ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠬᠢᠨᠠᠮᠠᠭᠠᠶ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠮᠠᠯ ᠠᠵᠤ ᠠᠬᠤᠶ ᠶᠢᠨ | ᠦᠢᠯᠡᠳᠪᠦᠷᠢᠯᠡᠯ ᠤᠨ ᠠᠷᠭ᠎ᠠ ᠮᠠᠶ᠋ᠢᠭ ᠢ ᠬᠤᠪᠢᠷᠠᠭᠤᠯᠤᠨ᠂ ᠮᠠᠯ ᠠᠵᠤ ᠠᠬᠤᠶ ᠶᠢᠨ ᠡᠷᠡᠭᠦᠯ ᠪᠥᠭᠡᠳ ᠦᠷᠭᠦᠯᠵᠢᠯᠡᠨ ᠴᠢᠨᠠᠷ ᠰᠠᠶᠢᠲᠠᠶ ᠬᠥᠭᠵᠢᠬᠦ ᠶᠢ ᠠᠬᠢᠭᠤᠯᠵᠤ᠂ | ᠲᠡᠵᠢᠭᠡᠨ ᠦᠷᠡᠵᠢᠭᠦᠯᠬᠦ ᠡᠷᠦᠬᠡ ᠶᠢᠨ ᠮᠡᠷᠭᠡᠵᠢᠯ ᠤᠨ ᠬᠢᠷᠢ ᠬᠡᠮᠵᠢᠶ᠎ᠡ ᠶᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠶᠢᠨ ᠲᠦᠯᠦᠭᠡ᠂ ᠡᠷᠭᠦᠨ᠎ᠡ ᠬᠤᠲᠠ ᠶᠢᠨ ᠲᠠᠷᠢᠶᠠᠯᠠᠩ | ᠮᠠᠯ ᠠᠵᠤ ᠠᠬᠤᠶ ᠶᠢᠨ ᠲᠣᠪᠴᠢᠶ᠎ᠠ ᠮᠡᠷᠭᠡᠵᠢᠯ ᠤᠨ ᠦᠢᠯᠡᠴᠢᠯᠡᠭᠡ ᠶᠢ ᠵᠢᠯᠣᠭᠤᠳᠬᠤ ᠠᠵᠢᠯ ᠵᠢᠴᠢ ᠤᠬᠠᠭᠤᠯᠬᠤ ᠠᠵᠢᠯ ᠢ ᠥᠷᠨᠢᠭᠦᠯᠪᠡ᠃ | | | | 11 ᠰᠠᠷ᠎ᠠ ᠶᠢᠨ 26 ᠤ ᠡᠳᠦᠷ — 30 ᠤ ᠡᠳᠦᠷ ᠪᠤᠯᠲᠠᠯ᠎ᠠ᠂ ᠡᠷᠭᠦᠨ᠎ᠡ ᠬᠤᠲᠠ ᠶᠢᠨ ᠲᠠᠷᠢᠶᠠᠯᠠᠩ ᠮᠠᠯ ᠠᠵᠤ ᠠᠬᠤᠶ ᠶᠢᠨ ᠲᠤᠪᠴᠢᠶᠠᠨ ᠤ ᠬᠠᠮᠢᠶ᠎ᠠ | ᠪᠦᠬᠦᠢ ᠮᠡᠷᠭᠡᠵᠢᠯ ᠤᠨ ᠠᠵᠢᠯᠲᠠᠳ ᠪᠦᠬᠦ ᠬᠤᠲᠠ ᠶᠢᠨ ᠬᠡᠪᠴᠢᠶᠡᠵᠢᠭᠦᠯᠦᠭᠰᠡᠨ ᠲᠡᠵᠢᠭᠡᠨ ᠦᠷᠡᠵᠢᠭᠦᠯᠬᠦ ᠡᠷᠦᠬᠡ ᠳᠤ ᠭᠦᠨᠵᠡᠭᠡᠶᠢᠷᠡᠨ᠂ ᠪᠠᠶᠢᠴᠠᠭᠠᠨ ᠦᠵᠡᠬᠦ᠂ | ᠲᠤᠬᠠᠶ ᠶᠢᠨ ᠲᠠᠯᠠᠪᠤᠷ ᠲᠤ ᠵᠢᠭᠠᠨ ᠵᠢᠯᠣᠭᠤᠳᠬᠤ᠂ ᠲᠡᠵᠢᠭᠡᠨ ᠦᠷᠡᠵᠢᠭᠦᠯᠬᠦ ᠠᠷᠭ᠎ᠠ ᠮᠠᠶ᠋ᠢᠭ ᠪᠠ ᠲᠡᠵᠢᠭᠡᠨ ᠦᠷᠡᠵᠢᠭᠦᠯᠬᠦ ᠬᠡᠪᠴᠢᠶ᠎ᠡ ᠶᠢ ᠣᠶᠢᠯᠠᠭᠠᠬᠤ᠂ ᠯᠠᠪᠯᠠᠨ | ᠠᠰᠠᠭᠤᠬᠤ ᠵᠡᠷᠭᠡ ᠣᠯᠠᠨ ᠵᠦᠢᠯ ᠤᠨ ᠠᠷᠭ᠎ᠠ ᠬᠡᠮᠵᠢᠶ᠎ᠡ ᠶᠢ ᠠᠪᠴᠤ᠂ ᠮᠡᠷᠭᠡᠵᠢᠯ ᠤᠨ ᠦᠢᠯᠡᠴᠢᠯᠡᠭᠡ ᠬᠠᠩᠭᠠᠨ᠂ ᠲᠡᠵᠢᠭᠡᠨ ᠦᠷᠡᠵᠢᠭᠦᠯᠬᠦ ᠡᠷᠦᠬᠡ ᠶᠢᠨ ᠳᠤᠷᠠᠳᠤᠭᠰᠠᠨ | ᠠᠰᠠᠭᠤᠳᠠᠯ ᠢ ᠨᠠᠷᠢᠨ ᠨᠢᠮᠪᠠᠶ ᠬᠠᠷᠢᠭᠤᠯᠵᠤ᠂ ᠲᠡᠷᠢᠭᠦᠨ ᠤ ᠲᠡᠵᠢᠭᠡᠨ ᠦᠷᠡᠵᠢᠭᠦᠯᠬᠦ ᠮᠡᠷᠭᠡᠵᠢᠯ ᠪᠠ ᠬᠠᠮᠢᠶᠠᠷᠤᠯᠲᠠ ᠶᠢᠨ ᠲᠤᠷᠰᠢᠯᠭ᠎ᠠ ᠶᠢ ᠤᠬᠠᠭᠤᠯᠤᠨ᠂ ᠲᠡᠳᠡᠨ ᠢ | ᠬᠠᠪᠰᠤᠷᠤᠨ ᠲᠡᠵᠢᠭᠡᠨ ᠦᠷᠡᠵᠢᠭᠦᠯᠬᠦ ᠦᠷ᠎ᠡ ᠠᠰᠢᠭ ᠪᠠ ᠪᠦᠲᠦᠭᠡᠭᠳᠡᠬᠦᠨ ᠤ ᠶᠠᠰᠤ ᠴᠢᠨᠠᠷ ᠢ ᠨᠢ ᠳᠡᠭᠡᠭᠰᠢᠯᠡᠭᠦᠯᠪᠡ᠃ ᠲᠡᠵᠢᠭᠡᠨ ᠦᠷᠡᠵᠢᠭᠦᠯᠬᠦ ᠡᠷᠦᠬᠡ ᠳᠤ ᠪᠥᠬᠦ | ᠲᠠᠯ᠎ᠠ ᠶᠢᠨ ᠮᠡᠷᠭᠡᠵᠢᠯ ᠤᠨ ᠳᠡᠮᠵᠢᠯᠭᠡ ᠬᠠᠩᠭᠠᠭᠰᠠᠨ ᠪᠠᠶᠢᠨ᠎ᠠ᠃ | | | | ᠲᠣᠰ ᠤᠳᠠᠭᠠᠨ ᠤ ᠠᠵᠢᠯᠯᠠᠭ᠎ᠠ ᠪᠠᠷ ᠳᠠᠮᠵᠢᠭᠠᠳ᠂ ᠮᠠᠨ ᠤ ᠬᠤᠲᠠ ᠶᠢᠨ ᠲᠡᠵᠢᠭᠡᠨ ᠦᠷᠡᠵᠢᠭᠦᠯᠬᠦ ᠡᠷᠦᠬᠡ ᠶᠢᠨ ᠪᠣᠳᠠᠲᠠᠶ ᠦᠢᠯᠡᠳᠪᠦᠷᠢᠯᠡᠯ ᠤᠨ ᠳᠤᠮᠳᠠ | ᠲᠤᠯᠭᠠᠷᠠᠭᠰᠠᠨ ᠮᠡᠷᠭᠡᠵᠢᠯ ᠤᠨ ᠬᠦᠴᠢᠷ ᠠᠰᠠᠭᠤᠳᠠᠯ ᠢ ᠰᠢᠢᠳᠪᠦᠷᠢᠯᠡᠭᠰᠡᠨ ᠶᠤᠮ᠃ ᠪᠠᠰᠠ ᠮᠠᠯ ᠠᠵᠤ ᠠᠬᠤᠶ ᠶᠢᠨ ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠬᠦ ᠪᠠ | ᠦᠷᠭᠦᠯᠵᠢᠯᠡᠨ ᠬᠥᠭᠵᠢᠬᠦ ᠳᠤ ᠪᠠᠲᠤ ᠪᠠᠬᠢ ᠰᠠᠭᠤᠷᠢ ᠶᠢ ᠲᠠᠯᠪᠢᠭᠰᠠᠨ ᠪᠠᠶᠢᠨ᠎ᠠ᠃ | | | |