| | | ᠪᠦᠬᠦ ᠬᠤᠲᠠ ᠶᠢᠨ ᠡᠯ᠎ᠡ ᠰᠠᠯᠠᠭ᠎ᠠ ᠮᠦᠴᠢᠷ ᠤᠨ ᠬᠠᠮᠲᠤ ᠶᠢᠨ ᠴᠢᠷᠮᠠᠶᠢᠯᠭ᠎ᠠ ᠳᠤᠤᠷ᠎ᠠ᠂ ᠡᠷᠭᠦᠨ᠎ᠡ ᠬᠤᠲᠠ ᠶᠢᠨ ᠬᠤᠶᠠᠳᠤᠭᠠᠷ ᠬᠤᠭᠤᠴᠠᠭᠠᠨ ᠤ ᠳᠤᠮᠳᠡᠳᠤ | ᠤᠷᠤᠰ ᠤᠨ ᠬᠢᠯᠢ ᠶᠢᠨ ᠭᠤᠤᠯ ᠤᠨ ᠮᠦᠰᠦ ᠴᠦᠮᠦᠯᠦᠨ ᠬᠦᠬᠢᠳᠡᠬᠦ ᠠᠵᠢᠯᠯᠠᠭ᠎ᠠ ᠶᠢᠨ ᠪᠡᠯᠡᠳᠭᠡᠯ ᠠᠵᠢᠯ ᠢ ᠦᠨᠳᠦᠰᠦᠨ ᠳᠤ ᠪᠠᠨ ᠪᠡᠶᠡᠯᠡᠭᠦᠯᠪᠡ᠃ 12 ᠳ᠋ᠤᠭᠠᠷ | ᠰᠠᠷ᠎ᠠ ᠶᠢᠨ 16 ᠤ ᠡᠳᠦᠷ᠂ ᠡᠷᠭᠦᠨ᠎ᠡ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠭᠧᠩ ᠬᠤᠤ ᠲᠤᠬᠠᠢ ᠶᠢᠨ ᠲᠠᠯᠠᠪᠤᠷ ᠲᠤ | ᠬᠦᠷᠴᠦ᠂ ᠡᠯ᠎ᠡ ᠲᠦᠷᠦᠯ ᠤᠨ ᠠᠵᠢᠯ ᠤᠨ ᠪᠡᠯᠡᠳᠭᠡᠵᠦ ᠪᠠᠶᠢᠭ᠎ᠠ ᠪᠠᠶᠢᠳᠠᠯ ᠢ ᠪᠠᠶᠢᠴᠠᠭᠠᠨ ᠦᠵᠡᠪᠡ᠃ | | | ᠲᠤᠬᠠᠢ ᠶᠢᠨ ᠲᠠᠯᠠᠪᠤᠷ ᠲᠤ᠂ ᠡᠯ᠎ᠡ ᠲᠦᠷᠦᠯ ᠤᠨ ᠠᠵᠢᠯᠯᠠᠭ᠎ᠠ ᠶᠢᠨ ᠪᠠᠶᠢᠷᠢᠯᠠᠭᠤᠯᠤᠯᠲᠠ᠂ ᠠᠮᠤᠷ ᠲᠦᠪᠰᠢᠨ ᠤ ᠪᠠᠲᠤᠯᠠᠭ᠎ᠠ ᠵᠢᠴᠢ ᠡᠬᠢᠯᠡᠯᠲᠡ ᠶᠢᠨ | ᠶᠤᠰᠤᠯᠠᠯ ᠢ ᠪᠡᠯᠡᠳᠭᠡᠵᠦ ᠪᠠᠶᠢᠭ᠎ᠠ ᠪᠠᠶᠢᠳᠠᠯ ᠢ ᠪᠠᠶᠢᠴᠠᠭᠠᠪᠠ᠃ ᠲᠡᠷᠡ ᠴᠢᠩᠭᠠᠳᠬᠠᠭᠰᠠᠨ ᠨᠢ ᠡᠯ᠎ᠡ ᠰᠠᠯᠠᠭ᠎ᠠ ᠮᠦᠴᠢᠷ ᠨᠢᠭᠲᠠ ᠬᠠᠮᠵᠢᠯᠴᠠᠵᠤ᠂ ᠨᠡᠶᠢᠯᠡᠯ ᠬᠦᠴᠦᠨ ᠢ | ᠪᠦᠷᠢᠯᠳᠦᠭᠦᠯᠦᠨ᠎ᠡ᠃ ᠠᠵᠢᠯᠯᠠᠭᠠᠨ ᠤ ᠬᠤᠭᠤᠴᠠᠭᠠᠨ ᠳᠤ᠂ ᠤᠷᠤᠯᠴᠠᠬᠤ ᠬᠦᠮᠦᠨ ᠤ ᠲᠤᠭ᠎ᠠ ᠶᠢ ᠤᠷᠢᠳᠴᠢᠯᠠᠨ ᠪᠤᠳᠤᠯᠬᠢᠯᠠᠵᠤ ᠂ ᠲᠡᠷᠭᠡᠨ ᠤ ᠵᠤᠭᠰᠤᠭᠠᠯ ᠢ | ᠰᠠᠶᠢᠲᠤᠷ ᠲᠤᠬᠢᠷᠠᠭᠤᠯᠤᠨ᠎ᠠ᠃ ᠲᠡᠷᠭᠡ ᠤᠨᠤᠭ᠎ᠠ ᠶᠢ ᠪᠦᠲᠦᠮᠵᠢᠲᠡᠢ ᠵᠢᠭᠠᠨ ᠵᠢᠯᠤᠭᠤᠳᠤᠨ᠎ᠠ᠃ ᠪᠢᠳᠡ ᠡᠷᠬᠡᠪᠰᠢ ᠲᠤᠬᠠᠢ ᠶᠢᠨ ᠲᠠᠯᠠᠪᠤᠷ ᠤᠨ ᠬᠦᠮᠦᠨ ᠬᠠᠷ᠎ᠠ ᠪᠠ | ᠲᠡᠷᠭᠡ ᠤᠨᠤᠭ᠎ᠠ ᠶᠢ ᠳᠦᠷᠢᠮᠵᠢᠭᠦᠯᠦᠨ ᠬᠠᠮᠢᠶᠠᠷᠤᠨ᠎ᠠ᠃ ᠢᠩᠭᠢᠭᠡᠳ᠂ ᠠᠵᠢᠯᠯᠠᠭᠠᠨ ᠤ ᠡᠮᠬᠢ ᠲᠢᠭᠯᠢᠮ ᠢ ᠪᠠᠲᠤᠯᠠᠨ᠎ᠠ᠃ ᠬᠤᠯᠪᠤᠭᠳᠠᠯ ᠪᠦᠬᠦᠢ ᠰᠠᠯᠠᠭ᠎ᠠ ᠮᠦᠴᠢᠷ | ᠵᠠᠪᠠᠯ ᠠᠵᠢᠯᠯᠠᠭᠠᠨ ᠤ ᠲᠦᠰᠦᠪ ᠢᠶᠠᠨ ᠲᠡᠭᠦᠯᠳᠡᠷᠵᠢᠭᠦᠯᠦᠨ᠎ᠡ᠃ ᠪᠠᠴᠢᠮ ᠪᠠᠶᠢᠳᠠᠯ ᠢ ᠠᠷᠭᠠᠴᠠᠭᠠᠬᠤ ᠴᠢᠳᠠᠪᠤᠷᠢ ᠪᠠᠨ ᠳᠡᠭᠡᠭᠰᠢᠯᠡᠭᠦᠯᠦᠨ᠎ᠡ᠃ ᠮᠦᠰᠦ ᠴᠦᠮᠦᠯᠦᠨ | ᠬᠦᠬᠢᠳᠡᠬᠦ ᠭᠠᠵᠠᠷ ᠤᠷᠤᠨ ᠢ ᠵᠤᠬᠢᠰᠲᠠᠢ ᠲᠦᠯᠦᠪᠯᠡᠨ᠎ᠡ᠃ ᠮᠦᠰᠦ ᠴᠦᠮᠦᠯᠦᠨ ᠬᠦᠬᠢᠳᠡᠬᠦ ᠬᠦᠮᠦᠰ ᠤᠨ ᠠᠮᠤᠷ ᠲᠦᠪᠰᠢᠨ ᠢ ᠪᠠᠲᠤᠯᠠᠨ᠎ᠠ᠃ ᠪᠢᠳᠡ | ᠬᠠᠮᠲᠤᠪᠠᠷ ᠢᠶᠠᠷ ᠢᠶᠠᠨ ᠬᠤᠶᠠᠳᠤᠭᠠᠷ ᠬᠤᠭᠤᠴᠠᠭᠠᠨ ᠤ ᠳᠤᠮᠳᠡᠳᠤ ᠤᠷᠤᠰ ᠤᠨ ᠬᠢᠯᠢ ᠶᠢᠨ ᠭᠤᠤᠯ ᠤᠨ ᠮᠦᠰᠦ ᠴᠦᠮᠦᠯᠦᠨ ᠬᠦᠬᠢᠳᠡᠬᠦ ᠠᠵᠢᠯᠯᠠᠭ᠎ᠠ ᠶᠢᠨ ᠠᠮᠤᠷ | ᠲᠦᠪᠰᠢᠨ᠂ ᠡᠮᠬᠢ ᠲᠢᠭᠯᠢᠮ ᠢ ᠪᠠᠲᠤᠯᠠᠵᠤ᠂ ᠬᠠᠯᠠᠭᠤᠮᠰᠤᠭ ᠦᠢᠯᠡᠴᠢᠯᠡᠨ᠂ ᠨᠠᠷᠢᠨ ᠨᠢᠮᠪᠠᠢ ᠬᠠᠨᠳᠤᠨ᠎ᠠ᠃ ᠲᠤᠰ ᠠᠵᠢᠯᠯᠠᠭ᠎ᠠ ᠶᠢ ᠤᠯᠠᠨ ᠶᠠᠩᠵᠤ ᠪᠠᠷ ᠦᠷᠨᠢᠭᠦᠯᠦᠨ᠂ | ᠪᠠᠶᠠᠯᠢᠭ ᠠᠭᠤᠯᠭ᠎ᠠ ᠲᠠᠢ ᠪᠤᠯᠭᠠᠨ᠎ᠠ᠃ ᠢᠩᠭᠢᠭᠡᠳ᠂ ᠡᠪᠦᠯ ᠤᠨ ᠤᠯᠠᠷᠢᠯ ᠤᠨ ᠵᠤᠭᠠᠴᠠᠭᠰᠠᠳ ᠢ ᠲᠠᠲᠠᠨ ᠠᠪᠴᠢᠷᠠᠨ᠎ᠠ ᠭᠡᠵᠡᠢ᠃ |