᠠ ᠶᠠᠪᠤᠭᠤᠯᠤᠨ᠎ᠠ᠃ ᠨᠡᠶᠢᠭᠡᠮ ᠤᠨ ᠳᠠᠭᠠᠳᠬᠠᠯ ᠤᠨ ᠠᠵᠢᠯ ᠢ ᠬᠢᠨᠠᠨ ᠪᠠᠶᠢᠴᠠᠭᠠᠨ᠎ᠠ᠃        ( ᠲᠠᠪᠤ ) ᠨᠡᠶᠢᠭᠡᠮ ᠤᠨ ᠳᠠᠭᠠᠳᠬᠠᠯ ᠤᠨ ᠰᠠᠭᠤᠷᠢ ᠮᠦᠩᠭᠦ ᠶᠢ ᠬᠢᠨᠠᠨ ᠬᠠᠮᠢᠶᠠᠷᠤᠨ᠎ᠠ᠃ ᠦᠨᠳᠦᠰᠦᠨ ᠨᠠᠰᠤᠲᠠᠨ ᠢ ᠠᠰᠠᠷᠠᠬᠤ᠂ ᠠᠵᠢᠯ ᠠᠯᠳᠠᠬᠤ ᠪᠠ ᠠᠵᠢᠯ ᠠᠴᠠ ᠪᠤᠯᠤᠭᠰᠠᠨ ᠭᠡᠮᠳᠦᠯ ᠵᠡᠷᠭᠡ ᠨᠡᠶᠢᠭᠡᠮ ᠤᠨ ᠳᠠᠭᠠᠳᠬᠠᠯ ᠤᠨ ᠰᠠᠭᠤᠷᠢ ᠮᠦᠩᠭᠦ᠂ ᠠᠵᠢᠯ ᠤᠯᠭᠤᠬᠤ ᠶᠢ ᠳᠡᠮᠵᠢᠬᠦ ᠲᠤᠰᠬᠠᠢ ᠪᠡᠯᠡ ᠮᠦᠩᠭᠦ᠂ ᠴᠢᠳᠠᠪᠤᠷᠢᠲᠠᠨ ᠢ ᠨᠡᠭᠡᠭᠡᠨ ᠬᠦᠭᠵᠢᠭᠦᠯᠬᠦ ᠪᠡᠯᠡ ᠮᠦᠩᠭᠦ ᠵᠡᠷᠭᠡ ᠶᠢ ᠬᠢᠨᠠᠨ ᠪᠠᠶᠢᠴᠠᠭᠠᠨ᠎ᠠ᠃ ᠠᠵᠤ ᠠᠬᠤᠶᠢᠯᠠᠯ ᠤᠨ ( ᠠᠵᠢᠯ ᠮᠡᠷᠭᠡᠵᠢᠯ ᠤᠨ ) ᠵᠢᠯ ᠤᠨ ᠲᠤᠯᠤᠭᠰᠠᠨ ᠵᠤᠭᠤᠰ᠂ ᠬᠤᠪᠢ ᠬᠦᠮᠦᠨ ᠤ ᠬᠠᠳᠠᠭᠠᠯᠠᠮᠵᠢ ᠶᠢᠨ ᠴᠢᠨᠠᠷᠲᠠᠢ ᠨᠠᠰᠤᠲᠠᠨ ᠢ ᠠᠰᠠᠷᠠᠬᠤ ᠳᠠᠭᠠᠳᠬᠠᠯ ᠤᠨ ᠰᠠᠭᠤᠷᠢ ᠮᠦᠩᠭᠦ ᠶᠢ ᠬᠢᠨᠠᠨ ᠬᠠᠮᠢᠶᠠᠷᠤᠨ᠎ᠠ᠃ ᠨᠡᠶᠢᠭᠡᠮ ᠤᠨ ᠳᠠᠭᠠᠳᠬᠠᠯ ᠤᠨ ᠠᠵᠢᠯ ᠢ ᠬᠢᠨᠠᠨ ᠬᠠᠮᠢᠶᠠᠷᠤᠨ᠎ᠠ᠃ ᠰᠠᠭᠤᠷᠢ ᠮᠦᠩᠭᠦᠨ ᠤ ( ᠪᠡᠯᠡ ᠮᠦᠩᠭᠦᠨ ᠤ ) ᠬᠢᠨᠠᠯᠲᠠ ᠲᠠᠯᠪᠢᠬᠤ ᠪᠤᠯᠤᠨ ᠢᠯᠡᠴᠢᠯᠡᠨ ᠮᠡᠳᠡᠭᠦᠯᠬᠦ ᠰᠢᠰᠲ᠋ᠧᠮ ᠢ ᠪᠠᠶᠢᠭᠤᠯᠵᠤ᠂ ᠤᠯᠠᠨ ᠲᠦᠮᠡᠨ ᠤ ᠢᠯᠡᠴᠢᠯᠡᠨ ᠮᠡᠳᠡᠭᠦᠯᠬᠦ  ᠶᠢ ᠬᠦᠯᠢᠶᠡᠨ ᠠᠪᠤᠨ᠎ᠠ᠃ ᠬᠠᠮᠢᠶ᠎ᠠ ᠪᠦᠬᠦᠢ ᠰᠠᠯᠠᠭ᠎ᠠ ᠮᠦᠴᠢᠷ ᠢ ᠬᠠᠪᠰᠤᠷᠤᠨ ᠰᠠᠭᠤᠷᠢ ᠮᠦᠩᠭᠦᠨ ᠤ ᠬᠠᠮᠢᠶᠠᠷᠤᠯᠳᠠ ᠳᠤ ᠤᠷᠤᠰᠢᠵᠤ ᠪᠠᠶᠢᠭ᠎ᠠ ᠬᠠᠤᠯᠢ ᠪᠤᠰᠤ ᠠᠵᠢᠯᠯᠠᠭ᠎ᠠ ᠶᠢ ᠪᠠᠶᠢᠴᠠᠭᠠᠨ ᠰᠢᠢᠳᠪᠦᠷᠢᠯᠡᠨ᠎ᠡ᠃ ᠠᠵᠢᠯ ᠤᠯᠭᠤᠬᠤ᠂ ᠠᠵᠢᠯ ᠠᠯᠳᠠᠬᠤ ᠪᠠ ᠬᠠᠮᠢᠶ᠎ᠠ ᠪᠦᠬᠦᠢ ᠨᠡᠶᠢᠭᠡᠮ ᠤᠨ ᠳᠠᠭᠠᠳᠬᠠᠯ ᠤᠨ ᠰᠠᠭᠤᠷᠢ ᠮᠦᠩᠭᠦᠨ ᠤ ᠲᠦᠰᠦᠭᠡᠯᠡᠨ ᠰᠡᠷᠡᠮᠵᠢᠭᠦᠯᠬᠦ ᠵᠢᠴᠢ ᠮᠡᠳᠡᠭᠡ ᠵᠠᠩᠭᠢ ᠶᠢ ᠬᠦᠲᠦᠯᠦᠨ ᠵᠢᠯᠤᠭᠤᠳᠬᠤ ᠶᠢ ᠬᠠᠷᠢᠭᠤᠴᠠᠨ᠎ᠠ᠃        ( ᠵᠢᠷᠭᠤᠭ᠎ᠠ ) ᠡᠶ᠎ᠡ ᠨᠠᠶᠢᠷᠠᠮᠳᠠᠭᠤ ᠬᠦᠳᠡᠯᠮᠦᠷᠢ ᠶᠢᠨ ᠬᠠᠷᠢᠴᠠᠭ᠎ᠠ ᠶᠢ ᠪᠠᠶᠢᠭᠤᠯᠤᠨ᠎ᠠ᠃ ᠬᠦᠮᠦᠨ ᠤ ᠬᠠᠷᠢᠴᠠᠭᠠᠨ ᠤ ᠮᠠᠷᠭᠤᠭᠠᠨ ᠢ ᠡᠶᠡᠳᠡᠭᠦᠯᠬᠦ᠂ ᠬᠦᠨᠳᠡᠯᠡᠨ ᠠᠴᠠ ᠲᠠᠰᠤᠯᠬᠤ ᠳᠦᠷᠢᠮ ᠪᠠ ᠬᠦᠳᠡᠯᠮᠦᠷᠢ ᠶᠢᠨ ᠬᠠᠷᠢᠴᠠᠭᠠᠨ ᠤ ᠲᠦᠷᠦ ᠶᠢᠨ ᠪᠤᠳᠤᠯᠭ᠎ᠠ ᠶᠢ ᠲᠤᠤᠱᠯᠠᠭᠤᠯᠤᠨ᠂ ᠬᠦᠳᠡᠯᠮᠦᠷᠢ ᠶᠢᠨ ᠬᠠᠷᠢᠴᠠᠭ᠎ᠠ ᠶᠢ ᠵᠦᠪᠯᠡᠬᠦ ᠳᠦᠷᠢᠮ ᠢ ᠲᠡᠭᠦᠯᠳᠡᠷᠵᠢᠭᠦᠯᠵᠤ᠂ ᠠᠵᠢᠯᠲᠠᠨ ᠤ ᠠᠵᠢᠯᠯᠠᠵᠤ ᠠᠮᠠᠷᠠᠬᠤ ᠳᠦᠷᠢᠮ ᠢ ᠭᠡᠷᠡᠭᠵᠢᠭᠦᠯᠦᠨ᠎ᠡ᠃ ᠬᠠᠤᠯᠢ ᠪᠤᠰᠤ ᠪᠠᠷ ᠬᠡᠤᠬᠡᠳ ᠠᠵᠢᠯᠴᠢᠨ ᠢ ᠬᠡᠷᠡᠭᠯᠡᠬᠦ ᠶᠢ ᠦᠭᠡᠶᠢᠰᠭᠡᠬᠦ ᠲᠦᠷᠦ ᠶᠢᠨ ᠪᠤᠳᠤᠯᠭ᠎ᠠ ᠪᠠ ᠡᠮᠡᠭᠲᠡᠢ ᠠᠵᠢᠯᠲᠠᠨ᠂ ᠨᠠᠰᠤᠨ ᠳᠤ ᠦᠯᠦ ᠬᠦᠷᠦᠭᠰᠡᠳ ᠵᠡᠷᠭᠡ ᠤᠨᠴᠠᠭᠠᠢ ᠬᠦᠳᠡᠯᠮᠦᠷᠢ ᠶᠢ ᠬᠠᠮᠠᠭᠠᠯᠠᠬᠤ ᠲᠦᠷᠦ ᠶᠢᠨ ᠪᠤᠳᠤᠯᠭ᠎ᠠ ᠶᠢ ᠬᠡᠷᠡᠭᠵᠢᠭᠦᠯᠦᠨ᠎ᠡ᠃ ᠬᠦᠳᠡᠯᠮᠦᠷᠢ ᠶᠢᠨ ᠬᠠᠮᠠᠭᠠᠯᠠᠯᠲᠡ ᠳᠤ ᠬᠢᠨᠠᠯᠲᠠ ᠲᠠᠯᠪᠢᠨ᠂ ᠬᠦᠳᠡᠯᠮᠦᠷᠢᠴᠢᠳ ᠤᠨ ᠡᠷᠬᠡ ᠪᠠᠨ ᠬᠠᠮᠠᠭᠠᠯᠠᠬᠤ ᠠᠵᠢᠯ ᠢ ᠵᠤᠬᠢᠴᠠᠭᠤᠯᠤᠨ᠎ᠠ᠃ ᠬᠠᠤᠯᠢ ᠪᠤᠰᠤ ᠠᠵᠢᠯᠯᠠᠭ᠎ᠠ ᠶᠢ ᠬᠠᠤᠯᠢ ᠶᠤᠰᠤᠭᠠᠷ ᠰᠢᠢᠳᠪᠦᠷᠢᠯᠡᠨ᠎ᠡ᠃        ( ᠳᠤᠯᠤᠭ᠎ᠠ ) ᠲᠤᠰᠬᠠᠢ ᠮᠡᠷᠭᠡᠵᠢᠯ ᠤᠨ ᠴᠢᠳᠠᠪᠤᠷᠢᠲᠠᠨ ᠤ ᠡᠩᠨᠡᠭᠡ ᠶᠢ ᠪᠦᠲᠦᠭᠡᠨ ᠪᠠᠶᠢᠭᠤᠯᠤᠨ᠎ᠠ᠃ ᠮᠡᠷᠭᠡᠵᠢᠯ ᠤᠨ ᠴᠤᠯᠠ ᠶᠢᠨ ᠳᠦᠷᠢᠮ ᠤᠨ ᠦᠭᠡᠷᠡᠴᠢᠯᠡᠯᠲᠡ ᠶᠢ ᠠᠬᠢᠭᠤᠯᠵᠤ᠂ ᠮᠡᠷᠭᠡᠵᠢᠯ ᠤᠨ ᠴᠤᠯᠠ ᠦᠨᠡᠯᠡᠬᠦ ᠠᠵᠢᠯ ᠵᠶ᠋ᠠᠨ‌‍ᠲ᠋ᠡᠭᠡᠭᠰᠢ ᠮᠡᠳᠡᠭᠦᠯᠦᠨ᠎ᠡ᠃ ᠲᠤᠰᠬᠠᠢ ᠮᠡᠷᠭᠡᠵᠢᠯᠲᠡᠨ ᠢ ᠬᠠᠮᠢᠶᠠᠷᠬᠤ ᠪᠠ ᠦᠷᠭᠦᠯᠵᠢᠯᠡᠨ ᠰᠤᠷᠭᠠᠨ ᠬᠦᠮᠦᠵᠢᠯ ᠬᠦᠷᠲᠡᠬᠦ᠂ ᠠᠬᠠᠯᠠᠭᠴᠢ ᠳ᠋ᠤᠺᠲ᠋ᠤᠷ ᠢ ᠬᠠᠮᠢᠶᠠᠷᠬᠤ ᠵᠡᠷᠭᠡ ᠲᠦᠷᠦ ᠶᠢᠨ ᠪᠤᠳᠤᠯᠭ᠎ᠠ ᠶᠢ ᠨᠠᠶᠢᠳᠠᠪᠤᠷᠢᠵᠢᠭᠤᠯᠤᠨ᠎ᠠ᠃ ᠦᠨᠳᠦᠷ ᠳᠡᠰ ᠤᠨ ᠲᠤᠰᠬᠠᠢ ᠮᠡᠷᠭᠡᠵᠢᠯ ᠤᠨ ᠴᠢᠳᠠᠪᠤᠷᠢᠲᠠᠨ ᠢ ᠰᠤᠩᠭᠤᠬᠤ ᠪᠠ ᠬᠦᠮᠦᠵᠢᠭᠦᠯᠬᠦ᠂ ᠭᠠᠳᠠᠭᠠᠲᠤ ᠳᠤ ᠰᠤᠷᠤᠯᠴᠠᠭᠴᠢ ᠪᠤᠯᠤᠨ ᠭᠠᠳᠠᠭᠠᠲᠤ ᠶᠢᠨ ᠮᠡᠷᠭᠡᠵᠢᠯᠲᠡᠨ ᠢ ᠲᠠᠲᠠᠨ ᠠᠪᠴᠢᠷᠠᠬᠤ ᠲᠦᠷᠦ ᠶᠢᠨ ᠪᠤᠳᠤᠯᠭ᠎ᠠ ᠶᠢ ᠲᠤᠤᠱᠯᠠᠭᠤᠯᠤᠨ᠎ᠠ᠃ ᠲᠤᠭᠲᠠᠭᠠᠯ ᠶᠤᠰᠤᠭᠠᠷ᠂ ᠬᠡᠰᠡᠭ ᠭᠠᠳᠠᠭᠠᠲᠤ ᠶᠢᠨ ᠬᠦᠮᠦᠰ ᠤᠨ ᠮᠠᠨ ᠤ ᠤᠯᠤᠰ ᠲᠤ ᠢᠷᠡᠵᠦ ᠠᠵᠢᠯᠯᠠᠬᠤ ᠶᠢ ᠵᠦᠪᠰᠢᠶᠡᠷᠡᠨ᠎ᠡ᠃ ᠲᠤᠰ ᠬᠤᠲᠠᠨ ᠤ ᠬᠦᠮᠦᠨ ᠤ ᠬᠦᠴᠦᠨ ᠤ ᠡᠬᠢ ᠪᠠᠶᠠᠯᠢᠭ ᠤᠨ ᠨᠡᠭᠡᠭᠡᠨ ᠠᠰᠢᠭᠯᠠᠬᠤ ᠰᠠᠭᠤᠷᠢ ᠮᠦᠩᠭᠦᠨ ᠤ ᠬᠡᠷᠡᠭᠯᠡᠯᠲᠡ ᠶᠢ ᠬᠠᠮᠢᠶᠠᠷᠤᠨ᠎ᠠ᠃ ᠮᠡᠷᠭᠡᠵᠢᠯ ᠤᠨ ᠴᠢᠳᠠᠪᠤᠷᠢᠲᠠᠨ ᠢ ᠬᠦᠮᠦᠵᠢᠭᠦᠯᠬᠦ᠂ ᠦᠨᠡᠯᠡᠬᠦ᠂ ᠬᠡᠷᠡᠭᠯᠡᠬᠦ᠂ ᠵᠤᠷᠢᠭᠵᠢᠭᠤᠯᠬᠤ ᠪᠤᠯᠤᠨ ᠲᠤᠬᠠᠶᠢᠯᠠᠭᠰᠠᠨ ᠠᠵᠢᠯ ᠤᠨ ᠬᠢᠷᠢ ᠭᠡᠮ ᠤᠨ ᠳᠦᠷᠢᠮ ᠢ ᠬᠡᠷᠡᠭᠵᠢᠭᠦᠯᠦᠨ᠎ᠡ᠃ ᠲᠤᠬᠠᠶᠢᠯᠠᠭᠰᠠᠨ ᠠᠵᠢᠯ ᠤᠨ ᠴᠢᠳᠠᠪᠤᠷᠢ ᠶᠢᠨ ᠤᠯᠠᠨ ᠡᠰᠢᠲᠦ ᠦᠨᠡᠯᠡᠯᠲᠡ ᠶᠢ ᠲᠡᠭᠦᠯᠲᠡᠷᠵᠢᠭᠦᠯᠦᠨ᠎ᠡ᠃        ( ᠨᠠᠢᠮᠠ ) ᠠᠵᠢᠯ ᠦᠢᠯᠡᠰ ᠤᠨ ᠨᠢᠭᠡᠴᠡ ᠶᠢᠨ ᠠᠵᠢᠯᠲᠠᠨ ᠤ ᠶᠠᠪᠤᠳᠠᠯ ᠢ ᠬᠠᠮᠢᠶᠠᠷᠤᠨ᠎ᠠ᠃ ᠬᠠᠮᠢᠶ᠎ᠠ ᠪᠦᠬᠦᠢ ᠰᠠᠯᠠᠭ᠎ᠠ ᠮᠦᠴᠢᠷ ᠲᠠᠢ ᠬᠠᠮᠵᠢᠯᠴᠠᠨ᠂ ᠪᠦᠬᠦ ᠬᠤᠲᠠ ᠶᠢᠨ ᠠᠵᠢᠯ ᠦᠢᠯᠡᠰ ᠤᠨ ᠨᠢᠭᠡᠴᠡ ᠶᠢᠨ ᠠᠵᠢᠯᠲᠠᠨ ᠤ ᠶᠠᠪᠤᠳᠠᠯ ᠤᠨ ᠳᠦᠷᠢᠮ ᠤᠨ ᠦᠭᠡᠷᠡᠴᠢᠯᠡᠯᠲᠡ ᠶᠢ ᠠᠬᠢᠭᠤᠯᠤᠨ᠎ᠠ᠃ ᠮᠠᠨ ᠤ ᠬᠤᠲᠠ ᠶᠢᠨ ᠠᠵᠢᠯ ᠦᠢᠯᠡᠰ ᠤᠨ ᠨᠢᠭᠡᠴᠡ ᠶᠢᠨ ᠠᠵᠢᠯᠲᠠᠨ ᠪᠠ ᠪᠠᠶᠢᠭᠤᠯᠭ᠎ᠠ ᠶᠢᠨ ᠦᠢᠯᠡᠴᠢᠯᠡᠭᠡᠨ ᠤ ᠠᠵᠢᠯᠲᠡᠳ ᠤᠨ ᠬᠠᠮᠢᠶᠠᠷᠤᠯᠳᠠ ᠶᠢᠨ ᠲᠦᠷᠦ ᠶᠢᠨ ᠪᠤᠳᠤᠯᠭ᠎ᠠ ᠶᠢ ᠲᠤᠤᠱᠯᠠᠭᠤᠯᠤᠨ᠎ᠠ᠃ ᠲᠤᠰ ᠱᠠᠲᠤᠨ ᠤ ᠵᠠᠰᠠᠭ ᠤᠨ ᠤᠷᠳᠤᠨ ᠤ ᠠᠵᠢᠯ ᠦᠢᠯᠡᠰ ᠤᠨ ᠨᠢᠭᠡᠴᠡ ᠶᠢᠨ ᠴᠢᠳᠠᠪᠤᠷᠢᠲᠠᠨ ᠢ ᠲᠠᠲᠠᠨ ᠠᠪᠴᠢᠷᠠᠬᠤ ᠲᠦᠷᠦ ᠶᠢᠨ ᠪᠤᠳᠤᠯᠭ᠎ᠠ ᠶᠢ ᠲᠤᠭᠲᠠᠭᠠᠨ᠎ᠠ᠃ ᠲᠤᠭᠲᠠᠭᠠᠯ ᠶᠤᠰᠤᠭᠠᠷ ᠠᠵᠢᠯ ᠦᠢᠯᠡᠰ ᠤᠨ ᠨᠢᠭᠡᠴᠡ ᠶᠢᠨ ᠠᠵᠢᠯ ᠤᠨ ᠪᠠᠶᠢᠷᠢ ᠶᠢ ᠲᠤᠬᠢᠷᠠᠭᠤᠯᠬᠤ᠂ ᠢᠯᠡ ᠪᠠᠷ ᠡᠯᠰᠡᠬᠦ᠂ ᠠᠵᠢᠯ ᠤᠨ ᠪᠠᠶᠢᠷᠢ ᠳᠤ ᠪᠠᠨ ᠠᠵᠢᠯᠲᠠᠨ ᠢ ᠤᠷᠢᠨ ᠬᠡᠷᠡᠭᠯᠡᠬᠦ ᠶᠢ ᠬᠠᠷᠢᠭᠤᠴᠠᠨ᠎ᠠ᠃ ᠬᠠᠮᠢᠶ᠎ᠠ ᠪᠦᠬᠦᠢ ᠬᠦᠮᠦᠰ ᠢ ᠰᠢᠯᠵᠢᠭᠦᠯᠦᠨ ᠲᠤᠬᠢᠷᠠᠭᠤᠯᠬᠤ᠂ ᠲᠠᠰᠤᠭ ᠤᠨ ᠳᠡᠰ ᠤᠨ ᠺᠠᠲᠡᠷ  ᠢ ᠲᠤᠮᠢᠯᠠᠵᠤ ᠤᠭᠴᠠᠷᠠᠭᠤᠯᠬᠤ᠂ ᠤᠷᠢᠬᠤ ᠪᠠᠨ ᠪᠤᠯᠢᠬᠤ ᠵᠡᠷᠭᠡ ᠶᠢ ᠬᠠᠷᠢᠭᠤᠴᠠᠨ᠎ᠠ᠃ ᠪᠦᠬᠦ ᠬᠤᠲᠠ ᠶᠢᠨ ᠠᠵᠢᠯ ᠦᠢᠯᠡᠰ ᠤᠨ ᠨᠢᠭᠡᠴᠡ ᠶᠢᠨ ᠰᠢᠯᠭᠠᠨ ᠬᠢᠨᠠᠬᠤ᠂ ᠱᠠᠩᠨᠠᠨ ᠰᠢᠢᠳᠭᠡᠬᠦ᠂ ᠭᠤᠮᠤᠳᠠᠯ ᠢᠶᠠᠨ ᠲᠤᠭᠠᠴᠢᠬᠤ᠂ ᠪᠤᠯᠪᠠᠰᠤᠷᠠᠯ ᠬᠢᠬᠦ ᠵᠡᠷᠭᠡ ᠶᠢ ᠬᠠᠷᠢᠭᠤᠴᠠᠨ᠎ᠠ᠃        ( ᠶᠢᠰᠦ ) ᠠᠵᠢᠯ ᠦᠢᠯᠡᠰ ᠤᠨ ᠨᠢᠭᠡᠴᠡ᠂ ᠤᠯᠤᠰ ᠤᠨ ᠦᠮᠴᠢᠯᠡᠯᠲᠤ ᠠᠵᠤ ᠠᠬᠤᠶᠢᠯᠠᠯ ᠤᠨ ᠠᠵᠢᠯᠲᠠᠨ ᠤ ᠴᠠᠯᠢᠩ ᠢ ᠬᠠᠮᠢᠶᠠᠷᠤᠨ᠎ᠠ᠃ ᠠᠵᠢᠯ ᠦᠢᠯᠡᠰ ᠤᠨ ᠨᠢᠭᠡᠴᠡ ᠶᠢᠨ ᠠᠵᠢᠯᠲᠠᠨ ᠪᠠ ᠪᠠᠶᠢᠭᠤᠯᠭ᠎ᠠ ᠶᠢᠨ ᠦᠢᠯᠡᠴᠢᠯᠡᠭᠡᠨ ᠤ ᠠᠵᠢᠯᠲᠡᠳ ᠤᠨ ᠤᠷᠤᠯᠭ᠎ᠠ ᠶᠢᠨ ᠬᠤᠪᠢᠶᠠᠷᠢᠯᠠᠯᠲᠠ ᠶᠢᠨ ᠲᠦᠷᠦ ᠶᠢᠨ ᠪᠤᠳᠤᠯᠭ᠎ᠠ ᠶᠢ ᠲᠤᠤᠱᠯᠠᠭᠤᠯᠤᠨ᠎ᠠ᠃ ᠠᠵᠤ ᠠᠬᠤᠶᠢᠯᠠᠯ᠂ ᠠᠵᠢᠯ ᠦᠢᠯᠡᠰ ᠤᠨ ᠨᠢᠭᠡᠴᠡ ᠶᠢᠨ ᠠᠵᠢᠯᠲᠠᠨ ᠤ ᠴᠠᠯᠢᠩ ᠤᠨ ᠬᠡᠪ ᠤᠨ ᠦᠰᠦᠯᠲᠡ ᠪᠠ ᠴᠠᠯᠢᠩ ᠦᠭᠭᠦ ᠪᠠᠲᠤᠯᠠᠭ᠎ᠠ ᠶᠢᠨ ᠲᠤᠭᠲᠠᠴᠠ ᠶᠢ ᠪᠠᠶᠢᠭᠤᠯᠤᠨ ᠲᠡᠭᠦᠯᠲᠡᠷᠵᠢᠭᠦᠯᠦᠨ᠎ᠡ᠃ ᠠᠵᠤ ᠠᠬᠤᠶᠢᠯᠠᠯ᠂ ᠠᠵᠢᠯ ᠦᠢᠯᠡᠰ ᠤᠨ ᠨᠢᠭᠡᠴᠡ ᠶᠢᠨ ᠠᠵᠢᠯᠲᠠᠨ ᠤ ᠠᠮᠠᠷᠠᠵᠤ ᠪᠠᠭᠤᠬᠤ ᠲᠤᠬᠠᠢ ᠲᠦᠷᠦ ᠶᠢᠨ ᠪᠤᠳᠤᠯᠭ᠎ᠠ ᠶᠢ ᠨᠠᠶᠢᠳᠠᠪᠤᠷᠢᠵᠢᠭᠤᠯᠤᠨ᠎ᠠ᠃        ( ᠠᠷᠪᠠ ) ᠲᠠᠷᠢᠶᠠᠴᠢᠨ ᠮᠠᠯᠴᠢᠨ ᠬᠦᠯᠦᠰᠦᠨ ᠠᠵᠢᠯᠴᠢᠨ ᠢ ᠬᠠᠮᠢᠶᠠᠷᠤᠨ᠎ᠠ᠃ ᠲᠠᠷᠢᠶᠠᠴᠢᠨ ᠮᠠᠯᠴᠢᠨ ᠬᠦᠯᠦᠰᠦᠨ ᠠᠵᠢᠯᠴᠢᠨ ᠤ ᠶᠡᠷᠦᠩᠬᠡᠶᠢᠯᠡᠭᠰᠡᠨ ᠴᠢᠨᠠᠷᠲᠠᠢ ᠲᠦᠷᠦ ᠶᠢᠨ ᠪᠤᠳᠤᠯᠭ᠎ᠠ ᠪᠠ ᠲᠦᠯᠦᠪᠯᠡᠭᠡ ᠶᠢ ᠨᠠᠶᠢᠳᠠᠪᠤᠷᠢᠵᠢᠭᠤᠯᠵᠤ᠂ ᠬᠦᠳᠡᠭᠡ ᠲᠤᠰᠬᠤᠨ ᠮᠠᠯᠵᠢᠬᠤ ᠤᠷᠤᠨ ᠤ ᠬᠦᠳᠡᠯᠮᠦᠷᠢ ᠬᠦᠴᠦᠨ ᠤ ᠰᠢᠯᠵᠢᠯᠲᠡ ᠶᠢ ᠠᠬᠢᠭᠤᠯᠤᠨ᠂ ᠭᠤᠤᠯᠳᠠᠯᠭ᠎ᠠ ᠲᠠᠢ ᠬᠦᠴᠢᠷ ᠠᠰᠠᠭᠤᠳᠠᠯ ᠢ ᠵᠤᠬᠢᠴᠠᠭᠤᠯᠤᠨ ᠰᠢᠢᠳᠪᠦᠷᠢᠯᠡᠵᠤ᠂ ᠲᠠᠷᠢᠶᠠᠴᠢᠨ ᠮᠠᠯᠴᠢᠨ ᠬᠦᠯᠦᠰᠦᠨ ᠠᠵᠢᠯᠴᠢᠨ ᠤ ᠬᠠᠤᠯᠢ ᠶᠤᠰᠤᠨ ᠤ ᠡᠷᠬᠡ ᠠᠰᠢᠭ ᠢ ᠬᠠᠮᠠᠭᠠᠯᠠᠨ᠎ᠠ᠃        ( ᠠᠷᠪᠠᠨ ᠨᠢᠭᠡ ) ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ ᠤᠷᠳᠤᠨ ᠪᠠ ᠳᠡᠭᠡᠲᠦ ᠱᠠᠲᠤᠨ ᠤ ᠲᠤᠬᠠᠶᠢᠯᠠᠭᠰᠠᠨ ᠠᠵᠢᠯ ᠤᠨ ᠰᠠᠯᠠᠭ᠎ᠠ ᠮᠦᠴᠢᠷ ᠤᠨ ᠳᠠᠭᠠᠭᠠᠯᠭᠠᠭᠰᠠᠨ ᠪᠤᠰᠤᠳ ᠡᠭᠦᠷᠭᠡ ᠶᠢ ᠪᠡᠶᠡᠯᠡᠭᠦᠯᠦᠨ᠎ᠡ᠃        ( ᠠᠷᠪᠠᠨ ᠬᠤᠶᠠᠷ ) ᠡᠷᠬᠡ ᠲᠤᠰᠢᠶᠠᠯ ᠢᠶᠠᠨ ᠬᠤᠪᠢᠷᠠᠭᠤᠯᠤᠨ᠎ᠠ᠃ ᠵᠠᠰᠠᠭ ᠢ ᠴᠤᠮᠬᠠᠳᠬᠠᠵᠤ ᠡᠷᠬᠡ ᠶᠢ ᠲᠠᠯᠪᠢᠬᠤ᠂ ᠲᠠᠯᠪᠢᠵᠤ ᠬᠠᠮᠢᠶᠠᠷᠬᠤ ᠶᠢ ᠤᠶᠠᠯᠳᠤᠭᠤᠯᠬᠤ᠂ ᠦᠢᠯᠡᠴᠢᠯᠡᠭᠡᠨ ᠤ ᠦᠭᠡᠷᠡᠴᠢᠯᠡᠯᠲᠡ ᠵᠡᠷᠭᠡ ᠶᠢ ᠭᠦᠢᠴᠡᠳ ᠠᠬᠢᠭᠤᠯᠤᠨ᠂ ᠭᠠᠳᠠᠭᠠᠲᠤ ᠲᠠᠢ ᠬᠠᠷᠢᠯᠴᠠᠬᠤ ᠠᠵᠢᠯᠯᠠᠭ᠎ᠠ ᠶᠢ ᠳᠦᠷᠢᠮᠵᠢᠭᠦᠯᠦᠨ᠎ᠡ᠃ ᠤᠯᠤᠰ ᠤᠨ ᠠᠵᠢᠯ ᠮᠡᠷᠭᠡᠵᠢᠯ ᠤᠨ ᠬᠢᠷᠢ ᠭᠡᠮ ᠤᠨ ᠳᠦᠷᠢᠮ ᠢ ᠲᠤᠤᠱᠯᠠᠭᠤᠯᠤᠨ᠂ ᠬᠠᠮᠢᠶᠠᠷᠤᠯᠲᠠ ᠪᠠᠨ ᠴᠢᠩᠭᠠᠳᠬᠠᠵᠣ᠂ ᠠᠵᠢᠯ ᠤᠯᠭᠤᠬᠤ ᠪᠤᠯᠤᠨ ᠨᠡᠶᠢᠭᠡᠮ ᠤᠨ ᠪᠠᠲᠤᠯᠠᠭ᠎ᠠ ᠵᠡᠷᠭᠡ ᠤᠯᠠᠨ ᠨᠡᠶᠢᠲᠡ ᠶᠢᠨ ᠦᠢᠯᠡᠴᠢᠯᠡᠭᠡᠨ ᠤ ᠬᠡᠯᠪᠡᠷᠢ ᠶᠢ ᠰᠢᠨᠡᠴᠢᠯᠡᠨ᠂ ᠮᠡᠳᠡᠭᠡ ᠵᠠᠩᠭᠢ ᠶᠢ ᠬᠠᠮᠲᠤᠪᠠᠷ ᠡᠳ᠋ᠯᠡᠵᠦ᠂ ᠤᠯᠠᠨ ᠨᠡᠶᠢᠲᠡ ᠶᠢᠨ ᠦᠢᠯᠡᠴᠢᠯᠡᠭᠡᠨ ᠤ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ᠃                   ᠬᠠᠷᠢᠯᠴᠠᠬᠤ ᠬᠠᠶ᠋ᠢᠭ : ᠡᠷᠭᠦᠨ᠎ᠡ ᠬᠤᠲᠠ ᠶᠢᠨ ᠡᠷᠭᠦᠨ᠎ᠡ ᠶᠡᠭᠡ ᠵᠡᠭᠡᠯᠢ ᠶᠢᠨ 21 ᠳ᠋ᠦ᠋ᠭᠡᠷ ᠨᠤᠮᠧᠷ          ᠰᠢᠤᠳᠠᠨ ᠤ ᠨᠤᠮᠧᠷ : 022250          ᠬᠠᠷᠢᠯᠴᠠᠬᠤ ᠤᠳᠠᠰᠤ : 0470—6822170          ᠠᠵᠢᠯᠯᠠᠬᠤ ᠴᠠᠭ : 9 : 00—12 : 00 ᠂ 14 :00—17 :00                              ( ᠠᠮᠠᠷᠠᠯᠲᠠ ᠶᠢᠨ ᠡᠳᠦᠷ ᠠᠴᠠ ᠭᠠᠳᠠᠨ᠎ᠠ )  
ᠢᠷᠡᠯᠲᠡ᠄ ᠡᠷᠭᠦᠨ᠎ᠡ ᠬᠤᠲᠠ ᠶᠢᠨ ᠠᠷᠠᠳ ᠤᠨ ᠵᠠᠰᠠᠭ ᠤᠨ ᠤᠷᠳᠤᠨ