ᠭᠤᠤᠯ ᠡᠭᠦᠷᠭᠡ ᠬᠠᠷᠢᠭᠤᠴᠠᠯᠭ᠎ᠠ : | ( ᠨᠢᠭᠡ ) ᠬᠤᠯᠪᠤᠭᠳᠠᠯ ᠪᠦᠬᠦᠢ ᠪᠢᠴᠢᠭ ᠮᠠᠲ᠋ᠧᠷᠢᠶᠠᠯ ᠪᠠ ᠴᠢᠬᠤᠯᠠ ᠪᠢᠴᠢᠭ ᠮᠠᠲ᠋ᠧᠷᠢᠶᠠᠯ ᠢ ᠨᠤᠤᠷᠠᠭᠯᠠᠬᠤ ᠶᠢ ᠬᠠᠷᠢᠭᠤᠴᠠᠨ᠎ᠠ᠃ ᠬᠤᠲᠠ ᠶᠢᠨ ᠵᠠᠰᠠᠭ ᠤᠨ | ᠤᠷᠳᠤᠨ ᠤ ᠤᠳᠤᠷᠢᠳᠬᠤ ᠨᠦᠬᠦᠳ ᠢ ᠬᠠᠪᠰᠤᠷᠤᠨ ᠬᠤᠲᠠ ᠶᠢᠨ ᠵᠠᠰᠠᠭ ᠤᠨ ᠤᠷᠳᠤᠨ᠂ ᠬᠤᠲᠠ ᠶᠢᠨ ᠵᠠᠰᠠᠭ ᠤᠨ ᠤᠷᠳᠤᠨ ᠤ ᠠᠯᠪᠠᠨ ᠭᠡᠷ ᠪᠠ ᠬᠤᠲᠠ ᠶᠢᠨ | ᠵᠠᠰᠠᠭ ᠤᠨ ᠤᠷᠳᠤᠨ ᠤ ᠨᠠᠮ ᠤᠨ ᠳᠤᠭᠤᠶᠢᠯᠠᠩ᠂ ᠬᠤᠲᠠ ᠶᠢᠨ ᠵᠠᠰᠠᠭ ᠤᠨ ᠤᠷᠳᠤᠨ ᠤ ᠪᠠᠶᠢᠭᠤᠯᠭ᠎ᠠ ᠶᠢᠨ ᠨᠠᠮ ᠤᠨ ᠳᠤᠭᠤᠶᠢᠯᠠᠩ ᠤᠨ ᠨᠡᠷ᠎ᠡ ᠪᠠᠷ ᠨᠡᠶᠢᠲᠡᠯᠡᠭᠰᠡᠨ | ᠠᠯᠪᠠᠨ ᠪᠢᠴᠢᠭ ᠢ ᠵᠤᠬᠢᠶᠠᠨ ᠪᠠᠶᠢᠭᠤᠯᠤᠨ ᠲᠤᠭᠤᠷᠪᠢᠬᠤ ᠪᠤᠶᠤ ᠬᠢᠨᠠᠨ ᠬᠠᠷᠢᠭᠤᠴᠠᠨ᠎ᠠ᠃ ᠵᠠᠰᠠᠭ ᠤᠨ ᠤᠷᠳᠤᠨ ᠤ ᠠᠵᠢᠯ ᠤᠨ ᠢᠯᠡᠳᠭᠡᠯ᠂ ᠬᠤᠲᠠ ᠶᠢᠨ ᠵᠠᠰᠠᠭ ᠤᠨ | ᠤᠷᠳᠤᠨ ᠤ ᠤᠳᠤᠷᠢᠳᠬᠤ ᠨᠦᠬᠦᠳ ᠤᠨ ᠶᠠᠷᠢᠶᠠᠨ ᠤ ᠨᠤᠤᠷᠠᠭ ᠢ ᠵᠤᠬᠢᠶᠠᠨ ᠪᠠᠶᠢᠭᠤᠯᠤᠨ ᠲᠤᠭᠤᠷᠪᠢᠨ᠎ᠠ᠃ | ( ᠬᠤᠶᠡᠷ ) ᠵᠢᠭᠠᠪᠤᠷᠢ ᠠᠪᠬᠤ ᠵᠦᠢᠯᠡᠰ ᠤᠨ ᠲᠤᠭᠤᠷᠪᠢᠨ ᠭᠦᠢᠴᠡᠳᠭᠡᠬᠦ ᠰᠠᠨᠠᠯ ᠢ ᠰᠤᠳᠤᠯᠤᠨ᠎ᠠ᠃ ᠡᠯ᠎ᠡ ᠰᠤᠮᠤ ᠪᠠᠯᠭᠠᠰᠤᠨ ᠤ ᠵᠠᠰᠠᠭ ᠤᠨ ᠤᠷᠳᠤᠨ ᠪᠠ | ᠬᠤᠲᠠ ᠶᠢᠨ ᠵᠠᠰᠠᠭ ᠤᠨ ᠤᠷᠳᠤᠨ ᠤ ᠡᠯ᠎ᠡ ᠰᠠᠯᠠᠭ᠎ᠠ ᠮᠦᠴᠢᠷ ᠤᠨ ᠬᠤᠲᠠ ᠶᠢᠨ ᠵᠠᠰᠠᠭ ᠤᠨ ᠤᠷᠳᠤᠨ ᠠᠴᠠ ᠵᠢᠭᠠᠪᠤᠷᠢ ᠠᠪᠬᠤ ᠵᠦᠢᠯᠡᠰ ᠢ ᠰᠤᠳᠤᠯᠤᠨ᠂ | ᠭᠦᠢᠴᠡᠳᠭᠡᠬᠦ ᠰᠠᠨᠠᠯ ᠲᠤᠷᠠᠳᠴᠤ᠂ ᠬᠤᠲᠠ ᠶᠢᠨ ᠵᠠᠰᠠᠭ ᠤᠨ ᠤᠷᠳᠤᠨ ᠤ ᠬᠠᠮᠢᠶ᠎ᠠ ᠪᠦᠬᠦᠢ ᠤᠳᠤᠷᠢᠳᠤᠯᠭ᠎ᠠ ᠳᠤ ᠮᠡᠳᠡᠭᠦᠯᠦᠨ ᠵᠦᠪᠰᠢᠶᠡᠷᠡᠭᠦᠯᠦᠨ᠎ᠡ᠃ | ( ᠭᠤᠷᠪᠠ ) ᠴᠢᠬᠤᠯᠠ ᠶᠡᠭᠡ ᠠᠰᠠᠭᠤᠳᠠᠯ ᠢ ᠶᠡᠷᠦᠩᠬᠡᠶᠢᠯᠡᠨ ᠵᠤᠬᠢᠴᠠᠭᠤᠯᠬᠤ ᠶᠢ ᠬᠠᠷᠢᠭᠤᠴᠠᠨ᠎ᠠ᠃ ᠬᠤᠲᠠ ᠶᠢᠨ ᠵᠠᠰᠠᠭ ᠤᠨ ᠤᠷᠳᠤᠨ ᠤ ᠤᠳᠤᠷᠢᠳᠬᠤ | ᠨᠦᠬᠦᠳ ᠤᠨ ᠵᠢᠭᠠᠪᠤᠷᠢ ᠶᠢ ᠦᠨᠳᠦᠰᠦᠯᠡᠨ᠂ ᠬᠤᠲᠠ ᠶᠢᠨ ᠵᠠᠰᠠᠭ ᠤᠨ ᠤᠷᠳᠤᠨ ᠤ ᠰᠠᠯᠠᠭ᠎ᠠ ᠮᠦᠴᠢᠷ᠂ ᠨᠢᠭᠡᠴᠡ ᠶᠢᠨ ᠬᠤᠭᠤᠷᠤᠨᠳᠡᠬᠢ ᠮᠠᠷᠭᠤᠭᠠᠨ ᠲᠠᠢ ᠴᠢᠬᠤᠯᠠ | ᠠᠰᠠᠭᠤᠳᠠᠯ ᠢ ᠵᠤᠬᠢᠴᠠᠭᠤᠯᠤᠨ᠂ ᠬᠤᠲᠠ ᠶᠢᠨ ᠵᠠᠰᠠᠭ ᠤᠨ ᠤᠷᠳᠤᠨ ᠤ ᠤᠳᠤᠷᠢᠳᠬᠤ ᠨᠦᠬᠦᠳ ᠲᠤ ᠮᠡᠳᠡᠭᠦᠯᠦᠨ ᠰᠢᠢᠳᠪᠦᠷᠢ ᠭᠠᠷᠭᠠᠨ᠎ᠠ᠃ | ( ᠳᠦᠷᠪᠡ ) ᠡᠯᠧᠺᠲᠷᠣᠨ ᠮᠠᠲ᠋ᠧᠷᠢᠶᠠᠯ ᠪᠠ ᠪᠢᠴᠢᠭ ᠮᠠᠲ᠋ᠧᠷᠢᠶᠠᠯ ᠢ ᠬᠢᠨᠠᠨ ᠪᠠᠶᠢᠴᠠᠭᠠᠬᠤ ᠶᠢ ᠬᠠᠷᠢᠭᠤᠴᠠᠨ᠎ᠠ᠃ ᠬᠤᠲᠠ ᠶᠢᠨ ᠵᠠᠰᠠᠭ ᠤᠨ ᠤᠷᠳᠤᠨ ᠪᠠ | ᠬᠤᠲᠠ ᠶᠢᠨ ᠵᠠᠰᠠᠭ ᠤᠨ ᠤᠷᠳᠤᠨ ᠤ ᠠᠯᠪᠠᠨ ᠭᠡᠷ ᠤᠨ ᠡᠯᠧᠺᠲᠷᠣᠨ ᠮᠠᠲ᠋ᠧᠷᠢᠶᠠᠯ ᠢ ᠭᠦᠢᠴᠡᠳᠭᠡᠭᠦ ᠠᠵᠢᠯ ᠢ ᠬᠠᠷᠢᠭᠤᠴᠠᠨ᠎ᠠ᠃ ᠬᠤᠲᠠ ᠶᠢᠨ ᠵᠠᠰᠠᠭ ᠤᠨ ᠤᠷᠳᠤᠨ | ᠪᠠ ᠬᠤᠲᠠ ᠶᠢᠨ ᠵᠠᠰᠠᠭ ᠤᠨ ᠤᠷᠳᠤᠨ ᠤ ᠠᠯᠪᠠᠨ ᠭᠡᠷ ᠤᠨ ᠲᠤᠭᠲᠠᠭᠠᠭᠰᠠᠨ ᠳᠦᠷᠢᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ ᠢ ᠬᠠᠤᠯᠢ ᠶᠤᠰᠤᠭᠠᠷ ᠬᠢᠨᠠᠨ | ᠪᠠᠶᠢᠴᠠᠭᠠᠬᠤ ᠶᠢ ᠬᠠᠷᠢᠭᠤᠴᠠᠨ᠎ᠠ᠃ | ( ᠲᠠᠪᠤ ) ᠬᠤᠷᠠᠯ ᠤᠨ ᠶᠠᠪᠤᠳᠠᠯ ᠪᠠ ᠬᠤᠷᠠᠯ ᠤᠨ ᠬᠢᠨᠠᠨ ᠵᠦᠪᠰᠢᠶᠡᠷᠡᠬᠦ ᠬᠠᠮᠢᠶᠠᠷᠤᠯᠲᠠ ᠶᠢ ᠬᠠᠷᠢᠭᠤᠴᠠᠨ᠎ᠠ᠃ ᠬᠤᠲᠠ ᠶᠢᠨ ᠵᠠᠰᠠᠭ ᠤᠨ ᠤᠷᠳᠤᠨ᠂ | ᠵᠠᠰᠠᠭ ᠤᠨ ᠤᠷᠳᠤᠨ ᠤ ᠨᠠᠮ ᠤᠨ ᠳᠤᠭᠤᠶᠢᠯᠠᠩ ᠤᠨ ᠬᠤᠷᠠᠯ ᠵᠢᠴᠢ ᠬᠤᠲᠠ ᠶᠢᠨ ᠵᠠᠰᠠᠭ ᠤᠨ ᠤᠷᠳᠤᠨ ᠤ ᠤᠳᠤᠷᠢᠳᠬᠤ ᠨᠦᠬᠦᠳ ᠤᠨ ᠬᠤᠷᠠᠯ ᠤᠨ ᠠᠵᠢᠯ ᠢ | ᠬᠠᠷᠢᠭᠤᠴᠠᠨ᠎ᠠ᠃ ᠬᠤᠷᠠᠯ ᠢ ᠬᠢᠨᠠᠨ ᠵᠦᠪᠰᠢᠶᠡᠷᠡᠬᠦ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃ ᠬᠤᠲᠠ ᠶᠢᠨ ᠵᠠᠰᠠᠭ ᠤᠨ ᠤᠷᠳᠤᠨ ᠤ ᠤᠳᠤᠷᠢᠳᠬᠤ | ᠨᠦᠬᠦᠳ ᠢ ᠬᠠᠮᠵᠢᠯᠴᠠᠨ ᠬᠤᠷᠠᠯ ᠠᠴᠠ ᠲᠤᠭᠲᠠᠭᠠᠭᠰᠠᠨ ᠰᠢᠢᠳᠪᠦᠷᠢ ᠶᠢᠨ ᠵᠦᠢᠯ ᠢ ᠵᠤᠬᠢᠶᠠᠨ ᠪᠠᠶᠢᠭᠤᠯᠤᠨ ᠬᠡᠷᠡᠭᠵᠢᠭᠦᠯᠦᠨ᠎ᠡ᠃ | ( ᠵᠢᠷᠭᠤᠭ᠎ᠠ ) ᠬᠤᠲᠠ ᠶᠢᠨ ᠵᠠᠰᠠᠭ ᠤᠨ ᠤᠷᠳᠤᠨ ᠤ ᠰᠤᠨᠢᠨ ᠮᠡᠳᠡᠭᠡ ᠨᠡᠶᠢᠲᠡᠯᠡᠬᠦ ᠠᠵᠢᠯ ᠢ ᠬᠠᠷᠢᠭᠤᠴᠠᠨ᠎ᠠ᠃ ᠬᠤᠲᠠ ᠶᠢᠨ ᠵᠠᠰᠠᠭ ᠤᠨ ᠤᠷᠳᠤᠨ ᠤ ᠰᠤᠨᠢᠨ | ᠮᠡᠳᠡᠭᠡ ᠨᠡᠶᠢᠲᠡᠯᠡᠬᠦ ᠲᠦᠯᠦᠪᠯᠡᠭᠡ ᠶᠢ ᠲᠤᠭᠲᠠᠭᠠᠬᠤ ᠶᠢᠨ ᠬᠠᠮᠲᠤ ᠵᠤᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠬᠤᠲᠠ ᠶᠢᠨ ᠵᠠᠰᠠᠭ ᠤᠨ ᠤᠷᠳᠤᠨ ᠤ ᠨᠡᠷ᠎ᠡ ᠪᠠᠷ | ᠡᠷᠬᠢᠯᠡᠭᠰᠡᠨ ᠰᠤᠨᠢᠨ ᠮᠡᠳᠡᠭᠡ ᠨᠡᠶᠢᠲᠡᠯᠡᠬᠦ ᠬᠦᠳᠡᠯᠭᠡᠭᠡᠨ ᠢ ᠳᠠᠭᠠᠭᠠᠴᠢᠯᠠᠨ ᠡᠷᠬᠢᠯᠡᠨ᠎ᠡ᠃ | ( ᠳᠤᠯᠤᠭ᠎ᠠ ) ᠭᠤᠤᠯᠳᠠᠯᠭ᠎ᠠ ᠲᠠᠢ ᠠᠵᠢᠯ ᠤᠨ ᠱᠠᠭᠠᠷᠳᠠᠨ ᠪᠠᠶᠢᠴᠠᠭᠠᠯᠲᠠ ᠶᠢ ᠬᠠᠷᠢᠭᠤᠴᠠᠨ᠎ᠠ᠃ ᠪᠦᠬᠦ ᠬᠤᠲᠠᠨ ᠤ ᠵᠠᠰᠠᠭ ᠤᠨ ᠤᠷᠳᠤᠨ ᠤ ᠰᠢᠰᠲ᠋ᠧᠮ ᠤᠨ | ᠲᠦᠷᠦ ᠶᠢᠨ ᠶᠠᠪᠤᠳᠠᠯ ᠤᠨ ᠬᠤᠷᠢᠶ᠎ᠠ᠂ ᠦᠪᠡᠷᠲᠡᠭᠡᠨ ᠵᠠᠰᠠᠬᠤ ᠤᠷᠤᠨ᠂ ᠬᠦᠯᠦᠨ ᠪᠤᠶᠢᠷ ᠬᠤᠲᠠ ᠶᠢᠨ ᠠᠷᠠᠳ ᠤᠨ ᠵᠠᠰᠠᠭ ᠤᠨ ᠤᠷᠳᠤᠨ ᠪᠠ ᠮᠠᠨ ᠤ ᠬᠤᠲᠠ ᠶᠢᠨ | ᠵᠠᠰᠠᠭ ᠤᠨ ᠤᠷᠳᠤᠨ ᠤ ᠲᠤᠭᠲᠠᠭᠠᠭᠰᠠᠨ ᠵᠦᠢᠯᠡᠰ ᠵᠢᠴᠢ ᠬᠤᠲᠠ ᠶᠢᠨ ᠵᠠᠰᠠᠭ ᠤᠨ ᠤᠷᠳᠤᠨ ᠤ ᠤᠳᠤᠷᠢᠳᠬᠤ ᠨᠦᠬᠦᠳ ᠤᠨ ᠴᠤᠬᠤᠯᠠᠪᠤᠷᠢ ᠶᠢ ᠲᠤᠤᠱᠯᠠᠭᠤᠯᠤᠨ | ᠨᠠᠶᠢᠳᠠᠪᠤᠷᠢᠵᠢᠭᠤᠯᠤᠭᠰᠠᠨ ᠪᠠᠶᠢᠳᠠᠯ ᠢ ᠱᠠᠭᠠᠷᠳᠠᠨ ᠪᠠᠶᠢᠴᠠᠭᠠᠵᠤ᠂ ᠴᠠᠭ ᠲᠤᠬᠠᠢ ᠲᠤᠨᠢ ᠬᠤᠲᠠ ᠶᠢᠨ ᠵᠠᠰᠠᠭ ᠤᠨ ᠤᠷᠳᠤᠨ ᠤ ᠤᠳᠤᠷᠢᠳᠬᠤ ᠨᠦᠬᠦᠳ ᠲᠤ | ᠮᠡᠳᠡᠭᠦᠯᠦᠨ᠎ᠡ᠃ ᠬᠤᠲᠠ ᠶᠢᠨ ᠵᠠᠰᠠᠭ ᠤᠨ ᠤᠷᠳᠤᠨ ᠤ ᠡᠯ᠎ᠡ ᠰᠠᠯᠠᠭ᠎ᠠ ᠮᠦᠴᠢᠷ ᠲᠠᠢ ᠬᠤᠯᠪᠤᠭᠳᠠᠭᠰᠠᠨ ᠠᠷᠠᠳ ᠤᠨ ᠲᠦᠯᠦᠭᠡᠯᠡᠭᠴᠢᠳ ᠤᠨ ᠰᠠᠨᠠᠯ᠂ ᠤᠯᠤᠰ | ᠲᠦᠷᠦ ᠶᠢᠨ ᠵᠦᠪᠯᠡᠯᠭᠡᠨ ᠤ ᠳᠤᠷᠠᠳᠤᠯᠭ᠎ᠠ ᠶᠢ ᠲᠤᠰᠢᠶᠠᠨ ᠭᠦᠢᠴᠡᠳᠭᠡᠭᠦ᠂ ᠱᠠᠭᠠᠷᠳᠠᠨ ᠭᠦᠢᠴᠡᠳᠭᠡᠭᠦ᠂ ᠬᠠᠷᠢᠭᠤ ᠲᠤᠰᠬᠠᠬᠤ ᠵᠡᠷᠭᠡ ᠠᠵᠢᠯ ᠢ ᠬᠠᠷᠢᠭᠤᠴᠠᠨ᠎ᠠ᠃ | ( ᠨᠠᠢᠮᠠ ) ᠵᠠᠰᠠᠭ ᠤᠨ ᠶᠠᠪᠤᠳᠠᠯ ᠤᠨ ᠰᠤᠷᠠᠭ ᠵᠠᠩᠭᠢ ᠪᠠ ᠪᠠᠶᠢᠴᠠᠭᠠᠨ ᠰᠤᠳᠤᠯᠬᠤ ᠶᠢ ᠬᠠᠷᠢᠭᠤᠴᠠᠨ᠎ᠠ᠃ ᠵᠠᠰᠠᠭ ᠤᠨ ᠶᠠᠪᠤᠳᠠᠯ ᠤᠨ ᠰᠤᠷᠠᠭ ᠵᠠᠩᠭᠢ ᠶᠢ | ᠴᠤᠭᠯᠠᠭᠤᠯᠬᠤ᠂ ᠨᠠᠶᠢᠷᠠᠭᠤᠯᠬᠤ᠂ ᠮᠡᠳᠡᠭᠦᠯᠦᠨ ᠬᠦᠷᠭᠡᠬᠦ ᠵᠡᠷᠭᠡ ᠠᠵᠢᠯ ᠢ ᠬᠠᠷᠢᠭᠤᠴᠠᠵᠤ᠂ ᠬᠤᠲᠠ ᠵᠢᠨᠵᠠᠰᠠᠭ ᠤᠨ ᠤᠷᠳᠤᠨ ᠤ ᠤᠳᠤᠷᠢᠳᠬᠤ ᠨᠦᠬᠦᠳ ᠤᠨ | ᠰᠢᠢᠳᠪᠦᠷᠢᠲᠦ ᠪᠤᠳᠤᠯᠭ᠎ᠠ ᠳᠤ ᠦᠢᠯᠡᠴᠢᠯᠡᠭᠡ ᠬᠠᠩᠭᠠᠨ᠎ᠠ᠃ ᠬᠤᠲᠠ ᠵᠢᠨᠵᠠᠰᠠᠭ ᠤᠨ ᠤᠷᠳᠤᠨ ᠤ ᠤᠳᠤᠷᠢᠳᠬᠤ ᠨᠦᠬᠦᠳ ᠤᠨ ᠪᠠᠶᠢᠴᠠᠭᠠᠨ ᠰᠤᠳᠤᠯᠬᠤ ᠠᠵᠢᠯ ᠢ | ᠵᠤᠬᠢᠶᠠᠨ ᠪᠠᠶᠢᠭᠤᠯᠤᠨ ᠲᠤᠬᠢᠷᠠᠭᠤᠯᠤᠨ᠎ᠠ᠃ | ( ᠶᠢᠰᠦ ) ᠮᠤᠩᠭᠤᠯ ᠢᠶᠠᠷ ᠤᠷᠴᠢᠭᠤᠯᠬᠤ ᠠᠵᠢᠯ ᠢ ᠬᠠᠷᠢᠭᠤᠴᠠᠨ᠎ᠠ᠃ ᠬᠤᠲᠠ ᠶᠢᠨ ᠵᠠᠰᠠᠭ ᠤᠨ ᠤᠷᠳᠤᠨ ᠪᠠ ᠬᠤᠲᠠ ᠶᠢᠨ ᠵᠠᠰᠠᠭ ᠤᠨ ᠤᠷᠳᠤᠨ ᠤ ᠠᠯᠪᠠᠨ | ᠭᠡᠷ ᠤᠨ ᠪᠢᠴᠢᠭ ᠮᠠᠲ᠋ᠧᠷᠢᠶᠠᠯ ᠪᠠ ᠬᠤᠷᠠᠯ ᠤᠨ ᠪᠢᠴᠢᠭ ᠮᠠᠲ᠋ᠧᠷᠢᠶᠠᠯ ᠢ ᠮᠤᠩᠭᠤᠯ ᠢᠶᠠᠷ ᠤᠷᠴᠢᠭᠤᠯᠬᠤ ᠠᠵᠢᠯ ᠢ ᠬᠠᠷᠢᠭᠤᠴᠠᠨ᠎ᠠ᠃ | ( ᠠᠷᠪᠠ ) ᠠᠵᠤ ᠠᠬᠤᠢ᠂ ᠠᠮᠢ ᠠᠬᠤᠢ ᠶᠢᠨ ᠪᠤᠯᠪᠠᠰᠤᠨ ᠪᠠ ᠨᠡᠶᠢᠭᠡᠮ ᠤᠨ ᠦᠢᠯᠡᠰ ᠤᠨ ᠬᠦᠷᠢᠶ᠎ᠡ ᠬᠡᠪᠴᠢᠶᠡᠨ ᠤ ᠦᠭᠡᠷᠡᠴᠢᠯᠡᠯᠲᠡ ᠶᠢᠨ ᠰᠤᠳᠤᠯᠭᠠᠨ ᠢ | ᠬᠠᠷᠢᠭᠤᠴᠠᠨ᠎ᠠ᠃ ᠠᠵᠤ ᠠᠬᠤᠢ᠂ ᠠᠮᠢ ᠠᠬᠤᠢ ᠶᠢᠨ ᠪᠤᠯᠪᠠᠰᠤᠨ ᠪᠠ ᠨᠡᠶᠢᠭᠡᠮ ᠤᠨ ᠦᠢᠯᠡᠰ ᠤᠨ ᠬᠦᠷᠢᠶ᠎ᠡ ᠬᠡᠪᠴᠢᠶᠡᠨ ᠤ ᠦᠭᠡᠷᠡᠴᠢᠯᠡᠯᠲᠡ ᠶᠢᠨ ᠴᠢᠬᠤᠯᠠ ᠶᠡᠭᠡ | ᠠᠰᠠᠭᠤᠳᠠᠯ ᠤᠨ ᠲᠦᠷᠦ ᠶᠢᠨ ᠪᠤᠳᠤᠯᠭ᠎ᠠ ᠶᠢᠨ ᠰᠤᠳᠤᠯᠤᠯᠲᠠ ᠶᠢ ᠵᠤᠬᠢᠶᠠᠨ ᠪᠠᠶᠢᠭᠤᠯᠤᠨ ᠬᠡᠷᠡᠭᠵᠢᠭᠦᠯᠵᠦ᠂ ᠬᠤᠯᠪᠤᠭᠳᠠᠯ ᠪᠦᠬᠦᠢ ᠪᠢᠴᠢᠭ ᠮᠠᠲ᠋ᠧᠷᠢᠶᠠᠯ ᠢ | ᠨᠤᠤᠷᠠᠭᠯᠠᠨ᠎ᠠ᠃ ᠪᠦᠬᠦ ᠬᠤᠲᠠ ᠶᠢᠨ ᠠᠵᠤ ᠠᠬᠤᠢ᠂ ᠠᠮᠢ ᠠᠬᠤᠢ ᠶᠢᠨ ᠪᠤᠯᠪᠠᠰᠤᠨ ᠪᠠ ᠨᠡᠶᠢᠭᠡᠮ ᠤᠨ ᠦᠢᠯᠡᠰ ᠤᠨ ᠬᠦᠷᠢᠶ᠎ᠡ ᠬᠡᠪᠴᠢᠶᠡᠨ ᠤ ᠦᠭᠡᠷᠡᠴᠢᠯᠡᠯᠲᠡ ᠶᠢᠨ | ᠠᠵᠢᠯ ᠳᠤ ᠪᠠᠶᠢᠴᠠᠭᠠᠨ ᠰᠤᠳᠤᠯᠤᠯᠲᠠ᠂ ᠦᠨᠡᠯᠡᠯᠲᠡ ᠪᠠ ᠱᠠᠭᠠᠷᠳᠠᠨ ᠪᠠᠶᠢᠴᠠᠭᠠᠯᠲᠠ ᠬᠢᠨ᠎ᠡ᠃ | ( ᠠᠷᠪᠠᠨ ᠨᠢᠭᠡ ) ᠠᠵᠢᠯ ᠤᠨ ᠬᠢᠷᠢ ᠪᠦᠲᠦᠮᠵᠢ ᠶᠢᠨ ᠰᠢᠯᠭᠠᠨ ᠬᠢᠨᠠᠬᠤ ᠠᠵᠢᠯ ᠢ ᠬᠠᠷᠢᠭᠤᠴᠠᠨ᠎ᠠ᠃ ᠬᠤᠲᠠ ᠶᠢᠨ ᠨᠠᠮ ᠤᠨ ᠬᠤᠷᠢᠶ᠎ᠠ ᠪᠠ | ᠬᠤᠲᠠ ᠵᠢᠨᠵᠠᠰᠠᠭ ᠤᠨ ᠤᠷᠳᠤᠨ ᠤ ᠠᠵᠢᠯ ᠤᠨ ᠬᠢᠷᠢ ᠪᠦᠲᠦᠮᠵᠢ ᠶᠢᠨ ᠰᠢᠯᠭᠠᠨ ᠬᠢᠨᠠᠬᠤ ᠠᠵᠢᠯ ᠤᠨ ᠲᠤᠬᠠᠢ ᠬᠤᠯᠪᠤᠭᠳᠠᠯ ᠪᠦᠬᠦᠢ ᠪᠠᠶᠢᠷᠢᠯᠠᠭᠤᠯᠤᠯᠲᠡ ᠶᠢᠨ | ᠱᠠᠭᠠᠷᠳᠠᠯᠭ᠎ᠠ ᠶᠢ ᠵᠤᠬᠢᠶᠠᠨ ᠪᠠᠶᠢᠭᠤᠯᠤᠨ ᠨᠠᠶᠢᠳᠠᠪᠤᠷᠢᠵᠢᠭᠤᠯᠤᠨ᠎ᠠ᠃ | ( ᠠᠷᠪᠠᠨ ᠬᠤᠶᠡᠷ ) ᠬᠤᠲᠠ ᠵᠢᠨᠵᠠᠰᠠᠭ ᠤᠨ ᠤᠷᠳᠤᠨ ᠤ ᠶᠡᠷᠦᠩᠬᠡᠢ ᠵᠢᠵᠢᠭᠦᠷᠯᠡᠬᠦ ᠠᠵᠢᠯ ᠢ ᠬᠠᠷᠢᠭᠤᠴᠠᠨ᠎ᠠ᠃ ᠴᠢᠬᠤᠯᠠ ᠪᠠᠶᠢᠳᠠᠯ ᠢ ᠴᠠᠭ ᠲᠤᠬᠠᠢ ᠲᠤᠨᠢ | ᠮᠡᠳᠡᠭᠦᠯᠦᠨ᠂ ᠬᠤᠯᠪᠤᠭᠳᠠᠯ ᠪᠦᠬᠦᠢ ᠵᠦᠢᠯᠡᠰ ᠢ ᠬᠠᠮᠵᠢᠯᠴᠡᠨ ᠰᠢᠢᠳᠪᠦᠷᠢᠯᠡᠨ᠎ᠡ᠃ | ( ᠠᠷᠪᠠᠨ ᠭᠤᠷᠪᠠ ) ᠬᠦᠷᠢᠶᠡᠯᠡᠩ ᠤᠨ ᠠᠵᠤ ᠠᠬᠤᠢ ᠶᠢᠨ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃ ᠬᠤᠲᠠ ᠶᠢᠨ ᠬᠦᠷᠢᠶᠡᠯᠡᠩ ᠤᠨ ᠠᠵᠤ ᠠᠬᠤᠢ ᠶᠢᠨ | ᠬᠦᠭᠵᠢᠯᠲᠡ ᠶᠢᠨ ᠲᠤᠬᠠᠢ ᠬᠠᠮᠢᠶ᠎ᠠ ᠪᠦᠬᠦᠢ ᠲᠦᠷᠦ ᠶᠢᠨ ᠪᠤᠳᠤᠯᠭ᠎ᠠ ᠪᠠ ᠠᠷᠭ᠎ᠠ ᠬᠡᠮᠵᠢᠶ᠎ᠡ ᠶᠢ ᠰᠤᠳᠤᠯᠤᠨ ᠲᠤᠭᠲᠠᠭᠠᠬᠤ ᠶᠢ ᠬᠠᠷᠢᠭᠤᠴᠠᠨ᠎ᠠ᠃ ᠬᠦᠷᠢᠶᠡᠯᠡᠩ ᠤᠨ | ᠦᠨᠳᠦᠰᠦᠨ ᠪᠦᠲᠦᠭᠡᠨ ᠪᠠᠶᠢᠭᠤᠯᠤᠯᠲᠠ ᠪᠠ ᠬᠤᠳᠠᠯᠳᠤᠭᠠᠴᠢᠨ ᠤᠷᠢᠬᠤ ᠠᠵᠢᠯ ᠢ ᠬᠢᠨᠠᠨ ᠵᠢᠯᠤᠭᠤᠳᠤᠨ᠎ᠠ᠃ | ( ᠠᠷᠪᠠᠨ ᠳᠦᠷᠪᠡ ) ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ ᠤᠷᠳᠤᠨ ᠪᠠ ᠳᠡᠭᠡᠲᠦ ᠱᠠᠲᠤᠨ ᠤ ᠲᠤᠬᠠᠶᠢᠯᠠᠭᠰᠠᠨ ᠠᠵᠢᠯ ᠤᠨ ᠰᠠᠯᠠᠭ᠎ᠠ ᠮᠦᠴᠢᠷ ᠤᠨ | ᠳᠠᠭᠠᠭᠠᠯᠭᠠᠭᠰᠠᠨ ᠪᠤᠰᠤᠳ ᠡᠭᠦᠷᠭᠡ ᠶᠢ ᠪᠡᠶᠡᠯᠡᠭᠦᠯᠦᠨ᠎ᠡ᠃ |